ᠥᠰᠥᠭ ᠪᠢᠴᠢᠭ ᠢᠶᠠᠷ ᠥᠭᠦᠯᠡᠬᠦᠢ᠄ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠵᠢᠭᠦᠯᠦᠯᠲᠡ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/4/28
   ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠨᠡᠶᠢᠲᠡᠯᠡᠵᠡᠢ᠂ ︽ᠬᠡᠷᠡᠭᠵᠢᠭᠦᠯᠬᠦ ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ ᠨᠡᠶᠢᠲᠡ ᠳᠤ ᠬᠦᠨᠵᠡᠭᠡᠢ ᠪᠥᠭᠡᠳ ᠵᠥᠪ ᠢᠶᠠᠷ ᠣᠶᠢᠯᠠᠭᠤᠯᠬᠤ ᠳᠤ ᠲᠥᠬᠦᠮ ᠤᠨ ᠲᠤᠯᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃    ᠨᠢᠭᠡ᠂ ᠶᠠᠭᠤᠨ ᠳᠤ ︽ᠬᠡᠷᠡᠭᠵᠢᠭᠦᠯᠬᠦ ᠲᠥᠰᠦᠯ︾ ᠢ ᠲᠣᠭᠲᠠᠭᠠᠵᠤ ᠳᠠᠷᠤᠮᠠᠯᠯᠠᠨ ᠲᠠᠷᠬᠠᠭᠠᠬᠤ ᠪᠤᠢ︖   ︽ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹2020︺ 5 ᠳ᠋ᠤᠭᠠᠷ ᠲᠣᠭᠠᠲᠤ︶ ᠳᠤ᠄ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠣᠯ ᠣᠯᠠᠨ ᠲᠦᠮᠡᠨ ᠤ ᠡᠮ ᠡᠮᠨᠡᠯᠭᠡ ᠶᠢᠨ ᠰᠢᠯᠢᠳᠡᠭ ᠦᠢᠯᠡᠴᠢᠯᠡᠭᠡ ᠭᠥᠷᠳᠡᠬᠦ ᠶᠢ ᠪᠠᠲᠤᠯᠠᠬᠤ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠲᠣᠭᠲᠠᠴᠠ ᠮᠥᠨ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠳ᠋ᠠᠶᠢᠲ᠋ᠠ ᠶᠢᠨ ᠬᠡᠷᠡᠭᠯᠡᠯᠲᠡ ᠶᠢ ᠬᠦᠴᠦᠲᠡᠢ ᠠᠬᠢᠭᠤᠯᠵᠤ᠂ ᠡᠪᠡᠳᠴᠢᠨ ᠤ ᠲᠥᠷᠥᠯ ᠢᠶᠠᠷ ᠠᠩᠭᠢᠯᠠᠨ ᠲᠣᠭᠠᠴᠠᠭ᠎ᠠ ᠬᠢᠬᠦ ᠪᠠᠷ ᠭᠤᠤᠯ ᠪᠣᠯᠭᠠᠭᠰᠠᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠬᠦᠷᠢᠶᠡᠨ ᠳᠠᠬᠢ ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ ᠴᠢᠩᠭᠠᠷᠠᠭᠤᠯᠤᠨ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠪᠠᠲᠤᠯᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠡᠮᠴᠢᠯᠡᠭᠡᠨ ᠤ ᠵᠠᠷᠤᠳᠠᠯ ᠵᠦᠶ ᠵᠣᠬᠢᠰ ᠥᠬᠡᠶ ᠪᠠᠷ ᠨᠡᠮᠡᠭᠳᠡᠬᠦ ᠶᠢ ᠬᠢᠵᠠᠭᠠᠷᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ︽ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠠᠢ᠃  ᠬᠤᠶᠠᠷ᠂ ︽ᠬᠡᠷᠡᠭᠵᠢᠭᠦᠯᠬᠦ ᠲᠥᠰᠦᠯ︾ ᠤᠨ ᠬᠠᠷᠠᠯᠲᠠ ᠡᠭᠦᠷᠭᠡ ᠨᠢ ᠶᠠᠭᠤ ᠪᠤᠢ︖  ︽ᠬᠡᠷᠡᠭᠵᠢᠭᠦᠯᠬᠦ ᠲᠥᠰᠦᠯ︾ ᠳᠤ ᠮᠠᠨ ᠤ ᠣᠷᠣᠨ ᠤ ᠣᠶᠢᠷ᠎ᠠ ᠶᠢᠨ 5 ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠬᠠᠷᠠᠯᠲᠠ ᠶᠢ ᠲᠣᠳᠣᠷᠬᠠᠶ ᠲᠣᠭᠲᠠᠭᠠᠪᠠ᠃ ᠡᠮᠨᠡᠯᠭᠡ ᠳᠤ ᠰᠠᠭᠤᠭᠰᠠᠨ ᠵᠠᠷᠤᠳᠠᠯ ᠢ ᠳᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠠᠯ᠎ᠠ ᠪᠠᠷ᠄ 2022 ᠣᠨ ᠳᠤ᠂ ᠡᠮᠨᠡᠯᠭᠡ ᠳᠤ ᠰᠠᠭᠤᠭᠰᠠᠨ ᠵᠠᠷᠤᠳᠠᠯ ᠢ ᠡᠪᠡᠳᠴᠢᠨ ᠡᠮᠭᠡᠭ ᠤᠨ ᠣᠨᠣᠰᠢᠯᠠᠯᠲᠠ ᠶᠢᠨ ᠬᠠᠮᠢᠶ᠎ᠠ ᠪᠥᠬᠦᠶ ᠠᠩᠭᠢᠯᠠᠯ ︵DRG︶ ᠪᠠ ᠡᠪᠡᠳᠴᠢᠨ ᠤ ᠲᠥᠷᠥᠯ ᠤᠨ ᠨᠣᠭᠳᠠᠯ ᠬᠤᠪᠢ ︵DIP︶ ᠪᠠᠷ ᠲᠤᠰᠢᠶᠠᠬᠤ ᠶᠢ ᠪᠣᠶ ᠪᠥᠬᠦᠶ ᠨᠢᠭᠡᠳᠦᠯᠲᠡᠶ ᠲᠦᠯᠦᠪᠵᠢᠭᠦᠯᠬᠦ ᠣᠷᠣᠨ ᠤ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠪᠦᠷᠬᠦᠭᠦᠯᠦᠨ᠎ᠡ᠃ 2025 ᠣᠨ ᠪᠣᠯᠬᠤ ᠳᠤ᠂ DRG/DIP ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠨᠥᠬᠦᠴᠡᠯ ᠳᠤ ᠨᠡᠶᠢᠴᠡᠬᠦ ᠮᠥᠷᠲᠡᠭᠡᠨ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠪᠣᠶ ᠪᠥᠬᠦᠶ ᠡᠮᠴᠢᠯᠡᠭᠡᠨ ᠤ ᠪᠠᠶᠢᠭᠤᠯᠤᠮᠵᠢ ᠳᠤ ᠬᠠᠮᠤᠷᠤᠭᠤᠯᠵᠤ᠂ ᠡᠪᠡᠳᠴᠢᠨ ᠤ ᠲᠥᠷᠥᠯ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠪᠦᠬᠦᠨ ᠢ ᠬᠠᠮᠤᠷᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠡᠭᠦᠳᠡᠨ ᠡᠮᠨᠡᠯᠭᠡ ᠶᠢᠨ ᠵᠠᠷᠤᠳᠠᠯ ᠢ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠠᠯ᠎ᠠ ᠪᠠᠷ᠄ ᠡᠯ᠎ᠡ ᠭᠠᠵᠠᠷ ᠤᠳ ᠤᠨ ᠬᠥᠮᠦᠨ ᠤ ᠲᠤᠭ᠎ᠠ᠂ ᠣᠨᠣᠰᠢᠯᠠᠬᠤ ᠡᠮᠨᠡᠬᠦ ᠠᠷᠭ᠎ᠠ ᠶᠢᠨ ᠤᠶᠠᠯᠳᠤᠯ᠂ ᠡᠪᠡᠳᠴᠢᠨ ᠤ ᠲᠥᠷᠥᠯ᠂ ᠲᠥᠷᠥᠯ ᠵᠦᠢᠯ ᠵᠡᠷᠭᠡ ᠪᠠᠷ ᠣᠯᠠᠨ ᠵᠦᠢᠯ ᠤᠨ ᠡᠭᠦᠳᠡᠨ ᠡᠮᠨᠡᠯᠭᠡ ᠶᠢᠨ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ ᠰᠦᠪᠡᠭᠴᠢᠯᠡᠨ ᠥᠷᠨᠢᠭᠦᠯᠬᠦ ᠶᠢ ᠵᠣᠷᠢᠭᠵᠢᠭᠤᠯᠤᠨ᠎ᠠ᠃ 2025 ᠣᠨ ᠪᠣᠯᠬᠤ ᠳᠤ᠂ ᠡᠭᠦᠳᠡᠨ ᠡᠮᠨᠡᠯᠭᠡ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠪᠣᠶ ᠪᠥᠬᠦᠶ ᠡᠮᠴᠢᠯᠡᠭᠡᠨ ᠤ ᠪᠠᠶᠢᠭᠤᠯᠤᠮᠵᠢ ᠳᠤ ᠬᠠᠮᠤᠷᠤᠭᠤᠯᠵᠤ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠦᠯᠦᠪᠵᠢᠭᠦᠯᠬᠦ ᠯᠦᠭᠡ ᠬᠠᠷᠢᠯᠴᠠᠨ ᠳᠣᠭᠢᠷᠠᠯᠴᠠᠭᠰᠠᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠳᠤ ᠨᠡᠶᠢᠴᠡᠭᠰᠡᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠲᠣᠭᠠᠴᠠᠭ᠎ᠠ ᠬᠢᠬᠦ ᠲᠣᠭᠲᠠᠴᠠ ᠶᠢ ᠨᠡᠶᠢᠳᠡᠮ ᠬᠡᠷᠡᠭᠵᠢᠭᠦᠯᠦᠨ᠎ᠡ᠃   ᠭᠤᠷᠪᠠ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠭᠤᠣᠯ ᠠᠭᠤᠯᠭ᠎ᠠ ᠨᠢ ᠶᠠᠭᠤ ᠶᠠᠭᠤ ᠪᠠᠶᠢᠳᠠᠭ ᠪᠤᠢ︖   ᠨᠢᠭᠡ ᠳᠤ ᠶᠡᠷᠦᠩᠬᠡᠶ ᠲᠣᠭᠠᠨ ᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠯᠬᠦ᠂ ᠪᠠᠭ᠎ᠠ ᠦᠯᠡᠳᠡᠪᠦᠷᠢ ᠲᠠᠢ ᠪᠠᠶᠢᠯᠭᠠᠬᠤ ᠵᠠᠷᠴᠢᠮ ᠶᠣᠰᠣᠭᠠᠷ᠂ ᠰᠠᠭᠤᠷᠢ ᠮᠥᠩᠭᠦᠨ ᠤ ᠲᠥᠰᠦᠪ ᠤᠨ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠵᠤ᠂ ᠣᠨ ᠤ ᠶᠡᠷᠦᠩᠬᠡᠶ ᠲᠤᠭ᠎ᠠ ᠶᠢ ᠡᠵᠡᠮᠳᠡᠬᠦ ᠬᠠᠷᠠᠯᠲᠠ ᠶᠢᠨ ᠰᠠᠭᠤᠷᠢᠨ ᠳᠡᠭᠡᠷ᠎ᠡ᠂ ᠡᠭᠦᠳᠡᠨ ᠡᠮᠨᠡᠯᠭᠡ ᠶᠢᠨ ᠵᠠᠷᠤᠯᠭ᠎ᠠ᠂ ᠡᠮᠨᠡᠯᠭᠡ ᠳᠤ ᠰᠠᠭᠤᠭᠰᠠᠨ ᠵᠠᠷᠤᠯᠭ᠎ᠠ ᠶᠢᠨ ᠲᠥᠰᠦᠪ ᠤᠨ ᠶᠡᠷᠦᠩᠬᠡᠶ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠨ᠎ᠠ᠃ ᠶᠡᠷᠦᠩᠬᠡᠶ ᠲᠤᠭ᠎ᠠ ᠶᠢᠨ ᠡᠵᠡᠮᠳᠡᠯ ᠯᠦᠭᠡ ᠲᠣᠬᠢᠷᠠᠯᠴᠠᠭᠰᠠᠨ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠪᠠ ᠬᠥᠳᠡᠯᠦᠩᠭᠦᠶ ᠳᠣᠭᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠠᠵᠢᠯᠯᠠᠭᠠᠨ ᠢ ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠭᠤᠷᠣᠨᠳᠣᠬᠢ ᠵᠥᠪᠳᠡᠯᠴᠡᠨ ᠬᠡᠯᠡᠯᠴᠡᠬᠦ ᠲᠣᠭᠲᠠᠴᠠ ᠪᠠ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤ ᠪᠠᠷ ᠵᠥᠪᠳᠡᠯᠴᠡᠬᠦ ᠶᠢ ᠠᠬᠢᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ︽ᠦᠯᠡᠳᠡᠪᠦᠷᠢ ᠮᠥᠩᠭᠦ ᠶᠢ ᠦᠷᠭᠦᠯᠵᠢᠯᠡᠨ ᠵᠠᠷᠤᠵᠤ᠂ ᠵᠦᠶ ᠵᠣᠬᠢᠰᠲᠠᠶ ᠪᠠᠷ ᠬᠡᠲᠦᠷᠡᠭᠦᠯᠦᠨ ᠵᠠᠷᠤᠭᠰᠠᠨ ᠵᠠᠷᠤᠳᠠᠯ ᠢ ᠬᠤᠪᠢᠶᠠᠨ ᠡᠭᠦᠷᠭᠡᠯᠡᠬᠦ︾ ᠲᠣᠭᠲᠠᠴᠠ ᠶᠢ ᠪᠠᠶᠢᠭᠤᠯᠤᠨ᠎ᠠ᠃   ᠬᠤᠶᠠᠷ ᠲᠤ ᠡᠮᠨᠡᠯᠭᠡ ᠳᠤ ᠰᠠᠭᠤᠭᠰᠠᠳ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠶᠡᠷᠦᠩᠬᠡᠶ ᠲᠤᠭ᠎ᠠ ᠶᠢᠨ ᠲᠥᠰᠦᠪ ᠤᠨ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠪᠠᠷ ᠭᠤᠤᠯ ᠪᠣᠯᠭᠠᠭᠰᠠᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠠᠭᠢᠭᠤᠯᠤᠨ᠎ᠠ᠃ ᠦᠬᠠᠶ ᠬᠤᠲᠠ ᠶᠢᠨ ᠡᠪᠡᠳᠴᠢᠨ ᠡᠮᠭᠡᠭ ᠤᠨ ᠣᠨᠤᠰᠢᠯᠠᠯᠲᠠ ᠶᠢᠨ ᠬᠠᠮᠢᠶ᠎ᠠ ᠪᠥᠬᠦᠶ ᠠᠩᠭᠢᠯᠡᠯ ︵DRG︶ ᠢᠶᠠᠷ ᠵᠠᠷᠤᠳᠠᠯ ᠲᠤᠰᠢᠶᠠᠬᠤ ᠲᠤᠷᠰᠢᠯᠲᠠ ᠶᠢᠨ ᠴᠡᠭ ᠵᠢᠴᠢ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠶᠢᠨ ᠣᠷᠣᠨ ᠪᠦᠰᠡ ᠶᠢᠨ ᠣᠯᠭᠤᠬᠤ ᠬᠤᠪᠢ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠨᠣᠭᠳᠠᠯ ᠬᠤᠪᠢ ︵DIP︶ ᠪᠠᠷ ᠵᠠᠷᠤᠳᠠᠯ ᠲᠤᠰᠢᠶᠠᠬᠤ ᠤᠯᠤᠰ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠭᠦᠨᠵᠡᠭᠡᠶ ᠠᠬᠢᠭᠤᠯᠤᠨ᠎ᠠ᠃ ᠡᠭᠦᠨ ᠤ ᠵᠡᠷᠭᠡᠴᠡᠭᠡ ᠪᠠᠷ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠨᠤᠭᠤᠳ ᠲᠤ DIP ᠵᠠᠷᠤᠳᠠᠯ ᠲᠤᠰᠢᠶᠠᠬᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠶᠠᠪᠤᠭᠳᠠᠭᠤᠯᠤᠨ᠎ᠠ᠃   ᠭᠤᠷᠪᠠ ᠳᠤ ᠡᠭᠦᠳᠡᠨ ᠡᠮᠨᠡᠯᠭᠡ ᠶᠢᠨ ᠵᠠᠷᠤᠳᠠᠯ ᠢ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠥᠷᠨᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠩ ᠤᠨ ᠡᠭᠦᠳᠡᠨ ᠡᠮᠨᠡᠯᠭᠡ ᠶᠢᠨ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠦᠨ᠎ᠡ᠃ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠩ ᠤᠨ ᠡᠭᠦᠳᠡᠨ ᠡᠮᠨᠡᠯᠭᠡ ᠳᠤ ᠣᠨᠣᠰᠢᠯᠠᠬᠤ ᠡᠮᠨᠡᠬᠦ ᠠᠷᠭ᠎ᠠ ᠶᠢᠨ ᠤᠶᠠᠯᠳᠤᠯ ᠢᠶᠠᠷ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ ᠰᠦᠪᠡᠭᠴᠢᠯᠡᠨ᠎ᠡ᠃ ᠪᠥᠬᠦ ᠣᠷᠣᠨ ᠤ ᠡᠭᠦᠳᠡᠨ ᠡᠮᠨᠡᠯᠭᠡ ᠶᠢᠨ ᠤᠵᠢᠭ ᠡᠪᠡᠳᠴᠢᠨ ᠤ ᠲᠥᠷᠥᠯ ᠤᠨ ᠬᠡᠪᠴᠢᠶ᠎ᠡ ᠶᠢ ᠨᠢᠭᠡᠳᠦᠯᠲᠡᠶ ᠪᠣᠯᠭᠠᠨ᠎ᠠ᠃ ᠡᠪᠡᠳᠴᠢᠲᠡᠨ ᠤ ᠥᠷᠥᠭᠡ᠂ ᠡᠳᠦᠷ ᠲᠤᠲᠤᠮ ᠤᠨ ᠮᠡᠰᠡ ᠵᠠᠰᠠᠯ ᠳᠤ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ ᠬᠡᠷᠡᠭᠵᠢᠭᠦᠯᠬᠦ ᠶᠢ ᠬᠠᠶᠢᠨ ᠰᠦᠪᠡᠭᠴᠢᠯᠡᠨ᠎ᠡ᠃ ᠡᠮᠨᠡᠯᠭᠡ ᠳᠤ ᠰᠠᠭᠤᠭᠰᠠᠨ ᠵᠠᠷᠤᠳᠠᠯ ᠢ DRG᠂ DIP ᠠᠷᠭ᠎ᠠ ᠢᠶᠠᠷ ᠲᠤᠰᠢᠶᠠᠬᠤ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠨᠢ ᠡᠪᠡᠳᠴᠢᠲᠡᠨ ᠤ ᠥᠷᠥᠭᠡ ᠪᠤᠶᠤ ᠡᠳᠦᠷ ᠲᠤᠲᠤᠮ ᠤᠨ ᠮᠡᠰᠡ ᠵᠠᠰᠠᠯ ᠢᠶᠠᠷ ᠡᠮᠴᠢᠯᠡᠵᠦ ᠪᠣᠯᠬᠤ᠂ ᠣᠨᠣᠰᠢᠯᠠᠯᠲᠠ ᠨᠢ ᠲᠣᠳᠣᠷᠬᠠᠶ᠂ ᠡᠮᠴᠢᠯᠡᠭᠡᠨ ᠤ ᠠᠷᠭ᠎ᠠ ᠨᠢ ᠲᠣᠳᠤᠷᠬᠠᠢ ᠡᠪᠡᠳᠴᠢᠨ ᠤ ᠵᠢᠱᠢᠶ᠎ᠡ ᠳᠤ DRG᠂ DIP ᠪᠠᠷ ᠵᠠᠷᠤᠳᠠᠯ ᠲᠤᠰᠢᠶᠠᠬᠤ ᠠᠷᠭ᠎ᠠ ᠶᠢ ᠠᠪᠴᠤ ᠪᠣᠯᠤᠨ᠎ᠠ᠃   ᠳᠥᠷᠪᠡ ᠳᠤ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠵᠠᠷᠤᠳᠠᠯ ᠲᠤᠰᠢᠶᠠᠬᠤ ᠲᠣᠭᠲᠠᠴᠠ ᠶᠢ ᠬᠠᠶᠢᠨ ᠰᠦᠪᠡᠭᠴᠢᠯᠡᠨ᠎ᠡ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠵᠡᠷᠭᠡ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠳᠤ DRG ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠨᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠭᠠᠳᠤ ᠶᠢᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠣᠨ ᠤ ᠶᠡᠷᠦᠩᠬᠡᠶ ᠲᠤᠭ᠎ᠠ ᠶᠢ ᠡᠵᠡᠮᠳᠡᠬᠦ ᠭᠦᠢᠴᠡᠳᠬᠡᠯ ᠲᠤᠭ᠎ᠠ ᠶᠢ ᠨᠡᠶᠢᠯᠡᠭᠦᠯᠦᠨ ᠪᠣᠳᠤᠵᠤ ᠥᠭᠬᠦ ᠶᠢ ᠬᠠᠶᠢᠨ ᠰᠦᠪᠡᠭᠴᠢᠯᠡᠨ᠎ᠡ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠭᠠᠳᠤ ᠶᠢᠨ ᠡᠮ ᠡᠮᠨᠡᠯᠭᠡ ᠶᠢᠨ ᠳᠠᠭᠠᠳᠬᠠᠯ ᠤᠨ ᠪᠠᠯᠠ ᠮᠥᠩᠭᠦ ᠶᠢ ᠨᠢᠭᠡᠳᠦᠯᠲᠡᠶ ᠬᠡᠷᠡᠭᠯᠡᠨ᠂ ᠦᠯᠡᠳᠡᠪᠦᠷᠢ ᠮᠥᠩᠭᠦ ᠶᠢ ᠦᠷᠭᠦᠯᠵᠢᠯᠡᠨ ᠵᠠᠷᠤᠵᠤ᠂ ᠵᠦᠶ ᠵᠣᠬᠢᠰᠲᠠᠶ ᠪᠠᠷ ᠬᠡᠲᠦᠷᠡᠭᠦᠯᠦᠨ ᠵᠠᠷᠤᠭᠰᠠᠨ ᠵᠠᠷᠤᠳᠠᠯ ᠢ ᠬᠤᠪᠢᠶᠠᠨ ᠡᠭᠦᠷᠭᠡᠯᠡᠨ᠎ᠡ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠤᠭᠠᠲᠤ ᠴᠣᠭᠴᠠ ᠶᠢᠨ ᠳᠣᠲᠣᠭᠠᠳᠤ ᠶᠢᠨ ᠠᠳᠠᠯᠢ ᠪᠤᠰᠤ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠡᠮᠴᠢᠯᠡᠭᠡᠨ ᠤ ᠲᠠᠩᠰᠠ ᠲᠠᠶᠢᠯᠬᠤ ᠬᠠᠷᠢᠴᠠᠯ ᠤᠨ ᠵᠥᠷᠢᠶ᠎ᠡ ᠶᠢ ᠵᠦᠶ ᠵᠣᠬᠢᠰᠲᠠᠢ ᠨᠡᠮᠡᠭᠳᠡᠭᠦᠯᠦᠨ᠎ᠡ᠃  ᠲᠠᠪᠤ ᠳᠤ ︽ᠢᠨᠲ᠋ᠧᠷ ᠰᠦᠯᠵᠢᠶ᠎ᠡ + ᠡᠮᠴᠢᠯᠡᠭᠡ︾ ᠵᠡᠷᠭᠡ ᠰᠢᠨ᠎ᠡ ᠦᠢᠯᠡᠴᠢᠯᠡᠭᠡᠨ ᠤ ᠵᠠᠭᠪᠤᠷ ᠤᠨ ᠬᠥᠭᠵᠢᠯᠲᠡ ᠶᠢ ᠲᠡᠮᠵᠢᠨ᠎ᠠ᠃ ︽ᠢᠨᠲ᠋ᠧᠷ ᠰᠦᠯᠵᠢᠶ᠎ᠡ + ᠡᠮᠴᠢᠯᠡᠭᠡ︾ ᠶᠢᠨ ᠦᠢᠯᠡᠴᠢᠯᠡᠭᠡ ᠶᠢ ᠵᠢᠷᠤᠮᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠡᠮ ᠡᠮᠨᠡᠯᠭᠡ ᠶᠢᠨ ᠦᠢᠯᠡᠴᠢᠯᠡᠭᠡᠨ ᠤ ᠲᠥᠪ ᠭᠤᠤᠯᠴᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠵᠢᠴᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠂ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠲᠣᠭᠲᠠᠭᠠᠯ ᠤᠨ ᠳᠣᠲᠤᠷ᠎ᠠ ︽ᠢᠨᠲ᠋ᠧᠷ ᠰᠦᠯᠵᠢᠶ᠎ᠡ +︾ ᠡᠮ ᠡᠮᠨᠡᠯᠭᠡ ᠶᠢᠨ ᠦᠢᠯᠡᠴᠢᠯᠡᠭᠡ ᠥᠷᠨᠢᠭᠦᠯᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠦᠨᠡᠯᠡᠨ ᠵᠢᠱᠢᠬᠦ ᠪᠠᠷ ᠳᠡᠮᠵᠢᠨ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠬᠤ ᠶᠢᠨ ᠬᠠᠮᠲᠤ ᠨᠥᠬᠦᠪᠦᠷᠢ ᠵᠥᠪᠯᠡᠯᠴᠡᠭᠡᠷ ᠲᠣᠭᠲᠠᠨ᠎ᠠ᠃ ᠣᠷᠣᠨ ᠨᠤᠲᠤᠭ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ︽ᠢᠨᠲ᠋ᠧᠷ ᠰᠦᠯᠵᠢᠶ᠎ᠡ +︾ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠠᠭᠤᠯᠭ᠎ᠠ ᠶᠢ ᠦᠨᠳᠦᠰᠦᠯᠡᠨ ᠲᠣᠭᠠᠴᠠᠭ᠎ᠠ ᠬᠢᠬᠦ ᠬᠡᠪᠴᠢᠶ᠎ᠡ ᠶᠢ ᠲᠣᠭᠲᠠᠭᠠᠨ᠎ᠠ᠃ ᠵᠢᠷᠭᠤᠭ᠎ᠠ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠬᠡᠷᠡᠭᠯᠡᠬᠦ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ᠡᠮ ᠡᠮᠨᠡᠯᠭᠡ ᠶᠢᠨ ᠳᠠᠭᠠᠳᠬᠠᠯ ᠤᠨ ᠵᠥᠪᠳᠡᠯᠴᠡᠬᠡᠷ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠨ᠎ᠠ᠃ ᠲᠣᠭᠲᠠᠭᠠᠯ ᠳᠤ ᠨᠡᠶᠢᠴᠡᠬᠦ ᠮᠣᠩᠭᠤᠯ ᠪᠡᠯᠡᠨ ᠡᠮ᠂ ᠡᠮᠨᠡᠯᠭᠡ ᠶᠢᠨ ᠬᠤᠷᠢᠶ᠎ᠠ ᠶᠢᠨ ᠨᠠᠶᠢᠷᠠᠭᠰᠠᠨ ᠡᠮ᠂ ᠴᠢᠨᠠᠬᠤ ᠡᠮ ᠪᠠ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠣᠭᠤᠶ ᠣᠨᠣᠰᠢᠯᠠᠨ ᠡᠮᠨᠡᠬᠦ ᠮᠡᠷᠭᠡᠵᠢᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠬᠡᠷᠡᠭᠯᠡᠬᠦ ᠶᠢ ᠵᠣᠷᠢᠭᠵᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠪᠦᠷᠢᠨᠰᠢᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠥᠭᠡᠷᠡᠴᠢᠯᠡᠨ᠎ᠡ᠃   ᠳᠥᠷᠪᠡ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠬᠡᠷᠬᠢᠨ ᠪᠠᠲᠤᠯᠠᠬᠤ ᠪᠣᠶ︖   ᠨᠢᠭᠡ ᠳᠤ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠳᠠᠩᠰᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠲᠦᠷᠢᠮ᠂ ᠦᠨᠳᠦᠰᠦᠨ ᠲᠥᠷᠥ ᠶᠢᠨ ᠪᠣᠳᠣᠯᠭ᠎ᠠ᠂ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠲᠥᠷᠥᠯ ᠵᠦᠢᠯ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠬᠠᠤᠯᠢᠵᠢᠭᠤᠯᠬᠤ᠂ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠬᠠᠮᠢᠶᠠᠷᠤᠯᠲᠠ ᠶᠢ ᠵᠢᠷᠤᠮᠵᠢᠭᠤᠯᠬᠤ ᠶᠢ ᠠᠬᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠣᠭᠢᠷᠠᠭᠤᠯᠤᠨ ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠳᠡᠮᠵᠢᠵᠦ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠳᠡᠮᠵᠢᠵᠦ᠂ ᠡᠮ ᠤᠨ ᠵᠦᠢᠯᠡᠰ ᠤᠨ ︽ᠬᠤᠤᠰ ᠨᠡᠪᠲᠡᠷᠡᠬᠦ ᠵᠠᠮ︾ ᠤᠨ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃  ᠬᠤᠶᠠᠷ ᠲᠤ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠠᠵᠢᠯᠯᠠᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠵᠥᠪᠳᠡᠯᠴᠡᠬᠡᠷ ᠤᠨ ᠬᠠᠮᠢᠶᠠᠷᠤᠯᠲᠠ ᠶᠢ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠶᠢ ᠡᠮᠴᠢᠯᠡᠭᠡᠨ ᠤ ᠵᠠᠷᠤᠳᠠᠯ ᠢ ᠡᠵᠡᠮᠳᠡᠵᠦ ᠪᠠᠶᠢᠭᠰᠠᠨ ᠠᠴᠠ ᠡᠮᠴᠢᠯᠡᠭᠡᠨ ᠤ ᠵᠠᠷᠤᠳᠠᠯ ᠪᠠ ᠡᠮᠴᠢᠯᠡᠭᠡᠨ ᠤ ᠴᠢᠨᠠᠷ ᠴᠢᠨᠰᠠᠭ᠎ᠠ ᠶᠢᠨ ᠬᠤᠣᠰ ᠡᠵᠡᠮᠳᠡᠯ ᠲᠡᠶᠢᠰᠢ ᠰᠢᠯᠵᠢᠭᠦᠯᠦᠨ᠎ᠡ᠃ ᠲᠣᠭᠠᠴᠠᠭ᠎ᠠ ᠬᠢᠬᠦ ᠠᠳᠠᠯᠢ ᠪᠤᠰᠤ ᠠᠷᠭ᠎ᠠ ᠮᠠᠶ᠋ᠢᠭ ᠤᠨ ᠣᠨᠴᠠᠯᠢᠭ ᠢ ᠦᠨᠳᠦᠰᠦᠯᠡᠨ᠂ ᠦᠨᠡᠯᠡᠬᠦ ᠭᠦᠢᠴᠡᠳᠬᠡᠯ ᠲᠤᠭ᠎ᠠ᠂ ᠰᠢᠯᠭᠠᠨ ᠬᠢᠨᠠᠬᠤ ᠠᠷᠭ᠎ᠠ ᠵᠢᠴᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠨᠠᠷᠢᠯᠢᠬᠵᠢᠭᠤᠯᠵᠤ᠂ ᠲᠣᠭᠠᠴᠠᠭ᠎ᠠ ᠬᠢᠬᠦ ᠠᠷᠭ᠎ᠠ ᠮᠠᠶ᠋ᠢᠭ ᠢ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ ᠂ ᠰᠢᠯᠭᠠᠨ ᠬᠢᠨᠠᠭᠰᠠᠨ ᠦᠷ᠎ᠡ ᠳ᠋ᠦᠩ ᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠯᠦᠭᠡ ᠬᠤᠯᠪᠣᠭᠳᠠᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠢ ᠣᠶᠤᠨᠴᠢ ᠪᠠᠷ ᠬᠢᠨᠠᠨ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠳ᠋ᠦᠩᠨᠡᠨ ᠪᠣᠳᠤᠯᠲᠠ ᠶᠢ ᠬᠡᠰᠡᠭ ᠲᠠᠯ᠎ᠠ ᠪᠠᠷ ᠬᠢᠨᠠᠨ ᠬᠠᠷᠭᠤᠭᠤᠯᠵᠤ ᠪᠠᠶᠢᠭᠰᠠᠨ ᠠᠴᠠ ᠪᠥᠬᠦ ᠲᠠᠯ᠎ᠠ ᠪᠠᠷ ᠬᠢᠨᠠᠨ ᠬᠠᠷᠭᠤᠭᠤᠯᠬᠤ ᠪᠣᠯᠭᠠᠨ ᠬᠤᠪᠢᠷᠠᠭᠤᠯᠬᠤ ᠂ ᠭᠠᠷᠭᠠᠭᠰᠠᠨ ᠠᠯᠳᠠᠭ᠎ᠠ ᠶᠢ ᠵᠠᠯᠠᠷᠠᠭᠤᠯᠵᠤ ᠪᠠᠶᠢᠭᠰᠠᠨ ᠠᠴᠠ ᠠᠯᠳᠠᠭ᠎ᠠ ᠭᠠᠷᠭᠠᠬᠤ ᠠᠴᠠ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠬᠢᠨᠠᠯᠲᠠ ᠲᠠᠯᠪᠢᠬᠤ ᠪᠣᠯᠭᠠᠨ ᠬᠤᠪᠢᠷᠠᠭᠤᠯᠬᠤ᠂ ᠵᠥᠪᠬᠡᠨ ᠵᠠᠬᠢᠷᠤᠨ ᠬᠠᠮᠢᠶᠠᠷᠴᠤ ᠪᠠᠶᠢᠭᠰᠠᠨ ᠠᠴᠠ ᠬᠢᠨᠠᠯᠲᠠ ᠲᠠᠯᠪᠢᠬᠤ᠂ ᠬᠠᠮᠢᠶᠠᠷᠬᠤ᠂ ᠦᠢᠯᠡᠴᠢᠯᠡᠬᠦ ᠶᠢ ᠤᠶᠠᠯᠳᠤᠭᠤᠯᠬᠤ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃   ᠭᠤᠷᠪᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ ᠣᠷᠣᠨ ᠪᠦᠰᠡ ᠶᠢᠨ ᠳᠣᠲᠣᠷᠠᠬᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ᠂ ᠡᠮᠴᠢᠯᠡᠭᠡᠨ ᠤ ᠵᠠᠷᠤᠳᠠᠯ ᠤᠨ ᠶᠡᠷᠦᠩᠬᠡᠶ ᠬᠡᠮᠵᠢᠶ᠎ᠡ ᠬᠢᠭᠡᠳ ᠠᠵᠤ ᠠᠬᠤᠶ ᠶᠢᠨ ᠬᠥᠭᠵᠢᠯᠲᠡ ᠶᠢᠨ ᠬᠢᠷᠢ ᠲᠥᠪᠰᠢᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠴᠢᠳᠠᠪᠤᠷᠢ ᠬᠠᠷᠢᠯᠴᠠᠨ ᠵᠣᠬᠢᠴᠠᠯᠳᠤᠭᠰᠠᠨ ᠬᠤᠷᠸ᠎ᠠ ᠲᠣᠬᠢᠷᠠᠭᠤᠯᠤᠯ ᠡᠵᠡᠮᠳᠡᠯ ᠤᠨ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠵᠠᠷᠤᠳᠠᠯ ᠤᠨ ᠬᠡᠲᠦ ᠲᠦᠷᠭᠡᠨ ᠨᠡᠮᠡᠭᠳᠡᠬᠦ ᠶᠢ ᠡᠵᠡᠮᠳᠡᠨ᠎ᠡ᠃ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠠᠳᠠᠯᠢ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠦᠷ᠎ᠡ ᠪᠦᠲᠦᠮᠵᠢ ᠪᠠ ᠵᠠᠷᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠪᠠᠶᠢᠭᠤᠯᠵᠤ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢᠨ ᠰᠢᠨᠵᠢᠯᠡᠬᠦ ᠤᠬᠠᠭᠠᠨᠴᠢ ᠵᠦᠶ ᠶᠣᠰᠣᠴᠢ ᠴᠢᠨᠠᠷ ᠪᠠ ᠠᠵᠢᠯ ᠲᠥᠷᠥᠯ ᠤᠨ ᠲᠣᠭᠲᠠᠭᠠᠯ ᠳᠤ ᠨᠡᠶᠢᠴᠡᠬᠦ ᠴᠢᠨᠠᠷ ᠢ ᠲᠤᠰᠬᠠᠶ ᠮᠡᠷᠭᠡᠵᠢᠯᠲᠡᠨ ᠦᠨᠡᠯᠡᠬᠦ ᠪᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠪᠦᠷᠢᠨᠰᠢᠭᠦᠯᠦᠨ᠂ ᠡᠮᠨᠡᠯᠭᠡ ᠶᠢᠨ ᠠᠵᠢᠯᠲᠠᠨ ᠤ ᠣᠯᠠᠨ ᠴᠡᠭ ᠲᠤ ᠠᠵᠢᠯ ᠡᠷᠭᠢᠯᠡᠬᠦ ᠶᠢ ᠵᠢᠷᠤᠮᠵᠢᠭᠤᠯᠤᠨ ᠠᠬᠢᠭᠤᠯᠤᠨ᠎ᠠ ᠃ ᠨᠡᠷ᠎ᠡ ᠦᠭᠡ ᠶᠢᠨ ᠲᠠᠶᠢᠯᠪᠤᠷᠢ ᠣᠷᠣᠨ ᠪᠦᠰᠡ ᠶᠢᠨ ᠣᠯᠭᠤᠬᠤ ᠬᠤᠪᠢ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠨᠣᠭᠳᠠᠯ ᠬᠤᠪᠢ ᠪᠠᠷ ᠵᠠᠷᠤᠳᠠᠯ ᠲᠤᠰᠢᠶᠠᠬᠤ ︵DIP︶ ᠭᠡᠳᠡᠭ ᠨᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠶᠡᠷᠦᠩᠬᠡᠶ ᠲᠤᠭ᠎ᠠ ᠶᠢᠨ ᠬᠢᠵᠠᠭᠠᠷᠯᠠᠯ ᠳᠤ ᠰᠠᠭᠤᠷᠢᠯᠠᠨ᠂ ᠠᠳᠠᠯᠢ ᠪᠤᠰᠤ ᠡᠪᠡᠳᠴᠢᠨ ᠤ ᠲᠥᠷᠥᠯ ᠳᠤ ᠠᠳᠠᠯᠢ ᠪᠤᠰᠤ ᠨᠣᠭᠳᠠᠯ ᠬᠤᠪᠢ ᠣᠯᠭᠤᠵᠤ᠂ ᠡᠪᠡᠳᠴᠢᠲᠡᠨ ᠤ ᠡᠮᠨᠡᠯᠭᠡ ᠠᠴᠠ ᠭᠠᠷᠤᠭᠰᠠᠨ ᠨᠡᠶᠢᠲᠡ ᠨᠣᠭᠳᠠᠯ ᠬᠤᠪᠢ ᠢᠶᠠᠷ ᠴᠡᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠵᠠᠷᠤᠳᠠᠯ ᠢ ᠳ᠋ᠦᠩᠨᠡᠨ ᠪᠤᠳᠤᠬᠤ ᠨᠢᠭᠡ ᠵᠦᠢᠯ ᠤᠨ ᠵᠠᠷᠤᠳᠠᠯ ᠲᠤᠰᠢᠶᠠᠬᠤ ᠠᠷᠭ᠎ᠠ ᠶᠢ ᠵᠢᠭᠠᠵᠤ ᠪᠣᠶ᠃ ᠡᠪᠡᠳᠴᠢᠨ ᠡᠮᠭᠡᠭ ᠤᠨ ᠣᠨᠤᠰᠢᠯᠠᠯᠲᠠ ᠶᠢᠨ ᠬᠠᠮᠢᠶ᠎ᠠ ᠪᠥᠬᠦᠶ ᠠᠩᠭᠢᠯᠠᠯᠲᠠ ᠪᠠᠷ ᠵᠠᠷᠤᠳᠠᠯ ᠲᠤᠰᠢᠶᠠᠬᠤ ︵DRG︶ ᠭᠡᠳᠡᠭ ᠨᠢ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠦᠢᠯᠡᠴᠢᠯᠡᠭᠡ ᠳᠤ᠂ ᠡᠪᠡᠳᠴᠢᠨ ᠡᠮᠭᠡᠭ ᠤᠨ ᠬᠦᠨᠳᠦ ᠨᠣᠴᠢᠲᠠᠶ ᠬᠡᠮᠵᠢᠶ᠎ᠡ᠂ ᠡᠮᠨᠡᠨ ᠵᠠᠰᠠᠬᠤ ᠠᠷᠭ᠎ᠠ ᠶᠢᠨ ᠪᠤᠳᠤᠯᠢᠶᠠᠨᠲᠤ ᠬᠡᠮᠵᠢᠶ᠎ᠡ ᠪᠠ ᠪᠣᠳᠠᠲᠠᠶ ᠡᠬᠢ ᠪᠠᠶᠠᠯᠢᠭ ᠤᠨ ᠬᠤᠷᠣᠭᠳᠠᠯ ᠤᠨ ᠬᠢᠷᠢ ᠬᠡᠮᠵᠢᠶ᠎ᠡ ᠵᠡᠷᠭᠡ ᠪᠠᠷ ᠡᠪᠡᠳᠴᠢᠨ ᠤ ᠲᠥᠷᠥᠯ ᠢ ᠠᠩᠭᠢᠯᠠᠵᠤ᠂ ᠡᠪᠡᠳᠴᠢᠨ ᠡᠮᠭᠡᠭ ᠤᠨ ᠣᠨᠣᠰᠢᠯᠠᠯᠲᠠ ᠶᠢ ᠠᠩᠭᠢᠯᠠᠬᠤ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠨ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠥᠪᠡᠷ ᠤᠨ ᠥᠷᠲᠡᠭ ᠬᠢᠭᠡᠳ ᠡᠮᠴᠢᠯᠡᠭᠡᠨ ᠤ ᠦᠷ᠎ᠡ ᠪᠦᠲᠦᠮᠵᠢ ᠶᠢ ᠬᠡᠮᠵᠢᠨ ᠦᠨᠡᠯᠡᠬᠦ ᠠᠷᠭ᠎ᠠ ᠶᠢ ᠵᠢᠭᠠᠵᠤ ᠪᠣᠶ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号