ᠬᠢᠩᠭᠠᠨ ᠵᠠᠬᠢᠷᠭ᠎ᠠ ᠠᠯᠪᠠᠨ ᠦᠰᠦᠭ ﹇2022﹈ 10 ᠳ᠋ᠤᠭᠠᠷ ᠲᠣᠭᠠᠲᠤ | | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠭᠠᠷ ᠤᠨ ᠳᠤᠯᠠᠭᠠᠨ ᠠᠭᠠᠵᠢᠮ ᠢᠶᠠᠷ ᠰᠠᠶᠢᠵᠢᠷᠠᠬᠤ ᠶᠢ ᠳᠠᠭᠠᠯᠳᠤᠨ᠂ ᠪᠥᠬᠦ ᠠᠶᠢᠮᠠᠭ ᠤᠨ ᠬᠢᠨ ᠬᠠᠪᠤᠷ ᠤᠨ | ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠶᠠᠭᠠᠷᠠᠯᠲᠠᠶ ᠤᠯᠠᠷᠢᠯ ᠳᠤ ᠣᠷᠣᠬᠤ ᠭᠡᠵᠦ | ᠪᠠᠶᠢᠨ᠎ᠠ᠂ ᠮᠠᠨ ᠤ ᠠᠶᠢᠮᠠᠭ ᠤᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠪᠦᠲᠦᠮᠵᠢᠲᠡᠶ ᠬᠠᠮᠠᠭᠠᠯᠠᠨ ᠰᠠᠶᠢᠵᠢᠷᠠᠭᠤᠯᠬᠤ ᠶᠢᠨ ᠲᠥᠯᠥᠭᠡ᠂ ᠣᠲᠣ ᠮᠠᠯᠵᠢᠬᠤ ᠲᠠᠷᠢᠶᠠᠯᠠᠬᠤ ᠣᠷᠣᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠱᠠᠭᠠᠷᠳᠠᠯᠭ᠎ᠠ | ᠳᠤᠷᠠᠳᠪᠠ᠄ | ᠨᠢᠭᠡ᠂ ᠰᠦᠯᠢᠶᠣᠣ ᠶᠢᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ ᠰᠦᠯᠢᠶᠣᠣ ᠶᠢᠨ ᠪᠣᠬᠢᠷᠲᠤᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠠᠮᠢᠳᠤᠷᠠᠯ ᠤᠨ ᠬᠤᠭ | ᠨᠣᠪᠰᠢ ᠶᠢ ᠵᠢᠩᠬᠢᠨᠢ ᠪᠤᠰᠤ ᠪᠠᠷ ᠣᠪᠣᠭᠠᠯᠠᠵᠤ ᠲᠠᠯᠪᠢᠬᠤ ᠴᠡᠭ᠂ ᠠᠰᠬᠠᠵᠤ ᠴᠢᠳᠬᠤᠬᠤ ᠴᠡᠭ ᠢ ᠵᠠᠰᠠᠬᠤ ᠠᠵᠢᠯ ᠢ | ᠲᠦᠷᠭᠡᠳᠬᠡᠨ ᠠᠬᠢᠭᠤᠯᠵᠤ᠂ ᠬᠤᠳᠠ ᠬᠥᠳᠡᠭᠡ ᠶᠢᠨ ᠠᠭᠤᠯᠵᠠᠷ ᠬᠡᠰᠡᠭ᠂ ᠵᠠᠮ ᠪᠠ ᠭᠤᠣᠯ ᠮᠥᠷᠡᠨ ᠳᠠᠭᠠᠤ᠂ | ᠣᠷᠴᠢᠨ ᠲᠣᠭᠤᠷᠢᠨ ᠤ ᠰᠡᠷᠭᠡᠭ ᠣᠷᠣᠨ᠂ ᠨᠦᠭᠡ ᠭᠤᠤ ᠰᠤᠪᠠᠭ ᠵᠡᠷᠭᠡ ᠭᠠᠵᠠᠷ ᠤᠨ ᠠᠮᠢᠳᠤᠷᠠᠯ ᠤᠨ ᠬᠤᠭ | ᠨᠣᠪᠰᠢ ᠶᠢ ᠳᠤᠷ᠎ᠠ ᠪᠠᠷ ᠢᠶᠠᠨ ᠠᠰᠬᠠᠵᠤ ᠣᠪᠣᠭᠠᠯᠠᠭᠰᠠᠨ ᠠᠴᠠ ᠪᠣᠯᠤᠭᠰᠠᠨ ᠰᠦᠯᠢᠶᠣᠣ ᠶᠢᠨ ᠪᠣᠬᠢᠷᠲᠤᠯ ᠤᠨ | ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠲᠠᠷᠢᠶᠠᠨ ᠭᠠᠵᠠᠷ ᠤᠨ ᠦᠯᠡᠳᠡᠭᠳᠡᠯ ᠰᠦᠯᠢᠶᠣᠣ | ᠪᠦᠷᠬᠦᠪᠴᠢ᠂ ᠲᠠᠷᠢᠶᠠᠨ ᠡᠮ ᠬᠢᠮᠢ ᠶᠢᠨ ᠪᠤᠷᠳᠤᠭᠤᠷ ᠤᠨ ᠰᠦᠯᠢᠶᠣᠣ ᠪᠣᠭᠤᠳᠠᠯ ᠵᠡᠷᠭᠡ ᠶᠢ ᠴᠡᠪᠡᠷᠯᠡᠬᠦ ᠠᠵᠢᠯ ᠢ | ᠲᠦᠯᠬᠢᠨ ᠠᠬᠢᠭᠤᠯᠵᠤ᠂ ᠲᠠᠷᠢᠶᠠᠨ ᠭᠠᠵᠠᠷ ᠤᠨ ᠦᠯᠡᠳᠡᠭᠳᠡᠯ ᠰᠦᠯᠢᠶᠣᠣ ᠪᠦᠷᠬᠦᠪᠴᠢ ᠶᠢᠨ ᠬᠡᠮᠵᠢᠶ᠎ᠡ ᠶᠢ ᠠᠯᠬᠤᠮ | ᠠᠯᠬᠤᠮ ᠢᠶᠠᠷ ᠪᠠᠭᠤᠷᠠᠭᠤᠯᠤᠨ᠎ᠠ᠃ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ᠂ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ᠂ | ᠰᠤᠷᠭᠠᠭᠤᠯᠢ ᠶᠢᠨ ᠬᠦᠷᠢᠶ᠎ᠡ ᠵᠡᠷᠭᠡ ᠰᠦᠯᠢᠶᠣᠣ ᠬᠠᠶᠠᠭᠳᠠᠮᠠᠯ ᠪᠣᠳᠠᠰ ᠭᠠᠷᠭᠠᠬᠤ ᠬᠡᠮᠵᠢᠶ᠎ᠡ ᠪᠠᠷ ᠨᠡᠯᠢᠶᠡᠳ ᠶᠡᠭᠡ | ᠲᠠᠯᠠᠪᠤᠷ ᠭᠠᠵᠠᠷ ᠤᠨ ᠣᠶᠢᠷ᠎ᠠ ᠬᠠᠪᠢ ᠳᠤ ᠬᠤᠭ ᠨᠣᠪᠰᠢ ᠲᠠᠯᠪᠢᠬᠤ ᠪᠡᠯᠡᠳᠬᠡᠮᠵᠢ ᠶᠢ ᠵᠦᠶ ᠵᠣᠬᠢᠰᠲᠠᠶ ᠨᠡᠮᠡᠭᠳᠡᠭᠦᠯᠵᠦ᠂ | ᠰᠦᠯᠢᠶᠣᠣ ᠬᠠᠶᠠᠭᠳᠠᠮᠠᠯ ᠪᠣᠳᠠᠰ ᠵᠡᠷᠭᠡ ᠡᠭᠡᠭᠦᠯᠦᠨ ᠬᠤᠷᠢᠶᠠᠵᠤ ᠪᠣᠯᠬᠤ ᠪᠣᠳᠠᠰ ᠢ ᠲᠥᠷᠥᠯ ᠬᠤᠪᠢᠶᠠᠨ | ᠴᠤᠭᠯᠠᠭᠤᠯᠬᠤ ᠡᠷᠴᠢᠮ ᠢ ᠴᠢᠩᠭᠠᠷᠠᠭᠤᠯᠤᠨ᠂ ᠲᠥᠪᠯᠡᠷᠡᠭᠦᠯᠦᠨ ᠵᠢᠷᠤᠮᠵᠢᠭᠤᠯᠤᠨ ᠰᠢᠢᠳᠪᠦᠷᠢᠯᠡᠨ᠎ᠡ᠃ | ᠬᠤᠶᠠᠷ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ | ᠠᠬᠢᠭᠤᠯᠤᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠠ ᠦᠢᠯᠡᠳᠪᠦᠷᠢᠯᠡᠯ ᠤᠨ | ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠪᠣᠳᠠᠰ ᠤᠨ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠮᠠᠯᠴᠢᠨ | ᠲᠠᠷᠢᠶᠠᠴᠢᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠬᠢᠮᠢ ᠶᠢᠨ | ᠪᠣᠷᠲᠣᠭᠤᠷ᠂ ᠲᠠᠷᠢᠶᠠᠨ ᠡᠮ ᠬᠡᠷᠡᠭᠯᠡᠭᠦᠯᠵᠦ᠂ ᠲᠠᠷᠢᠶᠠᠴᠢᠨ ᠠᠶᠢᠯ ᠤᠨ ᠪᠣᠷᠲᠣᠭᠤᠷ᠂ ᠰᠢᠨ᠎ᠡ ᠬᠡᠯᠪᠡᠷᠢ ᠶᠢᠨ ᠣᠷᠭᠠᠨᠢᠭ | ᠪᠣᠷᠲᠣᠭᠤᠷ ᠵᠢᠴᠢ ᠠᠮᠢᠳᠤ ᠪᠣᠳᠠᠰ ᠤᠨ ᠲᠠᠷᠢᠶᠠᠨ ᠡᠮ ᠪᠤᠶᠤ ᠥᠨᠳᠥᠷ ᠦᠷ᠎ᠡ ᠪᠦᠲᠦᠮᠵᠢᠲᠡᠶ᠂ ᠬᠤᠤᠷ ᠪᠠᠭᠠᠲᠠᠶ᠂ | ᠦᠯᠡᠳᠡᠭᠳᠡᠯ ᠪᠠᠭᠠᠲᠠᠶ ᠲᠠᠷᠢᠶᠠᠨ ᠡᠮ ᠬᠡᠷᠡᠭᠯᠡᠭᠦᠯᠵᠦ᠂ ᠲᠠᠷᠢᠶᠠᠨ ᠡᠮ᠂ ᠬᠢᠮᠢ ᠶᠢᠨ ᠪᠣᠷᠲᠣᠭᠤᠷ ᠤᠨ ᠬᠡᠷᠡᠭᠯᠡᠬᠦ | ᠬᠡᠮᠵᠢᠶ᠎ᠡ ᠶᠢ ᠪᠠᠭᠠᠰᠬᠠᠨ᠂ ᠲᠠᠷᠢᠶᠠᠨ ᠡᠮ ᠤᠨ ᠯᠣᠩᠬᠤ᠂ ᠬᠢᠮᠢ ᠶᠢᠨ ᠪᠣᠷᠲᠣᠭᠤᠷ ᠤᠨ ᠤᠭᠤᠲᠠ ᠵᠡᠷᠭᠡ ᠶᠢ ᠬᠤᠷᠢᠶᠠᠨ | ᠠᠪᠴᠤ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠪᠣᠶ ᠪᠣᠯᠬᠤ ᠪᠠ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠬᠤ ᠬᠡᠷᠡᠭᠲᠡᠶ ᠃ | ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠠᠵᠢᠯ ᠢ | ᠴᠢᠩᠭᠠᠷᠠᠭᠤᠯᠤᠨ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠳᠠᠬᠢᠨ ᠠᠰᠢᠭᠯᠠᠬᠤ ᠶᠢ | ᠢᠳᠡᠪᠬᠢᠲᠡᠶ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠬᠠᠶᠠᠭᠳᠠᠮᠠᠯ ᠬᠠᠭᠤᠴᠢᠨ | ᠰᠦᠯᠢᠶᠣᠣ ᠪᠦᠷᠬᠦᠪᠴᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠲᠡᠵᠢᠭᠡᠨ ᠦᠷᠡᠵᠢᠭᠦᠯᠬᠦ ᠡᠷᠦᠬᠡ ᠶᠢ | ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠬᠦᠷᠢᠶ᠎ᠡ ᠬᠠᠰᠢᠶ᠎ᠠ ᠶᠢᠨ ᠳᠣᠲᠣᠷ᠎ᠠ ᠪᠠᠨ ᠲᠣᠭᠤᠷᠢᠭ | ᠬᠤᠪᠢᠶᠠᠨ ᠲᠡᠵᠢᠭᠡᠨ ᠦᠷᠡᠵᠢᠭᠦᠯᠬᠦ ᠪᠤᠶᠤ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠲᠤ ᠣᠴᠢᠵᠤ ᠲᠡᠵᠢᠭᠡᠨ | ᠦᠷᠡᠵᠢᠭᠦᠯᠵᠦ᠂ ᠬᠥᠮᠦᠨ ᠮᠠᠯ ᠢ ᠰᠠᠯᠭᠠᠬᠤ ᠶᠢ ᠪᠡᠶᠡᠯᠡᠭᠦᠯᠦᠨ᠎ᠡ᠃ ᠡᠭᠦᠨ ᠤ ᠵᠡᠷᠭᠡᠴᠡᠭᠡᠪᠡᠷ᠂ ᠬᠠᠶᠠᠭᠳᠠᠮᠠᠯ ᠪᠣᠳᠠᠰ ᠢ | ᠣᠷᠴᠢᠯᠳᠤᠭᠤᠯᠤᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ | ᠦᠨᠡᠨ ᠬᠦ ᠪᠠᠭᠠᠰᠬᠠᠨ᠎ᠠ᠃ | ᠭᠤᠷᠪᠠ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠨ᠎ᠠ᠃ | ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠢᠨᠠᠯᠲᠠ ᠬᠠᠮᠢᠶᠠᠷᠤᠯᠲᠠ ᠪᠠ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠶᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠮᠠᠰᠢᠨ ᠤ ᠨᠥᠬᠦᠪᠥᠷᠢ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ ᠳᠡᠯᠭᠡᠷᠡᠭᠦᠯᠬᠦ ᠪᠠ ᠬᠠᠮᠢᠶ᠎ᠠ ᠪᠥᠬᠦᠶ ᠮᠡᠷᠭᠡᠵᠢᠯ ᠤᠨ | ᠵᠢᠯᠣᠭᠤᠳᠣᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ ᠃ ᠲᠣᠭᠤᠷᠢᠨ ᠴᠠᠭᠳᠠᠵᠤ ᠬᠠᠤᠯᠢ ᠬᠡᠷᠡᠭᠵᠢᠭᠦᠯᠬᠦ | ᠪᠠ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷᠠᠬᠢ ᠦᠨᠡᠰᠦ ᠰᠢᠲᠠᠭᠠᠵᠤ ᠪᠣᠷᠲᠣᠭᠤᠷ ᠴᠤᠭᠯᠠᠭᠤᠯᠬᠤ᠂ | ᠲᠠᠷᠢᠶᠠᠨ ᠭᠠᠵᠠᠷ ︵ᠳᠠᠯᠠᠩ︶᠂ ᠡᠪᠡᠰᠦ ᠪᠡᠯᠴᠢᠭᠡᠷ᠂ ᠡᠰᠢ ᠰᠦᠷᠡᠯ ᠢ ᠰᠢᠲᠠᠭᠠᠬᠤ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ | ᠵᠢᠷᠤᠮᠯᠠᠨ ᠬᠠᠤᠯᠢ ᠲᠣᠭᠲᠠᠭᠠᠯ ᠠᠴᠠ ᠵᠥᠷᠢᠴᠡᠨ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠪᠠ ᠲᠠᠷᠢᠮᠠᠯ ᠤᠨ | ᠡᠰᠢ ᠰᠦᠷᠡᠯ ᠢ ᠰᠢᠲᠠᠭᠠᠭᠰᠠᠨ ᠠᠴᠠ ᠪᠣᠯᠵᠣ ᠠᠮᠤᠷ ᠲᠦᠪᠰᠢᠨ ᠤ ᠠᠳᠡᠯ ᠭᠠᠷᠤᠭᠰᠠᠨ ᠬᠥᠮᠦᠰ ᠢ ᠴᠢᠩᠭ᠎ᠠ ᠪᠥᠭᠡᠳ | ᠲᠦᠷᠭᠡᠨ ᠰᠢᠳᠬᠡᠵᠦ᠂ ᠭᠠᠯ ᠠᠯᠳᠠᠭᠰᠠᠨ ᠠᠳᠡᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠦᠨᠡᠨᠬᠦ | ᠰᠠᠶᠢᠲᠤᠷ ᠬᠢᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠨᠤᠭᠤᠳ ᠡᠰᠢ ᠰᠦᠷᠡᠯ ᠢ ᠲᠥᠪᠯᠡᠷᠡᠭᠦᠯᠦᠨ ᠣᠪᠣᠭᠠᠯᠠᠬᠤ | ᠬᠠᠮᠢᠶᠠᠷᠤᠯᠲᠠ ᠪᠠᠨ ᠴᠢᠩᠭᠠᠳᠬᠠᠵᠤ᠂ ᠭᠠᠵᠠᠷ ᠪᠣᠯᠭᠠᠨ ᠳᠤ ᠴᠥᠮ ᠲᠤᠰᠬᠠᠶ ᠬᠥᠮᠦᠨ ᠢᠶᠠᠷ ᠬᠢᠨᠠᠨ ᠬᠠᠮᠢᠶᠠᠷᠤᠭᠤᠯᠵᠤ᠂ | ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠨ᠂ ᠡᠰᠢ ᠰᠦᠷᠡᠯ ᠢ ᠣᠪᠣᠭᠠᠯᠠᠬᠤ ᠶᠢᠨ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠶ᠃ | ᠳᠥᠷᠪᠡ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠭᠠᠴᠠᠭ᠎ᠠ | ᠲᠣᠰᠬᠤᠨ ᠤ ᠬᠤᠶᠠᠷ ᠵᠥᠪᠯᠡᠯ ᠤᠨ ᠪᠠᠭ ᠤᠨ ᠬᠦᠴᠦᠨ ᠢ ᠢᠳᠡᠪᠬᠢᠲᠡᠶ ᠪᠠᠳᠠᠷᠠᠭᠤᠯᠵᠤ᠂ ᠮᠠᠯᠴᠢᠨ ᠲᠠᠷᠢᠶᠠᠴᠢᠳ ᠢ | ᠵᠣᠬᠢᠶᠠᠨ ᠪᠠᠶᠢᠭᠤᠯᠤᠨ ᠬᠤᠭ ᠨᠣᠪᠰᠢ ᠶᠢ ᠴᠡᠪᠡᠷᠯᠡᠬᠦ᠂ ᠬᠦᠷᠢᠶ᠎ᠡ ᠬᠠᠰᠢᠶ᠎ᠠ ᠶᠢ ᠴᠡᠪᠡᠷᠯᠡᠬᠦ᠂ ᠵᠠᠮ ᠱᠤᠭᠤᠮ ᠢ ᠴᠡᠪᠡᠷᠯᠡᠬᠦ | ᠂ ᠤᠰᠤᠨ ᠰᠤᠪᠠᠭ ᠢ ᠴᠡᠪᠡᠷᠯᠡᠬᠦ ᠵᠡᠷᠭᠡ ︽ᠳᠥᠷᠪᠡ ᠶᠢ ᠴᠡᠪᠡᠷᠯᠡᠬᠦ︾ ᠠᠵᠢᠯ ᠢᠶᠠᠷ ᠭᠤᠤᠯᠳᠠᠯᠭ᠎ᠠ ᠪᠣᠯᠭᠠᠭᠰᠠᠨ | ᠲᠣᠰᠬᠤᠨ ᠤ ᠳᠦᠷᠰᠦ ᠪᠠᠶᠢᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ᠃ ᠠᠶᠢᠯ | ᠲᠣᠰᠬᠤᠨ ᠬᠢᠭᠡᠳ ᠨᠡᠶᠢᠭᠡᠮ ᠲᠣᠭᠤᠷᠢᠭ ᠤᠨ ᠳᠣᠲᠣᠷᠠᠬᠢ᠂ ᠠᠶᠢᠯ ᠲᠣᠰᠬᠤᠨ ᠬᠢᠭᠡᠳ ᠨᠡᠶᠢᠭᠡᠮ ᠲᠣᠭᠤᠷᠢᠭ ᠤᠨ | ᠡᠷᠬᠢᠨ ᠲᠣᠭᠤᠷᠢᠨ ᠤ ᠡᠯ᠎ᠡ ᠵᠦᠢᠯ ᠤᠨ ᠳᠤᠷ᠎ᠠ ᠪᠠᠷ ᠢᠶᠠᠨ ᠣᠪᠣᠭᠠᠯᠠᠭᠰᠠᠨ᠂ ᠳᠤᠷ᠎ᠠ ᠪᠠᠷ ᠢᠶᠠᠨ ᠲᠠᠯᠪᠢᠭᠰᠠᠨ ᠬᠠᠶᠢᠷ | ᠴᠢᠯᠠᠭᠤ᠂ ᠸᠠᠭᠠᠷ ᠲᠣᠭᠤᠰᠬ᠎ᠠ᠂ ᠪᠠᠭᠠᠰᠤ ᠰᠢᠭᠡᠰᠦ᠂ ᠡᠰᠢ ᠰᠦᠷᠡᠯ ᠵᠡᠷᠭᠡ ᠡᠯᠳᠡᠪ ᠪᠣᠳᠠᠰ ᠪᠤᠶᠤ ᠬᠤᠭ ᠨᠣᠪᠰᠢ ᠶᠢ | ᠪᠦᠬᠦ ᠲᠠᠯ᠎ᠠ ᠪᠠᠷ ᠴᠡᠪᠡᠷᠯᠡᠨ ᠠᠷᠢᠯᠭᠠᠨ᠎ᠠ᠃ ᠬᠠᠶᠠᠭᠳᠠᠮᠠᠯ ᠬᠡᠷ ᠪᠠᠶᠢᠰᠢᠩ ᠤᠨ ᠬᠠᠰᠢᠶ᠎ᠠ ᠰᠠᠷᠠᠪᠴᠢ᠂ ᠬᠡᠷ ᠤᠨ | ᠲᠡᠵᠢᠭᠡᠪᠦᠷᠢ ᠶᠢᠨ ᠬᠠᠰᠢᠶ᠎ᠠ ᠶᠢ ᠴᠡᠪᠡᠷᠯᠡᠵᠦ᠂ ᠬᠦᠷᠢᠶ᠎ᠡ ᠬᠠᠰᠢᠶ᠎ᠠ ᠶᠢᠨ ᠡᠰᠢ ᠰᠦᠷᠡᠯ ᠡᠪᠡᠰᠦ᠂ ᠪᠣᠳᠠᠰ ᠤᠨ | ᠮᠠᠲ᠋ᠧᠷᠢᠶᠠᠯ ᠢ ᠴᠡᠪᠡᠷᠯᠡᠵᠦ᠂ ᠬᠦᠷᠢᠶ᠎ᠡ ᠬᠠᠰᠢᠶ᠎ᠠ ᠂ ᠶᠡᠭᠡ ᠡᠭᠦᠳᠡ ᠶᠢ ᠲᠡᠭᠰᠢᠯᠡᠨ᠂ ᠬᠦᠷᠢᠶ᠎ᠡ ᠬᠠᠰᠢᠶ᠎ᠠ ᠶᠢ ᠡᠮᠬᠢ | ᠴᠡᠭᠴᠡᠲᠡᠶ ᠴᠡᠪᠡᠷ ᠪᠠᠶᠢᠯᠭᠠᠬᠤ ᠬᠡᠷᠡᠭᠲᠡᠶ᠃ ᠲᠣᠰᠬᠤᠨ ᠤ ᠳᠣᠲᠣᠷᠠᠬᠢ ᠭᠤᠤᠯ ᠪᠣᠯᠬᠤ ᠵᠠᠮ ᠳᠠᠭᠠᠤ ᠶᠢᠨ ᠬᠤᠶᠠᠷ | ᠬᠠᠵᠠᠭᠤ ᠶᠢᠨ ᠵᠠᠷ ᠮᠡᠳᠡᠭᠡᠨ ᠤ ᠬᠡᠪᠯᠡᠯ ᠤᠨ ᠪᠣᠳᠠᠰ᠂ ᠵᠠᠷ ᠤᠨ ᠫᠠᠶᠢᠰᠠ ᠪᠠ ᠵᠡᠭᠡᠯᠢ ᠭᠤᠳᠤᠮᠵᠢ ᠶᠢᠨ ᠱᠦᠶ᠋ᠨᠢ ᠂ | ᠰᠢᠪᠠᠷ ᠰᠢᠷᠣᠶ ᠵᠡᠷᠭᠡ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠬᠠᠶᠢᠷ ᠴᠢᠯᠠᠭᠤᠨ ᠵᠠᠮ ᠤᠨ ᠨᠢᠭᠤᠷ ᠢ ᠲᠡᠭᠰᠢᠯᠡᠨ᠂ | ᠵᠠᠮ ᠤᠨ ᠨᠢᠭᠤᠷ ᠢ ᠳᠤᠷ᠎ᠠ ᠪᠠᠷ ᠢᠶᠠᠨ ᠣᠪᠣᠭᠠᠯᠠᠨ ᠲᠠᠯᠪᠢᠬᠤ᠂ ᠰᠢᠪᠠᠷ ᠰᠢᠷᠣᠶ ᠪᠠᠷ ᠪᠦᠷᠬᠦᠬᠦ᠂ ᠪᠤᠵᠠᠷ ᠤᠰᠤ ᠶᠢ | ᠳᠤᠷ᠎ᠠ ᠪᠠᠷ ᠢᠶᠠᠨ ᠰᠠᠴᠤᠬᠤ ᠦᠵᠡᠭᠳᠡᠯ ᠢ ᠲᠠᠰᠤ ᠬᠤᠷᠢᠭᠯᠠᠵᠤ᠂ ᠵᠠᠮ ᠡᠵᠡᠯᠡᠬᠦ ᠪᠤᠶᠤ ᠪᠤᠰᠤᠳ ᠣᠯᠠᠨ ᠨᠡᠶᠢᠲᠡ ᠶᠢᠨ | ᠡᠬᠢ ᠪᠠᠶᠠᠯᠢᠭ ᠢ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠵᠠᠮ ᠤᠨ ᠵᠠᠬ᠎ᠠ ᠶᠢᠨ ᠭᠤᠤ᠂ ᠬᠥᠳᠡᠭᠡ | ᠲᠣᠰᠬᠤᠨ ᠤ ᠭᠤᠣᠯ ᠤᠨ ᠵᠠᠮ ᠤᠰᠤᠨ ᠰᠤᠪᠠᠭ ᠤᠨ ᠤᠰᠤᠨ ᠰᠤᠪᠠᠭ ᠢ ᠴᠡᠪᠡᠷᠯᠡᠵᠦ᠂ ᠭᠤᠣᠯ ᠵᠡᠭᠡᠯᠢ | ᠭᠤᠳᠤᠮᠵᠢ ᠶᠢᠨ ᠬᠤᠶᠠᠷ ᠬᠠᠵᠠᠭᠤ ᠶᠢᠨ ᠤᠰᠤ ᠵᠠᠯᠠᠬᠤ ᠵᠠᠬ᠎ᠠ ᠶᠢᠨ ᠭᠤᠤ ᠶᠢ ᠴᠡᠪᠡᠷᠯᠡᠵᠦ᠂ ᠲᠠᠷᠢᠶᠠᠯᠠᠩ ᠳᠤ ᠬᠡᠷᠡᠭᠯᠡᠬᠦ | ᠰᠤᠪᠠᠭ ᠤᠨ ᠰᠢᠰᠲ᠋ᠧᠮ ᠢ ᠰᠠᠭᠠᠳ ᠦᠭᠡᠢ ᠨᠡᠪᠲᠡᠷᠡᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠪᠣᠯᠤᠨ ᠨᠡᠶᠢᠭᠡᠮ | ᠲᠣᠭᠤᠷᠢᠭ ᠤᠨ ᠭᠤᠣᠯ ᠵᠡᠭᠡᠯᠢ ᠭᠤᠳᠤᠮᠵᠢ ᠶᠢ ᠡᠳᠦᠷ ᠪᠦᠷᠢ ᠴᠡᠪᠡᠷᠯᠡᠵᠦ᠂ ᠡᠳᠦᠷ ᠪᠦᠷᠢ ᠴᠡᠪᠡᠷᠯᠡᠬᠦ ᠶᠢ ᠪᠡᠶᠡᠯᠡᠭᠦᠯᠬᠦ | ᠬᠡᠷᠡᠭᠲᠡᠶ᠃ | ᠲᠠᠪᠤ᠂ ᠬᠠᠷ᠎ᠠ ᠬᠥᠷᠥᠰᠥ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠶᠡᠷᠦᠩᠬᠡᠶ ᠱᠦᠵᠢ ᠰᠢ ᠶᠢᠨ ᠫᠢᠩ ᠤᠨ | ᠬᠠᠷ᠎ᠠ ᠬᠥᠷᠥᠰᠥ ᠶᠢ ᠬᠠᠮᠠᠭᠠᠯᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ ᠤᠷᠢᠳᠠᠪᠠᠷ | ᠲᠥᠯᠥᠪᠵᠢᠭᠦᠯᠬᠦ ᠶᠢ ᠪᠠᠷᠢᠮᠲᠠᠯᠠᠵᠤ᠂ ᠬᠥᠷᠥᠰᠥ ᠰᠢᠷᠣᠶ ᠶᠢ ᠰᠠᠶᠢᠵᠢᠷᠠᠭᠤᠯᠬᠤ᠂ ᠭᠠᠵᠠᠷ ᠤᠨ ᠰᠢᠮ᠎ᠡ ᠶᠢ ᠨᠡᠮᠡᠭᠳᠡᠭᠦᠯᠬᠦ | ᠪᠠ ᠵᠠᠰᠠᠵᠤ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠭ᠎ᠠ᠂ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠬᠡᠷᠡᠭᠵᠢᠭᠦᠯᠬᠦ ᠶᠢᠨ ᠬᠠᠮᠲᠤ ᠣᠷᠭᠠᠨᠢᠭ ᠪᠤᠷᠳᠤᠭᠤᠷ ᠢ ᠠᠰᠢᠭᠯᠠᠬᠤ᠂ | ᠲᠠᠷᠢᠶᠠᠯᠠᠬᠤ ᠳᠠᠪᠬᠤᠷᠭ᠎ᠠ ᠶᠢ ᠭᠦᠨ ᠰᠤᠯᠠᠷᠠᠭᠤᠯᠵᠤ ᠭᠦᠨ ᠬᠠᠭᠠᠯᠪᠤᠷᠢᠯᠠᠬᠤ᠂ ᠡᠭᠡᠯᠵᠢᠯᠡᠨ ᠲᠠᠷᠢᠬᠤ ᠲᠤᠷᠰᠢᠯᠲᠠ ᠪᠠ | ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ | ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠪᠠ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠵᠡᠷᠭᠡ ᠠᠷᠭ᠎ᠠ | ᠬᠡᠮᠵᠢᠶ᠎ᠡ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠲᠦᠯᠬᠢᠨ ᠠᠬᠢᠭᠤᠯᠵᠤ᠂ ᠬᠠᠷ᠎ᠠ ᠬᠥᠷᠥᠰᠥ ᠶᠢᠨ ᠡᠬᠢ | ᠪᠠᠶᠠᠯᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠨ᠎ᠠ᠃ | ᠵᠢᠷᠭᠤᠭ᠎ᠠ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠤᠨ᠎ᠠ᠃ ︽ | ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠵᠠᠰᠠᠬᠤ ᠪᠠ ᠬᠡᠷᠡᠭᠯᠡᠬᠦ ᠶᠢ ᠤᠶᠠᠯᠳᠤᠭᠤᠯᠤᠨ᠂ ᠲᠥᠷᠥᠯ | ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠶᠢ ᠲᠡᠷᠢᠭᠦᠨ ᠳᠤ ᠲᠠᠯᠪᠢᠬᠤ︾ | ᠰᠡᠳᠬᠢᠴᠡ ᠶᠣᠰᠣᠭᠠᠷ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠠᠵᠢᠯ ᠢ ᠪᠥᠬᠦ | ᠲᠠᠯ᠎ᠠ ᠪᠠᠷ ᠳᠥᠯᠭᠢᠨ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠨ ᠭᠠᠵᠠᠷ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠳᠤ᠂ ᠡᠩ | ᠲᠡᠷᠢᠭᠦᠨ ᠳᠤ ᠬᠠᠮᠠᠭᠠᠯᠠᠬᠤ ᠲᠥᠷᠥᠯ ᠤᠨ ᠲᠠᠷᠢᠶᠠᠨ ᠭᠠᠵᠠᠷ ᠲᠤ᠂ ᠵᠦᠶ ᠵᠣᠬᠢᠰᠲᠠᠶ ᠬᠡᠷᠡᠭᠯᠡᠬᠦ ᠶᠢ ᠳᠣᠪᠤᠶᠢᠯᠭᠠᠵᠤ᠂ | ᠲᠠᠷᠢᠶᠠᠯᠠᠩ ᠤᠨ ᠮᠡᠷᠭᠡᠵᠢᠯ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠃ | ᠠᠶᠤᠯ ᠥᠬᠡᠶ ᠠᠰᠢᠭᠯᠠᠬᠤ ᠪᠠ ᠴᠢᠩᠭ᠎ᠠ ᠬᠠᠮᠢᠶᠠᠷᠤᠨ ᠡᠵᠡᠮᠳᠡᠬᠦ ᠲᠥᠷᠥᠯ ᠤᠨ ᠲᠠᠷᠢᠶᠠᠨ ᠭᠠᠵᠠᠷ ᠲᠤ᠂ ᠠᠶᠤᠯ ᠥᠬᠡᠶ | ᠠᠰᠢᠭᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠠᠪᠬᠤ ᠪᠠ ᠲᠠᠷᠢᠮᠠᠯ ᠤᠨ ᠦᠶ᠋ᠯᠡᠰ ᠤᠨ ᠪᠦᠲᠦᠴᠡ ᠳᠤ | ᠲᠣᠬᠢᠷᠠᠭᠤᠯᠤᠯᠲᠠ ᠬᠢᠬᠦ ᠶᠢᠨ ᠵᠡᠷᠭᠡᠴᠡᠭᠡᠪᠡᠷ᠂ ᠪᠣᠬᠢᠷᠲᠤᠭᠰᠠᠨ ᠲᠠᠷᠢᠶᠠᠨ ᠭᠠᠵᠠᠷ ᠤᠨ ᠡᠷᠬᠢᠨ ᠲᠣᠭᠤᠷᠢᠨ ᠤ | ᠪᠣᠬᠢᠷᠲᠤᠯ ᠤᠨ ᠡᠬᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ | ᠂ ᠬᠢᠨᠠᠨ ᠬᠡᠮᠵᠢᠬᠦ ᠴᠢᠬ ᠪᠠᠶᠢᠭᠤᠯᠤᠨ᠂ ᠪᠣᠬᠢᠷᠲᠤᠯ ᠪᠣᠳᠠᠰ ᠤᠨ ᠲᠠᠷᠢᠶᠠᠨ ᠭᠠᠵᠠᠷ ᠲᠤ ᠣᠷᠣᠬᠤ ᠠᠷᠭ᠎ᠠ ᠵᠠᠮ ᠢ | ᠪᠦᠲᠦᠮᠵᠢᠲᠡᠶ ᠲᠡᠰᠦᠯᠵᠦ᠂ ᠪᠣᠬᠢᠷᠲᠤᠭᠰᠠᠨ ᠲᠠᠷᠢᠶᠠᠨ ᠭᠠᠵᠠᠷ ᠤᠨ ᠠᠶᠤᠯ ᠥᠬᠡᠶ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ | ᠲᠤᠯᠤᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠢ ᠵᠠᠰᠠᠬᠤ ᠠᠵᠢᠯ ᠢ ᠴᠢᠩᠭᠠᠳᠬᠠᠨ᠎ᠠ᠃ | ᠭᠤᠣᠯᠳᠠᠯᠭ᠎ᠠ ᠲᠠᠢ ᠠᠮᠢ ᠠᠬᠤᠶ ᠶᠢᠨ ᠵᠦᠢᠯᠡᠰ ᠤᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ | ᠂ ᠪᠦᠬᠦ ᠵᠢᠯ ᠤᠨ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠵᠦᠢᠯᠡᠰ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ | ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠃ ᠭᠤᠣᠯ ᠮᠥᠷᠡᠨ ᠨᠠᠭᠤᠷ ᠴᠥᠭᠦᠷᠥᠮ᠂ ᠭᠤᠣᠯ ᠤᠨ ᠵᠠᠮ᠂ | ᠵᠢᠵᠢᠭ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠷᠥᠰᠥ ᠰᠢᠷᠣᠢ ᠶᠢ | ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠣᠯᠤᠨ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠲᠣᠭᠤᠷᠢᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠨᠤᠮᠠᠯ ᠤᠰᠤ ᠶᠢ | ᠴᠡᠪᠡᠷᠯᠡᠨ ᠯᠠᠶᠢᠳᠠᠬᠤ᠂ ᠰᠠᠭᠠᠳ ᠲᠣᠳᠬᠠᠷ ᠢ ᠠᠷᠢᠯᠭᠠᠬᠤ ᠵᠡᠷᠭᠡ ᠡᠯ᠎ᠡ ᠵᠦᠢᠯ ᠤᠨ ᠡᠭᠦᠷᠭᠡ ᠶᠢ ᠰᠠᠶᠢᠲᠤᠷ ᠬᠢᠬᠦ | ᠬᠡᠷᠡᠭᠲᠡᠢ᠃ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠡᠷᠴᠢᠮ ᠢᠶᠠᠨ ᠦᠨᠡᠨ ᠬᠦ ᠴᠢᠩᠭᠠᠳᠬᠠᠵᠤ᠂ ᠵᠠᠮ ᠵᠠᠰᠠᠬᠤ᠂ ᠭᠡᠷ | ᠪᠠᠷᠢᠬᠤ᠂ ᠮᠣᠳᠣ ᠣᠭᠲᠣᠯᠬᠤ᠂ ᠡᠭᠴᠡ ᠬᠥᠲᠥᠯ ᠢᠶᠠᠷ ᠬᠠᠭᠠᠯᠪᠤᠷᠢᠯᠠᠨ ᠲᠠᠷᠢᠬᠤ ᠵᠡᠷᠭᠡ ᠬᠥᠷᠥᠰᠥ ᠰᠢᠷᠣᠶ ᠶᠢ | ᠵᠣᠷᠢᠭᠤᠳᠠ ᠢᠳᠡᠭᠳᠡᠭᠦᠯᠬᠦ ᠪᠠ ᠭᠤᠣᠯ ᠤᠨ ᠵᠠᠮ ᠢ ᠡᠪᠳᠡᠵᠦ ᠮᠡᠳᠡᠬᠦ ᠡᠯ᠎ᠡ ᠵᠦᠢᠯ ᠤᠨ ᠠᠵᠢᠯᠯᠠᠭ᠎ᠠ ᠶᠢ | ᠪᠦᠲᠦᠮᠵᠢᠲᠡᠶ ᠪᠠᠷ ᠬᠢᠨᠠᠵᠤ ᠬᠠᠮᠢᠶᠠᠷᠬᠤ ᠪᠠ ᠬᠤᠷᠢᠭᠯᠠᠨ ᠵᠣᠭᠰᠣᠭᠠᠵᠤ᠂ ᠥᠷᠭᠡᠨ ᠤᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠤᠰᠤᠨ ᠤ ᠣᠷᠴᠢᠨ ᠲᠣᠭᠤᠷᠢᠨ ᠠᠮᠢ ᠠᠬᠤᠶ ᠶᠢᠨ ᠡᠷᠡᠭᠦᠯ ᠮᠡᠨᠳᠤ ᠶᠢ | ᠤᠬᠠᠮᠰᠠᠷ ᠠᠴᠠ ᠪᠠᠨ ᠬᠠᠮᠠᠭᠠᠯᠠᠬᠤ ᠪᠣᠯᠭᠠᠬᠤ ᠬᠡᠷᠡᠭᠲᠡᠶ᠃ | ᠨᠠᠢᠮᠠ᠂ ᠥᠷᠭᠡᠨ ᠢᠶᠠᠷ ᠤᠬᠠᠭᠤᠯᠵᠤ ᠬᠥᠲᠥᠯᠦᠨ ᠵᠢᠯᠣᠭᠤᠳᠤᠨ᠎ᠠ᠃ ᠲᠠᠷᠢᠶᠠᠴᠢᠨ ᠮᠠᠯᠴᠢᠳ ᠤᠨ ᠣᠷᠴᠢᠨ | ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ᠂ ᠲᠠᠷᠢᠶᠠᠴᠢᠨ ᠮᠠᠯᠴᠢᠳ ᠤᠨ ᠤᠯᠠᠮᠵᠢᠯᠠᠯᠲᠤ | ᠦᠵᠡᠯᠲᠡ ᠢ ᠬᠤᠪᠢᠷᠠᠭᠤᠯᠬᠤ᠂ ᠲᠠᠷᠢᠶᠠᠴᠢᠨ ᠮᠠᠯᠴᠢᠳ ᠤᠨ ᠤᠯᠠᠮᠵᠢᠯᠠᠯᠲᠤ ᠦᠢᠯᠡᠳᠪᠦᠷᠢᠯᠡᠯ ᠪᠣᠯᠤᠨ | ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠪᠠᠷ ᠵᠣᠷᠢᠯᠭ᠎ᠠ ᠪᠣᠯᠭᠠᠨ᠂ ᠷᠠᠳᠢᠤ᠋ ᠨᠡᠪᠲᠡᠷᠡᠭᠦᠯᠭᠡ᠂ ᠲᠧᠯᠸᠢᠰ᠂ | ᠰᠣᠨᠢᠨ ᠰᠡᠳᠬᠦᠯ᠂ ᠰᠦᠯᠵᠢᠶ᠎ᠡ᠂ ᠤᠬᠠᠭᠤᠯᠭ᠎ᠠ ᠶᠢᠨ ᠳᠡᠪᠲᠡᠷ ᠵᠡᠷᠭᠡ ᠠᠴᠢᠶᠠᠯᠠᠭᠴᠢ ᠶᠢ ᠭᠦᠢᠴᠡᠳ ᠠᠰᠢᠭᠯᠠᠨ᠂ | ᠤᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠣᠷᠴᠢᠨ ᠲᠣᠭᠤᠷᠢᠨ ᠢ ᠬᠠᠮᠠᠭᠠᠯᠠᠬᠤ ᠮᠡᠳᠡᠯᠭᠡ ᠪᠣᠯᠤᠨ | ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠥᠷᠭᠡᠨ ᠳᠡᠯᠭᠡᠷ | ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯ | ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ |