ᠲᠦᠯᠢᠶᠡᠮᠤᠳᠤ ᠪᠠᠯᠭᠠᠰᠤ ᠲᠠᠪᠤᠨ ᠰᠠᠷ᠎ᠠ ᠶᠢᠨ ᠨᠢᠭᠡᠨ ᠤ ᠪᠠᠶᠠᠷ ᠤᠨ ᠡᠮᠦᠨᠡᠬᠢ ᠪᠠᠶᠠᠷ ᠤᠨ ᠳᠠᠷᠠᠭᠠᠬᠢ | ᠨᠡᠶᠢᠭᠡᠮ ᠤᠨ ᠠᠮᠤᠷ ᠲᠦᠪᠰᠢᠨ ᠡᠶ᠎ᠡ ᠵᠣᠬᠢᠴᠠᠩᠭᠤᠶ ᠲᠣᠭᠲᠠᠭᠤᠨ ᠠᠭᠤᠷ ᠠᠮᠢᠰᠬᠤᠯ ᠢ ᠪᠤᠶ ᠪᠣᠯᠭᠠᠬᠤ ᠶᠢᠨ | ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭ᠎ᠠ ᠪᠣᠳᠠᠲᠠᠶ ᠨᠠᠷᠢᠨ ᠠᠳᠬᠤᠵᠤ᠂ | ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠵᠤ᠂ ᠡᠯ᠎ᠡ ᠲᠥᠷᠥᠯ ᠤᠨ ᠠᠮᠤᠷ | ᠲᠦᠪᠰᠢᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠡᠯ᠎ᠡ ᠰᠠᠯᠠᠭ᠎ᠠ ᠮᠥᠴᠢᠷ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ 4 ᠰᠠᠷ᠎ᠠ ᠶᠢᠨ 26 ᠤ ᠡᠳᠦᠷ᠂ ᠪᠠᠯᠭᠠᠰᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠪᠦᠬᠡ ᠳᠠᠭᠠᠭᠤᠯᠤᠭᠰᠠᠨ ᠳᠦᠯᠢᠶᠡᠮᠤᠳᠤ ᠲᠣᠮᠢᠯᠠᠭᠰᠠᠨ | ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠠᠶᠤᠯᠭᠦᠢ ᠦᠢᠯᠡᠳᠪᠦᠷᠢᠯᠡᠯ ᠤᠨ ᠬᠢᠨᠠᠨ | ᠬᠠᠮᠢᠶᠠᠷᠤᠯᠲᠠ ᠶᠢᠨ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠬᠠᠷᠢᠶ᠎ᠠ ᠣᠷᠣᠨ ᠤ ᠪᠠᠨ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ | ︽ᠵᠢᠵᠢᠭ ᠬᠤᠭᠤᠯᠠᠨ ᠰᠢᠷᠡᠭᠡ︾᠂ ᠲᠤᠰᠤ ᠨᠡᠮᠡᠬᠦ ᠦᠷᠳᠡᠭᠡ᠂ ᠭᠠᠯᠲᠤ ᠲᠡᠷᠭᠡᠨ ᠦᠷᠳᠡᠭᠡ ᠵᠡᠷᠭᠡ ᠲᠠᠯᠠᠪᠤᠷ ᠲᠤ | ᠭᠦᠨᠵᠡᠭᠡᠶᠢᠷᠡᠵᠦ ᠠᠮᠤᠷ ᠲᠦᠪᠰᠢᠨ ᠤ ᠬᠡᠮ ᠰᠣᠭᠤᠭ ᠢ ᠲᠤᠰᠬᠠᠢ ᠪᠠᠶᠢᠴᠠᠭᠠᠵᠤ ᠪᠠᠶᠢᠴᠠᠭᠠᠵᠠᠢ᠃ | ᠪᠠᠶᠢᠴᠠᠭᠠᠬᠤ ᠳᠤᠭᠤᠶᠢᠯᠠᠩ ᠤᠨ ᠬᠢᠨ ᠬᠦᠷᠦᠭᠰᠡᠨ ᠭᠠᠵᠠᠷ ᠪᠣᠯᠭᠠᠨ ᠳᠤ ᠭᠠᠯ ᠤᠨᠲᠠᠷᠠᠭᠠᠬᠤ ᠪᠡᠯᠡᠳᠬᠡᠮᠵᠢ᠂ | ᠴᠠᠬᠢᠯᠭᠠᠨ ᠬᠡᠷᠡᠭᠯᠡᠬᠦ ᠭᠡᠷᠡᠯᠲᠦᠭᠦᠯᠭᠡ᠂ ᠲᠠᠷᠬᠠᠭᠠᠨ ᠶᠠᠪᠤᠭᠤᠯᠬᠤ ᠵᠠᠮ᠂ ᠠᠮᠤᠷ ᠲᠦᠪᠰᠢᠨ ᠤ ᠲᠡᠮᠳᠡᠭ᠂ ᠲᠠᠯᠠᠪᠤᠷ | ᠭᠠᠵᠠᠷ ᠤᠨ ᠣᠷᠣᠰᠢᠨ ᠰᠠᠭᠤᠬᠤ ᠠᠮᠤᠷ ᠲᠦᠪᠰᠢᠨ ᠤ ᠣᠷᠴᠢᠨ ᠲᠣᠭᠤᠷᠢᠨ ᠵᠡᠷᠭᠡ ᠪᠠᠶᠢᠳᠠᠯ ᠢ ᠭᠤᠣᠯᠳᠠᠯᠭ᠎ᠠ ᠲᠠᠢ | ᠵᠢᠭᠰᠠᠭᠠᠨ ᠪᠠᠶᠢᠴᠠᠭᠠᠵᠤ᠂ ᠡᠯ᠎ᠡ ᠲᠠᠯᠠᠪᠤᠷ ᠭᠠᠵᠠᠷ ᠢ ᠭᠠᠯ ᠤᠨᠲᠠᠷᠠᠭᠠᠬᠤ ᠠᠮᠤᠷ ᠲᠦᠪᠰᠢᠨ ᠪᠠ ᠴᠠᠬᠢᠯᠭᠠᠨ ᠬᠡᠷᠡᠭᠯᠡᠬᠦ | ᠠᠮᠤᠷ ᠲᠦᠪᠰᠢᠨ ᠤ ᠠᠵᠢᠯ ᠢ ᠰᠠᠶᠢᠲᠤᠷ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠨᠠᠷᠢᠯᠢᠭ | ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠲᠤ ᠴᠢᠭᠯᠡᠭᠦᠯᠦᠨ᠂ ᠠᠰᠢᠭ | ᠬᠤᠤᠷ ᠤᠨ ᠬᠠᠷᠢᠴᠠᠭ᠎ᠠ ᠶᠢ ᠲᠣᠳᠣᠷᠬᠠᠶ ᠶᠠᠷᠢᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ᠂ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ︽ᠠᠮᠤᠷ ᠲᠦᠪᠰᠢᠨ ᠳᠤ ᠪᠠᠭ᠎ᠠ | ᠤᠴᠢᠷ ᠥᠬᠡᠶ︾ ᠭᠡᠬᠦ ᠣᠨᠣᠯᠵᠢᠬᠤᠨ ᠢ ᠪᠣᠶ ᠪᠣᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠥᠪᠴᠢ ᠶᠢ | ᠴᠠᠭ ᠢᠮᠠᠭᠲᠠ ᠴᠢᠩᠭᠠᠷᠠᠭᠤᠯᠤᠨ᠂ ᠳᠣᠲᠣᠭᠠᠳᠤ ᠶᠢᠨ ᠭᠠᠯ ᠤᠨ ᠭᠠᠮᠰᠢᠭ ᠤᠨ ᠬᠡᠮ ᠰᠣᠭᠤᠭ ᠢ ᠥᠪᠡᠰᠦᠪᠡᠨ | ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠴᠢᠩᠭᠠᠳᠬᠠᠵᠤ᠂ ᠭᠠᠯ ᠤᠨ ᠭᠠᠮᠰᠢᠭ ᠤᠨ ᠬᠡᠮ ᠰᠣᠭᠤᠭ ᠢ | ᠴᠤᠬᠤᠶᠢᠵᠤ ᠪᠠᠶᠢᠭ᠎ᠠ ᠱᠠᠲᠤᠨ ᠳᠤᠨᠢ ᠦᠨᠡᠨ ᠬᠦ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ | ᠵᠠᠯᠭᠠᠭᠠᠳ᠂ ᠮᠠᠨ ᠤ ᠪᠠᠯᠭᠠᠰᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ | ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠠᠷᠢᠮᠲᠠᠯᠠᠵᠤ᠂ ᠠᠳᠡᠯ ᠤᠨ ᠳᠠᠯᠳᠠ ᠬᠡᠮ ᠢ | ᠵᠠᠰᠠᠬᠤ ᠪᠠ ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ᠂ ᠪᠥᠬᠦ ᠪᠠᠯᠭᠠᠰᠤᠨ ᠤ ᠠᠷᠠᠳ ᠲᠦᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠤᠯᠠᠭᠠᠨ ᠱᠤᠭᠤᠮ ᠢ ᠴᠢᠩᠭ᠎ᠠ ᠰᠠᠬᠢᠵᠤ᠂ ᠨᠢᠭᠡᠨ ᠠᠮᠤᠷ | ᠲᠦᠪᠰᠢᠨ᠂ ᠲᠣᠭᠲᠠᠭᠤᠨ᠂ ᠡᠶ᠎ᠡ ᠵᠣᠬᠢᠴᠠᠯ ᠲᠠᠢ ᠮᠤᠳᠦ᠋ ᠶᠢᠨ ᠨᠡᠶᠢᠭᠡᠮ ᠠᠵᠤ ᠠᠬᠤᠶ ᠶᠢᠨ ᠬᠥᠭᠵᠢᠯᠲᠡ ᠶᠢᠨ | ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | |