ᠨᠡᠭᠦᠯᠭᠡᠨ ᠰᠢᠯᠵᠢᠭᠦᠯᠦᠭᠰᠡᠨ ᠤᠯᠠᠨ ᠲᠦᠮᠡᠨ ᠢ ᠬᠠᠪᠰᠤᠷᠤᠨ ᠤᠷᠴᠢᠨ ᠲᠤᠭᠤᠷᠢᠨ ᠳᠤ ᠪᠠᠨ ᠲᠠᠳᠴᠤ | ᠵᠤᠬᠢᠴᠠᠬᠤ ᠬᠤᠭᠤᠴᠠᠭ᠎ᠠ ᠶᠢ ᠤᠷᠤᠭᠰᠢᠳᠠᠢ ᠦᠩᠭᠡᠷᠡᠭᠦᠯᠬᠦ ᠪᠠᠷ ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤ | ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢ ᠤᠷᠢᠨ ᠨᠡᠭᠦᠯᠭᠡᠨ ᠰᠢᠯᠵᠢᠭᠦᠯᠦᠭᠰᠡᠨ ᠤᠯᠠᠨ | ᠲᠦᠮᠡᠨ ᠳᠤ ᠬᠤᠭᠤᠴᠠᠭ᠎ᠠ ᠪᠦᠯᠦᠭ ᠬᠤᠪᠢᠶᠠᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠬᠦᠷᠳᠡᠭᠡᠵᠦ᠂ ᠨᠡᠭᠦᠯᠬᠡᠨ | ᠰᠢᠯᠵᠢᠭᠦᠯᠦᠭᠰᠡᠨ ᠤᠯᠠᠨ ᠲᠦᠮᠡᠨ ᠤ ︽ᠬᠦᠭᠵᠢᠵᠦ ᠴᠢᠳᠠᠬᠤ᠂ ᠡᠷᠳᠡ ᠪᠠᠶᠠᠵᠢᠬᠤ︾ ᠳᠤᠳᠤᠭᠠᠳᠤ ᠬᠦᠳᠡᠯᠭᠡᠬᠦ | ᠬᠦᠴᠦᠨ ᠢ ᠤᠷᠮᠠᠰᠢᠭᠤᠯᠤᠨ᠂ ᠰᠢᠨ᠎ᠡ ᠤᠷᠴᠢᠨ ᠲᠤᠭᠤᠷᠢᠨ ᠳᠤ ᠪᠠᠨ ᠡᠷᠳᠡᠬᠡᠨ ᠵᠤᠬᠢᠴᠠᠯᠳᠤᠵᠤ ᠠᠵᠢᠯ ᠤᠯᠬᠤ ᠶᠢ | ᠠᠬᠢᠭᠤᠯᠵᠤ ᠪᠤᠢ᠃ ᠲᠤᠰ ᠪᠤᠯᠪᠠᠰᠤᠷᠠᠯ ᠳᠤ ᠪᠠᠨ ᠲᠠᠷᠢᠶᠠᠯᠠᠩ ᠤᠨ ᠪᠦᠳᠦᠭᠡᠭᠳᠡᠬᠦᠨ ᠢ ᠡᠵᠡᠩᠨᠡᠵᠦ ᠪᠤᠷᠤᠯᠠᠭᠤᠯᠬᠤ | ᠵᠢᠴᠢ ᠰᠢᠭᠤᠳ ᠨᠡᠪᠳᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠲᠠᠷᠢᠶᠠᠴᠢᠨ ᠠᠶᠢᠯ ᠤᠨ ᠬᠤᠭᠤᠯᠠᠨ ᠭᠡᠷ ᠤᠨ | ᠡᠵᠡᠩᠨᠡᠯᠳᠡ ᠬᠠᠮᠢᠶᠠᠷᠤᠯᠳᠠ ᠪᠤᠯᠤᠨ ᠦᠢᠯᠡᠴᠢᠯᠡᠭᠡ ᠶᠢᠨ ᠤᠷ᠎ᠠ ᠴᠢᠳᠠᠪᠤᠷᠢ᠂ ᠬᠦᠳᠡᠭᠡ ᠲᠤᠰᠬᠤᠨ ᠤ ᠵᠤᠭᠠᠴᠠᠯ᠂ | ᠤᠶᠤᠨᠴᠢ ᠮᠡᠷᠭᠡᠵᠢᠯ ᠤᠨ ᠬᠡᠷᠡᠭᠯᠡᠭᠡ᠂ ᠰᠠᠷ᠎ᠠ ᠰᠤᠪᠢᠯᠠᠭᠴᠢ ᠵᠡᠷᠭᠡ 5 ᠲᠦᠷᠦᠯ ᠤᠨ ᠠᠭᠤᠯᠭ᠎ᠠ ᠶᠢ ᠪᠠᠭᠳᠠᠭᠠᠵᠤ᠂ | ᠬᠢᠴᠢᠶᠡᠯ ᠲᠠᠶᠢᠯᠪᠤᠷᠢᠯᠠᠭᠴᠢ ᠪᠠᠭᠰᠢ ᠠᠴᠠ ᠵᠠᠭᠤᠴᠢᠯᠠᠭᠤᠷ ᠢᠶᠠᠷ ᠳᠡᠯᠭᠡᠨ ᠦᠵᠡᠬᠦᠯᠬᠦ ᠪᠠ ᠬᠠᠷᠢᠯᠴᠠᠨ ᠰᠤᠯᠢᠯᠴᠠᠬᠤ | ᠠᠷᠭ᠎ᠠ ᠬᠡᠯᠪᠡᠷᠢ ᠪᠠᠷ ᠪᠤᠯᠪᠠᠰᠤᠷᠠᠯ ᠢ ᠠᠮᠢᠳᠤ ᠲᠦᠷᠰᠦᠯᠢᠭ᠂ ᠳᠠᠳᠠᠬᠤ ᠬᠦᠴᠦᠨ ᠲᠠᠢ ᠲᠠᠶᠢᠯᠪᠤᠷᠢᠯᠠᠵᠤ᠂ | ᠪᠤᠯᠪᠠᠰᠤᠷᠠᠭᠤᠯᠬᠤ ᠰᠢᠯᠢᠳᠡᠭ ᠰᠠᠶᠢᠨ ᠦᠷ᠎ᠡ ᠪᠦᠳᠦᠮᠵᠢ ᠭᠠᠷᠭᠠᠭᠰᠠᠨ ᠪᠠᠶᠢᠨ᠎ᠠ᠃ ᠤᠶᠢᠯᠠᠭᠠᠭᠰᠠᠨ ᠢᠶᠠᠷ᠂ ᠲᠤᠰ | ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ ᠨᠢᠭᠡᠨᠳᠡ ᠬᠤᠶᠠᠷ ᠤᠳᠠᠭ᠎ᠠ ᠡᠷᠬᠢᠯᠡᠨ ᠶᠠᠪᠤᠭᠳᠠᠭᠤᠯᠵᠤ᠂ ᠲᠤᠰ ᠰᠤᠮᠤᠨ ᠤ | ᠤᠰᠤᠨ ᠴᠦᠬᠦᠷᠦᠮ ᠠᠴᠠ ᠨᠡᠭᠦᠯᠭᠡᠨ ᠰᠢᠯᠵᠢᠭᠦᠯᠦᠭᠰᠡᠨ 4 ᠭᠠᠴᠠᠭᠠᠨ ᠤ 1200 ᠭᠠᠷᠤᠢ ᠬᠦᠮᠦᠨ ᠳᠤ ᠪᠤᠯᠪᠠᠰᠤᠷᠠᠯ | ᠬᠦᠷᠳᠡᠭᠡᠭᠰᠡᠨ ᠪᠠᠶᠢᠨ᠎ᠠ᠃ ︵ᠸᠠᠩ ᠲᠢᠶᠠᠨ ᠷᠦ︶ | |