ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ
ᠨᠡᠶᠢᠲᠡᠯᠡᠭᠰᠡᠨ ᠴᠠᠭ᠄
2022/5/16
             ᠬᠢᠩᠭᠠᠨ ᠵᠠᠬᠢᠷᠭ᠎ᠠ ᠠᠯᠪᠠᠨ ᠦᠰᠦᠭ ﹇2022﹈ 11 ᠳ᠋ᠤᠭᠡᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄    ︽ᠲᠥᠪ ᠤᠨ ᠲᠠᠷᠢᠶᠠᠯᠠᠩ ᠤᠨ ᠠᠯᠪᠠᠨ ᠬᠡᠷ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ  ᠡᠳ᠋ ᠤᠨ ᠵᠠᠰᠠᠭ ᠤᠨ ᠶᠠᠮᠤᠨ ᠤ  ᠲᠣᠰᠬᠤᠨ ᠤ ᠲᠥᠯᠥᠪᠵᠢᠭᠦᠯᠭᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠰᠠᠨᠠᠯ︾ ᠶᠣᠰᠣᠭᠠᠷ ︵ᠬᠥᠳᠡᠭᠡ ᠲᠣᠰᠬᠤᠨ ᠤ ᠲᠣᠭᠲᠠᠭᠠᠯ ᠲᠠᠷᠬᠠᠭᠠᠭᠰᠠᠨ ︹ 2019 ︺ 1 ᠳ᠋ᠤᠭᠡᠷ ᠲᠣᠭᠠᠲᠤ︶᠂ ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ  ᠲᠢᠩᠬᠢᠮ ᠤᠨ ᠠᠶᠢᠯ ᠲᠣᠰᠬᠤᠨ ᠤ ᠲᠥᠯᠥᠪᠵᠢᠭᠦᠯᠭᠡ ᠶᠢ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ  ᠮᠡᠳᠡᠭᠳᠡᠯ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ︹ 2019︺ 35 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠥᠰᠥᠭ ︹ 2019︺94 ᠳ᠋ᠤᠭᠡᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠰᠢᠮᠳᠠᠭᠤᠯᠤᠨ  ᠰᠢᠢᠳᠪᠦᠷᠢᠯᠡᠭᠦᠯᠬᠦ ᠵᠠᠬᠢᠳᠠᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ 2022 ᠣᠨ ᠤ 2 ᠳ᠋ᠤᠭᠠᠷ ᠰᠠᠷ᠎ᠠ ᠶᠢᠨ 17 ᠤ ᠡᠳᠦᠷ ᠤᠨ ᠪᠥᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠠᠵᠢᠯ ᠢ ᠳᠥᠯᠭᠢᠨ ᠠᠬᠢᠭᠤᠯᠬᠤ  ᠸᠢᠳᠢᠤ᠋ ᠬᠤᠷᠠᠯ ᠤᠨ ᠵᠣᠷᠢᠭ ᠰᠠᠨᠠᠭ᠎ᠠ ᠶᠤᠰᠤᠭᠠᠷ ᠡᠯ᠎ᠡ ᠭᠠᠵᠠᠷ ᠤᠨ ᠬᠢᠨ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠲᠦᠷᠭᠡᠬᠡᠨ ᠡᠬᠢᠯᠡᠭᠦᠯᠬᠦ ᠪᠠ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠠᠬᠢᠭᠤᠯᠬᠤ  ᠬᠡᠷᠡᠭᠲᠡᠢ᠃    ᠨᠢᠭᠡ᠂ ᠬᠠᠷᠠᠯᠲᠠ ᠪᠠ ᠡᠭᠦᠷᠭᠡ    ︵ᠨᠢᠭᠡ︶ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠠᠯ᠎ᠠ ᠪᠠᠷ    ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠣᠯ ᠠᠶᠢᠮᠠᠭ ᠬᠤᠰᠢᠭᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠰ ᠵᠠᠰᠠᠭ ᠵᠠᠬᠢᠷᠭᠠᠨ ᠤ ᠣᠷᠣᠨ ᠤ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠬᠠᠮᠠᠭᠠᠯᠠᠵᠤ ᠨᠡᠭᠡᠭᠡᠨ ᠠᠰᠢᠭᠯᠠᠬᠤ ᠳᠤ ᠬᠢᠭᠰᠡᠨ ᠪᠣᠳᠠᠲᠠᠶ ᠲᠣᠬᠢᠷᠠᠭᠤᠯᠤᠯᠲᠠ ᠪᠠᠶᠢᠵᠤ᠂ ᠬᠠᠮᠢᠶ᠎ᠠ ᠪᠥᠬᠦᠶ ᠲᠤᠰᠬᠠᠶ  ᠵᠦᠢᠯ ᠤᠨ ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠦᠨᠳᠦᠰᠦᠯᠡᠯ ᠪᠣᠯᠤᠨ᠎ᠠ᠃ ᠰᠤᠮᠤ ᠰᠢᠶᠠᠩ ᠪᠠᠯᠭᠠᠰᠤ ᠨᠢ ᠲᠠᠪᠤᠨ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢᠨ ᠬᠠᠮᠤᠭ ᠤᠨ ᠦᠨᠳᠦᠰᠦᠨ ᠨᠢᠭᠡᠴᠢ ᠪᠣᠯᠤᠭᠰᠠᠨ ᠤ ᠬᠤᠪᠢ ᠳᠤ᠂ ᠳᠡᠭᠡᠭᠰᠢ ᠪᠠᠨ ᠳᠠᠮᠵᠢᠭᠤᠯᠬᠤ᠂ ᠳᠤᠮᠳᠠ ᠨᠢ ᠬᠠᠮᠢᠶᠠᠷᠤᠨ ᠡᠵᠡᠮᠳᠡᠬᠦ᠂ ᠳᠣᠷᠣᠭᠰᠢ ᠪᠠᠨ ᠵᠢᠯᠣᠭᠤᠳᠬᠤ ᠶᠢᠨ ᠴᠢᠬᠤᠯᠠ  ᠦᠢᠯᠡᠳᠦᠯ ᠢ ᠡᠭᠦᠷᠭᠡᠯᠡᠵᠦ ᠪᠠᠶᠢᠳᠠᠭ᠃ 2022 ᠣᠨ ᠤ 2 ᠳ᠋ᠤᠭᠠᠷ ᠰᠠᠷ᠎ᠠ ᠶᠢᠨ 17 ᠤ ᠡᠳᠦᠷ ᠤᠨ ᠪᠥᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠠᠵᠢᠯ ᠢ ᠳᠥᠯᠭᠢᠨ ᠠᠬᠢᠭᠤᠯᠬᠤ ᠸᠢᠳᠢᠤ᠋ ᠬᠤᠷᠠᠯ ᠤᠨ ᠱᠠᠭᠠᠷᠳᠠᠯᠭ᠎ᠠ ᠶᠣᠰᠣᠭᠠᠷ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠡᠯ᠎ᠡ ᠭᠠᠵᠠᠷ ᠤᠨ ᠬᠢᠨ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠬᠦ ᠬᠡᠷᠡᠭᠲᠡᠢ᠃    ︵ᠬᠤᠶᠠᠷ︶ ᠠᠶᠢᠯ ᠲᠣᠰᠬᠤᠨ ᠤ ᠲᠥᠯᠥᠪᠵᠢᠭᠦᠯᠭᠡ ᠶᠢᠨ ᠲᠠᠯ᠎ᠠ ᠪᠠᠷ    ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ᠭᠠᠳᠠᠨᠠᠬᠢ ᠨᠠᠷᠢᠨ ᠲᠥᠯᠥᠪᠵᠢᠭᠦᠯᠭᠡ ᠪᠣᠯᠭᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠬᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠬᠤ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠬᠢᠬᠦ ᠶᠢᠨ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠪᠣᠯᠬᠤ ᠪᠠᠷ ᠪᠠᠷᠠᠬᠤ ᠥᠬᠡᠶ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠴᠢᠨᠠᠷᠲᠠᠶ ᠠᠵᠢᠯ ᠪᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ 2022 ᠣᠨ ᠤ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠤ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠴᠢᠬᠤᠯᠠ ᠱᠠᠲᠤ ᠦᠶ᠎ᠡ ᠶᠢ ᠡᠵᠡᠮᠳᠡᠵᠦ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠬᠢ ᠲᠤᠯᠭᠠᠮ᠎ᠠ ᠴᠢᠨᠠᠷ ᠢ  ᠭᠦᠢᠴᠡᠳ ᠲᠠᠨᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠪᠥᠲᠥᠭᠡᠨ ᠪᠠᠶᠢᠭᠤᠯᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠬᠤᠯᠪᠣᠭᠳᠠᠯ ᠪᠥᠬᠦᠶ ᠠᠵᠢᠯ ᠢ ᠥᠷᠨᠢᠭᠦᠯᠬᠦ ᠱᠠᠭᠠᠷᠳᠠᠯᠭ᠎ᠠ ᠶᠣᠰᠣᠭᠠᠷ᠂ ᠨᠥᠬᠦᠴᠡᠯ ᠲᠠᠢ᠂ ᠬᠡᠷᠡᠭᠴᠡᠭᠡ ᠱᠠᠭᠠᠷᠳᠠᠯᠭ᠎ᠠ ᠲᠠᠢ ᠠᠶᠢᠯ ᠲᠣᠰᠬᠤᠨ ᠤ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ 2022 ᠣᠨ ᠤ ᠨᠥᠬᠦᠴᠡᠯ ᠲᠠᠢ᠂ ᠬᠡᠷᠡᠭᠴᠡᠭᠡ ᠱᠠᠭᠠᠷᠳᠠᠯᠭ᠎ᠠ ᠲᠠᠢ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠨᠡᠶᠢᠳᠡᠮ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠦᠨᠳᠦᠰᠦᠨ ᠪᠠᠶᠢᠳᠠᠯ    ︵ᠨᠢᠭᠡ︶ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠠᠯ᠎ᠠ ᠪᠠᠷ    ᠣᠲᠣ ᠪᠣᠯᠲᠠᠯ᠎ᠠ᠂ ᠮᠠᠨ ᠤ ᠠᠶᠢᠮᠠᠭ ᠤᠨ ᠵᠠᠯᠠᠶᠢᠳ ᠬᠤᠰᠢᠭᠤ ᠯᠠ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠭᠰᠡᠨ ᠪᠣᠯᠪᠠᠴᠤ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠠᠷᠠᠬᠠᠨ ᠪᠦᠷᠢᠯᠳᠦᠭᠦᠯᠦᠭᠡᠳᠦᠶ᠂ ᠪᠤᠰᠤᠳ 5 ᠬᠤᠰᠢᠭᠤ ᠰᠢᠶᠠᠨ ᠬᠤᠲᠠ ᠴᠥᠮ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠭᠡᠳᠦᠶ ᠪᠠᠶᠢᠨ᠎ᠠ᠃    ︵ᠬᠤᠶᠠᠷ︶ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠯ᠎ᠠ ᠪᠠᠷ    ᠮᠠᠨ ᠤ ᠠᠶᠢᠮᠠᠭ ᠲᠤ ᠨᠡᠶᠢᠲᠡ 847 ᠵᠠᠰᠠᠭ ᠵᠠᠬᠢᠷᠭᠠᠨ ᠤ ᠲᠣᠰᠬᠤᠨ ᠲᠠᠢ᠂ ᠡᠭᠦᠨ ᠳᠤ ᠤᠯᠠᠭᠠᠨᠬᠤᠲᠠ 58᠂ ᠷᠠᠰᠢᠶᠠᠨ ᠬᠤᠲᠠ 3᠂ ᠵᠠᠯᠠᠶᠢᠳ ᠬᠤᠰᠢᠭᠤ 196᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 229᠂ ᠲᠦᠴᠢᠦᠸᠠᠨ ᠰᠢᠶᠠᠨ 188᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 173 ᠪᠣᠶ᠃    ᠡᠭᠦᠨ ᠳᠤ᠄ ᠤᠯᠠᠭᠠᠨᠬᠤᠲᠠ 54᠂ ᠷᠠᠰᠢᠶᠠᠨ ᠬᠤᠲᠠ 1᠂ ᠵᠠᠯᠠᠶᠢᠳ ᠬᠤᠰᠢᠭᠤ 173᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 120᠂ ᠲᠦᠴᠢᠦᠸᠠᠨ ᠰᠢᠶᠠᠨ 178᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 173 ᠪᠣᠶ᠃    ᠡᠯ᠎ᠡ ᠬᠤᠰᠢᠭᠤ ᠰᠢᠶᠠᠨ ᠬᠤᠲᠠ ᠨᠢᠭᠡᠨᠲᠡ 305 ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠂ ᠡᠭᠦᠨ ᠳᠤ᠄ ᠤᠯᠠᠭᠠᠨᠬᠤᠲᠠ 27᠂ ᠷᠠᠰᠢᠶᠠᠨ ᠬᠤᠲᠠ 1 ︵ᠨᠠᠶᠢᠷᠠᠭᠤᠯᠤᠨ ᠵᠣᠬᠢᠶᠠᠵᠤ ᠳᠠᠭᠤᠰᠬᠠᠬᠤ ᠶᠣᠰᠣᠲᠠᠶ ᠠᠶᠢᠯ ᠲᠣᠰᠬᠤᠨ ᠨᠢᠭᠡᠨᠲᠡ ᠳᠠᠭᠤᠰᠬᠠᠪᠠ︶᠂ ᠵᠠᠯᠠᠶᠢᠳ ᠬᠤᠰᠢᠭᠤ 173 ︵ᠨᠠᠶᠢᠷᠠᠭᠤᠯᠤᠨ ᠵᠣᠬᠢᠶᠠᠵᠤ ᠳᠠᠭᠤᠰᠬᠠᠬᠤ ᠶᠣᠰᠣᠲᠠᠶ ᠠᠶᠢᠯ ᠲᠣᠰᠬᠤᠨ ᠨᠢᠭᠡᠨᠲᠡ ᠪᠦᠬᠦᠨ ᠢ ᠳᠠᠭᠤᠰᠬᠠᠪᠠ︶᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 9᠂ ᠲᠦᠴᠢᠦᠸᠠᠨ ᠰᠢᠶᠠᠨ 95᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 0 ᠪᠣᠶ᠃    ᠬᠠᠷᠠᠬᠠᠨ ᠨᠠᠶᠢᠷᠠᠭᠤᠯᠤᠨ ᠵᠣᠬᠢᠶᠠᠭᠠᠳᠤᠶ ᠨᠥᠬᠦᠴᠡᠯ ᠲᠠᠢ᠂ ᠬᠡᠷᠡᠭᠴᠡᠭᠡ ᠱᠠᠭᠠᠷᠳᠠᠯᠭ᠎ᠠ ᠲᠠᠢ ᠲᠣᠰᠬᠤᠨ 394 ᠪᠠᠶᠢᠵᠤ᠂ ᠡᠭᠦᠨ ᠳᠤ᠄ ᠤᠯᠠᠭᠠᠨᠬᠤᠲᠠ 27᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 111᠂ ᠲᠦᠴᠢᠦᠸᠠᠨ ᠰᠢᠶᠠᠨ 83᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 173 ᠪᠣᠶ᠃    ᠭᠤᠷᠪᠠ᠂ ᠶᠡᠷᠦᠩᠬᠡᠶ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠨᠠᠶᠢᠷᠠᠭᠤᠯᠤᠨ ᠵᠣᠬᠢᠶᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠤᠰᠬᠠᠶ ᠵᠦᠢᠯ ᠤᠨ ᠵᠠᠷᠤᠳᠠᠯ ᠢ ᠨᠠᠶᠢᠳᠠᠪᠤᠷᠢᠵᠢᠭᠤᠯᠵᠤ᠂ ᠡᠯ᠎ᠡ  ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠬᠤ ᠬᠡᠷᠡᠭᠲᠡᠶ᠃ ᠣᠳᠣᠬᠠᠨ ᠳᠤ᠂ ᠡᠯ᠎ᠡ ᠬᠤᠰᠢᠭᠤ ᠰᠢᠶᠠᠨ ᠬᠤᠲᠠ ᠶᠢᠨ ᠣᠷᠣᠨ ᠲᠤᠭ᠎ᠠ ᠶᠢᠨ ᠠᠵᠢᠯ ᠤᠨ ᠠᠬᠢᠴᠠ ᠨᠢ ᠤᠳᠠᠭᠠᠨ ᠪᠠᠶᠢᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠥᠬᠡᠶ᠂ ᠠᠷᠭ᠎ᠠ ᠬᠡᠮᠵᠢᠶ᠎ᠡ ᠨᠢ ᠬᠦᠴᠦᠨ ᠥᠬᠡᠶ᠂ ᠵᠠᠷᠤᠳᠠᠯ ᠢ ᠨᠠᠶᠢᠳᠠᠪᠤᠷᠢᠵᠢᠭᠤᠯᠤᠭᠠᠳᠤᠶ᠂ ᠰᠠᠨᠠᠭᠠᠴᠢᠯᠠᠭ᠎ᠠ ᠠᠴᠠ ᠪᠠᠨ ᠠᠷᠭᠠᠴᠠᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠢᠯᠠᠩᠭᠤᠶ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠲᠣᠰᠬᠤᠨ ᠤ ᠲᠥᠯᠥᠪᠵᠢᠭᠦᠯᠭᠡ ᠶᠢᠨ ᠠᠬᠢᠴᠠ ᠨᠢ ᠤᠳᠠᠭᠠᠨ ᠪᠠᠶᠢᠬᠤ ᠰᠢᠯᠲᠠᠭᠠᠨ ᠢ ᠴᠠᠭ ᠲᠤᠬᠠᠶ ᠳᠤᠨᠢ ᠡᠷᠢᠵᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠶ ᠠᠬᠢᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠨᠤᠭᠤᠳ ᠬᠠᠭᠠᠰ ᠰᠠᠷ᠎ᠠ ᠪᠠᠷ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠵᠣᠬᠢᠰᠲᠠᠶ ᠪᠠᠶᠢᠯᠭᠠᠬᠤ᠂ ᠵᠠᠷᠤᠳᠠᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃    ︵ᠬᠤᠶᠠᠷ︶ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠢᠮᠳᠠᠭᠤᠯᠤᠨ ᠪᠠᠶᠢᠴᠠᠭᠠᠬᠤ᠂ ᠠᠬᠢᠭᠤᠯᠬᠤ᠂ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠮᠡᠷᠭᠡᠵᠢᠯ ᠤᠨ ᠵᠢᠯᠣᠭᠤᠳᠬᠤ ᠲᠦᠷᠢᠮ ︵ᠲᠤᠷᠰᠢᠨ ᠬᠡᠷᠡᠭᠵᠢᠭᠦᠯᠬᠦ︶︾ ︵2020 ᠣᠨ ᠤ ᠬᠡᠪᠯᠡᠯ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠦᠷᠢᠮ︾ ︵DB15/T2131-2021 ︶ ᠵᠡᠷᠭᠡ ᠪᠢᠴᠢᠭ ᠮᠠᠲ᠋ᠧᠷᠢᠶᠠᠯ ᠪᠠ ᠵᠢᠷᠤᠮᠵᠢᠭᠤᠯᠬᠤ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠳᠦᠰᠦᠨ ᠱᠠᠲᠤᠨ ᠤ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠭᠠᠳᠠᠷ ᠣᠷᠣᠨ ᠤ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠳᠤ ᠨᠡᠶᠢᠴᠡᠭᠰᠡᠨ ᠰᠤᠮᠤ ᠰᠢᠶᠠᠩ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠰᠤᠳᠤᠯᠵᠤ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠤᠷᠢᠳᠠᠪᠠᠷ ᠵᠢᠱᠢᠶ᠎ᠡ ᠦᠵᠡᠭᠦᠯᠬᠦ  ᠦᠢᠯᠡᠳᠦᠯ ᠢ ᠪᠠᠳᠠᠷᠠᠭᠤᠯᠤᠨ᠂ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠲᠦᠮᠵᠢᠲᠡᠶ ᠳᠥᠯᠭᠢᠨ ᠠᠬᠢᠭᠤᠯᠬᠤ ᠶᠢᠨ ᠲᠤᠰᠠᠳᠠ ᠰᠡᠳᠬᠢᠮᠵᠢ ᠪᠠᠨ ᠲᠣᠳᠣᠷᠬᠠᠶᠢᠯᠠᠨ᠂ ᠭᠤᠤᠯᠳᠠᠯᠭ᠎ᠠ ᠪᠠᠨ ᠲᠣᠳᠣᠷᠬᠠᠶᠢᠯᠠᠵᠤ᠂ ᠠᠶᠢᠯ ᠲᠣᠰᠬᠤᠨ ᠤ ᠲᠥᠯᠥᠪᠵᠢᠭᠦᠯᠭᠡ ᠶᠢ ︽ᠣᠯᠠᠨ ᠲᠥᠯᠥᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ︾ ᠬᠤᠯᠪᠣᠭᠳᠠᠯ ᠪᠥᠬᠦᠶ ᠱᠠᠭᠠᠷᠳᠠᠯᠭ᠎ᠠ ᠪᠠ ᠣᠷᠣᠨ ᠨᠤᠲᠤᠭ ᠤᠨ ᠪᠣᠳᠠᠲᠠᠶ ᠳᠤ ᠨᠡᠶᠢᠴᠡᠭᠦᠯᠬᠦ ᠶᠢ ᠦᠨᠡᠨᠬᠦ ᠪᠠᠲᠤᠯᠠᠵᠤ᠂ ᠲᠥᠯᠥᠪᠵᠢᠭᠦᠯᠭᠡ ᠶᠢ ᠬᠡᠷᠡᠭᠯᠡᠵᠦ ᠪᠣᠯᠬᠤ᠂  ᠬᠡᠷᠡᠭᠯᠡᠬᠦ ᠳᠤ ᠰᠠᠶᠢᠨ ᠪᠠᠶᠢᠯᠭᠠᠬᠤ ᠬᠡᠷᠡᠭᠲᠡᠶ᠃    ︵ᠭᠤᠷᠪᠠ︶ ᠭᠠᠴᠠᠭᠠᠨ ᠤ ᠠᠷᠠᠳ ᠤᠨ ᠪᠡᠶᠡᠴᠢ ᠴᠣᠭᠴᠠ ᠶᠢ ᠴᠢᠬᠤᠯᠠᠴᠢᠯᠠᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠮᠠᠯᠴᠢᠨ ᠲᠠᠷᠢᠶᠠᠴᠢᠨ ᠪᠥᠬᠦ ᠶᠠᠪᠤᠴᠠ ᠳᠤ ᠣᠷᠣᠯᠴᠠᠬᠤ ᠬᠡᠷᠡᠭᠲᠡᠶ᠃ ᠡᠯ᠎ᠡ ᠭᠠᠵᠠᠷ ᠤᠨ ᠬᠢᠨ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠲᠣᠰᠬᠤᠨ ᠤ ᠱᠠᠲᠤ ᠪᠠᠷ ᠭᠤᠤᠯᠯᠠᠭᠤᠯᠬᠤ᠂ ᠲᠣᠰᠬᠤᠨ ᠤ ᠠᠷᠠᠳ ᠢᠶᠠᠷ ᠭᠤᠤᠯ ᠴᠣᠭᠴᠠ ᠪᠣᠯᠭᠠᠬᠤ︾ ᠠᠵᠢᠯ ᠤᠨ ᠵᠠᠷᠴᠢᠮ ᠶᠣᠰᠣᠭᠠᠷ᠂ ᠲᠣᠰᠬᠤᠨ ᠤ ᠠᠷᠠᠳ ᠤᠨ ᠭᠤᠤᠯ ᠴᠣᠭᠴᠠ ᠶᠢᠨ ᠬᠦᠴᠦᠯᠡᠬᠦ ᠴᠡᠭ ᠢ ᠡᠵᠡᠮᠳᠡᠵᠦ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠲᠣᠰᠬᠤᠨ ᠤ ᠠᠷᠠᠳ ᠤᠨ ᠵᠥᠪᠯᠡᠯ ᠳᠤ ᠲᠦᠰᠢᠭᠯᠡᠨ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠬᠡᠷᠡᠭᠲᠡᠶ᠃ ᠠᠶᠢᠯ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠨ ᠂ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠴᠢᠬᠤᠯᠠᠴᠢᠯᠠᠵᠤ᠂ ᠸᠢᠴᠠᠲ ᠨᠡᠶᠢᠲᠡᠯᠡᠬᠦ᠂ ᠠᠶᠢᠯ ᠡᠷᠦᠬᠡ ᠳᠤ ᠬᠦᠷᠭᠡᠬᠦ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠤᠬᠠᠭᠤᠯᠤᠨ ᠳᠠᠶᠢᠴᠢᠯᠠᠬᠤ ᠠᠵᠢᠯ ᠢ ᠥᠷᠭᠡᠨ ᠢᠶᠠᠷ ᠥᠷᠨᠢᠭᠦᠯᠵᠦ᠂ ᠲᠣᠰᠬᠤᠨ ᠤ ᠠᠷᠠᠳ᠂ ᠬᠥᠳᠡᠭᠡ ᠲᠣᠰᠬᠤᠨ ᠤ ᠠᠵᠤ ᠠᠬᠤᠶᠢᠯᠠᠯ ᠤᠨ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠢᠳᠡᠪᠬᠢᠲᠡᠶ ᠣᠷᠣᠯᠴᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠶ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠲᠥᠰᠦᠯ ᠢ ᠭᠠᠴᠠᠭᠠᠨ ᠤ ᠠᠷᠠᠳ ᠤᠨ ᠬᠤᠷᠠᠯ ᠪᠤᠶᠤ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠳᠤ ᠳᠡᠪᠰᠢᠭᠦᠯᠦᠨ ᠶᠠᠷᠢᠯᠴᠠᠭᠤᠯᠵᠤ ᠲᠣᠭᠲᠠᠭᠠᠯᠭᠠᠨ᠎ᠠ᠂ ᠭᠤᠣᠯ ᠠᠭᠤᠯᠭ᠎ᠠ ᠶᠢ ᠭᠠᠴᠠᠭᠠᠨ ᠤ ᠠᠷᠠᠳ ᠤᠨ ᠵᠥᠪᠯᠡᠯ ᠠᠴᠠ ᠵᠠᠷᠯᠠᠨ ᠨᠡᠶᠢᠲᠡᠯᠡᠬᠦ ᠶᠢᠨ ᠬᠠᠮᠲᠤ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠳᠤ ᠣᠷᠣᠭᠤᠯᠤᠨ᠎ᠠ᠃                                                     2022 ᠣᠨ ᠤ 3 ᠰᠠᠷ᠎ᠠ ᠶᠢᠨ 16
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号