ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/9
    5 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ 2021 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳ᠋ᠦᠩᠨᠡᠵᠦ᠂ 2022 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠠᠢ ᠪᠦᠦ ᠵᠢᠶᠦ᠋ᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠴᠡᠩᠭᠡᠯᠲᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠬᠤᠩ ᠶᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠬᠡᠷ ᠲᠡᠭᠡᠨ ᠪᠠᠶᠢᠭ᠎ᠠ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠶᠠᠮᠤᠨ᠂ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠮᠢᠶᠠᠷᠤᠯᠲᠠ ᠶᠢᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   ᠰᠤᠮᠤ ᠪᠠᠯᠭᠠᠰᠤᠨ ᠳᠤ ᠬᠠᠷᠠᠭᠠᠨ ᠳᠠᠪᠲᠠᠮᠵᠢ ᠶᠢᠨ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠳᠡᠳ᠋ ᠰᠠᠯᠠᠭᠠᠨ ᠤ ᠲᠠᠰ ᠠᠴᠠ ᠳᠡᠭᠡᠭᠰᠢᠬᠢ ᠺᠠᠳ᠋ᠷ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠠᠭᠠᠲᠤᠷ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠸᠢ ᠫᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠬᠠᠶ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ 2021 ᠣᠨ ᠤ ᠵᠣᠬᠢᠶᠠᠨ ᠪᠠᠶᠢᠭᠤᠯᠬᠤ᠂ ᠨᠢᠭᠡᠳᠦᠮᠡᠯ ᠹᠷᠣᠨᠲ᠂ ᠤᠬᠠᠭᠤᠯᠬᠤ ᠠᠵᠢᠯ ᠢ ᠳ᠋ᠦᠩᠨᠡᠭᠰᠡᠨ ᠪᠥᠭᠡᠳ 2022 ᠣᠨ ᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠠᠶ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠴᠢᠬᠤᠯᠠ ᠶᠠᠷᠢᠶ᠎ᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠤᠬᠠᠭᠤᠯᠬᠤ᠂ ᠵᠣᠬᠢᠶᠠᠨ ᠪᠠᠶᠢᠭᠤᠯᠬᠤ᠂ ᠨᠢᠭᠡᠳᠦᠮᠡᠯ ᠹᠷᠣᠨᠲ ᠤᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠶ᠋ᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠨ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠪᠠ᠃   ᠼᠠᠢ ᠪᠦᠦ ᠵᠢᠶᠦ᠋ᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠪᠠᠰᠠ ᠴᠤ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠮᠥᠨ᠂ ᠡᠯ᠎ᠡ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ ᠣᠨᠴᠠᠭᠠᠶ᠂ ᠬᠠᠷᠢᠭᠤᠴᠠᠯᠭ᠎ᠠ ᠬᠦᠨᠳᠦ ᠶᠡᠭᠡ ᠶᠤᠮ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠤᠬᠠᠭᠤᠯᠬᠤ᠂ ᠵᠣᠬᠢᠶᠠᠨ ᠪᠠᠶᠢᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠪᠠ ᠪᠠᠲᠤᠯᠠᠬᠤ ᠬᠡᠷᠡᠭᠲᠡᠶ᠃ ᠼᠠᠢ ᠪᠦᠦ ᠵᠢᠶᠦ᠋ᠨ ᠱᠠᠭᠠᠷᠳᠠᠭᠰᠠᠨ ᠨᠢ᠂ ᠡᠷᠬᠡᠪᠰᠢ ᠲᠤᠭ ᠡᠷᠭᠦᠨ ᠰᠦᠭ ᠰᠦᠨᠡᠰᠦ ᠶᠢ ᠱᠤᠭᠤᠵᠤ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠶ᠃ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠨ᠎ᠠ᠃ ᠦᠨᠳᠦᠰᠦ ᠪᠠᠨ ᠪᠠᠬᠢᠵᠢᠭᠦᠯᠵᠦ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠵᠦ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠨ᠎ᠡ᠃ ᠠᠩᠬᠠᠷᠤᠯ ᠢᠶᠠᠨ ᠲᠥᠪᠯᠡᠷᠡᠭᠦᠯᠦᠨ ᠰᠡᠳᠬᠢᠯ ᠢᠶᠠᠨ ᠨᠢᠭᠲᠠᠷᠠᠭᠤᠯᠵᠤ ᠬᠦᠴᠦᠨ ᠢᠶᠠᠨ ᠨᠢᠭᠲᠠᠷᠠᠭᠤᠯᠵᠤ᠂ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠪᠣᠳᠠᠲᠠᠶ ᠪᠠᠷ ᠠᠳᠬᠤᠨ᠎ᠠ᠃    ᠼᠠᠢ ᠪᠦᠦ ᠵᠢᠶᠦ᠋ᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠪᠠᠶᠢᠭᠤᠯᠤᠯᠲᠠ ᠶᠢᠨ ᠭᠤᠤᠯ ᠠᠵᠢᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠴᠠ ᠶᠢ ᠪᠦᠷᠢᠨᠰᠢᠬᠦᠯᠵᠦ᠂ ᠬᠢᠨᠠᠨ ᠰᠢᠯᠭᠠᠬᠤ ᠤᠳᠤᠷᠢᠳᠤᠮᠵᠢ ᠶᠢ ᠲᠤᠪᠤᠶᠢᠯᠭᠠᠵᠤ᠂ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠪᠠᠷ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠭᠤᠣᠯ ᠶᠡᠭᠡ ᠲᠠᠯ᠎ᠠ ᠶᠢ ᠴᠢᠩᠭ᠎ᠠ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠴᠢᠨᠠᠷ ᠰᠠᠶᠢᠲᠠᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ ᠪᠠᠲᠤᠯᠠᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号