ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2022/5/9
    ᠤᠶᠢᠷ᠎ᠠ ᠳᠤ᠂ ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠵᠠᠯᠠᠶᠢᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠰᠪᠦ᠋ᠬᠡ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠼᠤᠤ ᠳ᠋ᠧ ᠯᠢᠨ᠂ ᠪᠦᠦ ᠬᠠᠰ᠂ ᠢᠦᠶ ᠬᠠᠶ ᠯᠢᠶᠠᠨ᠂ ᠯᠢᠦ ᠯᠢ ᠵᠢᠶᠦ᠋ᠨ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 29 ᠬᠥᠮᠦᠨ ᠬᠤᠷᠠᠯ ᠳᠤ ᠣᠷᠣᠯᠴᠠᠵᠤ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ ᠬᠤᠷᠠᠯ ᠠᠴᠠ ︽ᠨᠠᠢᠮᠠᠳᠤᠭᠠᠷ ᠲᠠᠪᠤᠨ ᠵᠢᠯ︾ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠰᠢᠢᠳᠪᠤᠷᠢ ︵ᠲᠥᠰᠦᠯ︶ ᠶᠢ ᠬᠢᠨᠠᠨ ᠶᠠᠷᠢᠯᠴᠠᠵᠤ ᠪᠠᠲᠤᠯᠠᠪᠠ᠃ ︽ᠳᠣᠯᠣᠳᠤᠭᠠᠷ ᠲᠠᠪᠤᠨ ᠵᠢᠯ︾ ᠤᠨ ᠲᠥᠯᠥᠪᠯᠡᠭᠡᠨ ᠤ ᠬᠤᠭᠤᠴᠠᠭᠠᠨ ᠳᠠᠬᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠢᠢᠳᠪᠤᠷᠢ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠶᠠᠷᠢᠯᠴᠠᠪᠠ᠃    ᠵᠠᠯᠠᠶᠢᠳ ᠬᠤᠰᠢᠭᠤᠨ ᠤ 2018 — 2021 ᠣᠨ ᠤ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠪᠥᠬᠦ ᠬᠤᠰᠢᠭᠤᠨ ᠤ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠪᠠ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠢᠯᠲᠠᠨ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠠᠵᠢᠯ ᠢ ᠬᠢᠭᠰᠡᠨ ᠪᠠᠶᠢᠨ᠎ᠠ᠃ ᠬᠠᠰᠪᠦ᠋ᠬᠡ᠂ ᠲᠤᠰᠢᠶᠠᠯ ᠳᠤ ᠲᠣᠮᠢᠯᠠᠭᠳᠠᠭᠰᠠᠨ ᠬᠥᠮᠦᠰ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠦᠢᠯᠡᠰ ᠲᠤ ᠲᠦᠢᠯ ᠤᠨ ᠦᠨᠡᠨᠴᠢ ᠰᠢᠳᠤᠷᠭᠤ ᠪᠠᠶᠢᠬᠤ ᠶᠢ ᠦᠢᠯᠡᠳᠦᠯᠭᠡᠵᠢᠭᠦᠯᠬᠦ ᠬᠡᠷᠡᠭᠲᠡᠶ᠃ ᠴᠢᠳᠠᠪᠤᠷᠢ ᠪᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠲᠤᠬᠠᠶᠢᠯᠠᠭᠰᠠᠨ ᠠᠵᠢᠯ ᠤᠨ ᠮᠡᠳᠡᠯᠭᠡ ᠪᠠ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠰᠤᠷᠤᠯᠴᠠᠬᠤ ᠪᠠᠨ ᠴᠢᠩᠭᠠᠳᠬᠠᠵᠤ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠬᠡᠪ ᠪᠤᠯᠪᠠᠰᠦᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠬᠡᠷᠡᠭᠲᠡᠢ᠃  ᠨᠠᠮ ᠤᠨ ᠰᠠᠬᠢᠯᠭ᠎ᠠ ᠪᠠᠲᠤ ᠶᠢᠨ ᠬᠠᠤᠯᠢ ᠲᠣᠭᠲᠠᠭᠠᠯ ᠢ ᠴᠢᠩᠭ᠎ᠠ ᠰᠠᠬᠢᠵᠤ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠡᠷᠬᠢᠮᠯᠡᠵᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠲᠠᠭᠠᠬᠤ ᠶᠢ ᠡᠷᠬᠢᠮᠯᠡᠵᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠠᠬᠢᠯᠭ᠎ᠠ ᠪᠠᠲᠤ ᠶᠢ ᠡᠷᠬᠢᠮᠯᠡᠵᠦ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠤᠯᠢ ᠴᠠᠭᠠᠵᠠ ᠶᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠯᠲᠠ ᠪᠠ ᠠᠷᠠᠳ ᠲᠦᠮᠡᠨ ᠤ ᠬᠢᠨᠠᠯᠲᠠ ᠶᠢᠨ ᠳᠣᠣᠷ᠎ᠠ ᠪᠠᠶᠢᠯᠭᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠠᠪᠤᠴᠠ ᠳᠤ᠂ ᠦᠨᠳᠦᠰᠦᠨ ᠬᠠᠤᠯᠢ ᠪᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠤᠬᠠᠭᠤᠯᠭ᠎ᠠ ᠶᠢ ᠴᠢᠨᠠᠭᠰᠢᠳᠠ ᠴᠢᠩᠭᠠᠳᠬᠠᠵᠤ᠂ ᠬᠠᠤᠯᠢᠵᠢᠯ ᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠤᠯᠢᠵᠢᠯ ᠤᠨ ᠵᠣᠷᠢᠭ ᠰᠠᠨᠠᠭ᠎ᠠ᠂ ᠬᠠᠤᠯᠢᠵᠢᠯ ᠤᠨ ᠣᠶᠢᠯᠠᠭᠠᠭᠳᠠᠬᠤᠨ᠂ ᠬᠠᠤᠯᠢ ᠴᠠᠭᠠᠵᠠ ᠶᠢᠨ ᠲᠣᠭᠲᠠᠭᠠᠯ ᠢ ᠵᠠᠯᠠᠶᠢᠳ ᠬᠤᠰᠢᠭᠤᠨ ᠳᠤ ᠨᠡᠩ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠶᠢᠨ ᠰᠢᠨ᠎ᠡ ᠶᠢ ᠡᠭᠦᠳᠴᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠤᠯᠢᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠢᠨᠠᠨ ᠪᠤᠳᠤᠯᠳᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠢᠨᠠᠨ ᠪᠤᠳᠤᠯᠳᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠬᠤ ᠬᠡᠷᠡᠭᠲᠡᠢ ᠭᠡᠵᠦ ᠴᠢᠩᠭᠠᠳᠬᠠᠵᠠᠢ᠃ ᠬᠤᠷᠠᠯ ᠠᠴᠠ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠬᠡᠪᠰᠢ ᠢᠮᠠᠭᠲᠠ ᠪᠠᠷᠢᠮᠲᠠᠯᠠᠬᠤ ᠬᠡᠷᠡᠭᠲᠡᠢ᠃ ᠦᠵᠡᠯ ᠰᠠᠨᠠᠭ᠎ᠠ ᠪᠠᠨ ᠨᠢᠭᠡᠳᠬᠡᠬᠦ᠂ ᠲᠠᠨᠢᠯᠲᠠ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠲᠠᠯ᠎ᠠ ᠪᠠᠷ ᠬᠦᠴᠦ ᠲᠠᠯᠪᠢᠵᠤ᠂ ᠡᠭᠦᠷᠭᠡᠯᠡᠨ ᠠᠵᠢᠯᠯᠠᠵᠤ᠂ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠵᠠᠯᠠᠶᠢᠳ ᠬᠤᠰᠢᠭᠤᠨ ᠤ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ︾ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠬᠤ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠨᠡᠶᠢᠭᠡᠮ ᠤᠨ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ ︾ ᠵᠡᠷᠭᠡ ᠨᠤᠲᠤᠭ ᠪᠡᠯᠴᠢᠭᠡᠷ ᠤᠨ ᠠᠮᠢ ᠠᠬᠤᠶ ᠶᠢᠨ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠭᠡᠬᠦ ᠬᠡᠷᠡᠭᠳᠡᠢ ᠭᠡᠵᠦ ᠴᠢᠬᠤᠯᠠᠴᠢᠯᠠᠪᠠ᠃ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠵᠢᠴᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠥᠬᠦᠶ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号