5 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠪᠥᠬᠦ ᠤᠯᠤᠰ᠂ | ᠪᠥᠬᠦ ᠣᠷᠣᠨ᠂ ᠪᠥᠬᠦ ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ ᠨᠢᠭᠡᠳᠦᠮᠡᠯ ᠹᠷᠣᠨᠲ ᠤᠨ ᠠᠵᠢᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠪᠥᠬᠦ ᠣᠷᠣᠨ ᠪᠦᠰᠡ ᠶᠢᠨ | ᠵᠢᠭᠤᠯᠴᠢᠯᠠᠯ᠂ ᠬᠤᠲᠠ ᠶᠢᠨ ᠪᠦᠲᠦᠭᠡᠨ ᠪᠠᠶᠢᠭᠤᠯᠤᠯᠲᠠ᠂ ᠭᠤᠣᠯᠳᠠᠯᠭ᠎ᠠ ᠲᠠᠢ ᠲᠥᠷᠥᠯ ᠵᠦᠢᠯ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠠᠷᠠᠭᠠᠴᠢ ᠶᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠤᠨ᠎ᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠪᠦᠬᠦ ᠰᠢᠶᠠᠨ ᠤ ᠬᠢᠵᠢᠭ ᠤᠨ | ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠣᠯᠵᠤ ᠪᠠᠶᠢᠭ᠎ᠠ ᠪᠣᠯᠪᠠᠴᠤ ᠲᠣᠭᠲᠠᠭᠤᠨ ᠪᠤᠰᠤ ᠬᠦᠴᠦᠨ ᠵᠦᠢᠯ ᠮᠥᠨ ᠬᠦ | ᠣᠷᠣᠰᠢᠭᠰᠠᠭᠠᠷ ᠪᠠᠶᠢᠨ᠎ᠠ᠂ ᠣᠳᠣᠬᠠᠨ ᠳᠤ ᠪᠣᠯ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠲᠠᠨ ᠴᠠᠭ ᠦᠶ᠎ᠡ ᠮᠥᠨ | ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠡᠯ᠎ᠡ ᠵᠠᠩᠭᠢᠯᠠᠭ᠎ᠠ ᠶᠢᠨ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠠᠵᠤ ᠠᠬᠤᠢ ᠶᠢᠨ | ᠬᠥᠭᠵᠢᠯᠲᠡ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠤᠶᠠᠷ ᠲᠠᠯ᠎ᠠ ᠪᠠᠷ ᠠᠳᠬᠤᠵᠤ᠂ | ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠪᠡ᠃ ᠬᠤᠷᠠᠯ ᠠᠴᠠ | ᠴᠢᠬᠤᠯᠠᠴᠢᠯᠠᠭᠰᠠᠨ ᠨᠢ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠪᠠᠶᠢᠷᠢᠯᠠᠭᠤᠯᠵᠤ᠂ | ᠢᠯᠠᠩᠭᠤᠶ᠎ᠠ ᠡᠨᠡ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠲᠣᠭᠲᠠᠭᠰᠠᠨ ᠲᠥᠯᠥᠪᠯᠡᠭᠡ᠂ | ᠬᠠᠷᠠᠯᠲᠠ ᠶᠣᠰᠣᠭᠠᠷ ᠪᠦᠬᠦ ᠲᠠᠯ᠎ᠠ ᠪᠠᠷ ᠠᠬᠢᠭᠤᠯᠵᠤ᠂ ᠡᠭᠦᠷᠭᠡ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ | ᠠᠳᠬᠤᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠵᠠᠷᠴᠢᠮ ᠢ ᠪᠠᠷᠢᠮᠲᠠᠯᠠᠵᠤ᠂ ᠦᠩᠭᠡᠨ ᠳᠣᠲᠣᠷ ᠢᠶᠠᠨ | ᠠᠳᠠᠯᠢ ᠪᠠᠶᠢᠯᠭᠠᠬᠤ ᠶᠢ ᠪᠡᠶᠡᠯᠡᠭᠦᠯᠵᠦ᠂ ︽ᠨᠢᠭᠤᠷ ᠲᠠᠯ᠎ᠠ︾ ᠶᠢ ᠡᠷᠬᠢᠮᠯᠡᠬᠦ ᠪᠠᠷ ᠪᠠᠷᠠᠬᠤ ᠦᠭᠡᠢ ᠪᠠᠰᠠ ︽ᠳᠣᠲᠣᠷ᠎ᠠ︾ | ᠶᠢ ᠪᠣᠳᠠᠲᠠᠶᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ | ᠰᠠᠶᠢᠲᠤᠷ ᠠᠳᠬᠤᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠪᠦᠬᠦ | ᠲᠠᠯ᠎ᠠ ᠪᠠᠷ ᠪᠠᠶᠢᠴᠠᠭᠠᠵᠤ᠂ ᠮᠠᠰᠢᠨ ᠴᠠᠬᠢᠯᠭᠠᠨ ᠬᠤᠳᠳᠤᠭ ᠵᠡᠷᠭᠡ ᠭᠠᠩ ᠬᠠᠭᠰᠠᠷᠠᠭᠠᠨ ᠲᠠᠢ ᠲᠡᠮᠡᠴᠡᠬᠦ | ᠲᠥᠬᠦᠭᠡᠷᠦᠮᠵᠢ ᠶᠢ ᠪᠠᠶᠢᠴᠠᠭᠠᠨ ᠰᠡᠯᠪᠢᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ | ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠢ᠃ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢ ᠰᠠᠶᠢᠲᠤᠷ | ᠠᠳᠬᠤᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠨᠢᠭᠡ ᠲᠣᠰᠬᠤᠨ ᠨᠢᠭᠡ ᠲᠦᠷᠦᠯ | ᠵᠦᠢᠯ ᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠦᠷᠢᠶᠡᠨ ᠤ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢ | ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠠᠷᠠᠳ ᠤᠯᠠᠨ ᠤ ︽ᠣᠷᠣᠯᠭ᠎ᠠ ᠶᠢ ᠨᠡᠮᠡᠭᠳᠡᠭᠦᠯᠬᠦ ᠬᠦᠷᠢᠶᠡᠯᠡᠩ︾ | ᠪᠣᠯᠭᠠᠨ ᠪᠠᠶᠢᠭᠤᠯᠬᠤ ᠬᠡᠷᠡᠭᠲᠡᠢ᠃ ᠲᠠᠷᠢᠶᠠᠯᠠᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ 10 ᠲᠦᠮᠡᠨ ᠠᠯᠠᠰᠢᠨ | ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠰᠠᠶᠢᠨ ᠶᠢᠨ ᠬᠤᠸᠠ ᠣᠶᠤᠨᠲᠤ ᠰᠡᠯᠡᠭᠦᠴᠡᠯ ᠤᠨ ᠲᠠᠷᠢᠶᠠᠯᠠᠩ | ᠤᠨ ᠪᠡᠶᠡᠴᠢᠯᠡᠨ ᠣᠶᠢᠯᠠᠭᠠᠬᠤ ᠬᠦᠷᠢᠶᠡᠯᠡᠩ᠂ ᠱᠤ᠋ ᠭᠤᠸᠠᠩ ᠤᠳᠤ ᠦᠶ᠎ᠡ ᠶᠢᠨ ᠲᠠᠷᠢᠶᠠᠯᠠᠩ ᠤᠨ ᠨᠢᠭᠡ ᠫᠧᠩ ᠤᠨ | ᠭᠤᠷᠪᠠᠨ ᠥᠭᠡᠷᠡᠴᠢᠯᠡᠯᠲᠡ᠂ ᠲᠦᠮᠡᠨ ᠰᠠᠭᠠᠯᠢ ᠶᠢᠨ ᠦᠨᠢᠶ᠎ᠡ ᠮᠠᠯᠵᠢᠯ ᠤᠨ ᠲᠠᠯᠠᠪᠠᠢ ᠵᠢᠴᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠲᠥᠷᠥᠯ ᠵᠦᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠢᠭᠡᠳᠦᠯᠲᠡᠢ ᠲᠣᠬᠢᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ | ᠪᠠᠶᠢᠷᠢᠯᠠᠭᠤᠯᠵᠤ᠂ ᠵᠡᠷᠭᠡ ᠲᠤᠨᠢ ᠲᠦᠯᠬᠢᠨ ᠠᠬᠢᠭᠤᠯᠵᠤ᠂ ᠵᠢᠯ ᠤᠨ ᠡᠬᠢᠨ ᠤ ᠲᠣᠭᠲᠠᠭᠰᠠᠨ ᠬᠠᠷᠠᠯᠲᠠ ᠪᠠᠷ ᠵᠢᠱᠢᠭᠰᠡᠨ | ᠦᠷ᠎ᠡ ᠳ᠋ᠦᠩ ᠲᠤ ᠬᠦᠷᠦᠭᠦᠯᠬᠦ ᠬᠡᠷᠡᠭᠲᠡᠢ᠃ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢᠨ ᠲᠣᠭᠤᠷᠢᠨ ᠳᠤ ᠤᠬᠠᠭᠤᠯᠭ᠎ᠠ ᠶᠢᠨ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠪᠡᠶ᠎ᠡ ᠪᠠᠷ ᠢᠶᠠᠨ ᠥᠯᠢᠭᠡᠷ | ᠳᠠᠭᠤᠷᠢᠶᠠᠯ ᠦᠵᠡᠭᠦᠯᠦᠨ᠂ ᠡᠮᠦᠨ᠎ᠡ ᠨᠢ ᠵᠢᠯᠤᠭᠤᠳᠴᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ | ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠡᠯ᠎ᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠴᠢᠨ ᠡᠷᠦᠬᠡ ᠶᠢᠨ ᠳᠣᠲᠣᠭᠠᠳᠤ ᠶᠢᠨ ᠬᠥᠳᠡᠯᠭᠡᠭᠦ ᠬᠦᠴᠦᠨ ᠢ | ᠦᠨᠡᠨᠬᠦ ᠬᠥᠭᠵᠢᠭᠡᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠣᠷᠴᠢᠨ | ᠲᠣᠭᠤᠷᠢᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠡᠷᠡᠭᠴᠡᠭᠡ ᠶᠢ ᠬᠠᠩᠭᠠᠬᠤ ᠬᠡᠷᠡᠭᠲᠡᠢ᠃ ᠫᠧᠷᠰ ᠤᠳᠪᠠᠯᠠ ᠶᠢᠨ | ᠠᠮᠢᠳᠤ ᠪᠣᠳᠠᠰ ᠢ ᠭᠤᠶᠣᠵᠢᠭᠤᠯᠬᠤ ᠢᠨᠵᠧᠨᠧᠷᠢᠩ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠭᠠᠷᠠᠭ ᠢᠶᠠᠷ | ᠮᠡᠳᠡᠭᠡᠯᠡᠬᠦ ᠳᠦᠷᠢᠮ ᠢ ᠬᠡᠷᠡᠭᠵᠢᠭᠦᠯᠦᠨ᠂ ᠠᠰᠠᠭᠤᠳᠠᠯ ᠢ ᠵᠢᠭᠠᠨ ᠭᠠᠷᠭᠠᠵᠤ᠂ ᠳᠠᠷᠤᠯᠲᠠ ᠶᠢ ᠳᠠᠮᠵᠢᠭᠤᠯᠬᠤ ᠬᠡᠷᠡᠭᠲᠡᠢ | ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠪᠦᠰᠡ ᠶᠢᠨ ᠵᠤᠭᠠᠴᠠᠯ ᠤᠨ ᠠᠵᠢᠯ ᠳᠤ ᠪᠣᠣ ᠱᠢ᠂ ᠮᠢᠩ | ᠰᠢᠩ ᠬᠤᠶᠠᠷ ᠲᠣᠮᠣ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ | ᠬᠡᠷᠡᠭᠲᠡᠢ᠃ ᠡᠵᠡᠩᠨᠡᠯᠲᠡ ᠶᠢᠨ ᠲᠥᠯᠥᠪᠯᠡᠭᠡ ᠶᠢ ᠲᠦᠷᠭᠡᠬᠡᠨ ᠰᠤᠳᠤᠯᠵᠤ᠂ ᠦᠵᠡᠮᠵᠢ ᠶᠢᠨ ᠣᠷᠣᠨ ᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ᠂ ᠠᠵᠢᠯᠲᠠᠨ ᠤ ᠲᠣᠬᠢᠷᠠᠭᠤᠯᠤᠯᠲᠠ ᠵᠡᠷᠭᠡ ᠶᠢ ᠲᠣᠳᠣᠷᠬᠠᠶᠢᠯᠠᠵᠤ᠂ ᠲᠥᠷᠥᠯ | ᠵᠦᠢᠯ ᠢ ᠪᠠᠶᠢᠭᠤᠯᠤᠭᠰᠠᠨ ᠤ ᠳᠠᠷᠠᠭ᠎ᠠ᠂ ᠲᠡᠷᠡ ᠳᠠᠷᠤᠢ ᠳᠤᠨᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ᠵᠢᠭᠤᠯᠴᠢᠯᠠᠯ ᠪᠠ ᠤᠬᠠᠭᠤᠯᠭ᠎ᠠ ᠶᠢᠨ ᠰᠠᠯᠠᠭ᠎ᠠ ᠮᠥᠴᠢᠷ ᠤᠳ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠮᠠᠨ ᠤ ᠰᠢᠶᠠᠨ ᠤ ᠳᠠᠯᠳᠠ ᠵᠢᠭᠤᠯᠴᠢᠯᠠᠯ ᠤᠨ | ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠲᠦᠴᠢᠦᠸᠠᠨ ᠤ ᠠᠮᠲᠠᠲᠤ ᠢᠳᠡᠭᠡᠨ᠂ ᠭᠤᠶᠣ ᠦᠵᠡᠮᠵᠢ ᠶᠢ ᠶᠡᠭᠡ ᠪᠠᠷ | ᠤᠬᠠᠭᠤᠯᠵᠤ᠂ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ ᠰᠢᠨ᠎ᠡ ᠶᠢ ᠡᠭᠦᠳᠴᠦ᠂ ᠥᠪᠡᠷᠮᠢᠴᠡ | ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠢ ᠪᠠᠷ ᠪᠣᠶ ᠪᠣᠯᠭᠠᠵᠤ᠂ ᠨᠠᠩ ᠣᠯᠠᠨ ᠬᠥᠮᠥᠨ ᠢ | ᠲᠦᠴᠢᠦᠸᠠᠨ ᠳᠤ ᠣᠴᠢᠭᠤᠯᠤᠨ ᠵᠤᠭᠠᠴᠠᠭᠤᠯᠤᠨ ᠲᠣᠭᠤᠷᠢᠭᠤᠯᠬᠤ ᠪᠠᠷ ᠲᠠᠲᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ | ᠲᠥᠯᠥᠪᠯᠡᠨ ᠲᠣᠬᠢᠷᠠᠭᠤᠯᠵᠤ᠂ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠵᠡᠷᠭᠡᠪᠡᠷ ᠠᠬᠢᠭᠤᠯᠬᠤ | ᠬᠡᠷᠠᠭᠲᠠᠢ᠃ ᠲᠥᠪ ᠴᠡᠴᠡᠷᠯᠢᠭ᠂ ᠪᠢᠨ ᠾᠧ ᠴᠡᠴᠡᠷᠯᠢᠭ᠂ ᠨᠠᠨ ᠬᠤ᠋ ᠴᠡᠴᠡᠷᠯᠢᠭ ᠤᠨ ᠪᠦᠲᠦᠭᠡᠨ ᠪᠠᠶᠢᠭᠤᠯᠤᠯᠲᠠ | ᠵᠢᠴᠢ ᠬᠠᠭᠤᠴᠢᠨ ᠪᠠᠭ᠎ᠠ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠵᠠᠮ ᠤᠨ ᠥᠭᠡᠷᠡᠴᠢᠯᠡᠯᠲᠡ᠂ ᠬᠤᠳᠠ ᠶᠢᠨ | ᠨᠣᠭᠤᠭᠠᠷᠠᠭᠤᠯᠤᠯᠲᠠ ᠭᠤᠶᠣᠵᠢᠭᠤᠯᠤᠯᠲᠠ ᠬᠢᠮᠢ ᠶᠢᠨ ᠢᠨᠵᠧᠨᠧᠷᠢᠩ ᠢ ᠲᠦᠷᠭᠡᠨ ᠠᠬᠢᠭᠤᠯᠵᠤ᠂ ᠬᠤᠳᠠ ᠶᠢᠨ | ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ᠃ ᠣᠷᠣᠯᠠᠨ ᠪᠠᠶᠢᠭᠤᠯᠬᠤ ᠲᠥᠷᠥᠯ ᠵᠦᠢᠯ ᠤᠨ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠭᠤᠣᠯᠳᠠᠯᠭ᠎ᠠ ᠶᠢ | ᠡᠵᠡᠮᠳᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠲᠦᠯᠬᠢᠨ ᠠᠬᠢᠭᠤᠯᠬᠤ | ᠬᠡᠷᠡᠭᠲᠡᠢ᠃ ᠲᠥᠷᠥᠯ ᠵᠦᠢᠯ ᠤᠨ ᠭᠤᠣᠯ ᠴᠣᠭᠴᠠᠲᠤ ᠰᠠᠯᠠᠭ᠎ᠠ ᠮᠥᠴᠢᠷ ᠤᠳ ᠣᠷᠣᠯᠠᠨ ᠪᠠᠶᠢᠭᠤᠯᠬᠤ ᠰᠠᠯᠠᠭ᠎ᠠ | ᠮᠥᠴᠢᠷ ᠲᠠᠢ ᠢᠳᠡᠪᠬᠢᠲᠡᠢ ᠬᠠᠮᠵᠢᠯᠴᠠᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ | ᠰᠠᠶᠢᠲᠤᠷ ᠬᠢᠵᠦ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ ᠶᠢᠨ ᠪᠥᠬᠦ ᠭᠡᠰᠢᠭᠦᠳ ᠤᠨ ᠬᠤᠷᠠᠯ ᠤᠨ | ᠳᠤᠷᠠᠳᠤᠭᠰᠠᠨ ︽ᠵᠢᠷᠭᠤᠭᠠᠨ ᠶᠡᠭᠡ ᠣᠷᠴᠢᠨ ᠲᠣᠭᠤᠷᠢᠨ︾ ᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ | ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠨ᠂ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠶᠢ | ᠴᠢᠩᠭᠠᠷᠠᠭᠤᠯᠵᠤ᠂ ᠬᠤᠲᠠ ᠶᠢᠨ ᠲᠣᠭᠤᠷᠢᠭ ᠤᠨ ᠲᠡᠷᠭᠡ ᠵᠣᠭᠰᠣᠬᠤ ᠡᠮᠬᠢ ᠵᠢᠷᠤᠮ᠂ ᠵᠡᠭᠡᠯᠢ ᠲᠣᠭᠤᠷᠢᠭ ᠤᠨ | ᠤᠲᠠᠰᠤ ᠳᠡᠭᠡᠰᠦ ᠵᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠡᠯ᠎ᠡ | ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠠᠵᠢᠯᠯᠠᠭᠠᠨ ᠤ ᠠᠵᠢᠯ ᠢ ᠪᠦᠬᠦ ᠲᠠᠯ᠎ᠠ ᠪᠠᠷ | ᠰᠠᠶᠢᠲᠤᠷ ᠲᠣᠬᠢᠷᠠᠭᠤᠯᠵᠤ᠂ ᠬᠤᠶᠠᠳᠤᠭᠠᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ | ᠲᠤᠭ᠎ᠠ ᠶᠢᠨ ᠵᠥᠪ ᠨᠡᠮᠡᠭᠳᠡᠯ ᠢ ᠪᠠᠲᠤᠯᠠᠬᠤ ᠶᠢ ᠪᠠᠲᠤᠯᠠᠵᠤ᠂ ᠨᠢᠭᠡᠳᠦᠭᠡᠷ ᠤᠯᠠᠷᠢᠯ ᠤᠨ ᠲᠤᠭ᠎ᠠ ᠪᠠᠷᠢᠮᠲᠠ ᠶᠢ | ᠪᠠᠲᠤᠯᠠᠭᠰᠠᠨ ᠰᠠᠭᠤᠷᠢᠨ ᠳᠡᠭᠡᠷ᠎ᠡ ᠳᠡᠰ ᠳᠠᠷᠠᠭ᠎ᠠ ᠶᠢ ᠤᠷᠤᠭᠰᠢ ᠰᠢᠯᠵᠢᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠮᠸᠡᠭ ᠨᠧᠩ 9 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠵᠡᠷᠭᠡ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠨ | ᠠᠬᠢᠭᠤᠯᠵᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ | ᠡᠬᠢᠯᠡᠭᠦᠯᠦᠨ ᠰᠡᠷᠭᠦᠭᠡᠬᠦ ᠶᠢ 80% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠣᠷᠣᠨ | ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠠᠯᠠᠭ᠎ᠠ ᠮᠥᠴᠢᠷ ᠤᠳ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢ ᠰᠠᠶᠢᠲᠤᠷ ᠠᠳᠬᠤᠵᠤ᠂ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠭᠰᠠᠨ ᠠᠵᠤ | ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠨ᠂ ᠬᠠᠮᠲᠤᠷᠠᠯᠴᠠᠭᠠᠨ ᠤ ᠲᠥᠷᠥᠯ ᠵᠦᠢᠯ ᠢ | ᠲᠦᠷᠭᠡᠨ ᠠᠬᠢᠭᠤᠯᠵᠤ᠂ ᠠᠯᠢ ᠲᠦᠷᠭᠡᠨ ᠢᠶᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ᠡᠯ᠎ᠡ ᠬᠤᠳᠠᠯᠳᠤᠭᠠᠴᠢᠨ ᠤᠷᠢᠬᠤ ᠲᠤᠰᠬᠠᠢ ᠵᠦᠢᠯ ᠤᠨ ᠳᠤᠭᠤᠶᠢᠯᠠᠩ ᠨᠢ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠣᠯᠠᠨ ᠠᠷᠭ᠎ᠠ ᠵᠠᠮ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ᠂ | ᠰᠦᠯᠵᠢᠶᠡᠨ ᠳᠡᠭᠡᠷ᠎ᠡ ᠵᠥᠪᠳᠡᠯᠴᠡᠬᠦ᠂ ᠬᠠᠷᠠᠭᠠᠨ ᠳᠠᠪᠲᠠᠮᠵᠢ ᠶᠢᠨ ᠬᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ︽ᠡᠭᠦᠯᠡᠨ ᠬᠤᠳᠠᠯᠳᠤᠭᠠᠴᠢᠨ ᠤᠷᠢᠬᠤ᠂ ᠳ᠋ᠢᠶᠠᠩᠬᠤᠸᠠ ᠪᠠᠷ ᠬᠤᠳᠠᠯᠳᠤᠭᠠᠴᠢᠨ ᠤᠷᠢᠬᠤ᠂ ᠰᠦᠯᠵᠢᠶᠡᠨ ᠳᠡᠭᠡᠷ᠎ᠡ | ᠭᠡᠷ᠎ᠡ ᠲᠣᠭᠲᠠᠬᠤ︾ ᠶᠢ ᠢᠳᠡᠪᠬᠢᠲᠡᠢ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ | ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠳᠡᠭᠡᠭᠰᠢ ᠪᠡᠯᠡ ᠮᠥᠩᠭᠦ ᠣᠯᠬᠤ ᠡᠷᠴᠢᠮ ᠢᠶᠠᠨ | ᠴᠢᠩᠭᠠᠷᠠᠭᠤᠯᠵᠤ᠂ ᠪᠡᠯᠡ ᠮᠥᠩᠭᠦ ᠣᠯᠬᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠷᠭᠦᠯᠵᠢᠯᠡᠨ ᠳᠠᠭᠠᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠲᠣᠬᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠦᠯᠡᠳᠡᠭᠡᠯ ᠦᠭᠡᠢ ᠭᠦᠢᠴᠡᠳᠬᠡᠬᠦ | ᠂ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ 5 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦ | ᠲᠠᠯ᠎ᠠ ᠪᠠᠷ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠤᠢ ᠮᠣᠳᠣ ᠡᠪᠡᠰᠦ ᠪᠡᠯᠴᠢᠭᠡᠷ ᠤᠨ | ᠰᠡᠵᠢᠭᠯᠡᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠪᠦᠬᠦ ᠬᠦᠴᠦᠨ ᠢᠶᠠᠷ ᠢᠶᠠᠨ | ᠴᠢᠷᠮᠠᠶᠢᠵᠤ᠂ ᠬᠠᠤᠯᠢ ᠲᠣᠭᠲᠠᠭᠠᠯ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ | ᠡᠭᠦᠷᠭᠡ ᠪᠠᠨ ᠴᠠᠭ ᠲᠤᠬᠠᠢ ᠳᠤᠨᠢ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ᠂ | ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ | ᠵᠢᠯᠤᠭᠤᠳᠬᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ᠂ | ᠡᠯ᠎ᠡ ᠰᠠᠯᠠᠭ᠎ᠠ ᠮᠥᠴᠢᠷ᠂ ᠡᠯ᠎ᠡ ᠪᠣᠭᠤᠮᠲᠠ ᠨᠢ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠶᠢ ᠴᠢᠩᠭ᠎ᠠ | ᠠᠳᠬᠤᠵᠤ᠂ ᠠᠶᠢᠮᠠᠭ ᠤᠨ ᠰᠡᠷᠭᠡᠶᠢᠯᠡᠯᠲᠡ ᠶᠢᠨ ᠵᠢᠭᠠᠯᠲᠠ ᠲᠤᠭ᠎ᠠ ᠶᠢᠨ ᠱᠠᠭᠠᠷᠳᠠᠯᠭ᠎ᠠ ᠶᠣᠰᠣᠭᠠᠷ ᠭᠢᠷᠢᠨ ᠮᠤᠵᠢ ᠶᠢᠨ | ᠨᠤᠲᠤᠭ ᠲᠠᠭᠠᠨ ᠪᠤᠴᠠᠭᠰᠠᠨ ᠣᠶᠤᠲᠠᠳ ᠵᠢᠴᠢ ᠤᠯᠤᠰ ᠤᠨ ᠳᠣᠲᠣᠭᠠᠳᠤ ᠶᠢᠨ ᠭᠤᠣᠯᠳᠠᠯᠭ᠎ᠠ ᠲᠠᠢ ᠭᠠᠵᠠᠷ ᠣᠷᠣᠨ | ᠠᠴᠠ ᠰᠢᠶᠠᠨ ᠳᠤ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠢᠭᠡᠳ ᠨᠢᠭᠡ ᠪᠠᠷ ᠲᠣᠳᠣᠷᠬᠠᠶᠢᠯᠠᠨ᠂ ᠬᠠᠷᠢᠭᠤᠴᠠᠯᠭ᠎ᠠ ᠡᠭᠦᠷᠭᠡᠯᠡᠭᠴᠢ ᠪᠠ ᠠᠵᠢᠯ ᠤᠨ ᠱᠠᠭᠠᠷᠳᠠᠯᠭ᠎ᠠ ᠶᠢ ᠬᠠᠮᠢᠶᠠᠷᠤᠨ | ᠡᠵᠡᠮᠳᠡᠵᠦ᠂ ᠨᠢᠭᠡ ᠳᠤ ᠨᠢᠭᠡ ᠪᠠᠷ ᠲᠤᠰᠬᠠᠢ ᠬᠥᠮᠥᠨ ᠲᠣᠬᠢᠷᠠᠭᠤᠯᠤᠨ ᠬᠠᠮᠢᠶᠠᠷᠤᠨ ᠡᠵᠡᠮᠳᠡᠵᠦ᠂ ᠡᠯ᠎ᠡ ᠵᠦᠢᠯ ᠤᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠮᠥᠷᠲᠡᠭᠡᠨ ᠴᠢᠩᠭ᠎ᠠ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠦᠷᠭᠡᠭᠰᠡᠨ ᠭᠠᠳᠠᠨ᠎ᠠ ᠠᠴᠠ ᠢᠷᠡᠭᠰᠡᠨ | ᠬᠥᠮᠥᠰ ᠢ ᠲᠡᠷᠡ ᠳᠠᠷᠤᠢ ᠳᠤᠨᠢ ᠬᠥᠮᠥᠨ ᠡᠷᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ ᠤᠨ 22 | ᠪᠣᠭᠤᠮᠲᠠ᠂ ᠰᠢᠶᠠᠨ ᠤ ᠬᠤᠲᠠ ᠶᠢᠨ ᠭᠤᠣᠯ ᠬᠤᠲᠠ ᠶᠢᠨ ᠲᠣᠭᠤᠷᠢᠭ ᠤᠨ 4 ᠪᠣᠭᠤᠮᠲᠠ ᠪᠠ ᠭᠢᠷᠢᠨ ᠤ ᠬᠢᠯᠢ ᠶᠢᠨ | ᠵᠠᠭᠠᠭ ᠤᠨ 7 ᠪᠣᠭᠤᠮᠲᠠ ᠨᠢ ᠰᠢᠶᠠᠨ ᠤ ᠰᠡᠷᠭᠡᠶᠢᠯᠡᠯᠲᠡ ᠶᠢᠨ ᠵᠢᠭᠠᠯᠲᠠ ᠲᠤᠭ᠎ᠠ ᠶᠢᠨ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠵᠦ᠂ ᠠᠵᠢᠯ ᠤᠨ ᠪᠠᠶᠢᠷᠢ ᠠᠴᠠ ᠪᠠᠨ ᠰᠠᠯᠬᠤ᠂ ᠪᠠᠶᠢᠴᠠᠭᠠᠯᠲᠠ ᠠᠴᠠ ᠭᠤᠭᠤᠵᠢᠭᠳᠠᠬᠤ ᠵᠡᠷᠭᠡ ᠦᠵᠡᠭᠳᠡᠯ | ᠭᠠᠷᠬᠤ ᠶᠢ ᠴᠠᠭᠠᠵᠠᠯᠠᠵᠤ᠂ ᠭᠠᠳᠠᠨ᠎ᠠ ᠠᠴᠠ ᠢᠷᠡᠭᠰᠡᠨ ᠬᠥᠮᠥᠰ ᠢ ᠴᠢᠩᠭ᠎ᠠ ᠪᠠᠶᠢᠴᠠᠭᠠᠵᠤ᠂ ᠵᠠᠮ ᠬᠠᠷᠢᠯᠴᠠᠭᠠᠨ ᠤ | ᠪᠣᠭᠤᠮᠲᠠ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠡᠷᠡᠰ ᠪᠠᠲᠤ ᠰᠠᠬᠢᠬᠤ ᠬᠡᠷᠡᠭᠲᠡᠢ᠃ ︽ | ᠳᠣᠲᠣᠭᠠᠳᠤ ᠰᠡᠷᠭᠡᠶᠢᠯᠡᠯᠲᠡ ᠶᠢᠨ ᠳᠠᠬᠢᠨ ᠰᠡᠷᠭᠦᠬᠦ︾ ᠶᠢ ᠨᠠᠷᠢᠨ ᠪᠥᠭᠡᠳ ᠪᠣᠳᠠᠲᠠᠢ ᠪᠠᠷ ᠰᠠᠶᠢᠲᠤᠷ ᠠᠳᠬᠤᠵᠤ᠂ | ᠲᠤᠰᠠᠭᠠᠷᠯᠠᠬᠤ ᠴᠡᠭ ᠤᠨ ᠬᠠᠮᠢᠶᠠᠷᠤᠨ ᠡᠵᠡᠮᠳᠡᠬᠦ ᠠᠵᠢᠯ ᠢ ᠴᠢᠩᠳᠠᠯᠠᠵᠤ᠂ ᠲᠤᠰᠠᠭᠠᠷᠯᠠᠬᠤ ᠴᠡᠭ ᠤᠨ ᠠᠵᠢᠯᠲᠠᠨ ᠤ | ᠪᠣᠯᠪᠠᠰᠤᠷᠠᠭᠤᠯᠤᠯ ᠢ ᠰᠠᠶᠢᠲᠤᠷ ᠬᠢᠵᠦ᠂ ᠪᠥᠭᠡᠮ ᠬᠦᠴᠢᠯ ᠤᠨ ᠥᠯᠢᠭᠡᠷ ᠠᠪᠬᠤ᠂ ᠬᠤᠭᠤᠯᠠ ᠬᠦᠷᠭᠡᠬᠦ᠂ | ᠤᠰᠠᠳᠬᠠᠬᠤ ᠪᠠ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠠᠵᠢᠯ ᠢ ᠵᠢᠷᠤᠮᠵᠢᠭᠤᠯᠤᠨ ᠬᠢᠵᠦ᠂ | ᠭᠠᠷᠠᠬ᠎ᠠ ᠶᠢ ᠨᠢ ᠡᠪᠳᠡᠵᠦ ᠭᠠᠷᠠᠬ᠎ᠠ ᠠᠴᠠ ᠨᠢ ᠰᠠᠯᠭᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ᠃ ᠰᠢᠶᠠᠨ ᠤ ᠡᠯ᠎ᠡ ᠰᠤᠷᠭᠠᠭᠤᠯᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠦᠨᠳᠦ ᠨᠣᠴᠢᠲᠠᠢ ᠴᠢᠨᠠᠷ ᠪᠠ ᠪᠠᠴᠢᠮ ᠲᠤᠯᠭᠠᠮ᠎ᠠ ᠴᠢᠨᠠᠷ ᠤᠨ ᠲᠤᠬᠠᠢ ᠲᠠᠨᠢᠯᠲᠠ ᠪᠠᠨ | ᠦᠨᠡᠨᠬᠦ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠭᠰᠢ ᠪᠣᠯᠣᠨ ᠰᠣᠷᠣᠭᠴᠢ ᠶᠢᠨ ᠬᠠᠮᠢᠶᠠᠷᠤᠯᠲᠠ ᠶᠢᠨ | ᠡᠷᠴᠢᠮ ᠢ ᠴᠢᠩᠭᠠᠷᠠᠭᠤᠯᠤᠨ᠂ ᠪᠠᠶᠢᠷᠢ ᠳᠤ ᠰᠠᠭᠤᠭ᠎ᠠ ᠰᠣᠷᠣᠭᠴᠢ ᠶᠢᠨ ᠰᠤᠷᠭᠠᠭᠤᠯᠢ ᠶᠢᠨ ᠬᠦᠷᠢᠶᠡᠨ ᠤ | ᠪᠢᠲᠡᠭᠦᠮᠵᠢᠯᠡᠭᠰᠡᠨ ᠬᠠᠮᠢᠶᠠᠷᠤᠯᠲᠠ᠂ ᠶᠠᠪᠤᠵᠤ ᠰᠤᠷᠤᠯᠴᠠᠬᠤ ᠰᠣᠷᠣᠭᠴᠢ ᠶᠢᠨ ᠭᠡᠷ ᠪᠦᠯᠢ ᠪᠠ ᠰᠤᠷᠭᠠᠭᠤᠯᠢ ᠶᠢᠨ ︽ | ᠬᠤᠶᠠᠷ ᠴᠡᠭ ᠨᠢᠭᠡ ᠱᠤᠭᠤᠮ︾ ᠤᠨ ᠬᠠᠮᠢᠶᠠᠷᠤᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠯ᠎ᠡ | ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ | ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠡᠷᠡᠰ ᠨᠢᠭᠲᠠ ᠪᠥᠭᠡᠳ ᠪᠠᠲᠤ ᠪᠠᠬᠢ | ᠪᠠᠶᠢᠭᠤᠯᠤᠨ᠎ᠠ᠃ ᠲᠦᠷᠭᠡᠨ ᠬᠦᠷᠭᠡᠯᠲᠡ᠂ ᠲᠦᠷᠭᠡᠨ ᠬᠦᠷᠭᠡᠬᠦ ᠵᠦᠢᠯ ᠢ ᠤᠰᠠᠳᠬᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠤᠰᠬᠠᠢ ᠮᠡᠷᠭᠡᠵᠢᠯ ᠤᠨ ᠤᠰᠠᠳᠬᠠᠬᠤ ᠬᠥᠮᠥᠰ ᠢ ᠰᠣᠩᠭᠤᠨ ᠲᠣᠮᠢᠯᠠᠵᠤ᠂ ︽ᠪᠣᠳᠠᠰ ᠢᠶᠠᠷ | ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠤᠰᠠᠳᠬᠠᠬᠤ ᠪᠣᠭᠤᠮᠲᠠ ᠶᠢ ᠰᠠᠶᠢᠲᠤᠷ ᠡᠵᠡᠮᠳᠡᠬᠦ | ᠬᠡᠷᠡᠭᠲᠡᠢ᠃ ᠤᠯᠠᠨ ᠨᠡᠶᠢᠲᠡ ᠶᠢᠨ ᠲᠠᠯᠠᠪᠤᠷ ᠤᠨ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠶᠢ ᠴᠢᠩᠳᠠᠯᠠᠵᠤ᠂ | ᠴᠤᠭᠯᠠᠷᠠᠯ ᠤᠨ ᠴᠢᠨᠠᠷᠲᠠᠢ ᠲᠠᠯᠠᠪᠤᠷ ᠲᠤ ᠺᠣᠳ᠋ ᠰᠢᠷᠪᠢᠵᠦ ᠳᠠᠩᠰᠠᠯᠠᠬᠤ᠂ ᠠᠮᠠᠪᠴᠢ ᠵᠡᠭᠦᠬᠦ᠂ ᠰᠠᠯᠬᠢ ᠨᠡᠪᠲᠡᠷᠡᠭᠦᠯᠦᠨ | ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠬᠡᠷᠡᠭᠲᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠰᠢᠰᠲ᠋ᠧᠮ ᠢ ᠰᠠᠶᠢᠲᠤᠷ ᠠᠵᠢᠯᠯᠠᠭᠤᠯᠵᠤ᠂ | ᠵᠢᠯᠤᠭᠤᠳᠬᠤ ᠭᠠᠵᠠᠷ ᠤᠨ ᠠᠯᠪᠠᠨ ᠭᠡᠷ ᠨᠢ ᠬᠦᠴᠦᠨ ᠢᠶᠠᠨ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠠᠵᠢᠯᠲᠠᠨ ᠢ ᠰᠢᠯᠵᠢᠭᠦᠯᠦᠨ ᠵᠠᠬᠢᠷᠭ᠎ᠠ ᠨᠡᠶᠢᠯᠡᠭᠦᠯᠦᠨ ᠠᠵᠢᠯᠯᠠᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ | ᠦᠢᠯᠡᠳᠦᠯ ᠢ ᠦᠨᠡᠨᠬᠦ ᠪᠠᠳᠠᠷᠠᠭᠤᠯᠤᠨ᠂ ᠪᠦᠬᠦᠯᠢ ᠴᠣᠭᠴᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠵᠢᠯᠤᠭᠤᠳᠬᠤ ᠭᠠᠵᠠᠷ ᠨᠢ ᠡᠳᠦᠷ ᠤᠨ ᠲᠣᠬᠢᠷᠠᠭᠤᠯᠤᠯᠲᠠ᠂ ᠡᠳᠦᠷ ᠤᠨ ᠮᠡᠳᠡᠭᠦᠯᠦᠯᠲᠡ ᠶᠢᠨ ᠳᠦᠷᠢᠮ ᠢ | ᠬᠡᠷᠡᠭᠵᠢᠭᠦᠯᠵᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠳᠦᠷ ᠪᠦᠷᠢ ᠶᠢᠨ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠵᠤ᠂ ᠵᠢᠯᠤᠭᠤᠳᠬᠤ ᠭᠠᠵᠠᠷ ᠤᠨ ᠵᠢᠭᠠᠪᠤᠷᠢ ᠶᠢ ᠴᠠᠭ ᠲᠤᠬᠠᠢ ᠳᠤᠨᠢ ᠪᠠᠭᠤᠯᠭᠠᠵᠤ᠂ | ᠡᠯ᠎ᠡ ᠵᠦᠢᠯ ᠤᠨ ᠠᠵᠢᠯ ᠢ ᠴᠠᠭ ᠬᠢᠵᠠᠭᠠᠷᠯᠠᠨ ᠰᠢᠮᠳᠠᠭᠤᠯᠤᠨ ᠠᠬᠢᠭᠤᠯᠵᠤ᠂ ᠰᠢᠰᠲ᠋ᠧᠮ ᠲᠠᠢ᠂ ᠵᠣᠬᠢᠴᠠᠩᠭᠤᠢ᠂ | ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ ᠵᠢᠯᠤᠭᠤᠳᠬᠤ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠢ᠃ ᠡᠭᠦᠨ ᠤ | ᠬᠠᠮᠲᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭᠠᠲᠠᠨ | ᠢᠳᠡᠪᠬᠢᠲᠡᠢ ᠬᠠᠮᠵᠢᠯᠴᠠᠵᠤ᠂ ᠵᠢᠯᠤᠭᠤᠳᠬᠤ ᠭᠠᠵᠠᠷ ᠲᠤ ᠴᠠᠭ ᠲᠤᠬᠠᠢ ᠳᠤᠨᠢ ᠬᠠᠮᠢᠶᠠᠷᠤᠨ ᠡᠵᠡᠮᠳᠡᠬᠦ ᠮᠡᠳᠡᠭᠡ | ᠵᠠᠩᠭᠢ ᠶᠢ ᠬᠠᠷᠢᠭᠤ ᠲᠤᠰᠬᠠᠬᠤ ᠬᠡᠷᠡᠭᠲᠡᠢ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠤᠨ ᠬᠢᠨ ᠪᠦᠭᠡᠮ ᠶᠢᠨ ᠬᠦᠴᠢᠯ ᠢ ᠪᠠᠶᠢᠴᠠᠭᠠᠨ | ᠰᠢᠯᠭᠠᠬᠤ ᠠᠵᠢᠯᠲᠠᠨ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠲᠣᠬᠢᠷᠠᠭᠤᠯᠵᠤ᠂ ᠭᠤᠣᠯᠳᠠᠯᠭ᠎ᠠ ᠲᠠᠢ | ᠬᠥᠮᠥᠰ ᠲᠤ ᠡᠳᠦᠷ ᠤᠨ ᠪᠠᠶᠢᠴᠠᠭᠠᠯᠲᠠ ᠬᠢᠵᠦ ᠡᠳᠦᠷ ᠤᠨ ᠪᠠᠶᠢᠴᠠᠭᠠᠯᠲᠠ ᠬᠢᠬᠦ ᠶᠢ ᠦᠨᠡᠨ ᠬᠦ ᠪᠡᠶᠡᠯᠡᠭᠦᠯᠵᠦ᠂ | ᠪᠠᠶᠢᠴᠠᠭᠠᠯᠲᠠ ᠠᠴᠠ ᠭᠤᠭᠤᠵᠢᠭᠳᠠᠭᠰᠠᠨ ᠦᠵᠡᠭᠳᠡᠯ ᠭᠠᠷᠬᠤ ᠶᠢ ᠡᠷᠡᠰ ᠴᠠᠭᠠᠵᠠᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠶᠤᠯᠭᠦᠢ ᠶᠢᠨ ᠲᠣᠣᠷ ᠢ ᠪᠠᠲᠤ ᠪᠠᠶᠢᠭᠤᠯᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠮᠠᠨ ᠤ ᠨᠠᠮ ᠬᠤᠷᠢᠳᠤᠭᠠᠷ ᠶᠡᠭᠡ ᠬᠤᠷᠠᠯ ᠢ | ᠬᠤᠷᠠᠯᠳᠤᠭᠤᠯᠬᠤ ᠪᠠᠷ ᠪᠠᠶᠢᠨ᠎ᠠ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠪᠥᠭᠡᠳ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ ᠨᠢᠭᠡᠳᠦᠮᠡᠯ ᠹᠷᠣᠨᠲ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠢᠨ ᠦᠵᠡᠯ ᠰᠠᠨᠠᠭ᠎ᠠ ᠪᠣᠯᠣᠨ ᠦᠢᠯᠡ | ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ | ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠬᠦ | ᠬᠡᠷᠡᠭᠲᠡᠢ᠃ ᠬᠤᠷᠢᠳᠤᠭᠠᠷ ᠶᠡᠭᠡ ᠬᠤᠷᠠᠯ ᠢ ᠤᠭᠲᠤᠬᠤ᠂ ᠬᠤᠷᠢᠳᠤᠭᠠᠷ ᠶᠡᠭᠡ ᠬᠤᠷᠠᠯ ᠳᠤ ᠦᠢᠯᠡᠴᠢᠯᠡᠵᠦ ᠲᠡᠭᠦᠨ ᠢ | ᠪᠠᠲᠤᠯᠠᠬᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ | ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠠᠵᠢᠯ ᠤᠨ ᠭᠠᠷᠳᠠᠬᠤ ᠴᠡᠭ ᠪᠠ ᠬᠦᠴᠦᠯᠡᠬᠦ ᠴᠡᠭ ᠢ | ᠣᠨᠣᠪᠴᠢᠲᠠᠶ ᠡᠷᠢᠨ ᠣᠯᠵᠤ᠂ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠤᠬᠠᠭᠤᠯᠤᠨ | ᠲᠤᠭᠤᠰᠢᠯᠠᠭᠤᠯᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ | ᠪᠦᠬᠦ ᠲᠠᠯ᠎ᠠ ᠪᠠᠷ ᠰᠠᠶᠢᠲᠤᠷ ᠬᠢᠵᠦ᠂ ᠡᠯ᠎ᠡ ᠲᠠᠯ᠎ᠠ ᠶᠢᠨ ᠬᠢᠨ ᠢ ᠨᠢᠭᠲᠠᠷᠠᠭᠤᠯᠬᠤ ᠦᠢᠯᠡᠳᠦᠯ ᠢ ᠦᠨᠡᠨ ᠬᠦ ᠰᠠᠶᠢᠲᠤᠷ | ᠪᠠᠳᠠᠷᠠᠭᠤᠯᠵᠤ᠂ ᠪᠦᠬᠦ ᠰᠢᠶᠠᠨ ᠤ ᠨᠢᠭᠡᠳᠦᠮᠡᠯ ᠹᠷᠣᠨᠲ ᠤᠨ ᠦᠢᠯᠡᠰ ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ | ᠪᠡᠶᠡᠯᠡᠭᠦᠯᠵᠦ᠂ ᠰᠢᠨ᠎ᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠤᠨ᠎ᠠ ᠭᠡᠪᠡ᠃ ᠬᠤᠷᠠᠯ ᠠᠴᠠ ︽ | ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠬᠠᠤᠯᠢ ᠴᠠᠭᠠᠵᠠ ᠶᠢᠨ | ᠲᠣᠪᠴᠢᠶ᠎ᠠ ᠶᠢᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠨᠠᠢᠮᠠᠳᠤᠭᠠᠷ ᠲᠠᠪᠤᠨ ᠵᠢᠯ ᠤᠨ | ᠲᠥᠯᠦᠪᠵᠢᠭᠦᠯᠭᠡ ︵2021 — 2025 ᠣᠨ︶︾᠂ ︽ᠬᠠᠤᠯᠢᠵᠢᠯ ᠤᠨ ᠲᠦᠴᠢᠦᠸᠠᠨ ᠤ ᠪᠦᠲᠦᠭᠡᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵2020 — 2025 ᠣᠨ︶︾᠂ ︽ᠲᠦᠴᠢᠦᠸᠠᠨ ᠰᠢᠶᠠᠨ ᠤ | ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ | ᠠᠵᠢᠯ ᠤᠨ ᠭᠤᠣᠯᠳᠠᠯᠭ᠎ᠠ︾ ᠵᠡᠷᠭᠡ ᠲᠥᠰᠥᠯ ᠢ ᠬᠢᠨᠠᠨ ᠵᠥᠪᠯᠡᠵᠦ ᠪᠠᠲᠤᠯᠠᠪᠠ᠃ |