ᠰᠦᠨ ᠱᠤ᠋ ᠲᠤᠸ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/9
    4 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠴᠠᠷᠰᠤᠨ ᠪᠠᠯᠭᠠᠰᠤ᠂ ᠲᠡᠪᠰᠡᠭ ᠪᠠᠯᠭᠠᠰᠤ᠂ ᠰᠣᠯᠣᠨ ᠪᠠᠯᠭᠠᠰᠤ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃       ᠴᠠᠷᠰᠥᠨ ᠤᠯᠤᠰ ᠤᠨ ᠤᠢ ᠰᠢᠭᠤᠢ ᠶᠢᠨ ᠴᠡᠴᠡᠷᠯᠢᠭ ᠲᠤ᠂ ᠰᠦᠨ ᠱᠤ᠋ ᠲᠤᠤ ᠴᠡᠴᠡᠷᠯᠢᠭ ᠤᠨ ᠤᠷᠭᠤᠮᠠᠯ ᠤᠨ ᠬᠤᠴᠢᠯᠭ᠎ᠠ ᠶᠢᠨ ᠲᠦᠷᠦᠯ ᠵᠦᠢᠯ᠂ ᠣᠷᠣᠨ ᠪᠦᠰᠡ ᠶᠢᠨ ᠬᠤᠪᠢᠶᠠᠷᠢᠯᠠᠯ᠂ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠰᠦᠨ ᠱᠤ᠋ ᠲᠤᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾᠂ ᠡᠯ᠎ᠡ ᠭᠠᠵᠠᠷ ᠤᠨ ᠬᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠳᠡᠪᠰᠡᠭ ᠪᠠᠯᠭᠠᠰᠤ ᠶᠢᠨ ᠡᠮᠦᠨ᠎ᠡ ᠪᠦᠦ ᠳ᠋ᠢ ᠭᠠᠴᠠᠭ᠎ᠠ ᠳᠤ᠂ ᠰᠦᠨ ᠱᠤ᠋ ᠲᠤᠤ ᠬᠦᠷᠢᠶᠡᠨ ᠤ ᠠᠵᠤ ᠠᠬᠤᠢ ᠶᠢᠨ ᠲᠠᠷᠢᠮᠠᠯ ᠤᠨ ᠡᠷᠦᠬᠡ ᠳᠤ ᠢᠷᠡᠵᠤ᠂ ᠦᠷ᠎ᠡ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠳᠤ ᠬᠡᠷᠡᠭᠯᠡᠬᠦ ᠦᠢᠯᠡᠳᠪᠦᠷᠢᠯᠡᠯ ᠤᠨ ᠡᠳ᠋ ᠪᠣᠳᠠᠰ ᠤᠨ ᠣᠷᠣᠭᠤᠯᠤᠯᠲᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠦᠷᠢᠶᠡᠨ ᠤ ᠡᠷᠳᠡᠨᠢ ᠰᠢᠰᠢ ᠲᠠᠷᠢᠵᠦ ᠠᠰᠢᠭ ᠣᠯᠵᠠᠪᠤᠷᠢ ᠶᠢᠨ ᠪᠠᠶᠢᠳᠠᠯ ᠢ ᠣᠶᠢᠯᠠᠭᠠᠪᠠ᠃   ᠰᠦᠨ ᠱᠤ᠋ ᠲᠤᠤ ᠴᠢᠬᠤᠯᠠᠴᠢᠯᠠᠭᠰᠠᠨ ᠨᠢ᠂ ᠬᠦᠷᠢᠶᠡᠨ ᠤ ᠠᠵᠤ ᠠᠬᠤᠢ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠮᠠᠯ ᠤᠨ ᠬᠡᠪᠴᠢᠶ᠎ᠡ ᠪᠠᠨ ᠥᠷᠭᠡᠳᠬᠡᠨ᠂ ᠣᠲᠣ ᠶᠢᠨ ᠪᠠᠶᠢᠭ᠎ᠠ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠨᠢᠭᠡ ᠬᠡᠰᠡᠭ ᠢ ᠳᠠᠷᠢᠵᠤ᠂ ᠨᠢᠭᠡ ᠬᠡᠰᠡᠭ ᠢ ᠨᠣᠭᠤᠭᠠᠷᠠᠭᠤᠯᠵᠤ᠂ ᠨᠢᠭᠡ ᠬᠡᠰᠡᠭ ᠤᠨ ᠠᠰᠢᠭ ᠣᠷᠣᠯᠭ᠎ᠠ ᠶᠢ ᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠭᠠᠴᠠᠭ᠎ᠠ ᠲᠣᠰᠬᠤᠨ ᠨᠤᠭᠤᠳ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠦᠷᠢᠶ᠎ᠡ ᠬᠠᠰᠢᠶ᠎ᠠ ᠶᠢᠨ ᠠᠵᠤ ᠦᠢᠯᠡᠰ ᠢ ᠬᠥᠭᠵᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠥᠷᠭᠡᠨ ᠣᠯᠠᠨ ᠲᠦᠮᠡᠨ ᠤ ᠣᠷᠤᠯᠴᠠᠬᠤ ᠢᠳᠡᠪᠬᠢᠵᠢᠯ ᠢ ᠲᠠᠰᠤᠷᠠᠯᠲᠠ ᠦᠭᠡᠢ ᠬᠥᠭᠵᠢᠭᠡᠨ᠂ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠶᠢᠨ ︽ᠢᠮᠠᠬᠤ ᠶᠢᠨ ᠲᠡᠳᠦᠢ ᠭᠠᠵᠠᠷ︾ ᠢ ᠪᠠᠶᠠᠵᠢᠭᠰᠠᠨ ︽ᠣᠷᠣᠯᠭ᠎ᠠ ᠶᠢ ᠨᠡᠮᠡᠭᠳᠡᠭᠦᠯᠬᠦ ᠬᠦᠷᠢᠶᠡᠯᠡᠩ︾ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃         ᠬᠢᠩᠭᠠᠨ ᠠᠶᠢᠮᠠᠭ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠰᠦᠨ ᠱᠤ᠋ ᠲᠤᠤ ᠲᠤᠬᠠᠢ ᠶᠢᠨ ᠭᠠᠵᠠᠷ ᠲᠤᠨᠢ ᠲᠥᠯᠦᠪᠵᠢᠭᠦᠯᠭᠡ ᠶᠢᠨ ᠵᠢᠷᠤᠭ ᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ ᠰᠦᠨ ᠱᠤ᠋ ᠲᠤᠤ ᠱᠠᠭᠠᠷᠳᠠᠭᠰᠠᠨ ᠨᠢ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠪᠣᠯ ᠠᠯᠤᠰ ᠬᠡᠲᠦ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠠᠶᠢᠨ ᠲᠥᠷᠥᠯ ᠵᠦᠢᠯ ᠮᠥᠨ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢ ᠰᠠᠶᠢᠲᠤᠷ ᠬᠢᠵᠦ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠰᠠᠶᠢᠵᠢᠷᠠᠯᠲᠠ ᠶᠢᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃     ᠰᠦᠨ ᠱᠤ᠋ ᠲᠤᠤ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠥ᠋ᠩ ᠢ ᠡᠯᠧᠺᠲᠷᠤᠨ ᠬᠤᠳᠠᠯᠳᠤᠭᠠᠨ ᠤ ᠰᠠᠭᠤᠷᠢᠨ ᠭᠠᠵᠠᠷ᠂ ᠰᠣᠯᠣᠨ ᠤ ᠡᠮ ᠤᠨ ᠸᠠᠩ ᠤᠷᠬᠢᠯ ᠬᠢᠲᠠᠳ ᠡᠪᠡᠰᠦᠨ ᠡᠮ ᠤᠨ ᠦᠵᠡᠭᠦᠯᠦᠯᠭᠡ ᠶᠢᠨ ᠣᠷᠳᠣᠨ᠂ ᠰᠣᠯᠣᠨ ᠤ ᠤᠷᠠᠨ ᠬᠠᠵᠢᠨ ᠤ ᠬᠥᠨᠳᠡᠢ ᠵᠡᠷᠭᠡ ᠭᠠᠵᠠᠷ ᠲᠤ ᠬᠦᠷᠴᠦ᠂ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号