ᠡᠨᠡ ᠵᠢᠯ ᠠᠴᠠ ᠨᠠᠰᠢ᠂ ᠭᠤᠤᠯ ᠤᠨ ᠪᠠᠶᠢᠰᠢᠩ ᠪᠠᠯᠭᠠᠰᠤᠨ ᠤ ᠬᠢᠨ ᠨᠠᠮ ᠤᠨ ᠪᠠᠶᠢᠭᠤᠯᠤᠯᠲᠠ ᠪᠠᠷ ᠬᠥᠲᠥᠯᠦᠨ | ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ︽ | ᠨᠠᠮ ᠤᠨ ᠬᠤᠷᠢᠶ᠎ᠠ ᠳᠠᠶᠢᠴᠢᠯᠠᠬᠤ᠂ ᠨᠠᠮ ᠤᠨ ᠡᠭᠦᠷ ᠠᠬᠢᠭᠤᠯᠬᠤ᠂ ᠨᠠᠮ ᠤᠨ ᠭᠡᠰᠢᠭᠦᠨ ᠬᠥᠳᠡᠯᠦᠯᠴᠡᠬᠦ᠂ ᠨᠠᠮ ᠤᠯᠠᠨ | ᠲᠦᠮᠡᠨ ᠬᠠᠷᠢᠯᠴᠠᠨ ᠬᠥᠳᠡᠯᠦᠯᠴᠡᠬᠦ︾ ︽ᠨᠠᠮ ᠤᠨ ᠪᠠᠶᠢᠭᠤᠯᠤᠯᠲᠠ +︾ ᠠᠵᠢᠯ ᠤᠨ ᠵᠠᠭᠪᠤᠷ ᠢ ᠪᠦᠷᠢᠯᠳᠦᠭᠦᠯᠵᠦ᠂ | ᠭᠤᠤᠯ ᠤᠨ ᠪᠠᠶᠢᠰᠢᠩ ᠪᠠᠯᠭᠠᠰᠤ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠴᠡᠪᠡᠷ ᠴᠡᠮᠴᠡᠭᠡᠷ ᠪᠣᠯᠪᠠᠰᠤᠨ᠂ ᠲᠠᠭᠠᠯᠠᠮᠵᠢᠲᠠᠢ ᠰᠠᠶᠢᠬᠠᠨ ᠬᠥᠳᠡᠭᠡ | ᠲᠣᠰᠬᠤᠨ ᠤ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠡᠶᠡᠯᠡᠭᠦᠯᠬᠦ ᠳᠤ ᠦᠨᠳᠦᠰᠦ ᠰᠠᠭᠤᠷᠢ ᠶᠢ ᠪᠠᠲᠤᠳᠬᠠᠪᠠ᠃ | ᠨᠠᠮ ᠤᠨ ᠪᠠᠶᠢᠭᠤᠯᠤᠯᠲᠠ ᠨᠢ ᠨᠠᠮ ᠤᠨ ᠡᠭᠦᠷ ᠢ ᠳᠠᠭᠠᠭᠤᠯᠤᠨ ᠳᠠᠭᠠᠭᠤᠯᠵᠤ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠠᠶᠢᠴᠢᠨ ᠪᠠᠬᠢᠯᠡᠯᠲᠡ ᠶᠢ ᠪᠠᠶᠢᠭᠤᠯᠪᠠ᠃ ᠭᠤᠤᠯ ᠤᠨ | ᠪᠠᠶᠢᠰᠢᠩ ᠪᠠᠯᠭᠠᠰᠤ ︽ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ᠂ ᠬᠠᠷᠢᠭᠤᠴᠠᠯᠭ᠎ᠠ ᠪᠠᠷ ᠬᠥᠲᠥᠯᠥᠨ | ᠳᠠᠭᠠᠭᠤᠯᠬᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ︾ ᠭᠤᠷᠪᠠᠨ ᠵᠦᠢᠯ ᠤᠨ ᠬᠥᠲᠥᠯᠥᠨ ᠳᠠᠭᠠᠭᠤᠯᠬᠤ | ᠦᠢᠯᠡᠳᠦᠯ ᠢ ᠳᠣᠪᠤᠶᠢᠯᠭᠠᠵᠤ᠂ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠣᠯᠠᠨ | ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠠᠷᠢᠨ ᠨᠢᠭᠲᠠ ᠳᠣᠭᠢᠷᠠᠭᠤᠯᠤᠨ ᠪᠠᠶᠢᠷᠢᠯᠠᠭᠤᠯᠵᠤ᠂ | ᠪᠠᠯᠭᠠᠰᠤ᠂ ᠭᠠᠴᠠᠭ᠎ᠠ ᠬᠤᠶᠠᠷ ᠱᠠᠲᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ | ᠬᠤᠯᠪᠣᠭᠠᠯᠠᠨ ᠬᠥᠳᠡᠯᠦᠯᠴᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ᠂ ᠬᠠᠷᠢᠭᠤᠴᠠᠯᠭ᠎ᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ︽ᠨᠠᠮ ᠤᠨ ᠡᠭᠦᠷ ᠬᠥᠲᠥᠯᠦᠨ ᠳᠠᠭᠠᠭᠤᠯᠬᠤ᠂ ᠨᠠᠮ ᠤᠨ ᠭᠡᠰᠢᠭᠦᠨ ᠲᠦᠷᠦᠭᠦᠯᠡᠬᠦ᠂ | ᠣᠯᠠᠨ ᠲᠦᠮᠡᠨ ᠣᠷᠣᠯᠴᠠᠬᠤ︾ ᠠᠵᠢᠯ ᠤᠨ ᠲᠣᠭᠲᠠᠴᠠ ᠶᠢ ᠪᠣᠶ ᠪᠣᠯᠭᠠᠵᠤ᠂ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠠᠳᠬᠤᠬᠤ ᠬᠥᠮᠦᠨ ᠲᠠᠢ | ᠂ ᠬᠠᠮᠢᠶᠠᠷᠬᠤ ᠬᠥᠮᠦᠨ ᠲᠠᠢ᠂ ᠨᠠᠶᠢᠳᠠᠪᠤᠷᠢᠵᠢᠭᠤᠯᠵᠤ ᠳᠡᠶᠢᠯᠬᠦ ᠶᠢ ᠠᠬᠢᠭᠤᠯᠬᠤ ᠬᠡᠷᠡᠭᠲᠡᠶ᠃ ᠡᠭᠦᠨ ᠤ ᠵᠡᠷᠭᠡᠴᠡᠭᠡᠪᠡᠷ᠂ | ︽ᠭᠠᠷᠠᠭ ᠢᠶᠠᠷ ᠰᠢᠪᠠᠳᠠᠨ ᠪᠠᠶᠢᠴᠠᠭᠠᠬᠤ᠂ ᠰᠠᠷ᠎ᠠ ᠪᠠᠷ ᠵᠠᠷᠯᠠᠨ ᠮᠡᠳᠡᠭᠳᠡᠬᠦ᠂ ᠤᠯᠠᠷᠢᠯ ᠢᠶᠠᠷ ᠠᠳᠠᠯᠢᠳᠬᠠᠨ | ᠰᠢᠯᠭᠠᠷᠠᠭᠤᠯᠬᠤ᠂ ᠵᠢᠯ ᠢᠶᠠᠷ ᠱᠠᠩᠨᠠᠬᠤ︾ ᠠᠵᠢᠯ ᠤᠨ ᠵᠠᠭᠪᠤᠷ ᠶᠣᠰᠣᠭᠠᠷ᠂ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠦᠭᠰᠡᠨ ᠠᠬᠢᠴᠠ ᠶᠢ ᠴᠠᠭ | ᠲᠤᠬᠠᠶ ᠳᠤᠨᠢ ᠡᠵᠡᠮᠰᠢᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ | ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠨᠠᠮ ᠤᠨ ᠭᠡᠰᠢᠭᠦᠨ ᠤᠷᠢᠳᠠᠪᠠᠷ ᠡᠭᠦᠷᠭᠡᠯᠡᠨ ᠠᠵᠢᠯ ᠶᠠᠪᠤᠳᠠᠯ ᠬᠢᠵᠦ᠂ ᠬᠤᠰᠢᠭᠤᠴᠢ ᠵᠢᠱᠢᠶᠡᠴᠢ | ᠳᠠᠭᠤᠷᠢᠶᠠᠯ ᠤᠨ ᠬᠦᠴᠦᠨ ᠢ ᠪᠤᠢ ᠪᠣᠯᠭᠠᠬᠤ ᠬᠡᠷᠡᠭᠲᠡᠢ᠃ ᠪᠠᠯᠭᠠᠰᠤᠨ ᠤ ᠬᠢᠨ ︽ᠨᠠᠮ ᠤᠨ ᠭᠡᠰᠢᠭᠦᠨ ᠤ ᠡᠮᠦᠨ᠎ᠡ | ᠹᠷᠣᠨᠲ ᠤᠨ ᠠᠵᠢᠯ ᠤᠨ ᠠᠷᠭ᠎ᠠ︾ ᠶᠢ ᠭᠦᠶ᠋ᠴᠡᠳ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠤ ︽ᠭᠤᠷᠪᠠ ᠶᠢ | ᠭᠡᠷᠡᠯᠲᠦᠭᠦᠯᠵᠦ ᠭᠤᠷᠪᠠ ᠶᠢ ᠳᠠᠶᠢᠴᠢᠯᠠᠬᠤ︾ ᠠᠵᠢᠯᠯᠠᠭ᠎ᠠ ᠶᠢ ᠥᠷᠨᠢᠭᠦᠯᠪᠡ᠂ ᠲᠤᠬᠠᠶᠢᠯᠠᠪᠠᠯ ᠪᠡᠶ᠎ᠡ ᠶᠢᠨ ᠭᠠᠷᠤᠯ ᠢᠶᠠᠨ | ᠲᠣᠳᠣᠷᠠᠭᠤᠯᠵᠤ᠂ ᠵᠢᠳᠬᠦᠯ ᠴᠢᠷᠮᠠᠶᠢᠯᠭ᠎ᠠ ᠪᠠᠨ ᠲᠣᠳᠣᠷᠠᠭᠤᠯᠵᠤ᠂ ᠠᠮᠵᠢᠯᠲᠠ ᠪᠦᠲᠦᠮᠵᠢ ᠪᠠᠨ ᠲᠣᠳᠣᠷᠠᠭᠤᠯᠵᠤ᠂ | ᠲᠦᠷᠦᠭᠦᠯᠡᠨ ᠤᠬᠠᠭᠤᠯᠵᠤ᠂ ᠲᠦᠷᠦᠭᠦᠯᠡᠨ ᠬᠥᠳᠡᠯᠦᠯᠴᠡᠵᠦ᠂ ᠲᠦᠷᠦᠭᠦᠯᠡᠨ ᠬᠠᠮᠠᠭᠠᠯᠠᠨ᠎ᠠ᠃ ᠡᠯ᠎ᠡ ᠭᠠᠴᠠᠭᠠᠨ ᠤ | ᠨᠠᠮ ᠤᠨ ᠭᠡᠰᠢᠭᠦᠨ ᠲᠦᠷᠦᠭᠦᠯᠡᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠳᠤ ᠣᠷᠣᠯᠴᠠᠵᠤ᠂ ᠮᠠᠰᠢ ᠰᠠᠶᠢᠨ ᠵᠢᠱᠢᠶ᠎ᠡ ᠦᠵᠡᠭᠦᠯᠬᠦ ᠦᠶ᠋ᠯᠡᠳᠦᠯ | ᠦᠵᠡᠭᠦᠯᠦᠭᠰᠡᠨ ᠪᠠᠶᠢᠨ᠎ᠠ᠃ ᠡᠯ᠎ᠡ ᠨᠠᠮ ᠤᠨ ᠡᠭᠦᠷ ᠤᠨ ᠬᠢᠨ ᠭᠤᠣᠯ ᠰᠡᠳᠦᠪᠲᠦ ᠨᠠᠮ ᠤᠨ ᠡᠳᠦᠷ ᠢ ᠨᠠᠮ ᠤᠨ | ᠭᠡᠰᠢᠭᠦᠨ ᠤ ᠰᠡᠳᠬᠢᠯ ᠢ ᠨᠢᠭᠲᠠᠷᠠᠭᠤᠯᠵᠤ ᠬᠦᠴᠦᠨ ᠢ ᠨᠢᠭᠲᠠᠷᠠᠭᠤᠯᠬᠤ ︽ᠭᠤᠣᠯ ᠵᠢᠭᠰᠠᠭᠠᠯ ᠤᠨ ᠭᠠᠵᠠᠷ︾ | ᠪᠣᠯᠭᠠᠵᠤ᠂ ᠨᠠᠮ ᠤᠨ ᠭᠡᠰᠢᠭᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ | ᠠᠵᠢᠯᠯᠠᠭᠰᠠᠳ ᠢ ᠵᠣᠬᠢᠶᠠᠨ ᠪᠠᠶᠢᠭᠤᠯᠵᠤ ᠭᠤᠣᠯ ᠵᠠᠮ ᠤᠨ ᠬᠤᠶᠠᠷ ᠲᠠᠯ᠎ᠠ᠂ ᠭᠡᠷ ᠤᠨ ᠠᠷᠤ ᠲᠠᠯ᠎ᠠ ᠶᠢᠨ ᠬᠤᠭ | ᠨᠣᠪᠰᠢ ᠶᠢ ᠴᠡᠪᠡᠷᠯᠡᠨ ᠵᠥᠭᠡᠭᠡᠪᠦᠷᠢᠯᠡᠵᠦ᠂ ᠨᠠᠮ ᠤᠨ ᠭᠡᠰᠢᠭᠦᠨ ᠢ ᠳᠠᠭᠠᠭᠤᠯᠤᠨ ᠠᠵᠢᠯᠯᠠᠭᠤᠯᠵᠤ᠂ ᠤᠯᠠᠨ | ᠲᠦᠮᠡᠨ ᠳᠤ ᠦᠷ᠎ᠡ ᠪᠦᠲᠦᠮᠵᠢ ᠶᠢ ᠨᠢ ᠦᠵᠡᠭᠦᠯᠪᠡ᠃ | ᠨᠠᠮ ᠤᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠨ ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠣᠷᠴᠢᠨ ᠲᠣᠭᠤᠷᠢᠨ ᠢ | ᠴᠣᠭᠴᠠᠯᠠᠨ ᠪᠠᠶᠢᠭᠤᠯᠤᠨ᠎ᠠ᠃ ᠪᠠᠯᠭᠠᠰᠤ ᠨᠢ ︽ᠨᠠᠮ ᠤᠨ ᠪᠠᠶᠢᠭᠤᠯᠤᠯᠲᠠ + ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ︾ ︽ᠨᠠᠮ ᠤᠨ ᠪᠠᠶᠢᠭᠤᠯᠤᠯᠲᠠ + ᠦᠨᠳᠦᠰᠦᠨ ᠱᠠᠲᠤᠨ ᠤ ᠵᠠᠰᠠᠯᠲᠠ | ᠪᠠᠶᠢᠭᠤᠯᠤᠯᠲᠠ︾ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠨ ᠣᠯᠠᠨ ᠲᠦᠮᠡᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠬᠠᠮᠰᠠᠷ ᠪᠠ ᠡᠵᠡᠨ ᠬᠥᠮᠦᠨ ᠤ ᠤᠬᠠᠮᠰᠠᠷ ᠢ ᠭᠦᠶ᠋ᠴᠡᠳ ᠬᠥᠭᠵᠢᠭᠡᠵᠦ᠂ ᠣᠯᠠᠨ ᠲᠦᠮᠡᠨ | ᠣᠷᠣᠯᠴᠠᠭᠰᠠᠨ᠂ ᠨᠠᠮ ᠣᠯᠠᠨ ᠲᠦᠮᠡᠨ ᠬᠠᠮᠲᠤ ᠪᠠᠷ ᠪᠠᠶᠢᠭᠤᠯᠤᠭᠰᠠᠨ ᠰᠢᠨ᠎ᠡ ᠪᠠᠶᠢᠳᠠᠯ ᠪᠠ ᠬᠥᠳᠡᠭᠡ ᠲᠣᠰᠬᠤᠨ ᠤ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠢᠨ᠎ᠡ ᠥᠷᠨᠢᠯᠲᠡ ᠶᠢ ᠪᠣᠶ ᠪᠣᠯᠭᠠᠪᠠ᠃ ᠡᠯ᠎ᠡ | ᠭᠠᠴᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤᠮᠳᠠ᠂ ᠮᠠᠯᠴᠢᠨ ᠲᠠᠷᠢᠶᠠᠴᠢᠨ | ᠣᠯᠠᠨ ᠲᠦᠮᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠪᠠ᠃ | ᠳᠠᠷᠠᠭ᠎ᠠ ᠠᠯᠬᠤᠮ ᠳᠤ᠂ ᠭᠤᠤᠯ ᠤᠨ ᠪᠠᠶᠢᠰᠢᠩ ᠪᠠᠯᠭᠠᠰᠤ ᠶᠢᠨ ᠬᠢᠨ ᠨᠠᠮ ᠤᠨ ᠪᠠᠶᠢᠭᠤᠯᠤᠯᠲᠠ ᠶᠢᠨ ᠬᠦᠳᠦᠯᠦᠨ | ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠴᠢᠨᠠᠭᠰᠢᠳᠠ | ᠠᠬᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠥᠬᠦᠷᠡᠰᠢ ᠦᠭᠡᠢ ᠴᠢᠩᠭ᠎ᠠ ᠠᠳᠬᠤᠵᠤ᠂ ᠪᠣᠯᠪᠠᠰᠤᠨ | ᠰᠢᠨ᠎ᠡ ᠰᠤᠷᠲᠠᠯ ᠢ ᠬᠥᠳᠡᠭᠡ ᠲᠣᠰᠬᠤᠨ ᠳᠤ ᠦᠨᠳᠦᠰᠦᠯᠡᠭᠦᠯᠵᠦ᠂ ᠥᠷᠭᠡᠨ ᠤᠯᠠᠨ ᠠᠷᠠᠳ ᠲᠦᠮᠡᠨ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠠᠪᠤᠴᠠ ᠳᠤ ᠨᠡᠩ ᠤᠯᠠᠨ | ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠲᠠᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠬᠤ ᠪᠠᠷ ᠴᠢᠷᠮᠠᠶᠢᠨ᠎ᠠ᠃ | |