ᠲᠦᠯᠢᠶᠡᠮᠤᠳᠤ ᠪᠠᠯᠭᠠᠰᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠦᠩᠭᠡ ᠶᠢ ᠭᠡᠷᠡᠯᠲᠦᠭᠦᠯᠦᠨ᠎ᠡ
ᠨᠡᠶᠢᠲᠡᠯᠡᠭᠰᠡᠨ ᠴᠠᠭ᠄
2022/5/9
   ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠲᠦᠯᠢᠶᠡᠮᠤᠳᠤ ᠪᠠᠯᠭᠠᠰᠤ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠥᠬᠦ ᠲᠠᠯ᠎ᠠ ᠪᠠᠷ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠲᠤᠰᠬᠠᠶ ᠵᠠᠰᠠᠯᠲᠠ ᠪᠠᠷ ᠳᠡᠮᠵᠢᠨ᠂ ᠭᠠᠴᠠᠭ᠎ᠠ ᠶᠢᠨ ᠳᠣᠲᠣᠷᠠᠬᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ᠂ ᠴᠠᠭᠠᠨ ᠬᠤᠭ ᠨᠣᠪᠰᠢ ᠵᠡᠷᠭᠡ ᠳᠤ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠬᠢᠪᠠ᠃   ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠡᠯ᠎ᠡ ᠭᠠᠴᠠᠭ᠎ᠠ ᠶᠢᠨ ︽ᠬᠤᠶᠠᠷ ᠵᠥᠪᠯᠡᠯ︾ ᠠᠴᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠲᠠᠢ ᠤᠶᠠᠯᠳᠤᠭᠤᠯᠤᠨ ᠶᠡᠭᠡ ᠬᠡᠪᠴᠢᠶ᠎ᠡ ᠪᠠᠷ ᠴᠡᠭᠴᠡᠯᠡᠨ ᠴᠡᠭᠴᠡᠯᠡᠵᠦ᠂ ᠣᠯᠠᠨ ᠤ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠭᠠᠴᠠᠭ᠎ᠠ ᠶᠢᠨ ᠳᠣᠲᠣᠷᠠᠬᠢ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ᠂ ᠭᠤᠤᠯ ᠤᠨ ᠵᠠᠮ ᠭᠤᠤ ᠰᠤᠪᠠᠭ ᠵᠡᠷᠭᠡ ᠶᠢ ᠴᠥᠮ ᠪᠦᠲᠦᠮᠵᠢᠲᠡᠶ ᠴᠡᠪᠡᠷᠯᠡᠨ ᠴᠡᠪᠡᠷᠯᠡᠵᠦ᠂ ᠭᠠᠴᠠᠭ᠎ᠠ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠴᠡᠪᠡᠷᠯᠡᠨ ᠠᠷᠢᠯᠭᠠᠬᠤ ᠠᠵᠢᠯ ᠳᠤ ᠢᠯᠡᠳᠲᠡ ᠦᠷ᠎ᠡ ᠪᠦᠲᠦᠮᠵᠢ ᠤᠯᠪᠠ᠃ ᠭᠠᠷ ᠬᠥᠳᠡᠯᠦᠨ ᠴᠡᠪᠡᠷᠯᠡᠬᠦ ᠶᠢᠨ ᠵᠡᠷᠭᠡ ᠳᠤ᠂ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠣᠯᠠᠨ ᠢᠶᠠᠷ ᠢᠶᠠᠨ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠪᠣᠶ ᠪᠣᠯᠭᠠᠬᠤ ᠶᠢ ᠰᠠᠨᠠᠭᠠᠴᠢᠯᠠᠵᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠮᠠᠯᠴᠢᠨ ᠲᠠᠷᠢᠶᠠᠴᠢᠨ ᠤ ᠣᠷᠴᠢᠨ ᠠᠬᠤᠶ ᠶᠢ ᠬᠠᠮᠠᠭᠠᠯᠠᠬᠤ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠢ ᠤᠬᠠᠮᠰᠠᠷ ᠠᠴᠠ ᠪᠠᠨ ᠣᠷᠴᠢᠨ ᠠᠬᠤᠶ ᠶᠢ ᠬᠠᠶᠢᠷᠠᠯᠠᠨ ᠬᠠᠮᠠᠭᠠᠯᠠᠬᠤ ᠦᠢᠯᠡᠳᠦᠯᠭᠡᠵᠢᠭᠦᠯᠦᠭᠴᠢ ᠪᠣᠯᠭᠠᠬᠤ ᠶᠢ ᠰᠠᠨᠠᠭᠠᠴᠢᠯᠠᠬᠤ ᠪᠠᠨ ᠮᠠᠷᠲᠠᠯ ᠥᠬᠡᠶ ᠪᠠᠶᠢᠨ᠎ᠠ᠃  ᠮᠠᠨ ᠤ ᠪᠠᠯᠭᠠᠰᠤ ᠶᠢᠨ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ ᠤ ᠣᠷᠣᠭᠤᠯᠤᠯᠲᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ᠂ ᠡᠮᠦᠨ᠎ᠡ ᠲᠢᠩᠬᠢᠮ ᠠᠷᠤ ᠬᠦᠷᠢᠶ᠎ᠡ᠂ ᠵᠠᠮ ᠤᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠤᠨ ᠳᠠᠳᠬᠠᠯ ᠵᠡᠷᠭᠡ ᠲᠠᠯ᠎ᠠ ᠪᠠᠷ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠴᠦᠯᠡᠨ ᠪᠡᠶᠡᠯᠡᠭᠦᠯᠵᠦ᠂ ᠨᠢᠭᠡ ᠶᠢ ᠴᠦ ᠣᠷᠬᠢᠭᠳᠠᠭᠤᠯᠬᠤ ᠥᠬᠡᠶ᠂ ᠳᠤᠲᠠᠭᠤ ᠲᠤᠷᠭᠤᠨ ᠪᠠᠶᠢᠯᠭᠠᠬᠤ ᠥᠬᠡᠶ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠡᠶᠡᠯᠡᠭᠦᠯᠦᠨ᠎ᠡ᠃    
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号