ᠰᠦᠬᠡ ᠤᠯᠠᠭᠠᠨᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/13
    6 ᠳ᠋ᠤᠭᠠᠷ ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠯᠠᠭᠠᠨᠬᠤᠲᠠ ᠳᠤ ᠭᠦᠨᠵᠡᠭᠡᠶᠢᠷᠡᠨ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃    ᠰᠦᠬᠡ ᠤᠷᠢᠳ ᠬᠤᠵᠢᠳ ᠦᠬᠠᠨ ᠤ ᠪᠤᠯᠤᠳ ᠲᠡᠮᠤᠷ ᠤᠨ ᠺᠣᠮᠫᠠᠨᠢ᠂  ᠮᠧᠩ ᠨᠢᠦ  ᠰᠦ ᠶᠢᠨ ᠦᠢᠯᠡᠰ᠂ ᠬᠤᠩ ᠴᠧᠩ ᠰᠦ ᠶᠢᠨ ᠦᠢᠯᠡᠰ᠂  ᠰᠧᠨ ᠬᠤᠢ ᠲᠠᠮᠠᠭ᠎ᠠ ᠶᠢᠨ ᠦᠢᠯᠡᠰ᠂ ᠬᠤᠸᠠ ᠷᠦᠨ ᠰᠢᠤᠸᠠᠢ ᠬᠤᠸᠠ ᠫᠢᠸᠤ᠋ ᠶᠢᠨ ᠦᠢᠯᠡᠳᠪᠦᠷᠢ ᠳᠤ ᠬᠦᠷᠴᠦ᠂ ᠲᠤᠬᠠᠢ ᠶᠢᠨ ᠲᠠᠯᠠᠪᠠᠢ ᠳᠤ ᠬᠦᠷᠴᠦ᠂ ᠠᠬᠢᠴᠠ ᠶᠢ ᠨᠢ ᠦᠵᠡᠵᠦ᠂ ᠪᠠᠶᠢᠳᠠᠯ ᠢ ᠨᠢ ᠠᠰᠠᠭᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠠᠵᠤ ᠠᠬᠤᠶᠢᠯᠠᠯ ᠢ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ᠂ ᠬᠥᠳᠡᠯᠭᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠲᠣᠭᠲᠠᠭᠤᠨ ᠢᠶᠠᠷ ᠠᠵᠢᠯᠯᠠᠬᠤ᠂ ᠲᠦᠷᠭᠡᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾  ᠦᠢᠯᠡᠳᠪᠦᠷᠢᠯᠡᠯ ᠤᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠢ ᠠᠬᠤᠶ ᠶᠢᠨ ᠬᠠᠮᠠᠭᠠᠯᠠᠯᠲᠠ ᠪᠠ ᠠᠶᠤᠯᠭᠦᠶ  ᠦᠢᠯᠡᠳᠪᠦᠷᠢᠯᠡᠯ ᠤᠨ ᠲᠦᠢᠯ ᠤᠨ ᠴᠢᠬᠤᠯᠠ ᠴᠢᠨᠠᠷ ᠢ  ᠭᠦᠢᠴᠡᠳ ᠲᠠᠨᠢᠵᠤ᠂ ᠣᠷᠴᠢᠨ ᠠᠬᠤᠶ ᠶᠢᠨ ᠬᠠᠮᠠᠭᠠᠯᠠᠯᠲᠠ ᠪᠠ ᠠᠮᠤᠷ ᠲᠦᠪᠰᠢᠨ ᠢ ᠠᠵᠤ ᠠᠬᠤᠶᠢᠯᠠᠯ ᠤᠨ  ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠭᠤᠭᠴᠤᠭ᠎ᠠ ᠳᠤ ᠦᠨᠡᠨ ᠬᠦ ᠲᠤᠤᠱᠯᠠᠭᠤᠯᠬᠤ ᠬᠡᠷᠡᠭᠲᠡᠶ ᠭᠡᠵᠦ ᠵᠠᠬᠢᠪᠠ  ᠃    ᠰᠦᠬᠡ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠥᠬᠦ ᠠᠵᠤ  ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠤᠨ ᠬᠠᠮᠵᠢᠯᠴᠠᠬᠤ ᠶᠢ ᠬᠥᠲᠥᠯᠦᠨ ᠵᠢᠯᠣᠭᠤᠳᠴᠤ᠂ ᠪᠠᠶᠢᠭᠤᠯᠵᠤ ᠪᠠᠶᠢᠭ᠎ᠠ ᠲᠥᠷᠥᠯ  ᠵᠦᠢᠯ ᠤᠨ ᠠᠯᠢ ᠲᠦᠷᠭᠡᠨ ᠢᠶᠠᠷ ᠦᠢᠯᠡᠳᠪᠦᠷᠢᠯᠡᠯ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠥᠬᠦ ᠠᠶᠢᠮᠠᠭ ᠤᠨ ᠠᠵᠤ  ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠦᠬᠦ ᠠᠶᠢᠮᠠᠭ ᠤᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号