︽2022 ᠣᠨ ᠳᠤ ᠭᠠᠴᠠᠭᠠᠨ ᠳᠤ ᠶᠠᠮᠠᠷ ᠠᠵᠤ ᠦᠢᠯᠡᠰ ᠢ ᠬᠥᠭᠵᠢᠭᠦᠯᠬᠦ ᠪᠤᠢ︖︾ ︽ᠭᠠᠴᠠᠭᠠᠨ ᠤ | ᠣᠷᠴᠢᠨ ᠠᠬᠤᠶ ᠶᠢᠨ ᠠᠷᠢᠭᠤᠨ ᠴᠡᠪᠡᠷ ᠢ ᠵᠠᠰᠠᠬᠤ ᠴᠢᠬᠤᠯᠠᠳᠠᠢ ᠪᠣᠯᠤᠭᠰᠠᠨ ᠤᠤ︖︾ ︽ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ ᠳᠤ ᠬᠡᠨ ᠤ ᠬᠢᠨ ᠲᠣᠭᠯᠠᠯᠲᠠ ᠭᠠᠷᠭᠠᠬᠤ ᠪᠤᠶ︖ ︾ ᠡᠨᠡ ᠪᠦᠬᠦᠨ ᠨᠢ | ᠭᠠᠴᠠᠭᠠᠨ ᠤ ᠠᠷᠠᠳ ᠤᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠨ᠂ ᠭᠠᠴᠠᠭᠠᠨ ᠤ ᠬᠥᠭᠵᠢᠯᠲᠡ ᠳᠤ | ᠬᠤᠯᠪᠣᠭᠳᠠᠵᠤ᠂ ᠶᠠᠪᠤᠳᠠᠯ ᠤᠳ ᠢ ᠤᠯᠠᠨ ᠢᠶᠠᠷ ᠢᠶᠠᠨ ᠴᠥᠮ ︽ᠬᠡᠷᠡᠭ ᠵᠥᠪᠯᠡᠬᠦ ᠲᠢᠩᠬᠢᠮ︾ ᠳᠤ ᠠᠪᠴᠢᠷᠠᠨ | ᠶᠠᠷᠢᠵᠤ᠂ ᠵᠦᠪᠯᠡᠨ᠂ ᠠᠷᠠᠳᠴᠢᠯᠠᠯ ᠢᠶᠠᠷ ᠵᠥᠪᠯᠡᠬᠦ ᠨᠢ ᠶᠣᠯᠣ ᠭᠠᠴᠠᠭᠠᠨ ᠤ ᠠᠷᠠᠳ ᠢ ᠨᠡᠩ ᠢᠯᠡᠭᠦᠦ ᠣᠷᠣᠯᠴᠠᠬᠤ | ᠲᠦᠷᠦᠭᠳᠡᠯ ᠲᠠᠢ ᠪᠣᠯᠭᠠᠵᠠᠢ᠃ ᠶᠣᠯᠣ ᠭᠠᠴᠠᠭ᠎ᠠ ᠪᠣᠯ ᠬᠢᠩᠭᠠᠨ ᠠᠶᠢᠮᠠᠭ ᠤᠨ ᠤᠯᠠᠭᠠᠨᠬᠤᠲᠠ ᠶᠢᠨ ᠤᠯᠠᠭᠠᠨᠬᠠᠳᠠ | ᠪᠠᠯᠭᠠᠰᠤᠨ ᠳᠤ ᠪᠠᠶᠢᠷᠢᠰᠢᠵᠤ᠂ 2021 ᠣᠨ ᠤ 12 ᠰᠠᠷ᠎ᠠ ᠳᠤ ᠪᠥᠬᠦ ᠤᠯᠤᠰ ᠤᠨ ᠭᠠᠴᠠᠭᠠᠨ ᠤ ᠲᠠᠰ ᠤᠨ ᠬᠡᠷᠡᠭ | ᠵᠥᠪᠯᠡᠵᠦ ᠵᠥᠪᠳᠡᠯᠴᠡᠬᠦ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢᠶᠠᠷ ᠰᠣᠩᠭᠤᠭᠳᠠᠭᠰᠠᠨ ᠤ ᠳᠠᠷᠠᠭ᠎ᠠ᠂ ᠭᠠᠴᠠᠭ᠎ᠠ | ᠠᠷᠠᠳᠴᠢᠯᠠᠯ ᠢᠶᠠᠷ ᠬᠡᠷᠡᠭ ᠵᠥᠪᠯᠡᠵᠦ ᠵᠥᠪᠳᠡᠯᠴᠡᠬᠦ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠬᠠᠮᠲᠤ ᠪᠠᠷ ᠵᠥᠪᠳᠡᠯᠴᠡᠬᠦ᠂ ᠬᠠᠮᠲᠤ ᠪᠠᠷ ᠵᠥᠪᠯᠡᠬᠦ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ | ᠬᠦᠴᠦᠷᠬᠡᠭ ᠶᠡᠭᠡ ᠬᠠᠮᠳᠦᠷᠠᠯ ᠤᠨ ᠬᠦᠴᠦᠨ ᠢ ᠪᠦᠷᠢᠯᠳᠦᠭᠦᠯᠪᠡ᠃ ᠠᠷᠠᠳᠴᠢᠯᠠᠯ ᠢᠶᠠᠷ ᠬᠡᠷᠡᠭ ᠵᠥᠪᠯᠡᠬᠦ ︽ | ᠤᠬᠠᠭᠠᠨᠲᠠᠳ ᠤᠨ ᠪᠦᠯᠬᠦᠮ︾ ᠨᠢ ᠭᠠᠴᠠᠭᠠᠨ ᠤ ᠠᠷᠠᠳ ᠢ ᠨᠠᠩ ᠢᠯᠡᠭᠦᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠡᠷᠬᠡ ᠲᠠᠢ ᠪᠣᠯᠭᠠᠪᠠ | ︽ᠪᠢᠳᠡ ᠠᠷᠠᠳᠴᠢᠯᠠᠯ ᠢᠶᠠᠷ ᠬᠡᠷᠡᠭ ᠵᠦᠪᠯᠡᠬᠦ ᠵᠦᠪᠯᠡᠯ ᠢ ᠪᠠᠶᠢᠭᠤᠯᠪᠠ᠂ ᠡᠨᠡ ᠨᠢ ᠲᠠᠷᠦᠢ ᠭᠠᠴᠠᠭᠠᠨ ᠤ ︿ | ᠤᠬᠠᠬᠳᠠᠬᠤᠨ ᠤ ᠪᠦᠯᠬᠦᠮ﹀ ᠪᠣᠯᠤᠨ᠎ᠠ᠂ ᠣᠳᠣᠬᠠᠨ ᠳᠤ ᠨᠠᠮ ᠤᠨ ᠭᠡᠰᠢᠭᠦᠨ ᠲᠥᠯᠥᠭᠡᠯᠡᠭᠴᠢ᠂ ᠭᠠᠴᠠᠭᠠᠨ ᠤ | ᠠᠷᠠᠳ ᠤᠨ ᠲᠥᠯᠥᠭᠡᠯᠡᠭᠴᠢ ᠵᠡᠷᠭᠡ 22 ᠬᠥᠮᠦᠨ ᠪᠠᠶᠢᠨ᠎ᠠ᠂ ᠶᠠᠮᠠᠷ ᠤᠴᠢᠷ ᠪᠠᠶᠢᠪᠠᠯ ᠤᠯᠠᠨ ᠢᠶᠠᠷ ᠢᠶᠠᠨ ᠰᠠᠨᠠᠯ ᠢᠶᠠᠨ | ᠢᠯᠡᠳᠬᠡᠵᠦ᠂ ᠵᠥᠪᠯᠡᠬᠦ ᠶᠠᠪᠤᠴᠠ ᠳᠤ ᠨᠡᠷ᠎ᠡ ᠬᠦᠨᠳᠦᠲᠡᠢ᠂ ᠤᠴᠢᠷ ᠶᠠᠪᠤᠳᠠᠯ ᠢ ᠭᠤᠣᠯᠴᠢ ᠪᠠᠷ ᠰᠢᠢᠳᠪᠦᠷᠢᠯᠡᠳᠡᠭ | ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ᠂ ᠠᠵᠢᠯ ᠠᠴᠠ ᠪᠠᠨ ᠪᠠᠭᠤᠵᠤ ᠠᠮᠠᠷᠠᠭᠠᠳ ᠨᠤᠲᠤᠭ ᠲᠠᠭᠠᠨ | ᠪᠤᠴᠠᠭᠰᠠᠨ ᠬᠥᠮᠦᠰ ᠪᠣᠯᠤᠨ ᠬᠤᠶᠠᠷ ᠲᠠᠯ᠎ᠠ ᠶᠢᠨ ᠠᠰᠢᠭ ᠲᠤᠰᠠ ᠲᠠᠢ ᠬᠠᠮᠢᠶ᠎ᠠ ᠦᠭᠡᠢ ᠤᠯᠠᠨ ᠲᠦᠮᠡᠨ ᠤ | ᠲᠥᠯᠥᠭᠡᠯᠡᠭᠴᠢ ᠶᠢ ᠣᠷᠣᠯᠴᠠᠭᠤᠯᠵᠤ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠡᠶᠡᠯᠡᠭᠦᠯᠳᠡᠭ︾ ᠭᠡᠵᠦ ᠶᠣᠯᠣ | ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠪᠠᠢ ᠶᠦᠩ ᠮᠢᠩ ᠲᠠᠨᠢᠯᠴᠠᠭᠤᠯᠤᠨ ᠬᠡᠯᠡᠪᠡ᠃ ᠬᠡᠷᠡᠭ ᠵᠥᠪᠯᠡᠬᠦ | ᠶᠠᠪᠤᠴᠠ ᠪᠠ ᠠᠭᠤᠯᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠭᠠᠴᠠᠭᠠᠨ ᠠᠴᠠ ︽ᠤᠯᠠᠭᠠᠨᠬᠠᠳᠠ ᠪᠠᠯᠭᠠᠰᠤ ᠶᠢᠨ | ᠶᠣᠯᠣ ᠭᠠᠴᠠᠭᠠᠨ ᠤ ᠠᠷᠠᠳᠴᠢᠯᠠᠯ ᠢᠶᠠᠷ ᠬᠡᠷᠡᠭ ᠵᠥᠪᠯᠡᠵᠦ ᠵᠥᠪᠳᠡᠯᠴᠡᠬᠦ ᠳᠦᠷᠢᠮ︾᠂ ︽ᠤᠯᠠᠭᠠᠨᠬᠠᠳᠠ | ᠪᠠᠯᠭᠠᠰᠤ ᠶᠢᠨ ᠶᠣᠯᠣ ᠭᠠᠴᠠᠭᠠᠨ ᠤ ᠳᠡᠰ ᠤᠨ ᠬᠡᠷᠡᠭ ᠵᠥᠪᠯᠡᠵᠦ ᠵᠥᠪᠳᠡᠯᠴᠡᠬᠦ ᠰᠢᠨ᠎ᠡ ᠶᠢ ᠡᠭᠦᠳᠬᠦ ᠲᠤᠷᠰᠢᠯᠲᠠ ᠶᠢᠨ | ᠴᠡᠭ ᠤᠨ ᠲᠥᠰᠦᠯ︾ ᠢ ᠲᠣᠭᠲᠠᠭᠠᠵᠠᠢ᠃ ᠬᠡᠷᠡᠭ ᠵᠥᠪᠯᠡᠵᠦ ᠵᠥᠪᠳᠡᠯᠴᠡᠬᠦ ᠲᠣᠭᠲᠠᠴᠠ ᠶᠢ ᠲᠦᠷᠪᠡᠨ ᠭᠤᠭᠴᠤᠭ᠎ᠠ | ᠬᠤᠪᠢᠶᠠᠨ ᠬᠡᠷᠡᠭᠵᠢᠭᠦᠯᠪᠡ᠂ ᠨᠢᠭᠡᠳᠦᠭᠡᠷ ᠠᠯᠬᠤᠮ ᠳᠤ ᠵᠥᠪᠯᠡᠬᠦ ᠰᠡᠳᠦᠪ ᠢ ᠳᠤᠷᠠᠳᠤᠨ ᠭᠠᠷᠭᠠᠬᠤ ᠶᠢᠨ ᠬᠠᠮᠲᠤ | ᠲᠣᠭᠲᠠᠭᠠᠨ᠎ᠠ᠂ ᠵᠠᠯᠭᠠᠭᠠᠳ ᠵᠥᠪᠳᠡᠯᠴᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠬᠡᠷᠡᠭ ᠵᠥᠪᠯᠡᠵᠦ ᠵᠥᠪᠳᠡᠯᠴᠡᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠥᠪᠳᠡᠯᠴᠡᠭᠰᠡᠨ ᠦᠷ᠎ᠡ ᠪᠦᠲᠦᠭᠡᠯ ᠢ ᠰᠠᠨᠠᠭᠠᠴᠢᠯᠠᠭ᠎ᠠ ᠠᠴᠠ ᠪᠠᠨ | ᠢᠯᠡ ᠪᠣᠯᠭᠠᠨ᠎ᠠ᠃ ᠭᠠᠴᠠᠭᠠᠨ ᠤ ᠤᠴᠢᠷ ᠶᠠᠪᠤᠳᠠᠯ ᠯᠠ ᠶᠤᠮ ᠪᠣᠯ ᠴᠥᠮ ᠵᠥᠪᠳᠡᠯᠴᠡᠬᠦ ᠪᠠᠷ ᠳᠠᠮᠵᠢᠨ ᠲᠣᠭᠲᠠᠭᠠᠵᠤ | ᠪᠣᠯᠤᠨ᠎ᠠ᠃ ᠭᠠᠴᠠᠭ᠎ᠠ ᠨᠢ ᠶᠡᠭᠡ ᠪᠠᠭ᠎ᠠ ᠶᠠᠪᠤᠳᠠᠯ ᠢ ᠴᠥᠮ ᠬᠡᠷᠡᠭ ᠵᠥᠪᠯᠡᠬᠦ ᠬᠡᠪᠴᠢᠶᠡᠨ ᠳᠤ ᠣᠷᠣᠭᠤᠯᠵᠤ᠂ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ᠂ ᠡᠳ᠋ ᠤᠨ ᠶᠠᠪᠤᠳᠠᠯ ᠤᠨ ᠬᠡᠷᠡᠭᠯᠡᠯᠲᠡ ᠶᠢᠨ | ᠲᠣᠬᠢᠷᠠᠭᠤᠯᠤᠯᠲᠠ᠂ ᠭᠠᠴᠠᠭ᠎ᠠ ᠵᠠᠮ ᠵᠠᠰᠠᠵᠤ ᠬᠥᠭᠦᠷᠭᠡ ᠪᠠᠶᠢᠭᠤᠯᠬᠤ᠂ ᠭᠠᠴᠠᠭᠠᠨ ᠤ ᠠᠷᠠᠳ ᠤᠨ ᠲᠤᠰᠬᠠᠯ ᠶᠡᠬᠡᠲᠡᠶ | ᠠᠰᠠᠭᠤᠳᠠᠯ ᠪᠠ ᠵᠥᠷᠢᠴᠡᠯ ᠵᠡᠷᠭᠡ 9 ᠲᠠᠯ᠎ᠠ ᠶᠢᠨ ᠬᠡᠷᠡᠭ ᠵᠥᠪᠯᠡᠬᠦ ᠨᠠᠷᠢᠨ ᠲᠠᠩᠰᠠ ᠶᠢ ᠵᠢᠭᠰᠠᠭᠠᠵᠤ᠂ ᠥᠪᠡᠷᠲᠡᠭᠡᠨ | ᠵᠠᠰᠠᠬᠤ ᠶᠢ ᠭᠦᠢᠴᠡᠳ ᠪᠡᠶᠡᠯᠡᠭᠦᠯᠦᠨ᠂ ᠭᠠᠴᠠᠭᠠᠨ ᠤ ᠠᠷᠠᠳ ᠲᠤ ᠰᠠᠨᠠᠭᠠᠴᠢᠯᠠᠭᠠᠲᠤ ᠡᠷᠬᠡ᠂ ᠣᠷᠣᠯᠴᠠᠬᠤ ᠡᠷᠬᠡ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ ᠲᠠᠢ ᠪᠣᠯᠭᠠᠵᠠᠢ᠃ ︽ᠡᠭᠦᠳᠡᠨ ᠡᠮᠦᠨᠡᠬᠢ | ᠲᠦᠷᠪᠡ ᠶᠢ ᠳᠠᠭᠠᠭᠠᠴᠢᠯᠠᠭᠤᠯᠬᠤ︾ ᠨᠢ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠪᠠᠶᠢᠳᠠᠯ ᠢ ᠬᠥᠭᠵᠢᠭᠡᠵᠡᠢ | ︽ᠭᠠᠴᠠᠭᠠᠨ ᠤ ᠠᠷᠠᠳ ᠢ ᠬᠡᠷᠬᠢᠨ ᠤᠬᠠᠮᠰᠠᠷ ᠠᠴᠠ ᠪᠠᠨ ᠰᠠᠶᠢᠨ ᠳᠤᠷ᠎ᠠ ᠠᠴᠠ ᠪᠠᠨ ᠬᠥᠮᠦᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠬᠠᠮᠠᠭᠠᠯᠠᠬᠤ ᠪᠠ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠬᠤ ᠪᠣᠢ︖︾ | ︽︿ᠡᠭᠦᠳᠡᠨ ᠡᠮᠦᠨᠡᠬᠢ ᠲᠦᠷᠪᠡ ᠶᠢ ᠳᠠᠭᠠᠭᠠᠴᠢᠯᠠᠭᠤᠯᠬᠤ﹀ ᠶᠢ ᠬᠡᠷᠡᠭᠵᠢᠭᠦᠯᠦᠭᠡᠳ ᠤᠯᠠᠨ ᠵᠢᠯ ᠪᠤᠯᠵᠤ ᠪᠠᠶᠢᠨ᠎ᠠ᠂ | ᠮᠢᠨᠦ ᠦᠵᠡᠬᠦ ᠪᠠᠷ ᠬᠡᠨ ᠤ ᠡᠭᠦᠳᠡ ᠪᠣᠯ ᠬᠡᠨ ᠬᠠᠮᠢᠶᠠᠷᠪᠠᠯ ᠲᠠᠭᠠᠷᠠᠨ᠎ᠠ︾ ︽ᠰᠠᠶᠢᠨ ᠠᠵᠢᠯ ᠬᠢᠭᠰᠡᠳ ᠲᠤ ᠵᠢᠭᠠᠬᠠᠨ | ᠱᠠᠩᠨᠠᠯ ᠥᠭᠪᠡᠯ ᠵᠣᠬᠢᠨ᠎ᠠ ᠤᠤ ᠦᠭᠡᠶ ᠤᠤ︖︾ ︽ᠮᠠᠭᠤ ᠬᠢᠭᠰᠡᠨ ᠢ ᠨᠢ ᠶᠠᠯᠠᠯᠠᠪᠠᠯ ᠵᠣᠬᠢᠨ᠎ᠠ︾ ︽ᠨᠠᠮ ᠤᠨ | ᠭᠡᠰᠢᠭᠦᠨ ᠠᠴᠠ ᠦᠢᠯᠡᠳᠦᠯ ᠢᠶᠠᠨ ᠪᠠᠳᠠᠷᠠᠭᠤᠯᠪᠠᠯ ᠵᠣᠬᠢᠨ᠎ᠠ ᠤᠤ ᠦᠭᠡᠢ ᠤᠤ︖︾ ᠭᠠᠴᠠᠭᠠᠨ ᠤ ︽ᠬᠡᠷᠡᠭ ᠵᠥᠪᠯᠡᠬᠦ | ᠲᠢᠩᠬᠢᠮ︾ ᠳᠤ᠂ ᠣᠯᠠᠨ ᠢᠶᠠᠷ ᠢᠶᠠᠨ ᠲᠣᠭᠤᠷᠢᠨ ᠰᠠᠭᠤᠵᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠬᠤ ᠶᠡᠭᠡ ᠪᠠᠭ᠎ᠠ ᠶᠠᠪᠤᠳᠠᠯ ᠢ ᠶᠠᠷᠢᠯᠴᠠᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠯᠴᠠᠵᠤ᠂ ᠬᠥᠷ | ᠬᠥᠭᠵᠢᠶᠡᠨ ᠲᠠᠢ ᠪᠠᠶᠢᠯ᠎ᠠ᠃ ᠰᠡᠳᠬᠢᠬᠦᠢ ᠨᠢ ᠬᠡᠯᠡᠬᠦ ᠲᠤᠲᠤᠮ ᠲᠣᠳᠣᠷᠬᠠᠶ ᠪᠣᠯᠵᠤ᠂ ᠶᠣᠰᠣ ᠤᠴᠢᠷ ᠨᠢ ᠮᠠᠷᠭᠤᠬᠤ | ᠲᠤᠲᠤᠮ ᠲᠣᠳᠣᠷᠬᠠᠶ ᠪᠣᠯᠤᠨ᠎ᠠ᠃ ᠬᠠᠮᠤᠭ ᠰᠡᠭᠦᠯ ᠳᠤ᠂ ᠣᠯᠠᠨ ᠢᠶᠠᠷ ᠢᠶᠠᠨ ᠲᠣᠰᠬᠤᠨ ᠤ ᠠᠷᠠᠳ ᠤᠨ ︽ᠡᠭᠦᠳᠡᠨ | ᠡᠮᠦᠨᠡᠬᠢ ᠳᠥᠷᠪᠡᠨ ᠳᠠᠭᠠᠭᠠᠴᠢᠯᠠᠯᠲᠠ︾ ᠶᠢᠨ ᠴᠣ ᠰᠢᠨ᠎ᠡ ᠵᠦᠢᠯᠡᠰ ᠢ ᠰᠤᠳᠤᠯᠤᠨ ᠲᠣᠭᠲᠠᠭᠠᠵᠤ᠂ ᠡᠭᠦᠨ ᠤ ᠬᠠᠮᠲᠤ | ᠱᠠᠩᠨᠠᠵᠤ ᠲᠣᠷᠭᠠᠬᠤ ᠲᠦᠷᠢᠮ᠂ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ︽ᠭᠤᠳᠤᠮᠵᠢ ᠶᠢᠨ ᠳᠠᠷᠤᠭ᠎ᠠ︾ | ᠶᠢ ᠡᠷᠦᠭᠡ ᠳᠤ ᠣᠷᠣᠭᠤᠯᠬᠤ ᠪᠠᠷ ᠳᠠᠮᠵᠢᠭᠤᠯᠵᠤ᠂ ᠡᠯ᠎ᠡ ᠡᠷᠦᠭᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠵᠠᠰᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠤᠢᠢᠯᠠᠭᠠᠨ ᠬᠠᠷᠢᠭᠤ ᠲᠤᠰᠬᠠᠬᠤ ᠶᠢᠨ ᠬᠠᠮᠲᠤ | ᠵᠢᠷᠭᠢᠶ᠎ᠡ ᠶᠢᠨ ᠬᠤᠯᠪᠤᠭ᠎ᠠ᠂ ᠭᠠᠴᠠᠭ᠎ᠠ ᠲᠤᠰᠬᠤᠨ ᠪᠤᠯᠭᠠᠨ ᠳᠤ ᠬᠠᠩᠬᠢᠨᠠᠭᠤᠯᠬᠤ᠂ ᠡᠷᠦᠭᠡ ᠪᠠᠷ ᠬᠦᠨᠵᠡᠬᠡᠶᠢᠷᠡᠬᠦ | ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠭᠠᠴᠠᠭ᠎ᠠ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠪᠣᠯᠪᠠᠰᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠬᠡᠯᠪᠡᠷᠢ ᠶᠢ ᠰᠠᠨᠠᠭᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ ︽ᠪᠢᠳᠡ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠳᠣᠲᠣᠷ᠎ᠠ ᠠᠴᠠ | ᠨᠢᠭᠡ ᠬᠡᠰᠡᠭ ᠪᠡᠯᠡ ᠮᠥᠩᠭᠦ ᠭᠠᠷᠭᠠᠵᠤ ᠱᠠᠩᠨᠠᠯ ᠤᠨ ᠨᠥᠬᠦᠪᠥᠷᠢ ᠪᠣᠯᠭᠠᠵᠤ᠂ ᠭᠠᠴᠠᠭᠠᠨ ᠤ ᠠᠷᠠᠳ ᠲᠤ 2023 | ᠣᠨ ᠤ ᠬᠤᠷᠰᠢᠭᠰᠠᠨ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ ᠣᠯᠭᠤᠵᠤ ᠪᠠᠶᠢᠨ᠎ᠠ︾᠃ ᠪᠠᠢ ᠶᠦᠩ ᠮᠢᠩ᠂ | ᠤᠤᠯ ᠨᠢ ︽ᠺᠠᠳ᠋ᠷ ᠠᠵᠢᠯ ᠬᠢᠵᠦ᠂ ᠤᠯᠠᠨ ᠲᠦᠮᠡᠨ ᠦᠵᠡᠵᠦ ᠪᠠᠶᠢᠵᠠᠢ︾᠂ ᠤᠳᠤ ᠠᠳᠠᠯᠢ ᠦᠭᠡᠢ ᠪᠣᠯᠵᠠᠢ᠂ ᠺᠠᠳ᠋ᠷ | ᠤᠯᠠᠨ ᠲᠦᠮᠡᠨ ᠬᠠᠮᠲᠤᠪᠠᠷ ᠠᠵᠢᠯᠯᠠᠵᠤ᠂ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ | ᠦᠵᠡᠰᠬᠦᠯᠡᠩᠲᠦ ᠰᠠᠶᠢᠬᠠᠨ ᠭᠠᠴᠠᠭ᠎ᠠ ᠶᠢ ᠬᠠᠮᠲᠤᠪᠠᠷ ᠪᠦᠳᠦᠭᠡᠨ ᠪᠠᠶᠢᠭᠤᠯᠤᠨ᠎ᠠ ᠭᠡᠵᠦ ᠬᠡᠯᠡᠪᠡ᠃ ︽ᠭᠠᠴᠠᠭᠠᠨ ᠤ | ᠶᠠᠪᠤᠳᠠᠯ︾ ᠳᠤ ᠢᠳᠡᠪᠬᠢᠲᠡᠢ ᠣᠷᠣᠯᠴᠠᠵᠤ ᠵᠣᠯ ᠵᠢᠷᠭᠠᠯᠲᠤ ᠠᠮᠢᠳᠤᠷᠠᠯ ᠢᠶᠠᠨ ᠪᠢᠴᠢᠭᠯᠡᠨ᠎ᠡ | ᠠᠷᠠᠳᠴᠢᠯᠠᠯ ᠢᠶᠠᠷ ᠬᠡᠷᠡᠭ ᠵᠥᠪᠯᠡᠵᠦ ᠵᠥᠪᠳᠡᠯᠴᠡᠬᠦ ᠲᠣᠭᠲᠠᠴᠠ ᠪᠠᠷ ᠲᠠᠮᠵᠢᠨ᠂ ᠭᠠᠴᠠᠭ᠎ᠠ ᠶᠢᠨ ᠠᠷᠠᠳ | ᠲᠣᠰᠬᠤᠨ ᠤ ᠬᠡᠷᠡᠭ ᠶᠠᠪᠤᠳᠠᠯ ᠳᠤ ᠨᠡᠩ ᠪᠦᠲᠦᠮᠵᠢᠲᠡᠢ ᠨᠡᠩ ᠰᠢᠭᠤᠳ ᠣᠷᠣᠯᠴᠠᠵᠤ᠂ ᠬᠦᠴᠢᠷ ᠶᠠᠪᠤᠳᠠᠯ ᠢ | ᠰᠢᠢᠳᠪᠦᠷᠢᠯᠡᠬᠦ ᠠᠷᠭ᠎ᠠ ᠵᠠᠮ ᠢ ᠡᠷᠢᠵᠦ ᠣᠯᠤᠭᠰᠠᠨ ᠪᠠᠶᠢᠨ᠎ᠠ᠃ ︽ᠮᠢᠨᠦ ᠦᠵᠡᠬᠦ ᠪᠠᠷ ᠡᠶᠢᠮᠦᠷᠬᠦᠦ ᠬᠡᠷᠡᠭ ᠵᠥᠪᠯᠡᠬᠦ | ᠬᠡᠯᠪᠡᠷᠢ ᠮᠠᠰᠢ ᠰᠠᠶᠢᠨ᠂ ᠤᠳᠤ ᠤᠯᠠᠨ ᠢᠶᠠᠷ ᠢᠶᠠᠨ ᠤᠴᠢᠷ ᠲᠠᠢ ᠪᠣᠯ ᠤᠯᠠᠨ ᠢᠶᠠᠷ ᠢᠶᠠᠨ ᠵᠥᠪᠳᠡᠯᠴᠡᠵᠦ᠂ | ᠭᠠᠴᠠᠭᠠᠨ ᠤ ᠶᠠᠪᠤᠳᠠᠯ ᠳᠤ ᠴᠤ ᠣᠷᠣᠯᠴᠠᠵᠤ ᠪᠣᠯᠤᠨ᠎ᠠ᠂ ᠤᠯᠠᠨ ᠢᠶᠠᠷ ᠢᠶᠠᠨ ᠨᠡᠩ ᠡᠶ᠎ᠡ ᠡᠪᠲᠡᠢ ᠶᠠᠪᠤᠯᠴᠠᠵᠤ | ᠳᠡᠶᠢᠯᠦᠨ᠎ᠡ︾ ᠭᠡᠵᠦ ᠭᠠᠴᠠᠭᠠᠨ ᠤ ᠠᠷᠠᠳ ᠴᠧᠨ ᠪᠠᠭᠠᠨ᠎ᠠ ᠢᠨᠢᠶᠡᠮᠰᠦᠭᠯᠡᠨ ᠬᠡᠯᠡᠪᠡ᠃ ᠵᠣᠯ ᠵᠢᠷᠭᠠᠯᠲᠤ ᠲᠦᠷᠦᠭᠳᠡᠯ | ᠤᠯᠠᠮ ᠢᠶᠠᠷ ᠨᠡᠮᠡᠭᠳᠡᠵᠦ ᠪᠠᠶᠢᠭ᠎ᠠ ᠭᠠᠴᠠᠭᠠᠨ ᠤ ᠠᠷᠠᠳ ᠠᠮᠢᠳᠤᠷᠠᠯ ᠳᠤ ᠪᠠᠨ ᠨᠡᠩ ᠬᠠᠶᠢᠷᠠᠲᠠᠢ᠂ ᠠᠭᠤᠳᠠᠮ | ᠲᠠᠯᠠᠪᠠᠢ ᠶᠢᠨ ᠪᠥᠵᠢᠭ᠂ ᠲᠦᠷᠪᠡᠨ ᠤᠲᠠᠰᠤᠲᠤ ᠬᠤᠭᠤᠷ᠂ ᠤᠯᠠᠮᠵᠢᠯᠠᠯᠲᠤ ᠭᠠᠷ ᠤᠷᠠᠴᠤᠳ᠂ ᠰᠢᠯᠦᠭ | ᠳᠠᠭᠤᠯᠠᠯ ᠳᠤ ᠪᠠᠭ᠋ᠠᠲᠠᠢ 50 ᠭᠠᠷᠤᠢ ᠬᠥᠮᠦᠨ ᠢᠶᠠᠷ ᠭᠤᠣᠯ ᠪᠣᠯᠭᠠᠭᠰᠠᠨ ᠠᠵᠢᠯ ᠤᠨ ᠴᠢᠯᠥᠭᠡᠨ ᠤ | ᠤᠯᠠᠭᠠᠨᠮᠥ᠋ᠴᠢᠷ ᠤᠨ ᠡᠩᠨᠡᠭᠡ ᠶᠢ ᠪᠠᠶᠢᠭᠤᠯᠵᠤ᠂ ᠰᠣᠶᠣᠯ ᠤᠷᠠᠯᠢᠭ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠡᠢ᠃ | ᠴᠠᠷᠭᠢᠯ ᠬᠤᠯᠪᠣᠭ᠎ᠠ ︽ᠶᠣᠯᠣ ᠭᠠᠴᠠᠭᠠᠨ ᠤ ᠰᠢᠨ᠎ᠡ ᠲᠣᠭᠲᠠᠭᠠᠯ ᠠᠷᠠᠳ ᠤᠨ ᠭᠡᠷ᠎ᠡ︾ ᠠᠴᠠ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠦᠵᠡᠰᠬᠦᠯᠡᠩᠲᠦ ᠰᠠᠶᠢᠬᠠᠨ ᠬᠡᠷ ᠣᠷᠣᠨ︾ ᠭᠡᠬᠦ ᠰᠢᠯᠦᠭ ᠳᠠᠭᠤᠯᠠᠯ | ᠬᠦᠷᠲᠡᠯ᠎ᠡ᠂ ᠶᠣᠯᠣ ᠭᠠᠴᠠᠭᠠᠨ ᠤ 2022 ᠣᠨ ᠤ ᠴᠠᠭᠠᠨ ᠰᠠᠷ᠎ᠠ ᠶᠢᠨ ᠦᠳᠡᠰᠢᠯᠡᠭᠡ ᠠᠴᠠ ︽ᠬᠥᠳᠡᠭᠡ | ᠲᠣᠰᠬᠤᠨ ᠳᠤ ᠬᠦᠰᠡᠯ ᠢᠶᠠᠨ ᠲᠡᠷᠭᠡᠯᠰᠢᠭᠦᠯᠬᠦ · ᠮᠠᠨ ᠤ ᠲᠠᠪᠴᠠᠩ︾ ᠭᠡᠬᠦ ᠮᠠᠯᠴᠢᠨ ᠲᠠᠷᠢᠶᠠᠴᠢᠨ ᠤ ᠤᠳᠬ᠎ᠠ | ᠤᠷᠠᠯᠢᠭ ᠤᠨ ᠠᠵᠢᠯᠯᠠᠭ᠎ᠠ ᠬᠦᠷᠲᠡᠯ᠎ᠡ᠂ ᠭᠠᠴᠠᠭᠠᠨ ᠤ ᠠᠷᠠᠳ ᠤᠳ ︽ᠭᠠᠴᠠᠭᠠᠨ ᠤ ᠶᠠᠪᠤᠳᠠᠯ︾ ᠢ ᠦᠨᠡᠨ ᠬᠦ ︽ | ᠥᠪᠡᠷ ᠤᠨ ᠶᠠᠪᠤᠳᠠᠯ︾ ᠢᠶᠠᠨ ᠪᠣᠯᠭᠠᠵᠤ᠂ ᠬᠡᠷᠡᠭ ᠵᠥᠪᠯᠡᠬᠦ ᠲᠣᠭᠲᠠᠴᠠ ᠶᠢᠨ ᠠᠬᠢᠭᠤᠯᠤᠯ ᠳᠣᠤᠷ᠎ᠠ᠂ ᠢᠳᠡᠪᠬᠢᠲᠡᠶ | ᠣᠷᠣᠯᠴᠠᠵᠤ᠂ ᠥᠪᠡᠷ ᠤᠨ ᠤᠷ᠎ᠠ ᠠᠪᠢᠶᠠᠰ ᠢᠶᠠᠨ ᠪᠠᠳᠠᠷᠠᠭᠤᠯᠤᠨ᠂ ᠵᠣᠯ ᠵᠢᠷᠭᠠᠯᠲᠦ ᠲᠦᠷᠦᠭᠳᠡᠯ ᠢᠶᠠᠨ ᠲᠠᠰᠤᠷᠠᠯᠲᠠ | ᠥᠬᠡᠶ ᠳᠡᠭᠡᠭᠰᠢᠯᠡᠭᠦᠯᠪᠡ᠃ | |