ᠠᠶᠢᠮᠠᠭ ᠤᠨ ᠵᠠᠬᠢᠷᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠥᠬᠦ ᠠᠶᠢᠮᠠᠭ ᠤᠨ ᠠᠵᠤ ᠠᠬᠤᠶ ᠶᠢ ᠲᠣᠭᠲᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/6/14
    ᠣᠶᠢᠷ᠎ᠠ ᠳᠤ᠂ ᠠᠶᠢᠮᠠᠭ ᠤᠨ ᠵᠠᠬᠢᠷᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠤᠨ ᠠᠵᠤ ᠠᠬᠤᠶ ᠶᠢ ᠲᠣᠭᠲᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠭᠡᠨ᠂ ᠪᠣᠳᠠᠲᠠᠢ᠂ ᠣᠨᠣᠪᠴᠢᠲᠠᠢ᠂ ᠲᠣᠭᠲᠠᠭᠤᠨ︾ ᠠᠷᠭ᠎ᠠ ᠬᠡᠮᠵᠢᠶ᠎ᠡ ᠪᠠᠷ ᠪᠦᠬᠦ ᠠᠶᠢᠮᠠᠭ ᠤᠨ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠵᠤ᠂ ᠬᠤᠶᠠᠳᠤᠭᠠᠷ ᠤᠯᠠᠷᠢᠯ ᠳᠤ ᠴᠠᠭ ᠤᠨ ᠬᠠᠭᠠᠰ ᠨᠢ ᠥᠩᠭᠡᠷᠡᠬᠦ᠂ ᠡᠭᠦᠷᠭᠡ ᠶᠢᠨ ᠬᠠᠭᠠᠰ ᠢᠯᠡᠭᠦᠦ ᠶᠢ ᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃   ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠵᠢᠯᠯᠠᠭ᠎ᠠ ᠪᠠᠨ ᠲᠦᠷᠭᠡᠳᠬᠡᠵᠦ᠂ ᠠᠵᠤ ᠠᠬᠤᠢ ᠶᠢᠨ ᠠᠵᠢᠯᠯᠠᠭᠠᠨ ᠢ ᠲᠤᠬᠢᠷᠠᠭᠤᠯᠬᠤ ᠤᠳᠠᠭ᠎ᠠ ᠪᠠᠨ ᠲᠦᠷᠭᠡᠳᠬᠡᠵᠦ᠂ ᠪᠡᠯᠡ ᠮᠥᠩᠭᠦ ᠥᠭᠬᠦ ᠠᠬᠢᠴᠠ ᠪᠠᠨ ᠲᠦᠷᠭᠡᠳᠬᠡᠵᠦ᠂ ᠪᠦᠬᠦ ᠬᠦᠴᠦᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠢᠭᠡᠨᠲᠡ ᠬᠡᠷᠡᠭᠵᠢᠭᠦᠯᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠪᠦᠷᠢᠯᠳᠦᠭᠦᠯᠦᠨ᠂ ᠢᠵᠢ ᠪᠥᠷᠢᠳᠦᠭᠦᠯᠦᠨ ᠨᠠᠶᠢᠳᠠᠪᠤᠷᠢᠵᠢᠭᠤᠯᠬᠤ ᠲᠥᠰᠦᠯ ᠢ ᠰᠤᠳᠤᠯᠵᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠢ ᠨᠥᠭᠡᠴᠡᠯᠡᠵᠦ ᠤᠨᠤᠴᠠᠳᠠᠢ ᠥᠨᠳᠥᠷ ᠪᠦᠲᠦᠮᠵᠢᠲᠡᠢ᠂ ᠵᠣᠬᠢᠬᠤ ᠬᠡᠮᠵᠢᠶ᠎ᠡ ᠪᠠᠷ ᠤᠷᠢᠳᠴᠢᠯᠠᠨ ᠲᠥᠯᠥᠪᠵᠢᠭᠦᠯᠵᠦ᠂ ᠳᠡᠭᠡᠭᠰᠢ ᠴᠢᠷᠮᠠᠶᠢᠨ ᠤᠯᠬᠤ ᠪᠠ ᠪᠠᠶᠢᠭᠤᠯᠵᠤ ᠪᠠᠶᠢᠭ᠎ᠠ ᠲᠦᠷᠦᠯ ᠵᠦᠢᠯ ᠢ ᠠᠬᠢᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠶᠢ ᠢᠳᠡᠪᠬᠢᠲᠡᠢ ᠥᠷᠨᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠠᠵᠤ ᠠᠬᠤᠢ ᠶᠢᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠠᠶᠢᠩᠭᠤ ᠶᠢᠨ ᠴᠢᠨᠠᠷᠳᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠬᠡᠷᠡᠭ ᠢ ᠰᠠᠶᠢᠲᠤᠷ ᠬᠢᠬᠦ᠂ ᠨᠡᠭᠡᠭᠡᠯᠲᠡ ᠶᠢᠨ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ᠂ ᠠᠶᠤᠯᠭᠦᠢ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯᠡᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号