ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/14
    6 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠤᠭᠤᠳᠤᠬᠴᠢ ᠰᠦᠬᠡ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠳᠠᠮᠵᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠡᠮᠬᠢᠯᠡᠨ ᠳᠢᠭᠯᠡᠵᠦ᠂ ᠳᠠᠬᠢᠨ ᠴᠢᠬᠤᠯᠠᠴᠢᠯᠠᠵᠤ ᠪᠠᠶᠢᠷᠢᠯᠠᠭᠤᠯᠵᠠᠢ᠃   ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠠᠯ᠎ᠠ ᠪᠠᠷ ᠲᠠᠬᠢᠨᠳᠠ ᠳᠠᠷᠤᠯᠲᠠ ᠦᠵᠡᠭᠦᠯᠵᠦ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ︽ᠭᠠᠳᠠᠨ᠎ᠠ ᠠᠴᠠ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠥᠷᠪᠢᠰᠦᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠠ ︽ᠬᠥᠳᠡᠯᠦᠩᠭᠦᠢ ᠪᠠᠷ ᠡᠪᠡᠳᠴᠢᠨ ᠤ ᠵᠢᠱᠢᠶ᠎ᠡ ᠶᠢ ᠦᠬᠡᠢ ᠪᠤᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠪᠠ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ ᠪᠣᠭᠤᠮᠲᠠ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠤᠯᠠᠮ ᠨᠢᠭᠡ ᠠᠯᠬᠤᠮ ᠬᠦᠴᠦ ᠣᠷᠣᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠡᠵᠡᠮᠳᠡᠬᠦ ᠲᠣᠭᠲᠠᠴᠠ ᠶᠢᠨ ᠳᠠᠷᠤᠮᠠᠯᠯᠠᠨ ᠲᠠᠷᠬᠠᠭᠠᠭᠰᠠᠨ ︽ᠶᠡᠭᠡ ᠬᠡᠪᠴᠢᠶᠡᠨ ᠤ ᠤᠮᠢᠺᠷᠣᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠲᠣᠰ ᠱᠠᠲᠤᠨ ᠤ ᠲᠣᠭᠲᠠᠭᠠᠭᠰᠠᠨ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠤᠲᠠᠭᠤᠳᠠᠯ ᠢ ᠨᠥᠬᠦᠪᠥᠷᠢᠯᠡᠬᠦ ᠲᠠᠯ᠎ᠠ ᠪᠠᠷ ᠬᠤᠷᠳᠤᠴᠠ ᠪᠠᠨ ᠲᠦᠷᠭᠡᠳᠬᠡᠵᠦ᠂ ᠪᠥᠭᠡᠮ ᠬᠦᠴᠢᠯ ᠢ ᠪᠠᠶᠢᠴᠠᠭᠠᠬᠤ ᠴᠢᠳᠠᠪᠤᠷᠢ ᠶᠢᠨ ᠲᠠᠯ᠎ᠠ ᠪᠠᠷ᠂ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠭᠦᠢᠴᠡᠳ ᠳᠣᠭᠢᠷᠠᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠢ ᠭᠦᠢᠴᠡᠳ ᠳᠣᠭᠢᠷᠠᠭᠤᠯᠬᠤ ᠶᠢᠨ ᠬᠠᠮᠲᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠵᠡᠷᠭᠡ ᠠᠵᠢᠯ ᠢ ᠰᠠᠶᠢᠲᠤᠷ ᠬᠢᠵᠦ᠂ ᠪᠠᠶᠢᠴᠠᠭᠠᠨ ᠰᠢᠯᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠲᠠᠯ᠎ᠠ ᠪᠠᠷ᠂ ᠨᠥᠭᠡᠴᠡᠯᠡᠵᠦ ᠥᠭᠡᠷᠡᠴᠢᠯᠡᠬᠦ ᠠᠬᠢᠴᠠ ᠪᠠᠨ ᠲᠦᠷᠭᠡᠳᠬᠡᠵᠦ᠂ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡᠳᠬᠡᠯ ᠲᠠᠢ ᠪᠠᠶᠢᠪᠠᠯ ᠪᠠᠯᠠᠳᠠᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠦᠴᠦᠯᠡᠵᠦ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠭᠤᠣᠯᠳᠠᠯᠭ᠎ᠠ ᠶᠢ ᠣᠨᠣᠪᠴᠢᠲᠠᠢ ᠡᠷᠢᠵᠦ᠂ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠣᠪᠣᠷ ᠢᠶᠠᠨ ᠲᠥᠪ ᠪᠣᠯᠭᠠᠵᠤ᠂ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠥᠬᠦ ᠠᠶᠢᠮᠠᠭ ᠤᠨ ︽ᠤᠯᠤᠰ ᠤᠨ ᠰᠢᠯᠭᠠᠯᠲᠠ︾ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠵᠡᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号