ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠬᠢᠩᠭᠠᠨ ᠠᠶᠢᠮᠠᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠵᠡᠮᠳᠡᠭᠴᠦᠳ ᠤᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 5 ᠰᠠᠷ᠎ᠠ ᠶᠢᠨ 23 | ᠬᠢᠩᠭᠠᠨ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ | ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ᠵᠡᠮᠳᠡᠭᠴᠦᠳ ᠤᠨ ᠦᠢᠯᠡᠰ ᠤᠨ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠵᠦ᠂ ︽ᠲᠥᠷᠥ ᠶᠢᠨ | ᠶᠠᠪᠤᠳᠠᠯ ᠤᠨ ᠬᠤᠷᠢᠶ᠎ᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠪᠠᠲᠤᠯᠠᠭ᠎ᠠ ᠪᠠ | ᠬᠥᠭᠵᠢᠯᠲᠡ ᠶᠢᠨ ᠲᠥᠯᠥᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠ ︽ | ᠬᠢᠩᠭᠠᠨ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ | ᠦᠨᠳᠦᠰᠦᠯᠡᠨ᠂ ᠬᠢᠩᠭᠠᠨ ᠠᠶᠢᠮᠠᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ | ᠃ | ᠨᠢᠭᠡ᠂ ᠠᠬᠤᠶ ᠪᠠᠶᠢᠳᠠᠯ | ︽ᠠᠷᠪᠠᠨ ᠭᠤᠷᠪᠠᠳᠤᠭᠠᠷ ᠲᠠᠪᠤᠨ ᠵᠢᠯ ︾ ᠤᠨ ᠬᠤᠭᠤᠴᠠᠭᠠᠨ ᠳᠤ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠵᠡᠮᠳᠡᠭᠴᠦᠳ ᠤᠨ ᠦᠢᠯᠡᠰ ᠤᠨ ᠪᠥᠬᠦ | ᠲᠠᠯ᠎ᠠ ᠶᠢᠨ ᠬᠥᠭᠵᠢᠯᠲᠡ ᠶᠢ ᠳᠥᠯᠭᠢᠨ ᠠᠬᠢᠭᠤᠯᠵᠤ᠂ ᠢᠯᠡᠳᠲᠡ ᠠᠮᠵᠢᠯᠲᠠ ᠪᠦᠲᠦᠮᠵᠢ ᠤᠯᠪᠠ᠃ ᠵᠡᠮᠳᠡᠭᠴᠦᠳ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠵᠤ᠂ | ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠣᠷ᠎ᠠ 2.11 ᠲᠦᠮᠡ ᠭᠠᠷᠤᠶ ᠮᠠᠯᠵᠢᠬᠤ ᠲᠠᠷᠢᠶᠠᠯᠠᠬᠤ | ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠵᠡᠮᠳᠡᠭᠴᠦᠳ ᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 3 ᠲᠦᠮᠡ ᠭᠠᠷᠤᠶ ᠶᠠᠳᠠᠭᠤ ᠬᠦᠴᠢᠷᠳᠡᠯᠲᠡᠶ ᠵᠡᠮᠳᠡᠭᠴᠦᠳ ᠲᠤ | ᠠᠮᠢᠳᠤᠷᠠᠯ ᠤᠨ ᠨᠥᠬᠦᠪᠥᠷᠢ ᠣᠯᠭᠤᠵᠤ᠂ 2 ᠲᠦᠮᠡ ᠭᠠᠷᠤᠶ ᠬᠦᠨᠳᠦ ᠳᠡᠰ ᠤᠨ ᠵᠡᠮᠳᠡᠭᠴᠦᠳ ᠲᠤ ᠰᠤᠪᠢᠯᠠᠯᠲᠠ ᠶᠢᠨ | ᠨᠥᠬᠦᠪᠥᠷᠢ ᠣᠯᠭᠤᠵᠤ᠂ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 100 ᠲᠥᠭᠦᠷᠢᠭ ᠪᠣᠯᠭᠠᠨ ᠳᠡᠭᠡᠭᠰᠢᠯᠡᠭᠦᠯᠵᠦ᠂ | ᠵᠠᠰᠠᠭ ᠤᠨ ᠣᠷᠳᠣᠨ ᠠᠴᠠ ᠬᠦᠨᠳᠦ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ | ᠬᠥᠮᠦᠨ ᠪᠦᠷᠢ ᠵᠢᠯ ᠳᠤ 200 ᠲᠥᠭᠦᠷᠢᠭ ᠣᠷᠣᠯᠠᠨ ᠲᠤᠰᠢᠶᠠᠵᠤ᠂ ᠵᠡᠮᠳᠡᠭᠴᠦᠳ ᠤᠨ ᠰᠠᠨᠠᠭᠠᠨ ᠳᠤ ᠦᠭᠡᠶ | ᠰᠢᠷᠬᠠᠲᠤᠯ ᠤᠨ ᠳᠠᠭᠠᠳᠬᠠᠯ ᠢ ᠨᠡᠶᠢᠳᠡᠮ ᠬᠡᠷᠡᠭᠵᠢᠭᠦᠯᠵᠦ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ | ᠵᠡᠮᠳᠡᠭᠴᠦᠳ ᠤᠨ ᠭᠡᠷ ᠪᠦᠯᠢ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠨᠣᠷᠮ᠎ᠠ 100% ᠳᠤ | ᠬᠦᠷᠴᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠨᠣᠷᠮ᠎ᠠ ᠪᠣᠯᠤᠨ ᠲᠤᠰᠠᠯᠠᠬᠤ ᠪᠠᠭᠠᠵᠢ | ᠬᠡᠷᠡᠭᠰᠡᠯ ᠤᠨ ᠳᠣᠭᠢᠷᠠᠭᠤᠯᠬᠤ ᠦᠢᠯᠡᠴᠢᠯᠡᠭᠡᠨ ᠤ ᠨᠣᠷᠮ᠎ᠠ ᠴᠥᠮ 90% ᠶᠢ ᠳᠠᠪᠠᠵᠤ᠂ ᠬᠦᠴᠢᠷᠳᠡᠯᠲᠡᠶ ᠬᠦᠨᠳᠦ | ᠵᠡᠮᠳᠡᠭᠴᠦᠳ ᠤᠨ ᠬᠡᠷ ᠪᠦᠯᠢ ᠳᠤ ᠬᠠᠷᠰᠢ ᠰᠠᠭᠠᠳ ᠥᠬᠡᠶ ᠥᠭᠡᠷᠡᠴᠢᠯᠡᠯᠲᠡ ᠬᠢᠬᠦ 4200 ᠡᠷᠦᠬᠡ ᠳᠤ ᠬᠦᠷᠴᠦ᠂ | ᠵᠡᠮᠳᠡᠭ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠠᠷᠢᠴᠠᠯ 95.34% ᠳᠤ | ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠲᠤ ᠲᠣᠭᠲᠠᠪᠤᠷᠢᠲᠠᠶ ᠠᠵᠢᠯ ᠣᠯᠭᠤᠭᠰᠠᠨ ᠬᠥᠮᠦᠨ ᠤ | ᠲᠤᠭ᠎ᠠ 5100 ᠳᠤ ᠬᠦᠷᠴᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡ ᠭᠥᠷᠳᠡᠬᠦ ᠬᠥᠮᠦᠨ ᠤ | ᠲᠤᠭ᠎ᠠ 1850 ᠳᠤ ᠬᠥᠷᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠵᠡᠮᠳᠡᠭᠴᠦᠳ ᠤᠨ ᠠᠷᠠᠳ ᠤᠨ | ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠬᠦᠴᠦᠲᠡᠶ ᠠᠬᠢᠭᠤᠯᠵᠤ | ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ | ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ | ᠪᠦᠬᠦ ᠠᠶᠢᠮᠠᠭ ᠲᠤ ᠣᠳᠣ ᠦᠨᠡᠮᠯᠡᠯ ᠲᠠᠢ ᠵᠡᠮᠳᠡᠭ ᠬᠥᠮᠦᠨ 6.03ᠲᠦᠮᠡ ᠪᠠᠶᠢᠨ᠎ᠠ᠂ ᠵᠡᠮᠳᠡᠭᠴᠦᠳ ᠤᠨ | ᠠᠮᠠ ᠶᠢᠨ ᠬᠠᠷᠢᠴᠠᠯᠠᠰᠢᠭᠦᠶ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠬᠥᠮᠦᠨ ᠠᠮᠠ ᠶᠢᠨ ᠨᠠᠰᠤᠵᠢᠯᠲᠠ ᠵᠢᠴᠢ | ᠪᠤᠰᠤᠳ ᠵᠥᠩᠨᠡᠵᠦ ᠪᠣᠯᠤᠰᠢ ᠥᠬᠡᠶ ᠬᠦᠴᠦᠨ ᠵᠦᠢᠯ ᠤᠨ ᠨᠥᠯᠥᠭᠡ ᠶᠢ ᠳᠠᠭᠠᠯᠳᠤᠨ᠂ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠡᠮᠳᠡᠭᠴᠦᠳ ᠤᠨ ᠲᠤᠭ᠎ᠠ ᠬᠡᠮᠵᠢᠶ᠎ᠡ ᠮᠥᠨ ᠬᠦ ᠣᠯᠠᠨ | ᠡᠭᠦᠰᠴᠦ᠂ ᠵᠡᠮᠳᠡᠭᠴᠦᠳ ᠤᠨ ᠠᠵᠢᠯ ᠦᠢᠯᠡᠰ ᠲᠤ ᠠᠯᠢ ᠣᠯᠠᠨ ᠲᠣᠪᠤᠶᠢᠮ᠎ᠠ ᠠᠰᠠᠭᠤᠳᠠᠯ ᠲᠤᠯᠭᠠᠷᠠᠬᠤ ᠪᠣᠯᠤᠨ᠎ᠠ᠂ | ᠡᠭᠦᠨ ᠳᠤ ᠭᠤᠤᠯᠳᠠᠭᠤ ᠨᠡᠯᠢᠶᠡᠳ ᠲᠣᠭᠠᠨ ᠤ ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠶᠢᠨ ᠠᠮᠢᠳᠤᠷᠠᠯ | ᠪᠠᠰᠠ ᠨᠡᠯᠢᠶᠡᠳ ᠬᠦᠴᠢᠷᠳᠡᠯᠲᠡᠶ ᠪᠠᠶᠢᠵᠤ᠂ ᠵᠡᠮᠳᠡᠭᠴᠦᠳ ᠤᠨ ᠳᠠᠬᠢᠨ ᠶᠠᠳᠠᠭᠤᠷᠠᠬᠤ ᠲᠦᠭᠰᠢᠭᠦᠷᠢ ᠨᠡᠯᠢᠶᠡᠳ | ᠥᠨᠳᠥᠷ ᠪᠠᠶᠢᠬᠤ︔ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠨᠡᠯᠢᠶᠡᠳ ᠳᠣᠣᠷ᠎ᠠ᠂ ᠠᠵᠢᠯ | ᠣᠯᠭᠤᠯᠲᠠ ᠪᠠᠰᠠ ᠭᠦᠢᠴᠡᠳ ᠪᠤᠰᠤ᠂ ᠵᠡᠮᠳᠡᠭᠴᠦᠳ ᠤᠨ ᠭᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠶᠢ | ᠨᠡᠶᠢᠭᠡᠮ ᠤᠨ ᠳᠤᠮᠳᠠᠴᠢ ᠬᠢᠷᠢ ᠬᠡᠮᠵᠢᠶ᠎ᠡ ᠲᠠᠢ ᠬᠠᠷᠢᠴᠠᠭᠤᠯᠪᠠᠯ ᠪᠠᠰᠠ ᠢᠯᠡᠷᠬᠡᠶ ᠵᠥᠷᠢᠶ᠎ᠡ ᠲᠠᠢ ᠪᠠᠶᠢᠨ᠎ᠠ︔ | ᠵᠡᠮᠳᠡᠭᠴᠦᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠦᠷ᠎ᠡ ᠠᠰᠢᠭ ᠪᠠᠰᠠ ᠥᠨᠳᠥᠷ ᠪᠢᠰᠢ᠂ | ᠲᠠᠷᠬᠠᠯᠲᠠ ᠲᠡᠭᠰᠢ ᠪᠤᠰᠤ ᠪᠠᠶᠢᠵᠤ᠂ ᠵᠡᠮᠳᠡᠭᠴᠦᠳ ᠤᠨ ᠰᠤᠷᠭᠠᠭᠤᠯᠢ ᠳᠤ ᠣᠷᠣᠵᠤ ᠡᠮᠨᠡᠭᠦᠯᠬᠦ᠂ ᠡᠷᠡᠭᠦᠯᠵᠢᠭᠦᠯᠦᠨ | ᠠᠰᠠᠷᠠᠬᠤ᠂ ᠰᠠᠭᠠᠳ ᠥᠬᠡᠶ ᠪᠠᠶᠢᠯᠭᠠᠬᠤ ᠵᠡᠷᠭᠡ ᠣᠯᠠᠨ ᠶᠠᠩᠵᠤᠲᠤ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠰᠠ | ᠬᠠᠩᠭᠠᠵᠤ ᠳᠡᠶᠢᠯᠦᠭᠡᠳᠦᠶ ᠪᠠᠶᠢᠭᠰᠠᠭᠠᠷ︔ ᠵᠡᠮᠳᠡᠭᠴᠦᠳ ᠤᠨ ᠠᠳᠠᠯᠢ ᠲᠡᠭᠰᠢ ᠡᠷᠬᠡ ᠶᠢ ᠪᠠᠰᠠ ᠭᠦᠢᠴᠡᠳ | ᠪᠠᠲᠤᠯᠠᠭᠠᠳᠤᠶ᠂ ᠵᠡᠮᠳᠡᠭᠴᠦᠳ ᠢ ᠭᠠᠳᠠᠭᠤᠷᠴᠢᠯᠠᠬᠤ᠂ ᠵᠡᠮᠳᠡᠭᠴᠦᠳ ᠤᠨ ᠡᠷᠬᠡ ᠠᠰᠢᠭ ᠲᠤ ᠬᠠᠯᠳᠠᠬᠤ ᠦᠵᠡᠭᠳᠡᠯ | ᠪᠠᠰᠠ ᠪᠠᠶᠢᠨ ᠪᠠᠶᠢᠨ ᠭᠠᠷᠴᠤ ᠪᠠᠶᠢᠨ᠎ᠠ︔ ᠵᠡᠮᠳᠡᠭᠴᠦᠳ ᠤᠨ ᠦᠢᠯᠡᠰ ᠨᠢ ᠮᠥᠨᠬᠦ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠳᠤᠲᠠᠭᠤᠳᠠᠯ ᠪᠤᠯᠵᠤ᠂ ᠬᠥᠭᠵᠢᠯᠲᠡ ᠨᠢ ᠲᠡᠩᠴᠡᠭᠦᠷᠢ ᠥᠭᠡᠢ ᠭᠦᠢᠴᠡᠳ ᠥᠭᠡᠢ ᠪᠠᠶᠢᠬᠤ | ᠠᠰᠠᠭᠤᠳᠠᠯ ᠨᠡᠯᠢᠶᠡᠳ ᠲᠤᠪᠤᠶᠢᠮ᠎ᠠ ᠪᠠᠶᠢᠵᠤ᠂ ᠲᠠᠷᠢᠶᠠᠯᠠᠬᠤ ᠮᠠᠯᠵᠢᠬᠤ ᠣᠷᠣᠨ ᠪᠣᠯᠤᠨ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠵᠡᠮᠳᠡᠭᠴᠦᠳ ᠲᠤ ᠦᠢᠯᠡᠴᠢᠯᠡᠬᠦ ᠰᠠᠭᠤᠷᠢ ᠪᠣᠯᠤᠨ ᠴᠢᠳᠠᠪᠤᠷᠢ ᠨᠡᠯᠢᠶᠡᠳ ᠪᠠᠭᠤᠷᠠᠶ | ᠪᠠᠶᠢᠨ᠎ᠠ᠃ | ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ | ᠴᠢᠬᠤᠯᠠ ᠪᠦᠷᠢᠯᠳᠦᠬᠦᠨ ᠬᠡᠰᠡᠭ ᠮᠥᠨ᠃ ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ︽ᠠᠷᠠᠳ | ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠤ ᠡᠷᠬᠡᠪᠰᠢ | ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ ᠦᠢᠯᠡᠰ ᠢ ᠵᠠᠪᠠᠯ ᠦᠷᠭᠦᠯᠵᠢᠯᠡᠨ | ᠳᠥᠯᠭᠢᠨ ᠠᠬᠢᠭᠤᠯᠬᠤ ᠬᠡᠷᠡᠭᠲᠡᠶ︾ ᠭᠡᠵᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ | ᠮᠠᠨ ᠤ ᠠᠶᠢᠮᠠᠭ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ | ᠪᠣᠯᠤᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ | ᠠᠶᠠᠨ ᠵᠠᠮ ᠳᠤ ᠵᠡᠮᠳᠡᠭᠴᠦᠳ ᠢ ᠶᠠᠭᠠᠬᠢᠭᠰᠠᠨ ᠴᠤ ᠡᠩᠨᠡᠭᠡ ᠠᠴᠠ ᠬᠤᠴᠣᠷᠤᠭᠤᠯᠵᠤ ᠪᠣᠯᠬᠤ ᠥᠬᠡᠶ᠃ | ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠡᠮᠬᠢ ᠵᠢᠷᠤᠮ ᠲᠠᠢ | ᠵᠣᠯᠭᠠᠭᠤᠯᠬᠤ ᠶᠢ ᠪᠡᠶᠡᠯᠡᠭᠦᠯᠵᠦ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠴᠢᠨᠠᠭᠰᠢᠳᠠ | ᠴᠢᠩᠭᠠᠳᠬᠠᠵᠤ᠂ ᠥᠷᠭᠡᠨ ᠤᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠦ᠂ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ | ᠡᠳ᠋ᠯᠡᠬᠦ ᠬᠡᠷᠡᠭᠲᠡᠢ᠃ | ᠬᠤᠶᠠᠷ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ | ᠤᠨ ᠵᠡᠮᠳᠡᠭᠴᠦᠳ ᠤᠨ ᠦᠢᠯᠡᠰ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ | ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠵᠡᠮᠳᠡᠭᠴᠦᠳ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠵᠡᠮᠳᠡᠭᠴᠦᠳ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠠ ᠬᠠᠮᠲᠤ ᠶᠢᠨ ᠴᠢᠨᠡᠭᠡᠯᠢᠭᠵᠢᠯ ᠢ | ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠵᠤ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠵᠦ᠂ | ᠵᠡᠮᠳᠡᠭᠴᠦᠳ ᠤᠨ ᠠᠭᠤᠰᠤᠯᠴᠠᠨ ᠬᠥᠭᠵᠢᠬᠦ᠂ ᠪᠦᠬᠦ ᠲᠠᠯ᠎ᠠ ᠪᠠᠷ ᠬᠥᠭᠵᠢᠬᠦ ᠪᠠ ᠬᠠᠮᠲᠤᠪᠠᠷ ᠪᠠᠶᠠᠵᠢᠬᠤ ᠶᠢ | ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠢ ᠨᠡᠩ ᠪᠠᠶᠠᠨ ᠴᠢᠨᠡᠭᠡᠯᠢᠭ᠂ ᠨᠡᠩ ᠨᠡᠷ᠎ᠡ ᠬᠦᠨᠳᠦ ᠲᠠᠢ ᠪᠣᠯᠭᠠᠵᠤ᠂ | ᠣᠳᠣᠬᠢᠴᠢᠯᠠᠭᠰᠠᠨ ᠬᠢᠩᠭᠠᠨ ᠠᠶᠢᠮᠠᠭ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ︵ᠬᠤᠶᠠᠷ︶ ᠦᠨᠳᠦᠰᠦᠨ ᠵᠠᠷᠴᠢᠮ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠬᠤᠷᠢᠶ᠎ᠠ ᠠᠴᠠ ᠤᠳᠤᠷᠢᠳᠤᠭᠰᠠᠨ᠂ | ᠵᠠᠰᠠᠭ ᠤᠨ ᠣᠷᠳᠣᠨ ᠠᠴᠠ ᠬᠠᠷᠢᠭᠤᠴᠠᠭᠰᠠᠨ ᠵᠡᠮᠳᠡᠭᠴᠦᠳ ᠤᠨ ᠠᠵᠢᠯ ᠤᠨ ᠤᠳᠤᠷᠢᠳᠬᠤ ᠪᠠᠶᠢᠭᠤᠯᠤᠯ ᠢ | ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ | ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠵᠡᠮᠳᠡᠭᠴᠦᠳ ᠢ ᠣᠨᠴᠠᠭᠠᠢ ᠬᠠᠯᠠᠮᠵᠢᠯᠠᠵᠤ᠂ | ᠵᠡᠮᠳᠡᠭᠴᠦᠳ ᠤᠨ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ | ᠦᠨᠳᠦᠰᠦᠨ ᠵᠦᠢᠯ ᠢ ᠪᠠᠲᠤᠯᠠᠬᠤ᠂ ᠰᠠᠭᠤᠷᠢ ᠱᠤᠭᠤᠮ ᠢ ᠪᠠᠲᠤᠯᠠᠬᠤ ᠶᠢ ᠪᠠᠷᠢᠮᠲᠠᠯᠠᠨ᠎ᠠ᠃ ᠵᠡᠮᠳᠡᠭᠴᠦᠳ ᠤᠨ | ᠨᠡᠶᠢᠭᠡᠮ ᠤᠨ ᠠᠰᠠᠷᠠᠮᠵᠢ ᠶᠢᠨ ᠲᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ | ᠬᠦᠴᠦᠯᠡᠨ ᠲᠡᠭᠦᠯᠳᠡᠷᠵᠢᠭᠦᠯᠵᠦ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ | ᠲᠦᠪᠰᠢᠨ ᠤ ᠲᠣᠤᠷ ᠢ ᠨᠢᠭᠲᠠ ᠪᠥᠭᠡᠳ ᠪᠠᠲᠤ ᠰᠦᠯᠵᠢᠵᠦ᠂ ᠳᠤᠲᠠᠭᠳᠠᠯ ᠢ ᠬᠤᠷᠢᠭᠯᠠᠨ᠂ ᠳᠤᠲᠠᠭᠤᠳᠠᠯ ᠢ | ᠨᠥᠬᠦᠪᠥᠷᠢᠯᠡᠵᠦ᠂ ᠪᠠᠭᠤᠷᠠᠶ ᠲᠠᠯ᠎ᠠ ᠶᠢ ᠪᠠᠭᠤᠷᠠᠭᠤᠯᠤᠨ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠂ ᠵᠡᠮᠳᠡᠭᠴᠦᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ | ᠡᠳ᠋ᠯᠡᠬᠦ ᠶᠢ ᠠᠬᠢᠭᠤᠯᠤᠨ᠎ᠠ᠃ | ᠦᠨᠳᠦᠰᠦ ᠰᠠᠭᠤᠷᠢ ᠶᠢ ᠪᠠᠬᠢᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠵᠡᠮᠳᠡᠭᠴᠦᠳ ᠤᠨ | ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠡᠮᠳᠡᠭᠴᠦᠳ ᠤᠨ ᠠᠵᠢᠯ | ᠦᠢᠯᠡᠰ ᠤᠨ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ᠂ ᠮᠡᠳᠡᠭᠡ | ᠵᠠᠩᠭᠢᠵᠢᠯᠲᠠ᠂ ᠤᠶᠤᠨᠴᠢᠯᠠᠯᠲᠠ ᠵᠡᠷᠭᠡ ᠰᠠᠭᠤᠷᠢ ᠪᠠᠲᠤᠯᠠᠭ᠎ᠠ ᠶᠢᠨ ᠨᠥᠬᠦᠴᠡᠯ ᠢ ᠴᠢᠩᠭᠠᠷᠠᠭᠤᠯᠵᠤ᠂ ᠵᠡᠮᠳᠡᠭᠴᠦᠳ ᠤᠨ | ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤᠲᠤ ᠴᠢᠨᠠᠷ ᠤᠨ᠂ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠶᠢ | ᠬᠠᠩᠭᠠᠨ᠎ᠠ᠃ | ᠬᠠᠤᠯᠢ ᠶᠣᠰᠣᠭᠠᠷ ᠬᠥᠭᠵᠢᠭᠦᠯᠬᠦ ᠶᠢ ᠪᠠᠷᠢᠮᠲᠠᠯᠠᠵᠤ᠂ ᠡᠷᠬᠡ ᠶᠢ ᠪᠠᠲᠤᠯᠠᠨ᠎ᠠ᠃ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠤᠨ | ᠠᠵᠢᠯ ᠦᠢᠯᠡᠰ ᠤᠨ ᠦᠨᠳᠦᠰᠦᠨ ᠲᠦᠷᠢᠮ ᠤᠨ ᠰᠢᠰᠲ᠋ᠧᠮᠵᠢ ᠶᠢᠨ ᠨᠠᠩ ᠪᠣᠯᠪᠠᠰᠤᠷᠠᠩᠭᠤᠶ ᠨᠠᠩ ᠬᠡᠯᠪᠡᠷᠢᠵᠢᠨ | ᠲᠣᠭᠲᠠᠬᠤ ᠶᠢ ᠠᠬᠢᠭᠤᠯᠤᠨ᠂ ᠵᠡᠮᠳᠡᠭᠴᠦᠳ ᠤᠨ ᠠᠵᠢᠯ ᠦᠢᠯᠡᠰ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠨ᠎ᠠ᠃ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠪᠠ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠠᠮᠵᠢᠯᠴᠠᠬᠤ ᠦᠢᠯᠡᠳᠦᠯ ᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠬᠤᠷᠠᠮᠳᠤᠭᠤᠯᠤᠨ᠂ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠬᠤᠲᠠ ᠬᠥᠳᠡᠭᠡ᠂ ᠣᠷᠣᠨ | ᠪᠦᠰᠡ ᠶᠢᠨ ᠵᠡᠮᠳᠡᠭᠴᠦᠳ ᠤᠨ ᠦᠢᠯᠡᠰ ᠤᠨ ᠲᠡᠩᠴᠡᠭᠦᠷᠢᠲᠡᠶ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠵᠡᠮᠳᠡᠭᠴᠦᠳ ᠤᠨ ᠦᠢᠯᠡᠰ ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ︵ᠭᠤᠷᠪᠠ︶ ᠭᠤᠣᠯ ᠬᠠᠷᠠᠯᠲᠠ | 2025 ᠣᠨ ᠪᠣᠯᠬᠤ ᠳᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠤᠨ ᠠᠭᠤᠰᠤᠯᠴᠠᠨ ᠬᠥᠭᠵᠢᠬᠦ ᠪᠠ | ᠴᠢᠨᠠᠷ ᠰᠠᠶᠢᠲᠠᠢ ᠬᠥᠭᠵᠢᠬᠦ ᠶᠢ ᠪᠡᠶᠡᠯᠡᠭᠦᠯᠦᠨ᠎ᠡ︔ ᠤᠯᠠᠨ ᠲᠡᠰ ᠳᠠᠪᠬᠤᠷᠭ᠎ᠠ ᠶᠢᠨ ᠵᠡᠮᠳᠡᠭᠴᠦᠳ ᠤᠨ ᠨᠡᠶᠢᠭᠡᠮ ᠤᠨ | ᠪᠠᠲᠤᠯᠠᠪᠤᠷᠢ ᠶᠢᠨ ᠲᠦᠷᠢᠮ ᠢ ᠦᠨᠳᠦᠰᠦᠨ ᠳᠡᠭᠡᠨ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠠᠷᠠᠳ ᠤᠨ | ᠠᠮᠢᠳᠤᠷᠠᠯ ᠢ ᠲᠣᠭᠲᠠᠭᠤᠨ ᠢᠶᠠᠷ ᠪᠠᠲᠤᠯᠠᠵᠤ᠂ ᠬᠦᠨᠳᠦ ᠳᠡᠰ ᠤᠨ ᠵᠡᠮᠳᠡᠭᠴᠦᠳ ᠢ ᠨᠡᠩ ᠰᠠᠶᠢᠲᠤᠷ ᠬᠠᠷᠠᠭᠠᠯᠵᠠᠨ᠎ᠠ︔ | ᠵᠡᠮᠳᠡᠭᠴᠦᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠳᠡᠮᠵᠢᠬᠦ ᠣᠯᠠᠨ ᠬᠡᠯᠪᠡᠷᠢ ᠶᠢᠨ | ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠵᠡᠮᠳᠡᠭᠴᠦᠳ ᠲᠤ ᠨᠡᠯᠢᠶᠡᠳ ᠭᠦᠢᠴᠡᠳ ᠪᠥᠭᠡᠳ ᠨᠡᠯᠢᠶᠡᠳ | ᠴᠢᠨᠠᠷ ᠰᠠᠶᠢᠲᠠᠶ ᠠᠵᠢᠯ ᠣᠯᠭᠤᠬᠤ ᠶᠢ ᠪᠡᠶᠡᠯᠡᠭᠦᠯᠦᠨ᠎ᠡ︔ ᠵᠡᠮᠳᠡᠭᠴᠦᠳ ᠤᠨ ᠡᠷᠡᠭᠦᠯᠵᠢᠯ ᠤᠨ ᠨᠠᠷᠢᠯᠢᠭ ᠣᠨᠣᠴᠠᠲᠠᠶ | ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠣᠶ ᠪᠣᠯᠭᠠᠵᠤ᠂ ᠵᠡᠮᠳᠡᠭᠴᠦᠳ ᠲᠤ ᠡᠷᠡᠭᠦᠯᠵᠢᠯ ᠤᠨ | ᠦᠨᠳᠦᠰᠦᠨ ᠦᠢᠯᠡᠴᠢᠯᠡᠭᠡ ᠶᠢ ᠨᠡᠶᠢᠳᠡᠮ ᠡᠳ᠋ᠯᠡᠭᠦᠯᠦᠨ᠎ᠡ︔ ᠵᠡᠮᠳᠡᠭᠴᠦᠳ ᠤᠨ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠠᠳᠠᠯᠢ ᠲᠡᠭᠰᠢ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠵᠡᠮᠳᠡᠭᠴᠦᠳ ᠤᠨ ᠦᠵᠡᠯ ᠰᠠᠨᠠᠭᠠᠨ ᠤ | ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ | ᠴᠢᠨᠠᠷ ᠢ ᠢᠯᠡᠳᠲᠡ ᠳᠡᠭᠡᠭᠰᠢᠯᠡᠭᠦᠯᠦᠨ᠎ᠡ︔ ᠬᠠᠤᠯᠢ ᠪᠠᠷ ᠵᠠᠰᠠᠭᠰᠠᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ | ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠵᠡᠮᠳᠡᠭᠴᠦᠳ ᠤᠨ ᠤᠯᠤᠰ ᠲᠦᠷᠦ᠂ ᠠᠵᠤ ᠠᠬᠤᠢ᠂ ᠰᠣᠶᠣᠯ | ᠂ ᠨᠡᠶᠢᠭᠡᠮ᠂ ᠭᠡᠷ ᠪᠦᠯᠢ ᠶᠢᠨ ᠠᠮᠢᠳᠤᠷᠠᠯ ᠵᠡᠷᠭᠡ ᠡᠯ᠎ᠡ ᠲᠠᠯ᠎ᠠ ᠶᠢᠨ ᠡᠷᠬᠡ ᠲᠡᠭᠰᠢ ᠡᠷᠬᠡ ᠠᠰᠢᠭ ᠢ ᠨᠡᠩ ᠰᠠᠶᠢᠲᠤᠷ | ᠪᠡᠶᠡᠯᠡᠭᠦᠯᠦᠨ᠎ᠡ︔ ᠪᠥᠬᠦ ᠬᠦᠷᠢᠶᠡᠨ ᠳᠠᠬᠢ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ | ᠢᠯᠡᠳᠲᠡ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠎ᠡ᠃ | 2035 ᠣᠨ ᠪᠣᠯᠬᠤ ᠳᠤ᠂ ᠵᠡᠮᠳᠡᠭᠴᠦᠳ ᠤᠨ ᠦᠢᠯᠡᠰ ᠢ ᠪᠦᠬᠦ ᠠᠶᠢᠮᠠᠭ ᠤᠨ ᠠᠵᠤ ᠠᠬᠤᠶ ᠨᠡᠶᠢᠭᠡᠮ ᠲᠠᠢ | ᠵᠣᠬᠢᠴᠠᠩᠭᠤᠶ ᠪᠠᠷ ᠬᠥᠭᠵᠢᠭᠦᠯᠵᠦ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠭᠦᠢᠴᠡᠳ | ᠂ ᠪᠣᠳᠠᠰ ᠤᠨ ᠠᠮᠢᠳᠤᠷᠠᠯ ᠢ ᠨᠠᠩ ᠡᠯᠪᠡᠭ ᠳᠡᠯᠪᠡᠭ᠂ ᠣᠶᠤᠨ ᠤ ᠠᠮᠢᠳᠤᠷᠠᠯ ᠢ ᠨᠠᠩ ᠡᠯᠪᠡᠭ ᠪᠠᠶᠠᠯᠢᠭ᠂ ᠡᠷᠬᠡ ᠲᠡᠭᠰᠢ | ᠪᠠᠭᠲᠠᠭᠠᠮᠵᠢᠲᠠᠶ ᠨᠡᠶᠢᠭᠡᠮ ᠤᠨ ᠠᠭᠤᠷ ᠠᠮᠢᠰᠬᠤᠯ ᠢ ᠨᠠᠩ ᠥᠳᠬᠡᠨ ᠵᠤᠵᠠᠭᠠᠨ ᠪᠣᠯᠭᠠᠬᠤ ᠶᠢ ᠪᠡᠶᠡᠯᠡᠭᠦᠯᠵᠦ᠂ | ᠵᠡᠮᠳᠡᠭᠴᠦᠳ ᠲᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠠᠮᠲᠤᠪᠠᠷ ᠡᠳ᠋ᠯᠡᠬᠦ ᠬᠥᠭᠵᠢᠯᠲᠡ ᠶᠢᠨ | ᠡᠷᠬᠡ ᠶᠢ ᠭᠦᠢᠴᠡᠳ ᠡᠳ᠋ᠯᠡᠭᠦᠯᠵᠦ᠂ ᠵᠡᠮᠳᠡᠭᠴᠦᠳ ᠤᠨ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ | ᠪᠣᠯᠭᠠᠵᠤ᠂ ᠵᠡᠮᠳᠡᠭᠴᠦᠳ ᠤᠨ ᠪᠥᠬᠦ ᠲᠠᠯ᠎ᠠ ᠪᠠᠷ ᠬᠥᠭᠵᠢᠬᠦ ᠪᠠ ᠬᠠᠮᠲᠤᠪᠠᠷ ᠴᠢᠨᠡᠭᠡᠯᠢᠭᠵᠢᠬᠦ ᠶᠢ ᠨᠠᠩ ᠢᠯᠡᠷᠬᠡᠶ | ᠪᠣᠳᠠᠲᠤ ᠠᠬᠢᠴᠠ ᠲᠠᠢ ᠪᠣᠯᠭᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠤᠯᠠᠨ ᠲᠡᠰ ᠳᠠᠪᠬᠤᠷᠭ᠎ᠠ ᠶᠢᠨ ᠵᠡᠮᠳᠡᠭᠴᠦᠳ ᠤᠨ ᠨᠡᠶᠢᠭᠡᠮ ᠤᠨ ᠪᠠᠲᠤᠯᠠᠪᠤᠷᠢ ᠶᠢᠨ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ ᠲᠤ ᠨᠡᠩ ᠲᠣᠭᠲᠠᠭᠤᠨ ᠪᠥᠭᠡᠳ ᠨᠠᠶᠢᠳᠠᠪᠤᠷᠢᠲᠠᠢ ᠠᠷᠠᠳ ᠤᠨ | ᠠᠮᠢᠳᠤᠷᠠᠯ ᠤᠨ ᠪᠠᠲᠤᠯᠠᠭ᠎ᠠ ᠬᠠᠩᠭᠠᠨ᠎ᠠ | 1. ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ | ᠬᠤᠭᠤᠴᠠᠭᠠᠨ ᠳᠤ᠂ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ ᠪᠤᠰᠤ ᠡᠷᠦᠬᠡ᠂ ᠠᠮᠠᠷᠬᠠᠨ ᠶᠠᠳᠠᠭᠤᠷᠠᠬᠤ | ᠡᠷᠦᠬᠡ᠂ ᠭᠡᠨᠡᠳᠲᠡ ᠡᠭᠦᠰᠬᠦ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠳᠤ ᠬᠥᠳᠡᠯᠦᠩᠭᠦᠶ ᠬᠢᠨᠠᠨ ᠬᠡᠮᠵᠢᠯᠲᠡ | ᠬᠢᠵᠦ᠂ ︽ᠡᠷᠲᠡ ᠢᠯᠡᠷᠡᠭᠦᠯᠵᠦ᠂ ᠡᠷᠲᠡ ᠣᠷᠣᠯᠴᠠᠵᠤ᠂ ᠡᠷᠲᠡ ᠬᠠᠪᠰᠤᠷᠤᠨ ᠲᠡᠳᠬᠦᠬᠦ︾ ᠶᠢ ᠪᠡᠶᠡᠯᠡᠭᠦᠯᠦᠨ᠎ᠡ᠃ | ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠲᠠᠪᠴᠠᠩ ᠳᠤ ᠲᠦᠰᠢᠭᠯᠡᠨ᠂ | ᠪᠡᠭᠡᠵᠢᠩ ᠤᠨ ᠡᠯ᠎ᠡ ᠡᠲᠡᠭᠡᠳ ᠤᠨ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠬᠤ ᠪᠠ ᠳᠠᠶᠢᠴᠢᠯᠠᠵᠤ ᠪᠠᠶᠢᠭᠠᠳ | ᠵᠡᠮᠳᠡᠭᠴᠦᠳ ᠢ ᠬᠠᠪᠰᠤᠷᠤᠨ ᠲᠡᠳᠬᠦᠬᠦ ᠠᠵᠢᠯ ᠳᠤ ᠬᠦᠴᠦᠨ ᠨᠡᠮᠡᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ | ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠬᠥᠳᠡᠭᠡ ᠲᠣᠰᠬᠤᠨ ᠤ ᠵᠡᠮᠳᠡᠭᠴᠦᠳ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠵᠢᠱᠢᠶ᠎ᠡ ᠦᠵᠡᠭᠦᠯᠬᠦ ᠴᠡᠭ ᠢ ᠨᠠᠭᠠᠳᠤ ᠵᠠᠬ᠎ᠠ ᠳᠠᠭᠠᠨ 1 ᠪᠠᠶᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠵᠡᠮᠳᠡᠭᠴᠦᠳ ᠲᠤ ᠦᠢᠯᠡᠴᠢᠯᠡᠬᠦ | ᠠᠵᠢᠯᠯᠠᠭ᠎ᠠ ᠶᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠣᠷᠣᠨ ᠰᠠᠭᠤᠴᠠ ᠶᠢᠨ | ᠰᠠᠭᠤᠷᠢ ᠭᠠᠵᠠᠷ᠂ ᠬᠠᠳᠤᠯᠠᠩ ᠪᠡᠯᠴᠢᠭᠡᠷ ᠤᠨ ᠬᠡᠷᠡᠭᠯᠡᠬᠦ ᠡᠷᠬᠡ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠂ | ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠵᠡᠷᠭᠡ ᠡᠷᠬᠡ ᠠᠰᠢᠭ ᠢ ᠪᠠᠲᠤᠯᠠᠵᠤ᠂ ᠬᠠᠮᠲᠤ ᠶᠢᠨ | ᠠᠵᠤ ᠠᠬᠤᠶ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠵᠡᠮᠳᠡᠭᠴᠦᠳ ᠢ ᠬᠠᠪᠰᠤᠷᠤᠨ ᠶᠠᠳᠠᠭᠤ ᠶᠢ ᠲᠡᠳᠬᠦᠬᠦ᠂ ᠢᠯᠡ ᠪᠠᠷ ᠵᠡᠮᠳᠡᠭᠴᠦᠳ ᠢ | ᠬᠠᠪᠰᠤᠷᠤᠨ ᠶᠠᠳᠠᠭᠤ ᠶᠢ ᠲᠡᠳᠬᠦᠬᠦ ᠰᠠᠭᠤᠷᠢᠨ ᠭᠠᠵᠠᠷ᠂ ᠡᠯᠧᠺᠲᠷᠣᠨ ᠬᠤᠳᠠᠯᠳᠤᠭ᠎ᠠ ᠪᠠᠷ ᠵᠡᠮᠳᠡᠭᠴᠦᠳ ᠢ | ᠬᠠᠪᠰᠤᠷᠤᠨ ᠶᠠᠳᠠᠭᠤ ᠶᠢ ᠲᠡᠳᠬᠦᠬᠦ᠂ ᠠᠵᠤ ᠦᠢᠯᠡᠰ ᠢᠶᠠᠷ ᠳᠠᠶᠢᠴᠢᠯᠠᠨ ᠵᠡᠮᠳᠡᠭᠴᠦᠳ ᠢ ᠬᠠᠪᠰᠤᠷᠤᠨ ᠶᠠᠳᠠᠭᠤ ᠶᠢ | ᠲᠡᠳᠬᠦᠬᠦ᠂ ᠵᠡᠮᠳᠡᠭ ᠡᠮᠡᠭᠲᠡᠶᠢᠴᠦᠳ ᠤᠨ ᠭᠠᠷ ᠢᠶᠠᠷ ᠨᠡᠬᠡᠬᠦ ᠵᠡᠷᠭᠡ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ | ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠵᠡᠮᠳᠡᠭᠴᠦᠳ ᠢ ᠬᠠᠪᠰᠤᠷᠤᠨ ᠲᠡᠳᠬᠦᠬᠦ ᠠᠵᠢᠯ ᠳᠤ | ᠣᠷᠣᠯᠴᠠᠭᠤᠯᠤᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠬᠢᠭᠡᠳ ᠲᠣᠭᠲᠠᠭᠤᠨ ᠪᠤᠰᠤ | ᠶᠠᠳᠠᠭᠤ ᠠᠴᠠ ᠠᠩᠭᠢᠵᠢᠷᠠᠭᠰᠠᠨ ᠡᠷᠦᠬᠡ᠂ ᠵᠡᠮᠳᠡᠭ ᠡᠷᠦᠬᠡ ᠯᠦᠭᠡ ᠲᠣᠭᠲᠠᠪᠤᠷᠢᠲᠠᠶ ᠠᠰᠢᠭ ᠲᠤᠰᠠ ᠶᠢᠨ | ᠬᠤᠯᠪᠣᠯᠳᠤᠭᠰᠠᠨ ᠲᠣᠭᠲᠠᠴᠠ ᠶᠢ ᠪᠠᠶᠢᠭᠤᠯᠬᠤ ᠶᠢ ᠳᠡᠮᠵᠢᠵᠦ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ | ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠪᠠᠲᠤᠯᠠᠨ᠎ᠠ᠃ | 2.ᠬᠦᠴᠢᠷᠳᠡᠯᠲᠡᠶ ᠵᠡᠮᠳᠡᠭᠴᠦᠳ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ | ᠪᠥᠷᠢᠨᠰᠢᠬᠦᠯᠥᠨ ᠲᠡᠭᠦᠯᠳᠡᠷᠵᠢᠭᠦᠯᠦᠨ᠎ᠡ᠃ ᠣᠷᠣᠯᠭ᠎ᠠ ᠪᠠᠭᠠᠲᠠᠶ ᠵᠡᠮᠳᠡᠭᠴᠦᠳ ᠤᠨ ᠬᠥᠮᠦᠨ ᠠᠮᠠ ᠶᠢ | ᠬᠥᠳᠡᠯᠦᠩᠭᠦᠶ ᠪᠠᠷ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ᠂ ᠣᠨᠴᠠ ᠬᠦᠴᠢᠷᠳᠡᠯᠲᠡᠶ᠂ ᠨᠠᠭᠠᠳᠤ | ᠵᠠᠬ᠎ᠠ ᠶᠢᠨ ᠪᠠᠲᠤᠯᠠᠭ᠎ᠠ ᠭᠥᠷᠳᠡᠬᠦ ᠵᠠᠬ᠎ᠠ ᠬᠢᠵᠠᠭᠠᠷ ᠲᠤ ᠨᠡᠶᠢᠴᠡᠬᠦ ᠬᠡᠷ ᠪᠦᠯᠢ ᠵᠡᠷᠭᠡ ᠠᠮᠠᠷᠬᠠᠨ ᠶᠠᠳᠠᠭᠤᠷᠠᠬᠤ ᠪᠠ | ᠡᠪᠡᠳᠴᠢᠨ ᠤ ᠰᠢᠯᠲᠠᠭᠠᠨ ᠪᠠ ᠭᠠᠮᠰᠢᠭ ᠤᠨ ᠬᠠᠷᠠᠭ᠎ᠠ ᠪᠠᠷ ᠰᠠᠨᠠᠭᠠᠨ ᠳᠤ ᠥᠬᠡᠶ ᠠᠴᠠ ᠪᠣᠯᠵᠣ ᠦᠨᠳᠦᠰᠦᠨ | ᠠᠮᠢᠳᠤᠷᠠᠯ ᠳᠤᠨᠢ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠵᠡᠮᠳᠡᠭᠴᠦᠳ ᠤᠨ ᠬᠡᠷ ᠪᠦᠯᠢ ᠳᠤ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ | ᠲᠠᠯ᠎ᠠ ᠪᠠᠷ ᠲᠤᠰᠬᠠᠶ ᠵᠦᠢᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠬᠡᠷᠡᠭᠵᠢᠭᠦᠯᠦᠨ᠎ᠡ᠃ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠪᠤᠶᠤ ᠣᠨᠴᠠ ᠬᠦᠴᠢᠷᠳᠡᠯᠲᠡᠶ ᠬᠡᠷ ᠪᠦᠯᠢ ᠶᠢ ᠠᠰᠠᠷᠠᠨ ᠲᠡᠵᠢᠭᠡᠬᠦ | ᠬᠡᠪᠴᠢᠶᠡᠨ ᠳᠤ ᠣᠷᠣᠭᠤᠯᠤᠭᠠᠳᠤᠶ ᠣᠷᠣᠯᠭ᠎ᠠ ᠪᠠᠭᠠᠲᠠᠶ ᠬᠡᠷ ᠪᠦᠯᠢ ᠶᠢᠨ ᠳᠣᠲᠣᠷᠠᠬᠢ ᠬᠦᠨᠳᠦ ᠡᠪᠡᠳᠴᠢᠲᠡᠨ᠂ | ᠬᠦᠨᠳᠦ ᠵᠡᠮᠳᠡᠭ ᠬᠥᠮᠦᠰ ᠢ ︽ᠭᠠᠭᠴᠠ ᠬᠥᠮᠦᠨ ᠤ ᠡᠷᠦᠬᠡ︾ ᠪᠠᠷ ᠯᠠᠪᠯᠠᠯᠲᠠ ᠪᠣᠯᠭᠠᠵᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠳᠤ ᠣᠷᠣᠭᠤᠯᠤᠨ᠎ᠠ᠃ ᠴᠠᠭ ᠲᠤᠨᠢ ᠲᠣᠬᠢᠷᠠᠭᠤᠯᠤᠨ ᠬᠦᠨᠳᠦ ᠲᠡᠰ ᠤᠨ ᠵᠡᠮᠳᠡᠭᠴᠦᠳ ᠢ | ᠠᠰᠠᠷᠠᠨ ᠰᠤᠪᠢᠯᠠᠬᠤ ᠨᠥᠬᠦᠪᠥᠷᠢ ᠶᠢᠨ ᠬᠡᠪᠴᠢᠶ᠎ᠡ ᠶᠢ ᠭᠤᠷᠪᠠᠳᠤᠭᠠᠷ᠂ ᠳᠥᠷᠪᠡᠳᠦᠭᠡᠷ ᠳᠡᠰ ᠤᠨ ᠤᠶᠤᠨ ᠤ ᠪᠠ | ᠤᠶᠤᠨ ᠮᠡᠳᠡᠷᠡᠯ ᠤᠨ ᠵᠡᠮᠳᠡᠭᠴᠦᠳ ᠪᠤᠶᠤ ᠪᠤᠰᠤᠳ ᠵᠡᠮᠳᠡᠭᠴᠦᠳ ᠲᠡᠰᠢ ᠤᠷᠲᠤᠳᠬᠠᠵᠤ᠂ ᠬᠦᠴᠢᠷᠳᠡᠯᠲᠡᠶ | ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢᠨ ᠬᠡᠪᠴᠢᠶ᠎ᠡ ᠶᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ | ᠬᠢᠵᠠᠭᠠᠷ ᠲᠠᠬᠢ ᠭᠡᠷ ᠪᠦᠯᠢ ᠶᠢᠨ ᠵᠡᠮᠳᠡᠭᠴᠦᠳ ᠵᠢᠴᠢ ᠪᠤᠰᠤᠳ ᠬᠦᠴᠢᠷᠳᠡᠯᠲᠡᠶ ᠵᠡᠮᠳᠡᠭᠴᠦᠳ ᠲᠡᠰᠢ ᠤᠷᠲᠤᠳᠬᠠᠵᠤ᠂ | ᠨᠥᠬᠦᠪᠥᠷᠢ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠡᠮᠴᠢᠯᠡᠭᠡᠨ ᠤ | ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ | ᠬᠢᠭᠡᠳ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠬᠠᠷᠢᠯᠴᠠᠨ ᠨᠥᠬᠦᠪᠥᠷᠢᠯᠡᠬᠦ ᠶᠢ | ᠵᠣᠯᠭᠠᠭᠤᠯᠬᠤ ᠶᠢ ᠴᠢᠩᠭᠠᠷᠠᠭᠤᠯᠤᠨ᠂ ᠡᠪᠡᠳᠴᠢᠯᠡᠭᠰᠡᠨ ᠵᠡᠮᠳᠡᠭᠴᠦᠳ ᠢ ᠴᠠᠭ ᠲᠤᠬᠠᠶ ᠳᠤᠨᠢ ᠪᠦᠲᠦᠮᠵᠢᠲᠡᠶ ᠡᠮᠨᠡᠨ | ᠠᠪᠤᠷᠠᠨ᠎ᠠ᠃ ᠠᠮᠢᠳᠤᠷᠠᠯ ᠨᠢ ᠣᠷᠣᠨ ᠰᠠᠭᠤᠴᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠵᠡᠮᠳᠡᠭᠴᠦᠳ ᠪᠠ | ᠲᠥᠭᠡᠷᠢᠭᠰᠡᠨ ᠵᠡᠮᠳᠡᠭᠴᠦᠳ ᠢ ᠲᠡᠩᠬᠡᠷᠡᠭᠦᠯᠦᠨ ᠲᠤᠰᠠᠯᠠᠵᠤ ᠲᠥᠪᠬᠢᠨᠡᠭᠦᠯᠬᠦ ᠪᠠ ᠲᠦᠷᠦᠯ ᠰᠠᠳᠤᠨ ᠢᠶᠠᠨ ᠡᠷᠢᠬᠦ | ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠶᠡᠭᠡ ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠦᠭᠰᠡᠨ ᠤᠯᠠᠨ | ᠨᠡᠶᠢᠲᠡ ᠶᠢᠨ ᠬᠡᠷᠡᠭ ᠶᠠᠪᠤᠳᠠᠯ ᠤᠨ ᠳᠤᠮᠳᠠ ᠬᠦᠴᠢᠷᠳᠡᠯᠲᠡᠶ ᠵᠡᠮᠳᠡᠭᠴᠦᠳ ᠢ ᠠᠪᠤᠷᠠᠨ ᠲᠤᠰᠠᠯᠠᠬᠤ ᠳᠤ ᠪᠠᠴᠢᠮ | ᠬᠦᠴᠢᠷᠲᠡᠶ ᠪᠠᠶᠢᠬᠤ ᠪᠠᠶᠢᠳᠠᠯ ᠢ ᠰᠠᠶᠢᠲᠤᠷ ᠬᠢᠨ᠎ᠠ᠃ | 3. ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠪᠠᠲᠤᠯᠠᠭ᠎ᠠ ᠶᠢᠨ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ᠃ ᠨᠥᠬᠦᠴᠡᠯ ᠳᠤ ᠨᠡᠶᠢᠴᠡᠬᠦ ᠵᠡᠮᠳᠡᠭᠴᠦᠳ ᠤᠨ ᠭᠡᠷ ᠪᠦᠯᠢ ᠶᠢᠨ ᠠᠰᠠᠷᠠᠨ ᠲᠡᠵᠢᠭᠡᠬᠦ ᠴᠢᠳᠠᠯ | ᠦᠭᠡᠶ ᠬᠡᠦᠬᠡᠳ ᠢ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠤᠨ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠵᠤ᠂ ᠵᠡᠮᠳᠡᠭ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠵᠡᠮᠳᠡᠭ ᠬᠡᠤᠬᠡᠳ ᠤᠨ | ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ ᠵᠡᠷᠭᠡ ᠦᠢᠯᠡᠴᠢᠯᠡᠭᠡᠨ ᠢ ᠴᠢᠩᠭᠠᠷᠠᠭᠤᠯᠵᠤ᠂ ᠬᠢᠩᠭᠠᠨ ᠠᠶᠢᠮᠠᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠵᠡᠮᠳᠡᠭ ᠥᠨᠥᠴᠢᠨ ᠬᠡᠤᠬᠡᠳ᠂ | ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠵᠡᠮᠳᠡᠭ ᠬᠡᠤᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ | ᠪᠠᠷᠢᠮᠵᠢᠶ᠎ᠠ ᠶᠢ ᠲᠣᠭᠲᠠᠭᠠᠵᠤ᠂ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ | ᠬᠠᠮᠢᠶᠠᠷᠤᠯᠲᠠ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠨᠠᠶᠢᠳᠠᠨ | ᠠᠰᠠᠷᠠᠭᠤᠯᠬᠤ ᠪᠠᠶᠢᠭᠤᠯᠤᠮᠵᠢ ᠶᠢᠨ ᠨᠥᠬᠦᠪᠥᠷᠢ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠲᠥᠷᠥᠯ ᠤᠨ | ᠵᠡᠮᠳᠡᠭᠴᠦᠳ ᠤᠨ ᠨᠠᠶᠢᠳᠠᠨ ᠠᠰᠠᠷᠠᠭᠤᠯᠬᠤ ᠪᠠᠶᠢᠭᠤᠯᠤᠮᠵᠢ᠂ ᠲᠤᠰᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ | ᠵᠢᠴᠢ ᠵᠡᠮᠳᠡᠭᠴᠦᠳ ᠤᠨ ︽ᠨᠡᠷᠡᠨ ᠭᠡᠷᠡᠯᠲᠦ ᠬᠡᠷ ᠣᠷᠣᠨ︾ ︽ᠬᠠᠯᠠᠭᠤᠨ ᠳᠤᠯᠠᠭᠠᠨ ᠬᠡᠷ ᠣᠷᠣᠨ︾ ᠵᠡᠷᠭᠡ ᠡᠳᠦᠷ | ᠲᠤᠲᠤᠮ ᠤᠨ ᠠᠰᠠᠷᠠᠨ ᠬᠠᠷᠠᠭᠠᠯᠵᠠᠬᠤ ᠪᠠᠶᠢᠭᠤᠯᠤᠮᠵᠢ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠪᠥᠬᠦ | ᠠᠶᠢᠮᠠᠭ ᠤᠨ ᠠᠵᠢᠯ ᠤᠯᠬᠤ ᠨᠠᠰᠤᠨ ᠤ ᠱᠠᠲᠤ ᠦᠶ᠎ᠡ ᠶᠢᠨ ᠣᠶᠤᠨ ᠤᠬᠠᠭᠠᠨ᠂ ᠣᠶᠤᠨ ᠰᠠᠨᠠᠭ᠎ᠠ ᠪᠠ ᠬᠦᠨᠳᠦ | ᠵᠡᠮᠳᠡᠭ ᠬᠥᠮᠦᠨ ᠳᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ᠎ᠠ᠃ ᠠᠷᠠᠳ ᠤᠨ ᠶᠠᠪᠤᠳᠠᠯ᠂ ᠡᠳ᠋ ᠤᠨ | ᠵᠠᠰᠠᠭ᠂ ᠡᠷᠡᠭᠦᠯ ᠬᠠᠮᠠᠭᠠᠯᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ | ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ᠂ ᠵᠣᠯ ᠵᠢᠷᠭᠠᠯ ᠤᠨ | ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ | ᠨᠠᠶᠢᠳᠠᠨ ᠠᠰᠠᠷᠠᠭᠤᠯᠬᠤ ᠪᠠᠶᠢᠭᠤᠯᠤᠮᠵᠢ ᠵᠡᠷᠭᠡ ᠶᠢ ᠭᠦᠢᠴᠡᠳ ᠠᠰᠢᠭᠯᠠᠨ᠂ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠬᠡᠯᠪᠡᠷᠢ ᠪᠠᠷ᠂ ᠣᠷᠳᠣ ᠬᠤᠭᠤᠴᠠᠭ᠎ᠠ ᠪᠠᠷ ᠬᠠᠷᠠᠭᠠᠯᠵᠠᠬᠤ ᠬᠡᠷᠡᠭᠴᠡᠭᠡ ᠱᠠᠭᠠᠷᠳᠠᠯᠭ᠎ᠠ ᠪᠠ ᠬᠦᠰᠡᠯ | ᠡᠷᠡᠮᠡᠯᠵᠡᠯ ᠲᠠᠢ ᠬᠦᠨᠳᠦ ᠵᠡᠮᠳᠡᠭᠴᠦᠳ ᠲᠤ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠨ᠎ᠠ᠃ | ᠨᠠᠰᠤᠵᠢᠯ ᠤᠨ ᠠᠰᠠᠷᠠᠮᠵᠢ ᠶᠢᠨ ᠵᠡᠮᠳᠡᠭᠴᠦᠳ ᠢ ᠲᠤᠰᠠᠯᠠᠬᠤ ᠣᠶᠤᠨᠴᠢ ᠡᠷᠡᠭᠦᠯ ᠮᠡᠨᠳᠦ ᠶᠢᠨ ᠦᠢᠯᠡᠴᠢᠯᠡᠭᠡ ᠶᠢ | ᠥᠷᠭᠡᠳᠬᠡᠵᠦ᠂ ︽ᠢᠨᠲ᠋ᠤᠷ ᠰᠦᠯᠵᠢᠶ᠎ᠡ +︾ ᠶᠢᠨ ᠡᠳᠦᠷ ᠲᠤᠲᠤᠮ ᠤᠨ ᠬᠠᠷᠠᠭᠠᠯᠵᠠᠯ᠂ ᠬᠡᠷ ᠪᠦᠯᠢ ᠶᠢᠨ | ᠦᠢᠯᠡᠴᠢᠯᠡᠭᠡ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠨᠠᠰᠤᠵᠢᠯ ᠤᠨ ᠠᠰᠠᠷᠠᠮᠵᠢ ᠶᠢᠨ | ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠨᠥᠬᠦᠴᠡᠯ ᠳᠤ | ᠨᠡᠶᠢᠴᠡᠬᠦ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠶᠢᠨ ᠨᠤᠷᠠᠬᠤ | ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠶᠢ ᠦᠷᠭᠦᠯᠵᠢᠯᠡᠨ ᠳᠡᠮᠵᠢᠵᠦ᠂ ᠵᠡᠮᠳᠡᠭᠴᠦᠳ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠣᠷᠣᠨ ᠰᠠᠭᠤᠴᠠ ᠨᠢ | ᠬᠦᠴᠢᠷᠳᠡᠯᠲᠡᠶ ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠶᠢ ᠬᠤᠲᠠ ᠶᠢᠨ ᠣᠷᠣᠨ ᠰᠠᠭᠤᠴᠠ ᠶᠢᠨ | ᠪᠠᠲᠤᠯᠠᠭ᠎ᠠ ᠪᠠ ᠬᠤᠲᠠ ᠬᠥᠳᠡᠭᠡ ᠶᠢᠨ ᠣᠷᠣᠨ ᠰᠠᠭᠤᠴᠠ ᠶᠢᠨ ᠲᠡᠩᠬᠡᠷᠡᠭᠦᠯᠦᠨ ᠲᠤᠰᠠᠯᠠᠬᠤ ᠬᠡᠪᠴᠢᠶᠡᠨ ᠳᠤ | ᠣᠷᠣᠭᠤᠯᠤᠨ᠎ᠠ᠃ ᠣᠷᠣᠯᠭ᠎ᠠ ᠪᠠᠭᠠᠲᠠᠶ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠤᠨ ᠤᠰᠤ ᠬᠡᠷᠡᠭᠯᠡᠬᠦ᠂ | ᠴᠠᠬᠢᠯᠭᠠᠨ᠂ ᠰᠢᠲᠠᠮᠠᠬᠠᠶ ᠬᠡᠢ᠂ ᠳᠤᠯᠠᠭᠠᠯᠠᠭ᠎ᠠ᠂ ᠲᠣᠣᠷ ᠰᠦᠯᠵᠢᠶ᠎ᠡ᠂ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ | ᠠᠵᠢᠯ ᠤᠨ ᠵᠠᠷᠤᠳᠠᠯ ᠤᠨ ᠬᠠᠷᠠᠭᠠᠯᠵᠠᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ᠂ ᠵᠡᠮᠳᠡᠭᠴᠦᠳ ᠢ | ᠬᠤᠳᠠ ᠶᠢᠨ ᠳᠣᠲᠣᠷ᠎ᠠ ᠪᠠ ᠬᠤᠲᠠ ᠪᠠᠯᠭᠠᠰᠤ ᠶᠢᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠬᠠᠷᠠᠭᠠᠯᠵᠠᠯ | ᠤᠨ ᠲᠦᠷᠦ ᠶᠢᠨ ᠪᠤᠳᠤᠯᠭ᠎ᠠ ᠵᠢᠴᠢ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠷᠠᠭᠠᠯᠵᠠᠯ ᠤᠨ | ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠬᠤᠳᠠ ᠶᠢᠨ ᠳᠣᠲᠣᠷ᠎ᠠ ᠪᠠ ᠬᠤᠲᠠ ᠪᠠᠯᠭᠠᠰᠤ ᠶᠢᠨ ᠤᠯᠠᠨ ᠨᠡᠶᠢᠳᠡ ᠶᠢᠨ ᠵᠠᠮ ᠬᠠᠷᠢᠯᠴᠠᠭᠠᠨ ᠳᠤ ᠰᠦᠢᠳᠬᠡᠯ | ᠬᠤᠷᠢᠶᠠᠬᠤ ᠦᠭᠡᠢ ᠪᠠᠷ ᠰᠠᠭᠤᠵᠤ ᠪᠣᠯᠬᠤ ᠶᠢ ᠪᠡᠶᠡᠯᠡᠭᠦᠯᠦᠨ᠎ᠡ᠃ | 4. ᠵᠡᠮᠳᠡᠭᠴᠦᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢᠨ ᠲᠥᠷᠢᠮ ᠢ ᠪᠥᠷᠢᠨᠰᠢᠬᠦᠯᠥᠨ | ᠲᠡᠭᠦᠯᠳᠡᠷᠵᠢᠭᠦᠯᠦᠨ᠎ᠡ᠃ ᠵᠡᠮᠳᠡᠭᠴᠦᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠪᠠ ᠵᠡᠮᠳᠡᠭᠴᠦᠳ ᠤᠨ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠣᠷᠣᠯᠴᠠᠬᠤ᠂ ᠵᠡᠮᠳᠡᠭᠴᠦᠳ ᠢ ᠲᠥᠪᠬᠢᠨᠡᠭᠦᠯᠦᠨ ᠠᠵᠢᠯ | ᠣᠯᠭᠤᠬᠤ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠲᠥᠷᠥ ᠶᠢᠨ ᠬᠥᠳᠡᠯᠮᠦᠷᠢᠯᠡᠬᠦ | ᠴᠢᠳᠠᠪᠤᠷᠢ ᠪᠠᠨ ᠠᠯᠳᠠᠭᠰᠠᠨ ᠵᠡᠮᠳᠡᠭᠴᠦᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ ᠬᠡᠷᠡᠭᠰᠡᠬᠦ ᠬᠤᠪᠢ ᠬᠥᠮᠦᠨ ᠤ ᠰᠦᠢᠳᠭᠡᠯ ᠲᠤᠰᠢᠶᠠᠬᠤ ᠬᠡᠰᠡᠭ ᠲᠤ | ᠵᠠᠰᠠᠭ ᠤᠨ ᠣᠷᠳᠣᠨ ᠠᠴᠠ ᠨᠥᠬᠦᠪᠥᠷᠢ ᠥᠭᠴᠦ᠂ ᠬᠦᠨᠳᠦ ᠵᠡᠮᠳᠡᠭᠴᠦᠳ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠳᠤ ᠲᠥᠷᠥ ᠶᠢᠨ ᠪᠣᠳᠣᠯᠭ᠎ᠠ ᠶᠢᠨ ᠶᠣᠰᠣᠭᠠᠷ ᠵᠠᠰᠠᠭ ᠤᠨ | ᠣᠷᠳᠣᠨ ᠠᠴᠠ ᠣᠷᠣᠯᠠᠨ ᠲᠤᠰᠢᠶᠠᠵᠤ᠂ ᠵᠡᠮᠳᠡᠭ ᠬᠡᠤᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠪᠠ | ᠵᠡᠮᠳᠡᠭᠴᠦᠳ ᠤᠨ ᠡᠮᠴᠢᠯᠡᠭᠡ ᠡᠷᠡᠭᠦᠯᠵᠢᠯ ᠤᠨ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠣᠯᠭᠤᠬᠤ ᠬᠡᠪᠴᠢᠶᠡᠨ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ ᠵᠡᠮᠳᠡᠭᠴᠦᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠨᠥᠬᠦᠪᠥᠷᠢ ᠶᠢ ᠪᠦᠬᠦᠨ ᠢ | ᠬᠠᠮᠤᠷᠬᠤ ᠶᠢ ᠬᠡᠷᠡᠭᠵᠢᠭᠦᠯᠵᠦ᠂ ᠳᠠᠭᠠᠳᠬᠠᠭᠤᠯᠬᠤ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ | ᠰᠠᠨᠠᠭᠠᠨ ᠳᠤ ᠥᠬᠡᠶ ᠭᠡᠮᠲᠦᠯ ᠭᠠᠷᠤᠭᠰᠠᠨ ᠵᠡᠮᠳᠡᠭᠴᠦᠳ ᠢ ᠬᠠᠪᠰᠤᠷᠤᠨ ᠳᠠᠭᠠᠳᠬᠠᠯ ᠤᠨ ᠲᠥᠯᠥᠪᠦᠷᠢ ᠥᠭᠬᠦ | ᠦᠢᠯᠡᠴᠢᠯᠡᠭᠡ ᠶᠢ ᠰᠠᠶᠢᠲᠤᠷ ᠬᠢᠨ᠎ᠠ᠃ ᠠᠵᠢᠯ ᠣᠯᠤᠭᠰᠠᠨ ᠵᠡᠮᠳᠡᠭᠴᠦᠳ ᠤᠨ ᠠᠵᠢᠯ ᠠᠯᠳᠠᠯᠲᠠ ᠶᠢᠨ ᠳᠠᠭᠠᠳᠬᠠᠯ ᠳᠤ | ᠬᠠᠤᠯᠢ ᠶᠣᠰᠣᠭᠠᠷ ᠣᠷᠣᠯᠴᠠᠬᠤ ᠶᠢ ᠳᠡᠮᠵᠢᠵᠦ᠂ ᠠᠵᠢᠯ ᠠᠯᠳᠠᠬᠤ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠴᠠᠭ ᠲᠤᠬᠠᠶ ᠳᠤᠨᠢ ᠣᠯᠭᠤᠬᠤ ᠬᠡᠷᠡᠭᠲᠡᠶ ᠲᠣᠭᠲᠠᠭᠠᠯ ᠶᠣᠰᠣᠭᠠᠷ | ᠬᠦᠨᠳᠦ ᠴᠢᠨᠠᠷᠲᠠᠶ ᠮᠡᠳᠡᠷᠡᠯ ᠤᠨ ᠡᠪᠡᠳᠴᠢᠨ ᠤ ᠡᠮ ᠢᠶᠠᠷ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠭᠦᠳᠡᠨ | ᠡᠮᠨᠡᠯᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠰᠢᠨ᠎ᠡ | ᠬᠡᠯᠪᠡᠷᠢ ᠶᠢᠨ ᠵᠡᠮᠳᠡᠭᠴᠦᠳ ᠤᠨ ᠡᠷᠡᠭᠦᠯᠵᠢᠯ ᠤᠨ ᠡᠮᠴᠢᠯᠡᠭᠡᠨ ᠤ ᠲᠥᠷᠥᠯ ᠵᠦᠢᠯ ᠪᠠ ᠡᠮᠨᠡᠨ ᠵᠠᠰᠠᠬᠤ ᠴᠢᠨᠠᠷᠲᠠᠶ | ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ ᠲᠥᠷᠥᠯ ᠵᠦᠢᠯ ᠢ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠵᠡᠮᠳᠡᠭᠴᠦᠳ ᠤᠨ ᠣᠷᠳᠣ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠳᠠᠬᠢ | ᠬᠤᠳᠠᠯᠳᠤᠭᠠᠨ ᠤ ᠳᠠᠭᠠᠳᠬᠠᠯ ᠤᠨ ᠨᠥᠬᠦᠪᠥᠷᠢᠯᠡᠨ ᠲᠡᠭᠦᠯᠳᠡᠷᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ | ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠨᠥᠬᠦᠪᠥᠷᠢ᠂ ᠡᠮ ᠡᠮᠨᠡᠯᠭᠡ ᠶᠢᠨ ᠨᠥᠬᠦᠪᠥᠷᠢ ᠵᠡᠷᠭᠡ | ᠬᠤᠳᠠᠯᠳᠤᠭᠠᠨ ᠤ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠵᠡᠮᠳᠡᠭᠴᠦᠳ ᠲᠤ ᠲᠤᠰᠬᠠᠶ | ᠬᠠᠷᠢᠶᠠᠯᠠᠭᠳᠠᠬᠤ ᠳᠠᠭᠠᠳᠬᠠᠯ ᠤᠨ ᠦᠢᠯᠡᠳᠭᠦᠨ᠂ ᠡᠳ᠋ ᠬᠥᠷᠥᠩᠭᠡ ᠶᠢᠨ ᠢᠲᠡᠭᠡᠮᠵᠢᠲᠦ ᠨᠠᠶᠢᠳᠠᠯᠭ᠎ᠠ ᠵᠡᠷᠭᠡ | ᠲᠤᠬᠠᠶᠢᠯᠠᠭᠰᠠᠨ ᠠᠵᠢᠯ ᠢ ᠰᠦᠪᠡᠭᠴᠢᠯᠡᠨ ᠨᠡᠭᠡᠭᠡᠨ ᠬᠥᠭᠵᠢᠭᠦᠯᠦᠨ᠎ᠡ᠃ | 5. ᠵᠡᠮᠳᠡᠭ ᠴᠡᠷᠢᠭ ᠪᠠ ᠵᠡᠮᠳᠡᠭ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠤᠨ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠡᠮᠳᠡᠭ ᠴᠡᠷᠢᠭ ᠪᠠ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢᠨ | ᠠᠰᠠᠷᠠᠮᠵᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠵᠡᠮᠳᠡᠭ | ᠴᠡᠷᠢᠭ᠂ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢᠨ ᠠᠮᠢᠳᠤᠷᠠᠯ ᠤᠨ ᠬᠠᠷᠠᠭᠠᠯᠵᠠᠯ᠂ ᠦᠷ᠎ᠡ ᠬᠡᠦᠬᠡᠳ ᠤᠨ | ᠰᠤᠷᠭᠠᠭᠤᠯᠢ ᠳᠤ ᠣᠷᠣᠬᠤ᠂ ᠭᠡᠷ ᠪᠦᠯᠢ ᠶᠢᠨ ᠬᠢᠨᠢ ᠠᠵᠢᠯ ᠤᠯᠬᠤ ᠵᠡᠷᠭᠡ ᠬᠦᠴᠢᠷᠳᠡᠯ ᠢ ᠲᠣᠬᠢᠲᠠᠢ ᠰᠢᠢᠳᠪᠦᠷᠢᠯᠡᠵᠦ | ᠂ ᠵᠡᠮᠳᠡᠭ ᠴᠡᠷᠢᠭ᠂ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢ ᠬᠠᠪᠰᠤᠷᠤᠨ ᠲᠦᠭᠡᠮᠡᠯ ᠬᠠᠷᠠᠭᠠᠯᠵᠠᠯ ᠤᠨ | ᠴᠢᠨᠠᠷᠲᠠᠢ ᠨᠡᠶᠢᠭᠡᠮ ᠤᠨ ᠪᠠᠲᠤᠯᠠᠭ᠎ᠠ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠡᠳ᠋ᠯᠡᠭᠦᠯᠦᠨ᠎ᠡ᠃ | 6. ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠳᠤᠮᠳᠠᠬᠢ ᠵᠡᠮᠳᠡᠭᠴᠦᠳ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠵᠡᠮᠳᠡᠭᠴᠦᠳ ᠢ ᠤᠷᠢᠳᠠᠪᠠᠷ ᠬᠠᠮᠠᠭᠠᠯᠠᠬᠤ ᠶᠢ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠲᠥᠰᠦᠯ ᠳᠤ ᠵᠢᠭᠰᠠᠭᠠᠨ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠨᠠᠶᠢᠷᠠᠭᠤᠯᠤᠨ ᠵᠣᠬᠢᠶᠠᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠵᠡᠮᠳᠡᠭᠴᠦᠳ ᠢ | ᠰᠡᠷᠭᠡᠶᠢᠯᠡᠨ ᠬᠠᠮᠠᠭᠠᠯᠠᠬᠤ ᠪᠠ ᠠᠶᠤᠯ ᠠᠴᠠ ᠵᠠᠶᠢᠯᠠᠵᠤ ᠠᠮᠢ ᠵᠢᠭᠤᠲᠠᠬᠤ ᠶᠢ ᠭᠦᠢᠴᠡᠳ ᠪᠣᠳᠣᠯᠬᠢᠯᠠᠨ᠂ | ᠵᠡᠮᠳᠡᠭᠴᠦᠳ ᠤᠨ ᠪᠡᠶ᠎ᠡ ᠶᠢᠨ ᠡᠷᠡᠭᠦᠯ ᠮᠡᠨᠳᠦ ᠪᠠ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ | ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠵᠡᠮᠳᠡᠭᠴᠦᠳ ᠲᠤ | ᠠᠵᠢᠯ ᠣᠯᠭᠤᠬᠤ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠪᠠ ᠵᠡᠮᠳᠡᠭ ᠬᠡᠤᠬᠡᠳ᠂ ᠣᠶᠤᠨ | ᠤᠬᠠᠭᠠᠨ᠂ ᠣᠶᠤᠨ ᠤᠬᠠᠭᠠᠨ ᠪᠠ ᠬᠦᠨᠳᠦ ᠵᠡᠮᠳᠡᠭ ᠬᠥᠮᠦᠨ ᠵᠡᠷᠭᠡ ᠭᠤᠤᠯᠳᠠᠯᠭ᠎ᠠ ᠲᠠᠢ ᠬᠥᠮᠦᠰ ᠲᠤ | ᠵᠡᠮᠳᠡᠭᠴᠦᠳ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠤᠨ | ᠬᠤᠭᠤᠴᠠᠭᠠᠨ ᠳᠠᠬᠢ ᠦᠢᠯᠡᠳᠪᠦᠷᠢᠯᠡᠯ ᠠᠮᠢᠳᠤᠷᠠᠯ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠠ᠃ | ᠵᠡᠮᠳᠡᠭᠴᠦᠳ ᠤᠨ ᠬᠦᠨᠳᠦ ᠶᠡᠭᠡ ᠬᠢᠵᠢᠭ ᠤᠨ ᠪᠠᠶᠢᠳᠠᠯ ᠪᠠ ᠭᠡᠨᠡᠳᠲᠡ ᠶᠢᠨ ᠭᠠᠮᠰᠢᠭ ᠢ ᠠᠷᠭᠠᠴᠠᠬᠤ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠵᠡᠮᠳᠡᠭᠴᠦᠳ ᠤᠨ ᠣᠨᠴᠠᠯᠢᠭ ᠲᠤ ᠳᠣᠭᠢᠷᠠᠭᠰᠠᠨ ᠪᠠᠴᠢᠮ | ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠲᠦᠭᠡᠮᠡᠯᠵᠢᠭᠦᠯᠵᠦ᠂ | ᠵᠡᠮᠳᠡᠭᠴᠦᠳ ᠤᠨ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠬᠤᠶᠠᠷ︶ ᠣᠯᠠᠨ ᠬᠡᠯᠪᠡᠷᠢ ᠶᠢᠨ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠳᠡᠮᠵᠢᠬᠦ ᠰᠢᠰᠲ᠋ᠧᠮᠵᠢ ᠶᠢ ᠪᠠᠶᠢᠭᠤᠯᠵᠤ᠂ ᠬᠤᠲᠠ ᠬᠥᠳᠡᠭᠡ ᠶᠢᠨ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠠᠬᠢᠭᠤᠯᠤᠨ᠎ᠠ | 1. ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ︽ | ᠵᠡᠮᠳᠡᠭᠴᠦᠳ ᠲᠤ ᠠᠵᠢᠯ ᠣᠯᠭᠤᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠷᠢᠴᠠᠯ ᠶᠣᠰᠣᠭᠠᠷ ᠵᠡᠮᠳᠡᠭᠴᠦᠳ ᠢ ᠳᠣᠭᠢᠷᠠᠭᠤᠯᠤᠨ ᠠᠵᠢᠯ ᠣᠯᠭᠤᠬᠤ ᠠᠷᠭ᠎ᠠ︾ ᠶᠢ ᠨᠠᠶᠢᠳᠠᠪᠤᠷᠢᠵᠢᠭᠤᠯᠵᠤ᠂ | ᠵᠡᠮᠳᠡᠭᠴᠦᠳ ᠤᠨ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠂ ᠵᠡᠮᠳᠡᠭᠴᠦᠳ ᠲᠤ ᠠᠵᠢᠯ | ᠣᠯᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ | ᠭᠠᠳᠠᠭᠤᠷᠴᠢᠯᠠᠯ ᠤᠨ ᠦᠢᠯᠡ ᠠᠵᠢᠯᠯᠠᠭ᠎ᠠ ᠶᠢ ᠡᠷᠡᠰ ᠴᠠᠭᠠᠵᠠᠯᠠᠵᠤ᠂ ᠵᠡᠮᠳᠡᠭᠴᠦᠳ ᠤᠨ ᠡᠷᠬᠡ ᠲᠡᠭᠰᠢ ᠪᠠᠷ ᠠᠵᠢᠯ | ᠤᠯᠬᠤ ᠶᠢ ᠠᠬᠢᠭᠤᠯᠤᠨ᠎ᠠ᠃ ᠬᠠᠷᠢᠴᠠᠯ ᠲᠠᠢ ᠪᠠᠷ ᠠᠵᠢᠯ ᠣᠯᠭᠤᠬᠤ ᠣᠨ ᠤ ᠬᠢᠨᠠᠯᠲᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠠᠵᠢᠯ ᠤᠨ ᠲᠦᠷᠢᠮ ᠢ ᠲᠣᠭᠲᠠᠭᠠᠵᠤ᠂ ᠵᠡᠮᠳᠡᠭᠴᠦᠳ ᠲᠤ ᠠᠵᠢᠯ ᠣᠯᠭᠤᠬᠤ ᠬᠥᠳᠡᠯᠮᠦᠷᠢ ᠶᠢᠨ ᠬᠢᠨᠠᠨ | ᠪᠠᠶᠢᠴᠠᠭᠠᠯᠲᠠ ᠶᠢ ᠴᠢᠩᠭᠠᠳᠬᠠᠨ᠂ ᠪᠥᠬᠦ ᠤᠯᠤᠰ ᠲᠤ ᠰᠦᠯᠵᠢᠶᠡᠵᠢᠭᠦᠯᠦᠨ ᠭᠡᠷᠡᠴᠢᠯᠡᠬᠦ ᠪᠠ ᠮᠤᠵᠢ ᠠᠯᠤᠰᠯᠠᠨ | ᠨᠡᠶᠢᠳᠡᠮ ᠭᠦᠢᠴᠡᠳᠭᠡᠬᠦ ᠶᠢ ᠬᠡᠷᠡᠭᠵᠢᠭᠦᠯᠵᠦ᠂ ᠬᠠᠷᠢᠴᠠᠯ ᠲᠠᠢ ᠪᠠᠷ ᠵᠡᠮᠳᠡᠭᠴᠦᠳ ᠲᠤ ᠠᠵᠢᠯ ᠣᠯᠭᠤᠭᠰᠠᠨ ᠥᠬᠡᠶ | ᠮᠥᠷᠲᠡᠭᠡᠨ ᠵᠡᠮᠳᠡᠭᠴᠦᠳ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠲᠡᠪᠴᠢᠭᠰᠡᠨ᠂ ᠳᠤᠲᠠᠭᠤ ᠲᠤᠰᠢᠶᠠᠭᠰᠠᠨ | ᠬᠥᠮᠦᠨ ᠬᠡᠷᠡᠭᠯᠡᠬᠦ ᠨᠢᠭᠡᠴᠢ ᠶᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠢᠲᠡᠭᠡᠮᠵᠢ ᠶᠢᠨ ᠲᠡᠮᠳᠡᠭᠯᠡᠯ ᠳᠤ | ᠲᠡᠮᠳᠡᠭᠯᠡᠨ ᠣᠷᠣᠭᠤᠯᠤᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠡᠮᠳᠡᠭᠴᠦᠳ ᠲᠤ | ᠠᠵᠢᠯ ᠣᠯᠭᠤᠬᠤ ᠠᠵᠢᠯ ᠤᠨ ᠪᠠᠶᠢᠷᠢ ᠭᠠᠷᠭᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠡᠮᠳᠡᠭᠴᠦᠳ ᠤᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠵᠦᠢ ᠵᠣᠬᠢᠰᠲᠠᠶ ᠪᠠᠷ ᠨᠡᠭᠡᠭᠡᠨ ᠬᠥᠭᠵᠢᠭᠦᠯᠵᠦ᠂ | ᠲᠣᠭᠲᠠᠭᠠᠭᠰᠠᠨ ᠬᠠᠷᠢᠴᠠᠯ ᠶᠣᠰᠣᠭᠠᠷ ᠵᠡᠮᠳᠡᠭᠴᠦᠳ ᠢ ᠲᠥᠪᠬᠢᠨᠡᠭᠦᠯᠦᠨ ᠠᠵᠢᠯ ᠣᠯᠭᠤᠨ᠎ᠠ᠃ ᠵᠡᠮᠳᠡᠭᠴᠦᠳ ᠤᠨ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠠᠮᠢᠳᠤᠯᠢᠭ ᠢᠶᠠᠷ ᠠᠵᠢᠯ ᠤᠯᠬᠤ ᠶᠢ ᠵᠣᠷᠢᠭᠵᠢᠭᠤᠯᠤᠨ | ᠲᠡᠮᠵᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠵᠦ ᠳᠣᠭᠢᠷᠠᠭᠤᠯᠤᠨ᠂ ᠬᠦᠴᠢᠷᠳᠡᠯᠲᠡᠶ ᠵᠡᠮᠳᠡᠭᠴᠦᠳ ᠢ ᠤᠷᠢᠳᠠᠪᠠᠷ ᠲᠥᠪᠬᠢᠨᠡᠭᠦᠯᠦᠨ | ᠠᠵᠢᠯ ᠣᠯᠭᠤᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠬᠤ᠂ | ᠠᠵᠢᠯ ᠠᠯᠳᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠵᠡᠮᠳᠡᠭᠴᠦᠳ ᠤᠨ ᠲᠤᠰᠢᠶᠠᠯ ᠳᠡᠪᠰᠢᠬᠦ ᠲᠡᠰ ᠳᠡᠪᠰᠢᠬᠦ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ | ᠨᠡᠶᠢᠭᠡᠮ ᠤᠨ ᠳᠠᠭᠠᠳᠬᠠᠯ᠂ ᠠᠮᠢᠳᠤᠷᠠᠯ ᠤᠨ ᠠᠰᠠᠷᠠᠮᠵᠢ ᠵᠡᠷᠭᠡ ᠲᠠᠯ᠎ᠠ ᠪᠠᠷ ᠪᠤᠰᠤᠳ ᠬᠥᠮᠦᠨ ᠲᠠᠢ ᠠᠳᠠᠯᠢ ᠲᠡᠭᠰᠢ | ᠬᠠᠷᠠᠭᠠᠯᠵᠠᠯ ᠦᠵᠡᠭᠦᠯᠦᠨ᠎ᠡ᠃ ᠵᠡᠮᠳᠡᠭᠴᠦᠳ ᠢ ᠲᠥᠪᠬᠢᠨᠡᠭᠦᠯᠬᠦ ᠠᠵᠢᠯ ᠤᠨ ᠪᠠᠶᠢᠷᠢ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ᠂ ᠠᠵᠢᠯ ᠮᠡᠷᠭᠡᠵᠢᠯ ᠤᠨ ᠵᠢᠯᠣᠭᠤᠳᠣᠯᠭ᠎ᠠ᠂ ᠠᠵᠢᠯ ᠮᠡᠷᠭᠡᠵᠢᠯ ᠤᠨ ᠴᠢᠳᠠᠪᠤᠷᠢ ᠶᠢ ᠦᠨᠡᠯᠡᠨ ᠵᠢᠱᠢᠬᠦ | ᠵᠡᠷᠭᠡ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠲᠤ ᠵᠢᠭᠰᠠᠭᠠᠨ ᠣᠷᠣᠭᠤᠯᠵᠤ᠂ | ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠨᠡᠶᠢᠭᠡᠮᠴᠢᠯᠡᠯᠲᠡ᠂ ᠲᠤᠰᠬᠠᠶᠢᠵᠢᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠲᠦᠷᠢᠮ ᠢ | ᠲᠡᠭᠦᠯᠳᠡᠷᠵᠢᠭᠦᠯᠵᠦ᠂ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ᠂ | ᠮᠥᠩᠭᠦᠨ ᠭᠦᠢᠯᠭᠡᠭᠡᠨ ᠢᠶᠠᠷ ᠲᠡᠳᠬᠦᠬᠦ ᠪᠠ ᠪᠠᠯᠠ ᠮᠥᠩᠭᠦ ᠪᠠᠷ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠠᠵᠢᠯ ᠣᠯᠵᠤ ᠠᠳᠠᠯ ᠦᠢᠯᠡᠰ ᠴᠣᠭᠴᠠᠯᠠᠨ | ᠪᠠᠶᠠᠵᠢᠬᠤ ᠶᠢᠨ ᠳᠠᠭᠠᠭᠤᠯᠤᠭᠴᠢ ᠪᠠ ᠪᠣᠳᠠᠰ ᠤᠨ ᠪᠤᠰᠤ ᠥᠪ ᠤᠨ ᠵᠠᠯᠭᠠᠮᠵᠢᠯᠠᠭᠴᠢ ᠶᠢ ᠭᠤᠤᠯᠳᠠᠯᠭ᠎ᠠ ᠲᠠᠢ | ᠲᠡᠳᠬᠦᠵᠦ ᠪᠠᠶᠢᠭᠠᠳ ᠪᠤᠰᠤᠳ ᠵᠡᠮᠳᠡᠭᠴᠦᠳ ᠢ ᠳᠠᠶᠢᠴᠢᠯᠠᠨ ᠲᠣᠭᠲᠠᠭᠤᠨ ᠢᠶᠠᠷ ᠠᠵᠢᠯ ᠣᠯᠭᠤᠨ᠎ᠠ᠃ ᠨᠥᠬᠦᠴᠡᠯ ᠳᠤ | ᠨᠡᠶᠢᠴᠡᠬᠦ ᠵᠡᠮᠳᠡᠭ ᠤᠶᠤᠲᠠᠳ ᠲᠤ ᠳᠠᠳᠤᠯᠭ᠎ᠠ ᠶᠢᠨ ᠬᠤᠭᠤᠴᠠᠭᠠᠨ ᠳᠤ ᠵᠣᠬᠢᠬᠤ ᠪᠠᠷᠢᠮᠵᠢᠶ᠎ᠠ ᠶᠢᠨ ᠨᠥᠬᠦᠪᠥᠷᠢ | ᠣᠯᠭᠤᠵᠤ᠂ ᠠᠵᠢᠯ ᠤᠯᠬᠤ ᠳᠤ ᠬᠦᠴᠢᠷᠲᠡᠶ ᠵᠡᠮᠳᠡᠭ ᠤᠶᠤᠲᠠᠳ ᠲᠤ ︽ᠨᠢᠭᠡ ᠬᠥᠮᠦᠨ ᠳᠤ ᠨᠢᠭᠡ ᠪᠣᠳᠣᠯᠭ᠎ᠠ | ᠬᠡᠷᠡᠭᠵᠢᠭᠦᠯᠬᠦ︾ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠶᠢ ᠥᠷᠨᠢᠭᠦᠯᠦᠨ᠎ᠡ᠃ ᠵᠡᠮᠳᠡᠭᠴᠦᠳ ᠢ ᠵᠢᠩᠬᠢᠨᠢ ᠪᠠᠷ | ᠡᠯᠰᠡᠨ ᠬᠡᠷᠡᠭᠯᠡᠭᠰᠡᠨ ︵ᠤᠷᠢᠨ ᠬᠡᠷᠡᠭᠯᠡᠭᠰᠡᠨ︶ ᠬᠥᠮᠦᠨ ᠬᠡᠷᠡᠭᠯᠡᠬᠦ ᠨᠢᠭᠡᠴᠢ ᠳᠤ ᠲᠣᠭᠲᠠᠭᠠᠯ ᠶᠣᠰᠣᠭᠠᠷ ᠠᠵᠢᠯ ᠤᠨ | ᠪᠠᠶᠢᠷᠢ᠂ ᠨᠡᠶᠢᠭᠡᠮ ᠤᠨ ᠳᠠᠭᠠᠳᠬᠠᠯ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠪᠡᠯᠡᠳᠬᠡᠮᠵᠢ ᠲᠥᠬᠦᠭᠡᠷᠦᠮᠵᠢ | ᠬᠤᠳᠠᠯᠳᠤᠨ ᠠᠪᠴᠤ ᠥᠭᠡᠷᠡᠴᠢᠯᠡᠬᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠵᠡᠷᠭᠡ | ᠨᠥᠬᠦᠪᠥᠷᠢ ᠣᠯᠭᠤᠵᠤ᠂ ᠬᠠᠷᠢᠴᠠᠯ ᠠᠴᠠ ᠬᠡᠲᠦᠷᠡᠭᠦᠯᠦᠨ ᠵᠡᠮᠳᠡᠭᠴᠦᠳ ᠲᠤ ᠠᠵᠢᠯ ᠣᠯᠭᠤᠭᠰᠠᠨ ᠬᠥᠮᠦᠨ ᠬᠡᠷᠡᠭᠯᠡᠬᠦ | ᠨᠢᠭᠡᠴᠢ ᠶᠢ ᠱᠠᠩᠨᠠᠨ ᠬᠥᠬᠢᠭᠦᠯᠬᠦ ᠬᠡᠷᠡᠭᠲᠡᠶ᠃ ᠬᠦᠨᠳᠦ ᠶᠡᠭᠡ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ ᠵᠡᠷᠭᠡ | ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠳᠠᠬᠢ ᠵᠡᠮᠳᠡᠭᠴᠦᠳ ᠤᠨ ᠠᠷᠠᠳ ᠠᠴᠠ ᠡᠵᠡᠩᠨᠡᠭᠰᠡᠨ | ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠪᠤᠷᠠᠨ | ᠲᠤᠰᠠᠯᠠᠬᠤ ᠲᠣᠭᠲᠠᠴᠠ ᠶᠢ ᠪᠠᠶᠢᠭᠤᠯᠤᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ | ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠲᠣᠭᠲᠠᠭᠠᠯ ᠶᠣᠰᠣᠭᠠᠷ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠳᠡᠭ | ᠢᠳᠡᠭ ᠢᠶᠠᠷ ᠪᠠᠭᠤᠷᠠᠭᠤᠯᠬᠤ᠂ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠪᠠᠶᠡᠯᠡᠭᠦᠯᠦᠨ᠎ᠡ᠂ ᠣᠶᠤᠨ ᠤᠬᠠᠭᠠᠨ | ᠪᠠ ᠬᠦᠨᠳᠦ ᠲᠠᠰ ᠤᠨ ᠮᠥᠴᠢ ᠪᠠᠷ ᠠᠵᠢᠯ ᠤᠯᠬᠤ ᠳᠤ ᠬᠦᠴᠢᠷᠲᠡᠶ ᠵᠡᠮᠳᠡᠭᠴᠦᠳ ᠢ ᠵᠣᠬᠢᠶᠠᠨ ᠪᠠᠶᠢᠭᠤᠯᠵᠤ᠂ | ᠲᠤᠰᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ᠂ ︽ᠬᠠᠯᠠᠭᠤᠨ ᠳᠤᠯᠠᠭᠠᠨ ᠬᠡᠷ ᠣᠷᠣᠨ︾᠂ ︽ᠨᠡᠷᠡᠨ | ᠭᠡᠷᠡᠯᠲᠦ ᠬᠡᠷ ᠣᠷᠣᠨ︾ ᠵᠡᠷᠭᠡ ᠪᠠᠶᠢᠭᠤᠯᠤᠮᠵᠢ ᠪᠠᠷ ᠳᠠᠮᠵᠢᠭᠤᠯᠤᠨ ᠣᠶᠢᠷ᠎ᠠ ᠬᠠᠪᠢ ᠳᠠᠭᠠᠨ ᠳᠠᠷᠤᠶ ᠦᠢᠯᠡᠳᠪᠦᠷᠢᠯᠡᠯ | ᠬᠥᠳᠡᠯᠮᠦᠷᠢ ᠬᠢᠵᠦ᠂ ᠠᠵᠢᠯ ᠮᠡᠷᠭᠡᠵᠢᠯ ᠤᠨ ᠡᠷᠡᠭᠦᠯᠵᠢᠯ ᠬᠢᠵᠦ᠂ ᠨᠡᠶᠢᠭᠡᠮ ᠤᠨ ᠠᠭᠤᠰᠤᠯᠴᠠᠯ ᠢ ᠪᠡᠶᠡᠯᠡᠭᠦᠯᠦᠨ᠎ᠡ᠃ | ᠨᠡᠶᠢᠭᠡᠮ ᠤᠨ ᠠᠵᠤ ᠠᠬᠤᠶᠢᠯᠠᠯ ᠵᠡᠷᠭᠡ ᠠᠰᠢᠭ ᠣᠯᠵᠠᠪᠤᠷᠢ ᠶᠢᠨ ᠪᠤᠰᠤ ᠴᠢᠨᠠᠷᠲᠠᠶ ᠵᠡᠮᠳᠡᠭᠴᠦᠳ ᠲᠤ ᠲᠥᠪᠯᠡᠷᠡᠭᠦᠯᠦᠨ | ᠠᠵᠢᠯ ᠣᠯᠭᠤᠬᠤ ᠪᠠᠶᠢᠭᠤᠯᠤᠮᠵᠢ ᠶᠢᠨ ᠰᠢᠨ᠎ᠡ ᠶᠢ ᠡᠭᠦᠳᠦᠨ ᠬᠥᠭᠵᠢᠬᠦ ᠶᠢ ᠵᠣᠷᠢᠭᠵᠢᠭᠤᠯᠵᠤ᠂ ᠵᠡᠮᠳᠡᠭᠴᠦᠳ ᠤᠨ | ᠠᠵᠢᠯ ᠣᠯᠵᠤ ᠠᠳᠠᠯ ᠦᠢᠯᠡᠰ ᠴᠣᠭᠴᠠᠯᠠᠭᠰᠠᠨ ᠨᠡᠶᠢᠲᠡᠯᠢᠭ ᠵᠢᠱᠢᠶ᠎ᠡ ᠪᠣᠯᠤᠨ ᠵᠡᠮᠳᠡᠭᠴᠦᠳ ᠤᠨ ᠠᠵᠢᠯ ᠤᠯᠬᠤ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ᠂ ᠬᠤᠪᠢ ᠬᠥᠮᠦᠨ ᠢ ᠭᠤᠤᠯᠳᠠᠯᠭ᠎ᠠ ᠲᠠᠢ ᠬᠥᠬᠢᠭᠦᠯᠦᠨ | ᠱᠠᠩᠨᠠᠨ᠎ᠠ᠃ | 2. ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠣᠯᠠᠨ ᠠᠷᠭ᠎ᠠ ᠵᠠᠮ ᠢᠶᠠᠷ ᠠᠬᠢᠭᠤᠯᠤᠨ᠎ᠠ᠃ | ᠡᠯ᠎ᠡ ᠱᠠᠲᠤᠨ ᠤ ᠡᠯ᠎ᠡ ᠲᠥᠷᠥᠯ ᠤᠨ ᠬᠥᠮᠦᠨ ᠤ ᠬᠦᠴᠦᠨ ᠤ ᠡᠬᠢ ᠪᠠᠶᠠᠯᠢᠭ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠵᠦ᠂ ᠵᠡᠮᠳᠡᠭᠴᠦᠳ ᠲᠤ ᠠᠵᠢᠯ ᠣᠯᠭᠤᠬᠤ | ᠦᠢᠯᠡᠴᠢᠯᠡᠭᠡᠨ ᠤ ᠵᠡᠮᠳᠡᠭᠴᠦᠳ ᠲᠤ ᠠᠵᠢᠯ ᠣᠯᠭᠤᠬᠤ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠦᠨᠡᠨ | ᠨᠡᠷ᠎ᠡ ᠶᠢᠨ ᠲᠦᠷᠢᠮ ᠤᠨ ᠮᠡᠳᠡᠭᠡ ᠵᠠᠩᠭᠢ ᠶᠢ ᠪᠦᠷᠢᠳᠬᠡᠨ ᠬᠠᠮᠢᠶᠠᠷᠬᠤ ᠰᠢᠰᠲ᠋ᠧᠮ ᠢ ᠰᠢᠯᠢᠳᠡᠭᠵᠢᠭᠦᠯᠵᠦ᠂ ᠣᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠯᠤᠭ᠎ᠠ ᠡᠬᠢ ᠪᠠᠶᠠᠯᠢᠭ ᠢ | ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠢᠭᠡᠴᠢ ᠳᠤ | ᠭᠠᠶᠢᠯᠢ ᠰᠦᠢᠳᠭᠡᠯ ᠤᠨ ᠬᠠᠷᠠᠭᠠᠯᠵᠠᠯ ᠦᠵᠡᠭᠦᠯᠬᠦ᠂ ᠵᠠᠰᠠᠭ ᠤᠨ ᠣᠷᠳᠣᠨ ᠤᠷᠢᠳᠠᠪᠠᠷ ᠬᠤᠳᠠᠯᠳᠤᠨ ᠠᠪᠬᠤ ᠵᠡᠷᠭᠡ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠶᠢ | ᠲᠣᠭᠲᠠᠪᠤᠷᠢᠵᠢᠭᠤᠯᠤᠨ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠨ᠎ᠠ᠃ ︽ᠢᠨᠲ᠋ᠧᠷ ᠰᠦᠯᠵᠢᠶ᠎ᠡ +︾ ᠶᠢᠨ ᠠᠵᠢᠯ ᠣᠯᠭᠤᠯᠲᠠ᠂ ᠬᠡᠷ ᠲᠠᠬᠢ ᠠᠵᠢᠯ ᠣᠯᠭᠤᠯᠲᠠ᠂ ᠨᠡᠶᠢᠭᠡᠮ | ᠲᠣᠭᠤᠷᠢᠭ ᠤᠨ ᠠᠵᠢᠯ ᠣᠯᠭᠤᠯᠲᠠ᠂ ᠠᠮᠢᠳᠤᠯᠢᠭ ᠢᠶᠠᠷ ᠠᠵᠢᠯ ᠣᠯᠭᠤᠯᠲᠠ᠂ ᠲᠤᠰᠠᠯᠠᠬᠤ ᠴᠢᠨᠠᠷᠲᠠᠶ ᠠᠵᠢᠯ | ᠣᠯᠭᠤᠯᠲᠠ ᠵᠡᠷᠭᠡ ᠵᠡᠮᠳᠡᠭᠴᠦᠳ ᠤᠨ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠳᠤ ᠳᠣᠭᠢᠷᠠᠬᠤ ᠶᠢ ᠲᠡᠳᠬᠦᠨ | ᠳᠡᠮᠵᠢᠬᠦ ᠶᠢ ᠴᠢᠩᠭᠠᠷᠠᠭᠤᠯᠵᠤ᠂ ᠬᠤᠲᠠ ᠬᠥᠳᠡᠭᠡ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠤᠷ | ᠴᠡᠭ ᠢ ᠰᠦᠢᠳᠭᠡᠯ ᠬᠤᠷᠢᠶᠠᠬᠤ ᠥᠬᠡᠶ ᠪᠤᠶᠤ ᠬᠢᠮᠳᠠ ᠦᠨ᠎ᠡ ᠪᠠᠷ ᠲᠦᠷᠢᠶᠡᠰᠦᠯᠡᠬᠦ ᠠᠷᠭ᠎ᠠ ᠮᠠᠶ᠋ᠢᠭ ᠢᠶᠠᠷ | ᠵᠡᠮᠳᠡᠭᠴᠦᠳ ᠤᠨ ᠡᠵᠡᠩᠨᠡᠯᠲᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠠᠭ᠎ᠠ ᠬᠠᠩᠭᠠᠬᠤ ᠬᠤᠳᠠᠯᠳᠤᠭᠠᠨ ᠤ | ᠲᠠᠯᠠᠪᠤᠷ ᠵᠢᠴᠢ ᠰᠦᠯᠵᠢᠶᠡᠨ ᠳᠡᠭᠡᠷᠡᠬᠢ ᠬᠡᠲᠦ ᠳᠡᠯᠭᠡᠭᠦᠷ ᠵᠡᠷᠭᠡ ᠳᠤ ᠤᠷᠢᠳᠠᠪᠠᠷ ᠬᠠᠩᠭᠠᠵᠤ ᠵᠡᠮᠳᠡᠭᠴᠦᠳ ᠤᠨ | ᠠᠰᠠᠷᠠᠮᠵᠢ ᠶᠢᠨ ᠴᠢᠨᠠᠷᠲᠠᠶ ᠦᠢᠯᠡᠳᠭᠦᠨ ᠤ ᠲᠤᠰᠬᠠᠶ ᠪᠤᠯᠤᠩ ᠭᠠᠷᠭᠠᠨ᠎ᠠ᠃ ᠵᠡᠮᠳᠡᠭᠴᠦᠳ ᠲᠤ ᠠᠵᠢᠯ ᠣᠯᠭᠤᠬᠤ | ᠲᠥᠷᠥᠯ ᠵᠦᠢᠯ ᠤᠨ ᠰᠢᠨ᠎ᠡ ᠶᠢ ᠡᠭᠦᠳᠦᠨ ᠨᠡᠭᠡᠭᠡᠨ ᠬᠥᠭᠵᠢᠭᠦᠯᠵᠦ᠂ ︽ᠨᠢᠭᠡ ᠴᠦ ᠠᠵᠢᠯ ᠣᠯᠤᠭᠰᠠᠨ ᠥᠬᠡᠶ ᠬᠡᠷ | ᠪᠦᠯᠢ︾ ᠶᠢᠨ ᠵᠡᠮᠳᠡᠭᠴᠦᠳ ᠲᠤ ᠨᠠᠭᠠᠳᠤ ᠵᠠᠬ᠎ᠠ ᠳᠠᠭᠠᠨ 1 ᠬᠥᠮᠦᠨ ᠳᠤ ᠠᠵᠢᠯ ᠣᠯᠭᠤᠬᠤ ᠶᠢ ᠪᠠᠲᠤᠯᠠᠨ᠎ᠠ᠃ | ᠬᠥᠳᠡᠭᠡ ᠲᠣᠰᠬᠤᠨ ᠤ ᠵᠡᠮᠳᠡᠭᠴᠦᠳ ᠲᠤ ᠠᠵᠢᠯ ᠣᠯᠭᠤᠬᠤ ᠶᠢ ᠬᠠᠪᠰᠤᠷᠤᠨ ᠲᠡᠳᠬᠦᠬᠦ ᠰᠠᠭᠤᠷᠢᠨ ᠭᠠᠵᠠᠷ ᠢ ᠶᠡᠬᠡᠪᠡᠷ | ᠪᠤᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠲᠣᠭᠲᠠᠭᠤᠨ ᠢᠶᠠᠷ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠶᠢ ᠲᠥᠪᠬᠢᠨᠡᠭᠦᠯᠬᠦ ᠪᠠ ᠳᠠᠶᠢᠴᠢᠯᠠᠬᠤ ᠬᠡᠷᠡᠭᠲᠡᠶ᠃ ᠠᠵᠢᠯ ᠤᠯᠬᠤ ᠳᠤ ᠬᠦᠴᠢᠷᠲᠡᠶ | ᠵᠡᠮᠳᠡᠭᠴᠦᠳ ᠢ ᠠᠵᠢᠯ ᠣᠯᠭᠤᠯᠲᠠ ᠶᠢᠨ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ︽ᠠᠵᠢᠯ | ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ︽ᠲᠤᠰᠬᠠᠶ ᠠᠵᠢᠯᠲᠠᠨ ᠡᠯᠰᠡᠬᠦ ᠴᠤᠭᠯᠠᠭᠠᠨ︾ ᠵᠡᠷᠭᠡ ᠠᠵᠢᠯ | ᠣᠯᠭᠤᠯᠲᠠ ᠶᠢᠨ ᠲᠤᠰᠬᠠᠶ ᠦᠢᠯᠡᠴᠢᠯᠡᠭᠡᠨ ᠢ ᠦᠷᠭᠦᠯᠵᠢᠯᠡᠨ ᠥᠷᠨᠢᠭᠦᠯᠵᠦ᠂ ᠵᠡᠮᠳᠡᠭᠴᠦᠳ ᠤᠨ ᠠᠵᠢᠯ | ᠣᠯᠭᠤᠯᠲᠠ ᠶᠢᠨ ᠦᠢᠯᠡᠳᠭᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠵᠡᠮᠳᠡᠭᠴᠦᠳ ᠤᠨ ᠠᠵᠢᠯ | ᠣᠯᠭᠤᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ᠂ ᠵᠡᠮᠳᠡᠭᠴᠦᠳ ᠤᠨ ᠴᠢᠳᠠᠪᠤᠷᠢᠲᠠᠨ ᠤ ᠰᠣᠯᠢᠯᠴᠠᠭ᠎ᠠ ᠵᠡᠷᠭᠡ | ᠠᠵᠢᠯᠯᠠᠭ᠎ᠠ ᠶᠢ ᠡᠷᠭᠢᠯᠡᠨ᠂ ᠵᠡᠮᠳᠡᠭᠴᠦᠳ ᠤᠨ ᠠᠵᠢᠯ ᠤᠯᠬᠤ ᠳᠤ ᠳᠣᠭᠢᠷᠠᠬᠤ ᠭᠠᠷ ᠦᠢᠯᠡᠳᠭᠡᠯ ᠤᠨ ᠠᠳᠠᠯ | ᠦᠢᠯᠡᠰ ᠴᠣᠭᠴᠠᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠰᠣᠬᠤᠷᠴᠤᠳ ᠤᠨ ᠡᠮᠴᠢᠯᠡᠭᠡᠨ ᠤ ᠢᠯᠢᠯᠭᠡ ᠶᠢᠨ | ᠠᠵᠢᠯ ᠲᠥᠷᠥᠯ ᠤᠨ ᠬᠥᠭᠵᠢᠯᠲᠡ ᠶᠢ ᠲᠡᠳᠬᠦᠨ ᠳᠡᠮᠵᠢᠵᠦ᠂ ᠰᠣᠬᠤᠷᠴᠤᠳ ᠤᠨ ᠡᠮᠴᠢᠯᠡᠭᠡᠨ ᠤ ᠢᠯᠢᠯᠭᠡ ᠶᠢᠨ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠰᠣᠬᠤᠷᠴᠤᠳ ᠤᠨ ᠡᠮᠴᠢᠯᠡᠭᠡᠨ ᠤ ᠢᠯᠢᠯᠭᠡ ᠶᠢ | ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠳᠤ ᠤᠷᠤᠭᠤᠯᠤᠨ᠎ᠠ᠃ | 3. ᠵᠡᠮᠳᠡᠭᠴᠦᠳ ᠤᠨ ᠠᠵᠢᠯ ᠮᠡᠷᠭᠡᠵᠢᠯ ᠤᠨ ᠬᠡᠪ ᠴᠢᠨᠠᠷ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ | ᠴᠢᠳᠠᠪᠤᠷᠢ ᠶᠢ ᠣᠯᠠᠨ ᠲᠠᠯ᠎ᠠ ᠪᠠᠷ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠰᠠᠭᠤᠷᠢᠨ ᠭᠠᠵᠠᠷ᠂ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠰᠠᠭᠤᠷᠢᠨ ᠭᠠᠵᠠᠷ᠂ ᠵᠡᠮᠳᠡᠭᠴᠦᠳ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ | ᠰᠠᠭᠤᠷᠢᠨ ᠭᠠᠵᠠᠷ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ᠂ ᠠᠵᠢᠯ | ᠮᠡᠷᠭᠡᠵᠢᠯ ᠤᠨ ᠰᠤᠷᠭᠠᠭᠤᠯᠢ᠂ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠤᠨ | ᠣᠷᠣᠯᠴᠠᠬᠤ ᠶᠢ ᠵᠣᠷᠢᠭᠵᠢᠭᠤᠯᠤᠨ᠂ ᠵᠡᠮᠳᠡᠭᠴᠦᠳ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠠᠳᠤᠯᠭ᠎ᠠ | ᠪᠣᠯᠪᠠᠰᠤᠷᠠᠭᠤᠯᠤᠯ ᠤᠨ ᠨᠢᠭᠡ ᠪᠦᠯᠦᠭ ᠰᠠᠭᠤᠷᠢᠨ ᠭᠠᠵᠠᠷ ᠪᠣᠯᠤᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠵᠢᠯ ᠤᠯᠬᠤ ᠬᠦᠰᠡᠯ ᠡᠷᠡᠮᠡᠯᠵᠡᠯ ᠪᠣᠯᠤᠨ | ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠲᠤ ᠵᠣᠬᠢᠬᠤ ᠠᠵᠢᠯ ᠣᠯᠵᠤ ᠠᠳᠠᠯ ᠦᠢᠯᠡᠰ | ᠴᠣᠭᠴᠠᠯᠠᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠳᠡᠮ ᠬᠦᠷᠲᠡᠭᠡᠵᠦ᠂ ᠲᠠᠷᠢᠶᠠᠯᠠᠬᠤ ᠮᠠᠯᠵᠢᠬᠤ | ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠬᠦ | ᠬᠡᠷᠡᠭᠲᠡᠶ᠃ ᠵᠡᠮᠳᠡᠭᠴᠦᠳ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠰᠢᠯᠢᠨ ᠰᠣᠩᠭᠤᠬᠤ | ᠪᠠ ᠬᠥᠮᠦᠵᠢᠭᠦᠯᠵᠦ᠂ ᠨᠢᠭᠡ ᠪᠦᠯᠦᠭ ᠬᠢᠩᠭᠠᠨ ᠠᠶᠢᠮᠠᠭ ᠤᠨ ᠣᠨᠴᠠᠯᠢᠭ ᠲᠠᠢ ᠵᠡᠮᠳᠡᠭᠴᠦᠳ ᠤᠨ ᠤᠷ᠎ᠠ | ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠢ ᠳᠡᠮᠵᠢᠨ ᠪᠠᠶᠢᠭᠤᠯᠤᠨ᠎ᠠ᠃ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠵᠡᠮᠳᠡᠭᠴᠦᠳ ᠲᠤ ᠲᠤᠰᠬᠠᠶᠢᠵᠢᠭᠰᠠᠨ ᠠᠵᠢᠯ | ᠣᠯᠭᠤᠯᠲᠠ ᠶᠢᠨ ᠦᠢᠯᠡᠴᠢᠯᠡᠭᠡ ᠬᠠᠩᠭᠠᠬᠤ ᠶᠢ ᠳᠡᠯᠭᠡᠷᠡᠭᠦᠯᠦᠨ᠎ᠡ᠃ ᠠᠶᠢᠮᠠᠭ ᠪᠣᠯᠤᠨ ᠬᠤᠰᠢᠭᠤ ᠰᠢᠶᠠᠨ ᠬᠤᠲᠠ ᠶᠢᠨ | ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ | ᠴᠢᠩᠭᠠᠳᠬᠠᠵᠤ᠂ ᠵᠡᠮᠳᠡᠭᠴᠦᠳ ᠲᠤ ᠠᠵᠢᠯ ᠣᠯᠭᠤᠬᠤ ᠬᠠᠪᠰᠤᠷᠤᠨ ᠵᠢᠯᠣᠭᠤᠳᠣᠭᠴᠢ ᠶᠢᠨ ᠡᠩᠨᠡᠭᠡ ᠶᠢᠨ ᠠᠵᠢᠯ ᠤᠨ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠪᠥᠬᠦ ᠠᠶᠢᠮᠠᠭ ᠤᠨ ᠵᠡᠮᠳᠡᠭᠴᠦᠳ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠭᠢᠯᠡᠵᠦ᠂ ᠪᠥᠬᠦ ᠣᠷᠣᠨ ᠤ ᠵᠡᠮᠳᠡᠭᠴᠦᠳ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠪᠥᠬᠦ ᠤᠯᠤᠰ ᠤᠨ ᠵᠡᠮᠳᠡᠭᠴᠦᠳ ᠤᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠤᠷᠤᠯᠳᠤᠭᠠᠨ ᠪᠠ ᠴᠢᠳᠠᠪᠤᠷᠢ ᠪᠠᠨ ᠳᠡᠯᠭᠡᠨ ᠦᠵᠡᠭᠦᠯᠬᠦ ᠪᠠᠶᠠᠷ ᠤᠨ ᠠᠵᠢᠯᠯᠭ᠎ᠠ ᠳᠤ | ᠤᠷᠤᠯᠴᠠᠬᠤ ᠶᠢ ᠵᠤᠬᠢᠶᠠᠨ ᠪᠠᠶᠢᠭᠤᠯᠤᠨ᠎ᠠ᠃ | ︵ᠭᠤᠷᠪᠠ︶ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠨᠠᠷᠢᠯᠢᠭ ᠣᠨᠣᠴᠠᠲᠠᠶ ᠰᠢᠰᠲ᠋ᠧᠮᠵᠢ ᠶᠢ | ᠲᠡᠭᠦᠯᠳᠡᠷᠵᠢᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠪᠠ ᠦᠨᠳᠦᠰᠦᠨ ᠡᠷᠡᠭᠦᠯᠵᠢᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 1. ᠡᠷᠡᠭᠦᠯᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠤᠨ᠎ᠠ᠃ ᠠᠶᠢᠮᠠᠭ ᠤᠨ ᠵᠡᠮᠳᠡᠭᠴᠦᠳ ᠤᠨ | ᠡᠷᠡᠭᠦᠯᠵᠢᠯ ᠤᠨ ᠲᠥᠪ ︵ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ︶ ᠢᠶᠠᠷ ᠬᠥᠲᠥᠴᠢ ᠪᠣᠯᠭᠠᠭᠰᠠᠨ᠂ ᠬᠤᠰᠢᠭᠤ | ᠰᠢᠶᠠᠨ ᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠲᠥᠪ ᠢᠶᠠᠷ ᠭᠤᠤᠯᠯᠠᠭᠴᠢ ᠪᠣᠯᠭᠠᠭᠰᠠᠨ ᠵᠡᠮᠳᠡᠭᠴᠦᠳ ᠤᠨ | ᠡᠷᠡᠭᠦᠯᠵᠢᠯ ᠤᠨ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ︽ᠢᠨᠲ᠋ᠤᠷ ᠰᠦᠯᠵᠢᠶ᠎ᠡ +︾ ᠵᠡᠮᠳᠡᠭᠴᠦᠳ ᠤᠨ | ᠡᠷᠡᠭᠦᠯᠵᠢᠯ ᠢ ᠬᠡᠷᠡᠭᠵᠢᠭᠦᠯᠵᠦ᠂ ᠡᠷᠡᠭᠦᠯᠵᠢᠯ ᠤᠨ ᠪᠠᠶᠢᠭᠤᠯᠤᠮᠵᠢ ᠬᠢᠭᠡᠳ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠰᠢᠯᠵᠢᠭᠦᠯᠦᠨ | ᠲᠠᠨᠢᠯᠴᠠᠭᠤᠯᠬᠤ ᠶᠢ ᠤᠷᠤᠭᠰᠢᠲᠠᠶ ᠪᠠᠶᠢᠯᠭᠠᠬᠤ᠂ ᠠᠯᠤᠰ ᠠᠴᠠ ᠰᠣᠯᠢᠯᠴᠠᠨ ᠵᠢᠯᠣᠭᠤᠳᠬᠤ ᠪᠠ ᠬᠠᠮᠲᠤᠷᠠᠯᠴᠠᠬᠤ | ᠲᠣᠭᠲᠠᠴᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠡᠤᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠵᠥᠪᠰᠢᠶᠡᠷᠡᠨ ᠣᠷᠣᠭᠤᠯᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠡᠮᠳᠡᠭ ᠬᠡᠤᠬᠡᠳ ᠤᠨ ᠡᠷᠡᠭᠦᠯᠵᠢᠯ ᠤᠨ | ᠦᠢᠯᠡᠴᠢᠯᠡᠬᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ᠵᠡᠮᠳᠡᠭ ᠬᠡᠤᠬᠡᠳ ᠤᠨ | ᠡᠷᠡᠭᠦᠯᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠮᠴᠢᠯᠡᠭᠡᠨ ᠤ ᠪᠠᠶᠢᠭᠤᠯᠤᠮᠵᠢ᠂ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠣᠨᠴᠣᠭᠤᠶ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠡᠷᠡᠭᠦᠯᠵᠢᠯ ᠤᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠦᠢᠯᠡᠴᠢᠯᠡᠭᠡᠨ ᠤ ᠬᠡᠯᠬᠢᠶ᠎ᠡ ᠶᠢ | ᠤᠷᠲᠤᠳᠬᠠᠨ᠂ ᠡᠷᠡᠭᠦᠯᠵᠢᠯ ᠤᠨ ᠴᠢᠳᠠᠮᠵᠢ ᠶᠢ ᠨᠡᠮᠡᠭᠳᠡᠭᠦᠯᠬᠦ ᠪᠠ ᠲᠡᠭᠦᠯᠳᠡᠷᠵᠢᠭᠦᠯᠵᠦ᠂ ᠡᠷᠡᠭᠦᠯᠵᠢᠯ ᠤᠨ | ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠷᠡᠭᠦᠯᠵᠢᠯ ᠤᠨ ᠦᠢᠯᠡᠴᠢᠯᠡᠭᠡᠨ ᠤ | ᠬᠠᠩᠭᠠᠯᠭ᠎ᠠ ᠶᠢ ᠨᠡᠮᠡᠭᠳᠡᠭᠦᠯᠦᠨ᠎ᠡ᠃ ᠡᠷᠡᠭᠦᠯᠵᠢᠭᠦᠯᠬᠦ ᠴᠢᠳᠠᠪᠤᠷᠢᠲᠠᠨ ᠢ ᠳᠡᠭᠡᠭᠰᠢᠯᠡᠭᠦᠯᠬᠦ ᠲᠥᠯᠥᠪᠯᠡᠭᠡ ᠶᠢ | ᠬᠡᠷᠡᠭᠵᠢᠭᠦᠯᠵᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠠᠶᠢᠮᠠᠭ ᠤᠨ ᠳᠣᠲᠣᠨ᠎ᠠ ᠭᠠᠳᠠᠨᠠᠬᠢ | ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ | ᠬᠠᠮᠲᠤᠷᠠᠯᠴᠠᠵᠤ᠂ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠤᠨ ᠬᠥᠮᠦᠵᠢᠭᠦᠯᠬᠦ ᠶᠢ | ᠴᠢᠩᠭᠠᠳᠬᠠᠨ᠂ ᠡᠷᠡᠭᠦᠯᠵᠢᠭᠦᠯᠬᠦ ᠰᠡᠳᠦᠪ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠡᠷᠡᠭᠦᠯᠵᠢᠭᠦᠯᠬᠦ | ᠦᠢᠯᠡᠴᠢᠯᠡᠭᠡᠨ ᠤ ᠬᠢᠷᠢ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ | 2. ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯ ᠢ ᠦᠷᠭᠦᠯᠵᠢᠯᠡᠨ ᠥᠷᠨᠢᠭᠦᠯᠦᠨ᠎ᠡ᠃ ︽ᠵᠡᠮᠳᠡᠭ | ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠤᠨ ᠡᠷᠡᠭᠦᠯᠵᠢᠯ ᠤᠨ ᠲᠦᠷᠢᠮ︾ ︽ᠤᠯᠤᠰ ᠤᠨ ᠵᠡᠮᠳᠡᠭ | ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯᠯᠠᠭᠠᠨ ᠤ ᠲᠥᠯᠥᠪᠯᠡᠭᠡ ︵2021 — 2025 ᠣᠨ︶︾ ᠪᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ | ᠵᠡᠮᠳᠡᠭᠴᠦᠳ ᠤᠨ ᠡᠷᠡᠭᠦᠯᠵᠢᠯ ᠤᠨ ᠠᠷᠭ᠎ᠠ︾ ᠶᠢ ᠬᠡᠷᠡᠭᠵᠢᠭᠦᠯᠬᠦ ᠶᠢ ᠠᠬᠢᠭᠤᠯᠵᠤ᠂ ᠵᠡᠮᠳᠡᠭ ᠪᠣᠯᠬᠤ ᠶᠢ ᠤᠷᠢᠳᠴᠢᠯᠠᠨ | ᠰᠡᠷᠭᠡᠶᠢᠯᠡᠬᠦ ᠤᠳᠤᠷᠢᠳᠤᠯᠭ᠎ᠠ ᠶᠢᠨ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠦ᠂ ᠵᠡᠮᠳᠡᠭᠴᠦᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠶᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠳᠤ ᠣᠷᠣᠭᠤᠯᠤᠨ᠎ᠠ᠃ ︽ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠡᠳᠦᠷ︾᠂ ︽ᠴᠢᠬᠢ ᠪᠠᠨ | ᠬᠠᠶᠢᠷᠠᠯᠠᠬᠤ ᠡᠳᠦᠷ︾᠂ ︽ᠨᠢᠳᠦ ᠪᠠᠨ ᠬᠠᠶᠢᠷᠠᠯᠠᠬᠤ ᠡᠳᠦᠷ︾ ᠵᠡᠷᠭᠡ ᠵᠠᠩᠭᠢᠯᠠᠭ᠎ᠠ ᠶᠢᠨ ᠴᠡᠭ ᠢ ᠠᠰᠢᠭᠯᠠᠨ᠂ | ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ | ᠪᠥᠬᠦ ᠣᠯᠠᠨ ᠲᠦᠮᠡᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠵᠡᠮᠳᠡᠭ ᠪᠣᠯᠬᠤ ᠶᠢ | ᠤᠷᠢᠳᠴᠢᠯᠠᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︽13 · 5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ | ᠪᠥᠬᠦ ᠲᠠᠯ᠎ᠠ ᠪᠠᠷ ᠳ᠋ᠦᠩᠨᠡᠨ ᠳᠡᠯᠭᠡᠷᠡᠭᠦᠯᠵᠦ᠂ ᠵᠡᠮᠳᠡᠭ ᠬᠡᠤᠬᠡᠳ ᠤᠨ ᠲᠤᠭ᠎ᠠ ᠪᠠᠷᠢᠮᠲᠠ ᠶᠢ ᠵᠠᠳᠠᠯᠤᠨ ᠰᠢᠨᠵᠢᠵᠦ ᠬᠢᠨᠠᠨ | ᠬᠡᠮᠵᠢᠬᠦ ᠰᠢᠰᠲ᠋ᠧᠮ ᠢ ᠪᠠᠶᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ᠂ | ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠷᠠᠶ ᠬᠡᠤᠬᠡᠳ ᠪᠠ | ᠬᠡᠤᠬᠡᠳ ᠤᠨ ᠡᠯ᠎ᠡ ᠱᠠᠲᠤ ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠰᠢᠰᠲ᠋ᠧᠮᠵᠢ ᠶᠢ ᠰᠢᠭᠰᠢᠨ ᠪᠠᠶᠢᠴᠠᠭᠠᠬᠤ ᠪᠠ | ᠵᠡᠮᠳᠡᠭ ᠬᠡᠤᠬᠡᠳ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠲᠣᠭᠲᠠᠴᠠ ᠶᠢ ᠪᠠᠶᠢᠭᠤᠯᠵᠤ᠂ ᠵᠡᠮᠳᠡᠭ ᠪᠣᠯᠬᠤ | ᠨᠣᠷᠮ᠎ᠠ ᠶᠢ ᠪᠦᠲᠦᠮᠵᠢᠲᠡᠶ ᠪᠠᠭᠤᠷᠠᠭᠤᠯᠤᠨ᠎ᠠ᠃ ᠣᠷᠣᠨ ᠨᠤᠲᠤᠭ ᠤᠨ ᠡᠪᠡᠳᠴᠢᠨ ᠪᠠ ᠬᠦᠨᠳᠦ ᠡᠪᠡᠳᠴᠢᠨ ᠤ | ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ | ᠤᠷᠢᠳᠴᠢᠯᠠᠨ ᠰᠡᠷᠡᠮᠵᠢᠯᠡᠭᠦᠯᠵᠦ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ | ᠠᠵᠢᠯ ᠢ ᠥᠷᠨᠢᠭᠦᠯᠵᠦ᠂ ᠡᠪᠡᠳᠴᠢᠨ ᠡᠮᠭᠡᠭ᠂ ᠭᠠᠶ ᠭᠠᠮᠰᠢᠭ᠂ ᠡ᠊ᠨᠳᠡᠯ᠂ ᠠᠵᠢᠯ ᠮᠡᠷᠭᠡᠵᠢᠯ ᠤᠨ ᠭᠡᠮᠲᠦᠯ | ᠵᠡᠷᠭᠡ ᠠᠴᠠ ᠪᠣᠯᠤᠭᠰᠠᠨ ᠵᠡᠮᠳᠡᠭ ᠢ ᠪᠠᠭᠠᠰᠬᠠᠨ᠎ᠠ᠃ | 3. ᠵᠡᠮᠳᠡᠭ ᠬᠡᠤᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠨᠣᠷᠮ᠎ᠠ ᠶᠢ ᠳᠡᠭᠡᠭᠰᠢᠯᠡᠭᠦᠯᠦᠨ᠎ᠡ᠃ ︽ᠵᠡᠮᠳᠡᠭ | ᠬᠡᠤᠬᠡᠳ ᠢ ᠡᠷᠡᠭᠦᠯᠵᠢᠭᠦᠯᠵᠦ ᠲᠡᠩᠬᠡᠷᠡᠭᠦᠯᠦᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠪᠠ ︽ᠵᠡᠮᠳᠡᠭ | ᠬᠡᠤᠬᠡᠳ ᠢ ᠡᠷᠡᠭᠦᠯᠵᠢᠭᠦᠯᠵᠦ ᠲᠡᠩᠬᠡᠷᠡᠭᠦᠯᠦᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠬᠢᠩᠭᠠᠨ ᠠᠶᠢᠮᠠᠭ ᠤᠨ | ᠵᠠᠬᠢᠷᠭ᠎ᠠ ᠶᠢᠨ ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠵᠤ᠂ 0 — 7 ᠨᠠᠰᠤᠨ ᠤ ᠬᠡᠤᠬᠡᠳ ᠤᠨ ᠵᠡᠮᠳᠡᠭ ᠢ | ᠰᠢᠭᠰᠢᠨ ᠪᠠᠶᠢᠴᠠᠭᠠᠬᠤ ᠶᠢ ᠶᠡᠬᠡᠪᠡᠷ ᠳᠥᠯᠭᠢᠨ ᠠᠬᠢᠭᠤᠯᠵᠤ᠂ ᠰᠢᠭᠰᠢᠨ ᠪᠠᠶᠢᠴᠠᠭᠠᠬᠤ᠂ ᠣᠨᠣᠰᠢᠯᠠᠬᠤ᠂ | ᠡᠷᠡᠭᠦᠯᠵᠢᠭᠦᠯᠵᠦ ᠲᠡᠩᠬᠡᠷᠡᠭᠦᠯᠦᠨ ᠲᠤᠰᠠᠯᠠᠬᠤ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ 0 — 7 | ᠨᠠᠰᠤᠨ ᠤ ᠵᠡᠮᠳᠡᠭ ᠬᠡᠤᠬᠡᠳ ᠤᠨ ᠡᠷᠡᠭᠦᠯᠵᠢᠯ ᠤᠨ ᠬᠡᠷᠡᠭᠴᠡᠭᠡ ᠶᠢ ᠤᠷᠢᠳᠠᠪᠠᠷ ᠪᠠᠲᠤᠯᠠᠭᠰᠠᠨ ᠰᠠᠭᠤᠷᠢᠨ ᠳᠡᠭᠡᠷ᠎ᠡ᠂ | ᠵᠡᠮᠳᠡᠭ ᠬᠡᠤᠬᠡᠳ ᠤᠨ ᠬᠡᠷ ᠪᠦᠯᠢ ᠶᠢᠨ ᠠᠵᠤ ᠠᠬᠤᠶ ᠶᠢᠨ ᠨᠥᠬᠦᠴᠡᠯ ᠤᠨ ᠬᠢᠵᠠᠭᠠᠷᠯᠠᠯ ᠢ ᠠᠭᠤᠵᠢᠭᠤ ᠲᠠᠯᠪᠢᠵᠤ᠂ | ᠵᠡᠮᠳᠡᠭ ᠬᠡᠤᠬᠡᠳ ᠢ ᠠᠪᠤᠷᠠᠨ ᠲᠤᠰᠠᠯᠠᠬᠤ ᠨᠠᠰᠤᠨ ᠤ ᠬᠡᠪᠴᠢᠶ᠎ᠡ ᠶᠢ ᠥᠷᠭᠡᠳᠬᠡᠨ᠂ ᠠᠪᠤᠷᠠᠨ ᠲᠤᠰᠠᠯᠠᠬᠤ | ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠲᠥᠷᠥᠯ ᠵᠦᠢᠯ ᠢ ᠥᠷᠭᠡᠳᠬᠡᠨ᠎ᠡ᠃ | 4. ᠨᠡᠶᠢᠭᠡᠮ ᠲᠣᠭᠤᠷᠢᠭ ᠤᠨ ᠡᠷᠡᠭᠦᠯᠵᠢᠯ ᠢ ᠪᠥᠬᠦ ᠬᠦᠴᠦᠨ ᠢᠶᠠᠷ ᠠᠬᠢᠭᠤᠯᠤᠨ᠎ᠠ᠃ ᠵᠡᠮᠳᠡᠭᠴᠦᠳ ᠤᠨ ᠨᠡᠶᠢᠭᠡᠮ | ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢ | ᠥᠷᠨᠢᠭᠦᠯᠵᠦ᠂ ︽ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠠᠵᠢᠯ ᠤᠨ ᠪᠠᠷᠢᠮᠵᠢᠶ᠎ᠠ︾ ︽ | ᠣᠶᠤᠨ ᠮᠡᠳᠡᠷᠡᠯ ᠤᠨ ᠰᠠᠭᠠᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠠᠵᠢᠯ ᠤᠨ | ᠵᠢᠷᠤᠮᠵᠢᠯ︾ ᠢ ᠨᠠᠶᠢᠳᠠᠪᠤᠷᠢᠵᠢᠭᠤᠯᠤᠨ᠂ ᠨᠡᠶᠢᠭᠡᠮ ᠲᠣᠭᠤᠷᠢᠭ ᠤᠨ ᠡᠷᠡᠭᠦᠯᠵᠢᠯ ᠤᠨ ᠵᠣᠬᠢᠴᠠᠭᠤᠯᠤᠭᠴᠢ ᠶᠢᠨ | ᠡᠩᠨᠡᠭᠡ ᠶᠢ ᠪᠠᠶᠢᠭᠤᠯᠵᠤ᠂ ᠲᠣᠭᠲᠠᠭᠠᠯ ᠶᠣᠰᠣᠭᠠᠷ ᠨᠡᠶᠢᠭᠡᠮ ᠲᠣᠭᠤᠷᠢᠭ ᠤᠨ ᠡᠷᠡᠭᠦᠯᠵᠢᠯ ᠤᠨ ᠵᠡᠮᠳᠡᠭᠴᠦᠳ ᠤᠨ ᠬᠡᠷ | ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠭᠦ ᠶᠢ ᠠᠬᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ | ᠪᠠᠶᠢᠳᠠᠯ ᠢ ᠦᠨᠡᠯᠡᠨ ᠵᠢᠱᠢᠵᠦ ᠪᠠᠶᠢᠴᠠᠭᠠᠬᠤ ᠶᠢ ᠴᠢᠩᠭᠠᠳᠬᠠᠨ᠂ ᠵᠡᠮᠳᠡᠭᠴᠦᠳ ᠤᠨ ᠰᠠᠨᠠᠭᠠᠴᠢᠯᠠᠭ᠎ᠠ ᠠᠴᠠ ᠪᠠᠨ᠂ | ᠬᠠᠷᠢᠯᠴᠠᠨ ᠬᠠᠪᠰᠤᠷᠤᠯᠴᠠᠵᠤ ᠨᠡᠶᠢᠭᠡᠮ ᠲᠣᠭᠤᠷᠢᠭ ᠤᠨ ᠡᠬᠢ ᠪᠠᠶᠠᠯᠢᠭ᠂ ᠨᠥᠬᠦᠴᠡᠯ ᠳᠤ ᠰᠠᠭᠤᠷᠢᠯᠠᠨ᠂ | ᠡᠷᠡᠭᠦᠯᠵᠢᠭᠦᠯᠬᠦ ᠪᠡᠯᠡᠳᠬᠡᠮᠵᠢ᠂ ᠡᠩᠨᠡᠭᠡ ᠶᠢ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠠᠷᠠᠭᠠᠯᠵᠠᠯ᠂ ᠠᠵᠤ | ᠦᠢᠯᠡᠳᠪᠦᠷᠢ ᠶᠢᠨ ᠡᠮᠴᠢᠯᠡᠭᠡ᠂ ᠵᠤᠭ᠎ᠠ ᠴᠡᠩᠭᠡᠯ ᠤᠨ ᠡᠮᠴᠢᠯᠡᠭᠡ᠂ ᠡᠷᠡᠭᠦᠯᠵᠢᠭᠦᠯᠭᠡ ᠶᠢᠨ ᠲᠤᠰᠠᠯᠠᠬᠤ ᠪᠠᠭᠠᠵᠢ | ᠬᠡᠷᠡᠭᠰᠡᠯ ᠢ ᠲᠦᠷᠢᠶᠡᠰᠦᠯᠡᠬᠦ ᠵᠡᠷᠭᠡ ᠡᠷᠡᠭᠦᠯᠵᠢᠭᠦᠯᠬᠦ ᠳᠤ ᠳᠣᠭᠢᠷᠠᠬᠤ ᠦᠶ᠋ᠯᠡᠴᠢᠯᠡᠭᠡᠨ ᠢ ᠥᠷᠨᠢᠭᠦᠯᠦᠨ᠎ᠡ᠃ | 5. ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠢᠩᠭᠠᠨ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠲᠤᠰᠠᠯᠠᠬᠤ ᠪᠠᠭᠠᠵᠢ ᠬᠡᠷᠡᠭᠰᠡᠯ ᠤᠨ ᠵᠡᠭᠦᠨ ᠬᠡᠰᠡᠭ ᠤᠨ | ᠣᠷᠣᠨ ᠪᠦᠰᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠤᠳᠤᠯᠤᠨ ᠨᠡᠭᠡᠭᠡᠬᠦ᠂ | ᠦᠢᠯᠡᠳᠬᠦ᠂ ᠳᠣᠭᠢᠷᠠᠭᠤᠯᠬᠤ᠂ ᠵᠠᠯᠠᠷᠠᠭᠤᠯᠬᠤ᠂ ᠪᠣᠯᠪᠠᠰᠤᠷᠠᠭᠤᠯᠬᠤ ᠵᠡᠷᠭᠡ ᠴᠢᠳᠠᠮᠵᠢ ᠶᠢ ᠨᠢᠭᠡ ᠴᠣᠠᠠᠴᠠᠵᠢᠭᠤᠯᠥᠠᠠᠰᠠᠨ | ᠲᠤᠰᠠᠯᠠᠬᠤ ᠪᠠᠭᠠᠵᠢ ᠬᠡᠷᠡᠭᠰᠡᠯ ᠤᠨ ᠵᠡᠭᠦᠨ ᠬᠡᠰᠡᠭ ᠤᠨ ᠣᠷᠣᠨ ᠪᠦᠰᠡ ᠶᠢᠨ ᠲᠥᠪ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ᠂ ᠨᠠᠷᠢᠯᠢᠭ | ᠣᠨᠣᠴᠠᠲᠠᠶ ᠪᠠᠷ ᠦᠢᠯᠡᠴᠢᠯᠡᠬᠦ᠂ ᠲᠦᠷᠢᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠵᠡᠭᠦᠨ ᠬᠡᠰᠡᠭ ᠤᠨ ᠠᠶᠢᠮᠠᠭ | ᠬᠤᠲᠠ ᠶᠢᠨ ᠵᠢᠱᠢᠶ᠎ᠡ ᠦᠵᠡᠭᠦᠯᠬᠦ᠂ ᠬᠥᠲᠥᠯᠦᠨ ᠳᠠᠭᠠᠭᠤᠯᠬᠤ᠂ ᠰᠠᠴᠤᠷᠠᠭᠯᠠᠨ ᠨᠥᠯᠥᠭᠡᠯᠡᠬᠦ ᠦᠢᠯᠡᠳᠦᠯ ᠢ | ᠪᠠᠳᠠᠷᠠᠭᠤᠯᠤᠨ᠎ᠠ᠃ ᠵᠡᠮᠳᠡᠭᠴᠦᠳ ᠤᠨ ᠦᠨᠳᠦᠰᠦᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ ᠳᠤ | ᠨᠥᠬᠦᠪᠥᠷᠢ ᠥᠭᠬᠦ ᠲᠦᠷᠢᠮ ᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠪᠥᠭᠡᠳ ᠳᠣᠭᠢᠷᠠᠬᠤ ᠦᠨᠳᠦᠰᠦᠨ | ᠬᠡᠯᠪᠡᠷᠢ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ᠎ᠡ᠃ ᠡᠷᠡᠭᠦᠯᠵᠢᠯ ᠤᠨ ᠲᠤᠰᠠᠯᠠᠬᠤ | ᠪᠠᠭᠠᠵᠢ ᠬᠡᠷᠡᠭᠰᠡᠯ ᠤᠨ ᠳᠣᠭᠢᠷᠠᠬᠤ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ᠂ ᠲᠤᠰᠠᠯᠠᠬᠤ ᠪᠠᠭᠠᠵᠢ | ᠬᠡᠷᠡᠭᠰᠡᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠩᠭᠠᠨ᠎ᠠ᠃ ᠲᠤᠰᠠᠯᠠᠬᠤ ᠪᠠᠭᠠᠵᠢ ᠬᠡᠷᠡᠭᠰᠡᠯ ᠢ ᠲᠦᠷᠢᠶᠡᠰᠦᠯᠡᠬᠦ᠂ | ᠡᠭᠡᠭᠦᠯᠦᠨ ᠬᠤᠷᠢᠶᠠᠬᠤ᠂ ᠰᠡᠯᠪᠢᠨ ᠵᠠᠰᠠᠬᠤ ᠵᠡᠷᠭᠡ ᠦᠢᠯᠡᠴᠢᠯᠡᠭᠡᠨ ᠢ ᠥᠷᠨᠢᠭᠦᠯᠵᠦ᠂ ᠦᠨᠳᠦᠰᠦᠨ ᠡᠮᠨᠡᠨ ᠵᠠᠰᠠᠬᠤ | ᠴᠢᠨᠠᠷᠲᠠᠶ ᠡᠷᠡᠭᠦᠯᠵᠢᠭᠦᠯᠬᠦ ᠶᠢᠨ ᠲᠤᠰᠠᠯᠠᠬᠤ ᠪᠠᠭᠠᠵᠢ ᠬᠡᠷᠡᠭᠰᠡᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠬᠤ ᠶᠢ ᠠᠬᠢᠭᠤᠯᠤᠨ᠎ᠠ᠃ ᠡᠯ᠎ᠡ ᠱᠠᠲᠤᠨ ᠤ | ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠵᠢᠴᠢ ᠡᠮᠴᠢᠯᠡᠭᠡ᠂ ᠡᠷᠡᠭᠦᠯᠵᠢᠯ᠂ ᠨᠠᠰᠤᠵᠢᠯ ᠤᠨ | ᠪᠠᠶᠢᠭᠤᠯᠤᠮᠵᠢ ᠪᠠ ᠵᠡᠮᠳᠡᠭᠴᠦᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠶᠢᠳᠠᠨ ᠠᠰᠠᠷᠠᠭᠤᠯᠬᠤ | ᠪᠠᠶᠢᠭᠤᠯᠤᠮᠵᠢ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠤᠨ ᠳᠣᠭᠢᠷᠠᠭᠤᠯᠬᠤ ᠦᠢᠯᠡᠴᠢᠯᠡᠭᠡ | ᠥᠷᠨᠢᠭᠦᠯᠬᠦ ᠶᠢ ᠳᠡᠮᠵᠢᠨ᠎ᠡ᠃ | ︵ᠲᠦᠷᠪᠡ︶ ᠵᠡᠮᠳᠡᠭᠴᠦᠳ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ | ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ | ᠬᠥᠭᠵᠢᠭᠦᠯᠦᠨ᠎ᠡ | 1.ᠵᠡᠮᠳᠡᠭᠴᠦᠳ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠥᠷᠢᠨᠰᠢᠬᠦᠯᠥᠨ᠎ᠡ᠃ ᠤᠯᠤᠰ ᠤᠨ ︽ | ᠵᠡᠮᠳᠡᠭᠴᠦᠳ ᠤᠨ ᠰᠤᠷᠭᠠᠨ ᠬᠥᠮᠦᠵᠢᠯ ᠤᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠷᠪᠠᠳᠤᠭᠠᠷ | ᠬᠤᠭᠤᠴᠠᠭᠠᠨ ᠤ ︽ᠣᠨᠴᠣᠭᠤᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ︵2021 — 2035︶ | ︾ ᠶᠢ ᠬᠡᠷᠡᠭᠵᠢᠭᠦᠯᠵᠦ᠂ ᠵᠡᠮᠳᠡᠭᠴᠦᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ | ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠪᠠᠲᠤᠯᠠᠭ᠎ᠠ ᠬᠠᠩᠭᠠᠨ᠎ᠠ᠃ ᠰᠤᠷᠬᠤ ᠨᠠᠰᠤᠨ ᠤ ᠵᠡᠮᠳᠡᠭ ᠬᠡᠤᠬᠡᠳ | ᠪᠠᠭᠠᠴᠤᠳ ᠤᠨ ᠬᠥᠮᠦᠨ ᠠᠮᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠰᠠᠶᠢᠲᠤᠷ ᠬᠢᠵᠦ᠂ ︽ᠨᠢᠭᠡ | ᠬᠥᠮᠦᠨ ᠨᠢᠭᠡ ᠬᠡᠷᠡᠭ︾ ᠳᠤ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠤᠨ ᠰᠤᠷᠭᠠᠨ ᠬᠥᠮᠦᠵᠢᠯ ᠤᠨ | ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ | ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ᠵᠡᠮᠳᠡᠭ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠬᠡᠦᠬᠡᠳ ᠤᠨ ᠡᠷᠡᠭᠦᠯᠵᠢᠯ ᠤᠨ ᠪᠦᠬᠦ ᠶᠠᠪᠤᠴᠠ ᠳᠤ ᠠᠭᠤᠰᠬᠠᠵᠤ᠂ ᠡᠮᠨᠡᠯᠭᠡ᠂ ᠡᠷᠡᠭᠦᠯᠵᠢᠯ᠂ | ᠰᠤᠷᠭᠠᠨ ᠬᠥᠮᠦᠵᠢᠯ ᠤᠨ ᠠᠭᠤᠰᠤᠯᠴᠠᠯ ᠢ ᠪᠡᠶᠡᠯᠡᠭᠦᠯᠦᠨ᠎ᠡ᠃ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠪᠠ ᠪᠠᠬᠢᠵᠢᠭᠦᠯᠦᠯᠲᠡ ᠶᠢᠨ ᠨᠤᠷᠮ᠎ᠠ ᠶᠢ ᠪᠠᠬᠢᠵᠢᠭᠦᠯᠦᠨ | ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠨᠥᠬᠦᠴᠡᠯ ᠪᠦᠷᠢᠯᠳᠦᠭᠦᠯᠵᠦ ᠪᠠᠶᠢᠭᠠᠳ ︽ᠰᠦᠯᠵᠢᠶᠡᠨ ᠳᠡᠭᠡᠷᠡᠬᠢ ᠵᠢᠭᠠᠨ ᠰᠤᠷᠭᠠᠯᠲᠠ︾ ᠶᠢ | ᠥᠷᠨᠢᠭᠦᠯᠵᠦ᠂ ᠡᠩ ᠤᠨ ᠰᠤᠷᠭᠠᠭᠤᠯᠢ ᠶᠢᠨ ᠵᠡᠮᠳᠡᠭ ᠰᠤᠷᠤᠭᠴᠢᠳ ᠤᠨ ᠠᠩᠬᠢ ᠲᠠᠭᠠᠵᠤ ᠰᠤᠷᠤᠯᠴᠠᠬᠤ ᠶᠢ ᠳᠡᠮᠵᠢᠬᠦ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠳᠠᠯᠭ᠎ᠠ | ᠪᠣᠯᠭᠠᠭᠰᠠᠨ ᠵᠡᠮᠳᠡᠭᠴᠦᠳ ᠤᠨᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤ ᠦᠶ᠎ᠡ ᠶᠢᠨ ᠰᠤᠷᠭᠠᠨ | ᠬᠥᠮᠦᠵᠢᠯ ᠢ ᠴᠢᠩᠭᠠᠳᠬᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠡᠶᠡᠯᠡᠭᠦᠯᠦᠭᠰᠡᠨ ᠤ ᠲᠠᠷᠠᠭ᠎ᠠ ᠬᠦᠰᠡᠯ | ᠡᠷᠡᠮᠡᠯᠵᠡᠯ ᠲᠠᠢ ᠵᠡᠮᠳᠡᠭ ᠵᠠᠯᠠᠭᠤᠴᠤᠳ ᠪᠠᠭᠠᠴᠤᠳ ᠤᠨ ᠲᠣᠬᠢᠷᠠᠮᠵᠢᠲᠠᠶ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠬᠥᠷᠳᠡᠬᠦ ᠶᠢ ᠲᠡᠮᠵᠢᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠩ ᠤᠨ | ᠰᠤᠷᠭᠠᠨ ᠬᠥᠮᠦᠵᠢᠯ ᠬᠥᠷᠳᠡᠬᠦ ᠴᠢᠳᠠᠪᠤᠷᠢ ᠲᠠᠢ ᠵᠡᠮᠳᠡᠭ ᠰᠤᠷᠤᠭᠴᠢᠳ ᠢ ᠡᠯᠰᠡᠬᠦ ᠶᠢ ᠵᠣᠷᠢᠭᠵᠢᠭᠤᠯᠵᠤ᠂ ᠵᠡᠮᠳᠡᠭ | ᠰᠤᠷᠤᠭᠴᠢᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠬᠥᠷᠳᠡᠬᠦ ᠬᠠᠷᠢᠴᠠᠯ ᠢ | ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ | ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠢᠷᠢ ᠬᠡᠮ ᠢ ᠭᠡᠷᠡᠴᠢᠯᠡᠬᠦ ᠲᠦᠷᠢᠮ ᠢ ᠠᠯᠬᠤᠮ ᠠᠯᠬᠤᠮ ᠢᠶᠠᠷ ᠵᠡᠮᠳᠡᠭᠴᠦᠳ ᠤᠨ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠬᠤ᠂ ᠳᠤᠮᠳᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠵᠢᠴᠢ ᠠᠵᠢᠯ ᠣᠯᠭᠤᠯᠲᠠ ᠶᠢᠨ ᠶᠡᠭᠡ ᠰᠤᠷᠭᠠᠭᠤᠯᠢ ᠶᠢᠨ ᠵᠡᠮᠳᠡᠭ | ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠨᠠᠶᠢᠳᠠᠪᠤᠷᠢᠵᠢᠭᠤᠯᠵᠤ᠂ ᠵᠡᠮᠳᠡᠭ ᠰᠤᠷᠤᠭᠴᠢᠳ ᠲᠤ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ᠂ | ᠣᠨᠴᠣᠭᠤᠶ ᠰᠤᠷᠤᠯᠭ᠎ᠠ ᠶᠢᠨ ᠬᠡᠷᠡᠭᠰᠡᠯ᠂ ᠡᠷᠡᠭᠦᠯᠵᠢᠭᠦᠯᠬᠦ ᠪᠣᠯᠪᠠᠰᠤᠷᠠᠯ ᠪᠠ ᠰᠠᠭᠠᠳ ᠥᠬᠡᠶ ᠪᠠᠶᠢᠯᠭᠠᠬᠤ ᠵᠡᠷᠭᠡ | ᠳᠡᠮᠵᠢᠯᠭᠡ ᠶᠢᠨ ᠦᠢᠯᠡᠴᠢᠯᠡᠭᠡ ᠬᠠᠩᠭᠠᠨ᠎ᠠ᠃ ᠵᠡᠮᠳᠡᠭᠴᠦᠳ ᠤᠨ ᠰᠤᠷᠭᠠᠨ ᠬᠥᠮᠦᠵᠢᠯ ᠬᠢᠭᠡᠳ ᠠᠯᠤᠰ ᠠᠴᠠ ᠵᠢᠭᠠᠬᠤ | ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ | ᠵᠡᠮᠳᠡᠭᠴᠦᠳ ᠲᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠰᠤᠷᠤᠯᠭ᠎ᠠ ᠶᠢᠨ ᠨᠠᠮᠲᠠᠷ ᠤᠨ ᠪᠤᠰᠤ | ᠰᠤᠷᠭᠠᠨ ᠬᠥᠮᠦᠵᠢᠯ ᠤᠨ ᠲᠠᠪᠴᠠᠩ ᠬᠠᠩᠭᠠᠨ᠎ᠠ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠵᠦᠢᠯᠡᠰ ᠢ ᠬᠡᠷᠡᠭᠵᠢᠭᠦᠯᠵᠦ᠂ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠨ᠂ | ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠣᠨᠴᠠᠭᠠᠶ ᠰᠤᠷᠭᠠᠨ | ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ | ᠴᠢᠨᠠᠷ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠨ᠎ᠠ᠃ ᠲᠤᠬᠢᠶᠠᠨ ᠤ ᠬᠡᠯᠡ᠂ ᠰᠣᠬᠤᠷᠴᠤᠳ ᠤᠨ | ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠲᠤᠬᠢᠶᠠᠨ ᠤ ᠬᠡᠯᠡ | ᠪᠠ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠶᠢ | ᠲᠦᠷᠭᠡᠳᠬᠡᠨ᠎ᠡ᠃ | 2. ᠵᠡᠮᠳᠡᠭᠴᠦᠳ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠡᠯ᠎ᠡ ᠬᠤᠰᠢᠭᠤ ᠰᠢᠶᠠᠨ ᠬᠤᠲᠠ ᠶᠢᠨ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ | ᠵᠡᠮᠳᠡᠭᠴᠦᠳ ᠤᠨ ᠰᠣᠶᠣᠯ ᠤᠷᠠᠯᠢᠭ ᠤᠨ ᠲᠥᠪ ᠪᠠᠶᠢᠭᠤᠯᠬᠤ ᠶᠢ ᠳᠡᠮᠵᠢᠵᠦ᠂ ᠨᠢᠭᠡ ᠪᠦᠯᠦᠭ ᠵᠡᠮᠳᠡᠭᠴᠦᠳ ᠢ | ᠠᠭᠤᠰᠤᠯᠴᠠᠭᠤᠯᠤᠭᠰᠠᠨ ᠰᠣᠶᠣᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ︵ᠥᠷᠲᠡᠭᠡ᠂ ᠴᠡᠭ︶ ᠢ | ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠦᠨᠳᠦ ᠲᠠᠰ ᠤᠨ ᠵᠡᠮᠳᠡᠭᠴᠦᠳ ᠤᠨ | ᠰᠣᠶᠣᠯ ᠤᠨ ᠦᠢᠯᠡᠴᠢᠯᠡᠭᠡᠨ ᠢ ᠴᠢᠩᠭᠠᠳᠬᠠᠵᠤ᠂ ᠰᠣᠬᠤᠷ ᠬᠥᠮᠦᠨ᠂ ᠳᠦᠯᠡᠶ ᠬᠥᠮᠦᠨ ᠳᠤ ᠬᠠᠷᠰᠢ ᠰᠠᠭᠠᠳ ᠥᠬᠡᠶ | ᠰᠣᠶᠣᠯ ᠤᠨ ᠪᠦᠲᠦᠭᠡᠭᠳᠡᠬᠦᠨ ᠢ ᠬᠠᠩᠭᠠᠨ᠎ᠠ᠃ ᠲᠧᠯᠸᠢᠰ ᠬᠤᠷᠢᠶ᠎ᠠ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ | ᠰᠦᠯᠵᠢᠶᠡᠨ ᠤ ᠦᠵᠡᠵᠦ ᠰᠣᠨᠣᠰᠬᠤ ᠵᠠᠭᠤᠴᠢᠯᠠᠭᠤᠷ ᠪᠠ ᠬᠠᠮ ᠵᠠᠭᠤᠴᠢᠯᠠᠭᠤᠷ ᠤᠨ ᠲᠥᠪ ᠤᠨ ᠵᠡᠮᠳᠡᠭᠴᠦᠳ ᠤᠨ | ᠲᠤᠰᠬᠠᠶ ᠰᠡᠳᠦᠪᠲᠦ ᠫᠷᠤᠭ᠍ᠷᠠᠮ ᠨᠡᠭᠡᠭᠡᠬᠦ ᠶᠢ ᠵᠣᠷᠢᠭᠵᠢᠭᠤᠯᠵᠤ᠂ ᠠᠶᠢᠮᠠᠭ ᠤᠨ ᠱᠠᠲᠤ ᠵᠢᠴᠢ ᠬᠤᠰᠢᠭᠤ ᠰᠢᠶᠠᠨ | ᠬᠤᠲᠠ ᠶᠢᠨ ᠱᠠᠲᠤᠨ ᠤ ᠷᠠᠳᠢᠣ᠋ ᠲᠧᠯᠸᠢᠰ ᠤᠨ ᠤᠯᠤᠰ ᠤᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠪᠤᠶᠤ | ᠲᠤᠬᠠᠶ ᠶᠢᠨ ᠴᠠᠭ ᠤᠨ ᠳᠡᠯᠭᠡᠴᠡ ᠶᠢᠨ ᠪᠤᠯᠤᠩ ᠨᠡᠪᠲᠡᠷᠡᠭᠦᠯᠬᠦ ᠶᠢ ᠳᠡᠮᠵᠢᠵᠦ᠂ ᠭᠤᠤᠯᠳᠠᠯᠭ᠎ᠠ ᠲᠠᠢ ᠰᠣᠨᠢᠨ | ᠮᠡᠳᠡᠭᠡᠨ ᠤ ᠫᠷᠤᠭ᠍ᠷᠠᠮ ᠤᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠶᠢ ᠵᠡᠷᠭᠡᠪᠡᠷ ᠨᠡᠪᠲᠡᠷᠡᠭᠦᠯᠬᠦ ᠶᠢ ᠪᠡᠶᠡᠯᠡᠭᠦᠯᠦᠨ᠎ᠡ᠃ | ᠣᠨᠴᠠᠭᠠᠶ ᠤᠷᠠᠯᠢᠭ ᠢ ᠬᠥᠭᠵᠢᠭᠦᠯᠵᠦ᠂ ᠵᠡᠮᠳᠡᠭᠴᠦᠳ ᠤᠨ ᠰᠣᠶᠣᠯ ᠤᠷᠠᠯᠢᠭ ᠤᠨ ᠵᠣᠬᠢᠶᠠᠨ ᠪᠦᠲᠦᠭᠡᠬᠦ ᠪᠠ | ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠳᠤ ᠣᠷᠣᠯᠴᠠᠬᠤ ᠶᠢ ᠵᠣᠷᠢᠭᠵᠢᠭᠤᠯᠵᠤ᠂ ᠨᠢᠭᠡ | ᠪᠦᠯᠦᠭ ᠵᠡᠮᠳᠡᠭᠴᠦᠳ ᠤᠨ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢᠨ ᠭᠠᠵᠠᠷ᠂ ᠣᠨᠴᠠᠭᠠᠶ ᠤᠷᠠᠯᠢᠭ ᠤᠨ | ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠢ ᠲᠡᠳᠬᠦᠨ ᠪᠠᠶᠢᠭᠤᠯᠵᠤ᠂ ᠵᠡᠮᠳᠡᠭᠴᠦᠳ ᠤᠨ ᠪᠣᠳᠠᠰ ᠤᠨ ᠪᠤᠰᠤ | ᠰᠣᠶᠣᠯ ᠤᠨ ᠥᠪ ᠤᠨ ᠤᠷᠠᠨ ᠲᠠᠷᠬᠠᠨ᠂ ᠵᠡᠮᠳᠡᠭᠴᠦᠳ ᠤᠨ ᠣᠨᠴᠠᠭᠠᠶ ᠤᠷᠠᠯᠢᠭ ᠤᠨ ᠴᠢᠳᠠᠪᠤᠷᠢᠲᠠᠨ ᠪᠠ | ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠤᠢ ᠪᠣᠯᠭᠠᠨ᠎ᠠ᠃ ᠡᠯ᠎ᠡ ᠱᠠᠲᠤᠨ ᠤ ᠣᠯᠠᠨ ᠨᠡᠶᠢᠲᠡ ᠶᠢᠨ ᠰᠣᠶᠣᠯ ᠤᠨ | ᠲᠠᠯᠠᠪᠤᠷ ᠭᠠᠵᠠᠷ ᠪᠠ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ | ᠵᠡᠮᠳᠡᠭᠴᠦᠳ ᠲᠤ ᠥᠪᠡᠷᠮᠢᠴᠡ᠂ ᠵᠦᠷᠢᠶᠡᠴᠢᠯᠡᠭᠰᠡᠨ ᠰᠣᠶᠣᠯ ᠤᠨ ᠦᠢᠯᠡᠴᠢᠯᠡᠭᠡᠨ ᠬᠠᠩᠭᠠᠵᠤ᠂ ᠬᠤᠲᠠ ᠶᠢᠨ | ᠴᠡᠴᠡᠷᠯᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ | ᠵᠡᠮᠳᠡᠭᠴᠦᠳ ᠲᠤ ᠰᠦᠢᠳᠭᠡᠯ ᠬᠤᠷᠢᠶᠠᠬᠤ ᠥᠬᠡᠶ ᠪᠠᠷ ᠪᠤᠶᠤ ᠳᠣᠤᠷ᠎ᠠ ᠰᠦᠢᠳᠭᠡᠯ ᠢᠶᠠᠷ ᠴᠢᠯᠥᠭᠡᠲᠡᠶ ᠨᠡᠭᠡᠭᠡᠬᠦ ᠶᠢ | ᠵᠣᠷᠢᠭᠵᠢᠭᠤᠯᠤᠨ᠎ᠠ᠃ ᠠᠶᠢᠮᠠᠭ ᠤᠨ ᠳᠡᠰ ᠤᠨ ᠪᠠ ᠬᠤᠰᠢᠭᠤ ᠰᠢᠶᠠᠨ ᠬᠤᠲᠠ ᠶᠢᠨ ᠳᠡᠰ ᠤᠨ ᠣᠯᠠᠨ ᠨᠡᠶᠢᠲᠡ ᠶᠢᠨ | ᠨᠣᠮ ᠤᠨ ᠰᠠᠩ ᠤᠨ ᠰᠣᠬᠤᠷᠴᠤᠳ ᠤᠨ ᠤᠩᠰᠢᠯᠭ᠎ᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ ᠣᠯᠠᠨ ᠲᠦᠮᠡᠨ ᠤ ᠰᠣᠶᠣᠯ ᠤᠨ ᠠᠵᠢᠯᠯᠠᠭᠠᠨ ᠤ | ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠮᠳᠡᠭᠴᠦᠳ ᠤᠨ ᠣᠯᠠᠨ ᠲᠦᠮᠡᠨᠴᠢ | ᠴᠢᠨᠠᠷᠲᠠᠶ ᠰᠣᠶᠣᠯ ᠤᠷᠠᠯᠢᠭ ᠤᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠰᠣᠶᠣᠯ ᠢ ᠨᠡᠶᠢᠭᠡᠮ | ᠲᠣᠭᠤᠷᠢᠭ ᠲᠤ ᠣᠷᠣᠭᠤᠯᠬᠤ᠂ ᠵᠡᠮᠳᠡᠭᠴᠦᠳ ᠤᠨ ᠬᠡᠷ ᠪᠦᠯᠢ ᠳᠤ ᠣᠷᠣᠭᠤᠯᠬᠤ ︽ᠲᠠᠪᠤᠨ ᠨᠢᠭᠡ︾ ᠶᠢᠨ | ᠰᠣᠶᠣᠯ ᠤᠨ ᠲᠥᠷᠥᠯ ᠵᠦᠢᠯ ᠢ ᠢᠳᠡᠪᠬᠢᠲᠡᠶ ᠬᠡᠷᠡᠭᠵᠢᠭᠦᠯᠦᠨ᠂ ᠪᠥᠬᠦ ᠠᠶᠢᠮᠠᠭ ᠤᠨ ᠵᠡᠮᠳᠡᠭᠴᠦᠳ ᠤᠨ ᠤᠷᠠᠯᠢᠭ ᠤᠨ | ᠬᠠᠮᠲᠤᠷᠠᠭᠰᠠᠨ ᠲᠣᠭᠯᠠᠯᠲᠠ ᠶᠢ ᠡᠷᠭᠢᠯᠡᠵᠦ᠂ ᠪᠥᠬᠦ ᠣᠷᠣᠨ ᠤ ᠵᠡᠮᠳᠡᠭᠴᠦᠳ ᠤᠨ ᠰᠣᠶᠣᠯ ᠤᠷᠠᠯᠢᠭ ᠤᠨ ᠨᠠᠶᠢᠷ ᠲᠤ | ᠣᠷᠣᠯᠴᠠᠬᠤ ᠶᠢ ᠵᠣᠬᠢᠶᠠᠨ ᠪᠠᠶᠢᠭᠤᠯᠤᠨ᠎ᠠ᠃ | 3. ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠥᠬᠦ ᠲᠠᠯ᠎ᠠ ᠶᠢᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ᠂ ᠵᠡᠮᠳᠡᠭᠴᠦᠳ ᠤᠨ ᠪᠡᠶ᠎ᠡ ᠶᠢᠨ ᠲᠠᠮᠢᠷ | ᠪᠡᠶ᠎ᠡ ᠴᠢᠭᠢᠷᠠᠭᠵᠢᠭᠤᠯᠤᠯᠲᠠ ᠶᠢᠨ ᠵᠢᠱᠢᠶ᠎ᠡ ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠪᠡᠶ᠎ᠡ ᠶᠢᠨ | ᠲᠠᠮᠢᠷ ᠤᠨ ᠠᠵᠢᠯᠯᠠᠭ᠎ᠠ ᠪᠠ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠬᠡᠷ ᠪᠦᠯᠢ ᠶᠢ ᠬᠠᠯᠠᠮᠵᠢᠯᠠᠨ | ᠬᠠᠶᠢᠷᠠᠯᠠᠬᠤ ᠲᠥᠯᠥᠪᠯᠡᠭᠡ ᠶᠢ ᠬᠡᠷᠡᠭᠵᠢᠭᠦᠯᠵᠦ᠂ ᠵᠡᠮᠳᠡᠭᠴᠦᠳ ᠢ ᠭᠤᠤᠯᠳᠠᠯᠭ᠎ᠠ ᠲᠠᠢ ᠬᠥᠮᠦᠰ ᠤᠨ ᠬᠤᠪᠢ ᠪᠠᠷ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠤᠨ᠂ | ᠵᠡᠮᠳᠡᠭᠴᠦᠳ ᠢ ᠵᠣᠬᠢᠶᠠᠨ ᠪᠠᠶᠢᠭᠤᠯᠤᠨ ᠡᠯ᠎ᠡ ᠱᠠᠲᠤᠨ ᠤ ᠡᠯ᠎ᠡ ᠲᠥᠷᠥᠯ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠵᠢᠭᠠᠨ ᠵᠢᠯᠣᠭᠤᠳᠣᠭᠴᠢ ᠶᠢ ᠬᠥᠮᠦᠵᠢᠭᠦᠯᠦᠨ᠂ ᠵᠡᠮᠳᠡᠭᠴᠦᠳ ᠤᠨ ᠡᠷᠡᠭᠦᠯᠵᠢᠯ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠬᠦᠨᠳᠦ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠬᠡᠷ ᠪᠦᠯᠢ ᠶᠢ | ᠬᠠᠯᠠᠮᠵᠢᠯᠠᠨ ᠬᠠᠶᠢᠷᠠᠯᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠰᠢᠯᠢᠳᠡᠭ ᠵᠡᠮᠳᠡᠭ ᠲᠠᠮᠢᠷᠴᠢᠳ ᠢ | ᠰᠢᠯᠢᠨ ᠰᠣᠩᠭᠤᠬᠤ ᠪᠠ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠣᠯᠠᠨ ᠤᠯᠤᠰ᠂ | ᠤᠯᠤᠰ ᠤᠨ ᠳᠣᠲᠣᠭᠠᠳᠤ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠶᠢ ᠱᠠᠩᠨᠠᠬᠤ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠢᠷᠭᠤᠳᠤᠭᠠᠷ | ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠣᠭᠤᠶ ᠣᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ ᠳᠤ ᠪᠡᠯᠡᠳᠬᠡᠯ ᠬᠢᠵᠦ᠂ ᠵᠡᠮᠳᠡᠭᠴᠦᠳ ᠤᠨ ᠤᠷᠤᠯᠳᠤᠭᠠᠨ ᠤ ᠪᠡᠶ᠎ᠡ ᠶᠢᠨ ︽ᠵᠡᠮᠳᠡᠭᠴᠦᠳ ᠤᠨ | ᠮᠥᠰᠥ ᠴᠠᠰᠤᠨ ᠤ ᠪᠡᠶ᠎ᠡ ᠶᠢᠨ ᠲᠠᠮᠢᠷ ᠤᠨ ᠤᠯᠠᠷᠢᠯ︾ ︽ᠵᠡᠮᠳᠡᠭᠴᠦᠳ ᠤᠨ ᠪᠡᠶ᠎ᠡ ᠴᠢᠭᠢᠷᠠᠭᠵᠢᠭᠤᠯᠬᠤ ᠭᠠᠷᠠᠭ︾ ︽ | ᠣᠨᠴᠠᠭᠠᠶ ᠣᠯᠢᠮᠫᠢᠺ ᠤᠨ ᠡᠳᠦᠷ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠤᠨ ᠣᠯᠠᠨ ᠲᠦᠮᠡᠨᠴᠢ | ᠪᠡᠶ᠎ᠡ ᠶᠢᠨ ᠲᠠᠮᠢᠷ ᠢ ᠬᠥᠭᠵᠢᠭᠦᠯᠬᠦ ᠪᠠ ᠬᠥᠭᠵᠢᠶᠡᠨᠲᠡᠶ ᠪᠣᠯᠭᠠᠵᠤ᠂ ᠵᠡᠮᠳᠡᠭᠴᠦᠳ ᠤᠨ ᠤᠷᠤᠯᠳᠤᠭᠠᠨ ᠤ ᠪᠡᠶ᠎ᠡ ᠶᠢᠨ | ᠲᠠᠮᠢᠷ᠂ ᠣᠯᠠᠨ ᠲᠦᠮᠡᠨᠴᠢ ᠪᠡᠶ᠎ᠡ ᠶᠢᠨ ᠲᠠᠮᠢᠷ᠂ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠭᠦᠨᠵᠡᠭᠡᠶ ᠠᠭᠤᠰᠤᠯᠴᠠᠨ | ᠬᠥᠭᠵᠢᠬᠦ ᠶᠢ ᠲᠠᠰᠤᠷᠠᠯᠲᠠ ᠥᠬᠡᠶ ᠠᠬᠢᠭᠤᠯᠤᠨ᠎ᠠ᠃ | ︵ᠲᠠᠪᠤ︶ ᠬᠠᠤᠯᠢ ᠪᠠᠷ ᠵᠠᠰᠠᠬᠤ ᠪᠠ ᠬᠠᠷᠰᠢ ᠰᠠᠭᠠᠳ ᠦᠭᠡᠢ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠵᠡᠮᠳᠡᠭᠴᠦᠳ ᠤᠨ ᠡᠷᠬᠡ ᠠᠰᠢᠭ ᠢ ᠦᠨᠡᠨ ᠬᠦ ᠪᠠᠲᠤᠯᠠᠨ᠎ᠠ | 1. ᠵᠡᠮᠳᠡᠭᠴᠦᠳ ᠤᠨ ᠦᠢᠯᠡᠰ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠤᠬᠠᠶ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ | ᠭᠦᠨᠵᠡᠭᠡᠶ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠲᠦᠯᠬᠢᠨ ᠠᠬᠢᠭᠤᠯᠤᠨ᠎ᠠ᠃ ᠵᠡᠮᠳᠡᠭᠴᠦᠳ ᠤᠨ ᠪᠠᠲᠤᠯᠠᠭ᠎ᠠ ᠶᠢᠨ | ᠬᠠᠤᠯᠢ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠬᠢᠩᠭᠠᠨ | ᠠᠶᠢᠮᠠᠭ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠭᠤᠤᠯᠳᠠᠯᠭ᠎ᠠ ᠲᠠᠢ ᠡᠭᠦᠷᠭᠡ ᠳᠤ | ᠣᠷᠣᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠠᠮ ᠵᠠᠭᠤᠴᠢᠯᠠᠭᠤᠷ ᠤᠨ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠵᠡᠮᠳᠡᠭᠴᠦᠳ ᠤᠨ ᠬᠠᠤᠯᠢ ᠶᠢ ᠬᠦᠨᠳᠦᠳᠬᠡᠬᠦ | ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠨᠡᠩ ᠤᠯᠠᠨ ᠵᠡᠮᠳᠡᠭᠴᠦᠳ᠂ | ᠵᠡᠮᠳᠡᠭᠴᠦᠳ ᠤᠨ ᠲᠦᠷᠦᠯ ᠰᠠᠳᠤᠨ ᠨᠠᠶᠢᠵᠠ ᠨᠥᠬᠦᠳ ᠪᠠ ᠵᠡᠮᠳᠡᠭᠴᠦᠳ ᠤᠨ ᠠᠵᠢᠯᠳᠠᠨ ᠤ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠳᠤ ᠣᠷᠣᠬᠤ ᠶᠢ ᠲᠡᠮᠵᠢᠵᠤ᠂ | ᠵᠡᠮᠳᠡᠭᠴᠦᠳ ᠪᠠ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠣᠷᠣᠯᠴᠠᠬᠤ᠂ | ᠠᠷᠠᠳᠴᠢᠯᠠᠯ ᠢᠶᠠᠷ ᠵᠥᠪᠳᠡᠯᠴᠡᠬᠦ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠵᠦ᠂ ᠵᠡᠮᠳᠡᠭᠴᠦᠳ ᠤᠨ ᠪᠠᠶᠢᠳᠠᠯ ᠢ | ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠦᠲᠦᠮᠵᠢᠲᠡᠶ ᠪᠠᠲᠤᠯᠠᠨ᠎ᠠ᠃ | ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠲᠠᠢ | ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠬᠠᠮᠵᠢᠯᠴᠠᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠪᠠᠶᠢᠴᠠᠭᠠᠨ ᠦᠵᠡᠬᠦ ᠪᠠ | ᠪᠠᠶᠢᠴᠠᠭᠠᠨ ᠵᠡᠮᠳᠡᠭᠴᠦᠳ ᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠭᠤᠤᠯᠳᠠᠯᠭ᠎ᠠ ᠲᠠᠢ | ᠡᠲᠡᠭᠡᠳ ᠪᠣᠯᠭᠠᠵᠤ᠂ ᠵᠡᠮᠳᠡᠭᠴᠦᠳ ᠲᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠢᠯᠡ ᠠᠵᠢᠯᠯᠠᠭ᠎ᠠ ᠶᠢ | ᠥᠷᠨᠢᠭᠦᠯᠵᠦ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠵᠡᠮᠳᠡᠭᠴᠦᠳ ᠲᠤ ᠬᠠᠤᠯᠢ | ᠴᠠᠭᠠᠵᠠ ᠶᠢᠨ ᠲᠤᠰᠠᠯᠠᠮᠵᠢ ᠦᠵᠡᠭᠦᠯᠬᠦ ᠶᠠᠰᠤ ᠴᠢᠨᠠᠷ ᠢ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ | ᠬᠠᠤᠯᠢᠴᠢ ᠶᠢᠨ ᠡᠩᠨᠡᠭᠡ ᠶᠢ ᠥᠷᠭᠡᠳᠬᠡᠨ᠂ ᠵᠡᠮᠳᠡᠭᠴᠦᠳ ᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ | ᠠᠵᠢᠯ ᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠢᠮᠠᠭ ᠪᠣᠯᠤᠨ ᠬᠤᠰᠢᠭᠤ ᠰᠢᠶᠠᠨ ᠬᠤᠲᠠ ᠶᠢᠨ | ᠵᠡᠮᠳᠡᠭᠴᠦᠳ ᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠥᠷᠲᠡᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ | ᠠᠬᠢᠭᠤᠯᠤᠨ᠂ ᠵᠡᠮᠳᠡᠭᠴᠦᠳ ᠢ ᠬᠠᠪᠰᠤᠷᠤᠨ ᠴᠠᠭ ᠲᠤᠬᠠᠶ ᠳᠤᠨᠢ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ | ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠬᠦᠷᠲᠡᠭᠡᠵᠦ᠂ ᠵᠡᠮᠳᠡᠭᠴᠦᠳ ᠤᠨ | ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠵᠡᠮᠳᠡᠭᠴᠦᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠶᠣᠰᠣᠭᠠᠷ | ᠴᠢᠩᠭᠠᠳᠬᠠᠵᠤ᠂ ᠵᠡᠮᠳᠡᠭᠴᠦᠳ ᠤᠨ ︽ᠤᠷᠢᠨ ᠰᠤᠷᠪᠤᠯᠵᠢᠯᠠᠬᠤ · ᠬᠢᠴᠢᠶᠡᠨ ᠰᠣᠨᠣᠰᠬᠤ︾᠂ ᠡᠷᠬᠢᠨ ᠦᠵᠡᠬᠦ᠂ | ᠤᠳᠤᠷᠢᠳᠬᠤ ᠺᠠᠳ᠋ᠷᠴᠤᠳ ᠤᠨ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠭ᠎ᠠ ᠶᠢ ᠭᠥᠯᠢᠶᠡᠨ ᠠᠪᠬᠤ ᠲᠦᠷᠢᠮ ᠢ | ᠪᠠᠶᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠶᠢ ᠰᠠᠭᠠᠳ ᠥᠬᠡᠶ ᠨᠡᠪᠲᠡᠷᠡᠭᠦᠯᠵᠦ᠂ ᠵᠡᠮᠳᠡᠭᠴᠦᠳ ᠤᠨ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ | ᠰᠢᠢᠳᠪᠦᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠨ᠎ᠡ᠃ | 2. ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ | ︽ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠳᠦᠷᠢᠮ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠷᠭ᠎ᠠ︾ | ᠶᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠬᠠᠷᠰᠢ ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠵᠠᠰᠠᠭ ᠤᠨ | ᠣᠷᠳᠣᠨ ᠤ ᠪᠠᠶᠢᠭᠤᠯᠤᠯᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ | ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠬᠤᠲᠠ ᠶᠢᠨ ᠰᠢᠨᠡᠴᠢᠯᠡᠯᠲᠡ᠂ ᠬᠤᠲᠠ ᠪᠠᠯᠭᠠᠰᠤ ᠶᠢᠨ | ᠬᠠᠭᠤᠴᠢᠨ ᠵᠢᠵᠢᠭ ᠲᠣᠭᠤᠷᠢᠭ᠂ ᠨᠡᠶᠢᠭᠡᠮ ᠲᠣᠭᠤᠷᠢᠭ ᠵᠡᠷᠭᠡ ᠲᠠᠯᠠᠪᠤᠷ ᠭᠠᠵᠠᠷ ᠤᠨ ᠰᠠᠭᠠᠳ ᠥᠬᠡᠶ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠠᠭᠠᠳ ᠥᠬᠡᠶ | ᠣᠯᠠᠨ ᠨᠡᠶᠢᠲᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠠᠳ ᠥᠬᠡᠶ ᠲᠥᠬᠦᠭᠡᠷᠦᠮᠵᠢ ᠶᠢ ᠠᠯᠬᠤᠮ ᠠᠯᠬᠤᠮ ᠢᠶᠠᠷ ᠳᠣᠭᠢᠷᠠᠭᠤᠯᠵᠤ᠂ | ᠣᠯᠠᠨ ᠨᠡᠶᠢᠲᠡ ᠶᠢᠨ ᠲᠡᠷᠭᠡ ᠵᠣᠭᠰᠣᠭᠠᠬᠤ ᠲᠣᠭᠤᠷᠢᠭ ᠲᠤ ᠲᠣᠭᠲᠠᠭᠠᠯ ᠶᠣᠰᠣᠭᠠᠷ ᠰᠠᠭᠠᠳ ᠥᠬᠡᠶ ᠲᠡᠷᠭᠡ | ᠵᠣᠭᠰᠣᠭᠠᠬᠤ ᠪᠠᠶᠢᠷᠢ ᠭᠠᠷᠭᠠᠨ᠎ᠠ᠃ ᠰᠠᠭᠠᠳ ᠥᠬᠡᠶ ᠪᠡᠯᠡᠳᠬᠡᠮᠵᠢ ᠶᠢᠨ ᠡᠳᠦᠷ ᠲᠤᠲᠤᠮ ᠤᠨ ᠬᠠᠮᠠᠭᠠᠯᠠᠯᠲᠠ | ᠬᠠᠮᠢᠶᠠᠷᠤᠯᠲᠠ ᠪᠠ ᠬᠢᠨᠠᠯᠲᠠ ᠲᠠᠯᠪᠢᠵᠤ ᠬᠡᠷᠡᠭᠯᠡᠬᠦ ᠶᠢ ᠴᠢᠩᠭᠠᠳᠬᠠᠵᠤ᠂ ᠵᠡᠮᠳᠡᠭᠴᠦᠳ ᠤᠨ ᠵᠠᠮ ᠬᠠᠷᠢᠯᠴᠠᠭ᠎ᠠ ᠪᠠᠷ | ᠶᠠᠪᠤᠵᠤ ᠰᠠᠭᠤᠬᠤ ᠳᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠠᠶᠢᠵᠢᠷᠠᠭᠤᠯᠤᠨ᠂ | ᠵᠡᠮᠳᠡᠭᠴᠦᠳ᠂ ᠨᠠᠰᠤᠲᠠᠶᠢᠴᠤᠳ ᠵᠡᠷᠭᠡ ᠬᠥᠮᠦᠰ ᠤᠨ ᠵᠠᠮ ᠨᠡᠪᠲᠡᠷᠡᠯᠭᠡ ᠶᠢᠨ ᠠᠮᠤᠷ ᠲᠦᠪᠰᠢᠨ ᠪᠠ ᠬᠡᠷᠡᠭᠯᠡᠬᠦ ᠳᠤ | ᠲᠥᠬᠦᠮ ᠦᠵᠡᠭᠦᠯᠬᠦ ᠶᠢ ᠪᠠᠲᠤᠯᠠᠨ᠎ᠠ᠃ ᠶᠠᠳᠠᠭᠤ ᠬᠦᠴᠢᠷᠳᠡᠯᠲᠡᠶ ᠬᠦᠨᠳᠦ ᠳᠡᠰ ᠤᠨ ᠵᠡᠮᠳᠡᠭᠴᠦᠳ ᠤᠨ ᠬᠡᠷ | ᠪᠦᠯᠢ ᠶᠢᠨ ᠬᠠᠷᠰᠢ ᠰᠠᠭᠠᠳ ᠥᠬᠡᠶ ᠶᠢᠨ ᠥᠭᠡᠷᠡᠴᠢᠯᠡᠯᠲᠡ ᠪᠠ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢᠨ | ᠠᠵᠢᠯ ᠤᠨ ᠡᠷᠴᠢᠮ ᠢ ᠴᠢᠩᠭᠠᠷᠠᠭᠤᠯᠵᠤ᠂ ᠬᠦᠴᠢᠷᠳᠡᠯᠲᠡᠶ ᠬᠦᠨᠳᠦ ᠳᠡᠰ ᠤᠨ ᠵᠡᠮᠳᠡᠭᠴᠦᠳ ᠪᠠ ᠴᠢᠳᠠᠪᠤᠷᠢ ᠪᠠᠨ | ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠶᠢᠴᠤᠳ ᠲᠤ ᠨᠠᠩ ᠲᠠᠭᠠᠯᠠᠮᠵᠢᠲᠠᠶ᠂ ᠳᠥᠭᠦᠮ ᠳᠥᠲᠡ | ᠬᠡᠷ ᠪᠦᠯᠢ ᠶᠢᠨ ᠬᠠᠷᠰᠢ ᠰᠠᠭᠠᠳ ᠥᠬᠡᠶ ᠣᠷᠴᠢᠨ ᠲᠣᠭᠤᠷᠢᠨ ᠢ ᠬᠠᠩᠭᠠᠨ᠎ᠠ᠃ ᠡᠯ᠎ᠡ ᠱᠠᠲᠤᠨ ᠤ ᠰᠠᠭᠠᠳ ᠥᠬᠡᠶ | ᠥᠩᠭᠡᠷᠡᠭᠡᠯᠲᠡ ᠶᠢ ᠠᠬᠢᠭᠤᠯᠬᠤ ᠡᠩᠨᠡᠭᠡ ᠶᠢ ᠪᠦᠷᠢᠨᠰᠢᠬᠦᠯᠵᠦ᠂ ᠨᠡᠶᠢᠭᠡᠮ ᠤᠨ ᠬᠦᠴᠦᠨ ᠤ ᠰᠠᠭᠠᠳ ᠥᠬᠡᠶ ᠣᠷᠴᠢᠨ | ᠲᠣᠭᠤᠷᠢᠨ ᠢ ᠣᠶᠢᠯᠠᠭᠠᠬᠤ ᠪᠠ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠬᠥᠲᠥᠯᠦᠨ | ᠵᠢᠯᠣᠭᠤᠳᠤᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠬᠠᠷᠰᠢ ᠰᠠᠭᠠᠳ ᠦᠭᠡᠢ ᠣᠷᠴᠢᠨ ᠠᠬᠤᠶ ᠶᠢᠨ ᠨᠡᠶᠢᠲᠡ ᠶᠢᠨ | ᠠᠰᠠᠷᠠᠮᠵᠢ ᠶᠢᠨ ᠵᠠᠷᠭᠤ ᠥᠷᠨᠢᠭᠦᠯᠬᠦ ᠶᠢ ᠲᠡᠮᠵᠢᠪᠡ᠃ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠬᠤᠲᠠ | ᠰᠢᠶᠠᠨ ᠤ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠤᠰᠢᠭᠤ | ᠰᠢᠶᠠᠨ ᠬᠤᠲᠠ ᠶᠢ ᠴᠥᠮ ᠬᠠᠷᠰᠢ ᠰᠠᠭᠠᠳ ᠥᠬᠡᠶ ᠬᠤᠲᠠ ᠰᠢᠶᠠᠨ ᠤ ᠡᠩᠨᠡᠭᠡᠨ ᠳᠤ ᠣᠷᠣᠭᠤᠯᠬᠤ ᠶᠢ ᠠᠬᠢᠭᠤᠯᠤᠨ᠎ᠠ | ᠃ ᠤᠯᠠᠮᠵᠢᠯᠠᠯᠲᠤ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠡᠯᠡᠳᠬᠡᠮᠵᠢ ᠲᠥᠬᠦᠭᠡᠷᠦᠮᠵᠢ ᠶᠢ ᠲᠣᠭᠠᠴᠢᠯᠠᠬᠤ | ᠪᠠ ᠤᠶᠤᠨᠴᠢᠯᠠᠨ ᠲᠠᠰ ᠳᠡᠪᠰᠢᠭᠦᠯᠬᠦ ᠶᠢ ᠠᠬᠢᠭᠤᠯᠤᠨ᠎ᠠ᠃ | 3. ᠬᠠᠷᠰᠢ ᠰᠠᠭᠠᠳ ᠥᠬᠡᠶ ᠮᠡᠳᠡᠭᠡ ᠵᠠᠩᠭᠢᠵᠢᠯᠲᠠ ᠶᠢᠨ ᠣᠷᠴᠢᠨ ᠲᠣᠭᠤᠷᠢᠨ ᠢ ᠠᠬᠢᠭᠤᠯᠤᠨ᠎ᠠ᠃ ᠬᠠᠷᠰᠢ ᠰᠠᠭᠠᠳ | ᠥᠬᠡᠶ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ | ᠨᠡᠶᠢᠭᠡᠮ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠳᠤ ᠣᠷᠣᠭᠤᠯᠵᠤ᠂ ᠠᠶᠢᠮᠠᠭ ᠪᠣᠯᠤᠨ ᠬᠤᠰᠢᠭᠤ | ᠰᠢᠶᠠᠨ ᠬᠤᠲᠠ ᠶᠢᠨ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ | ᠲᠠᠪᠴᠠᠩ ᠵᠢᠴᠢ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠳᠤ ᠬᠠᠷᠰᠢ ᠰᠠᠭᠠᠳ ᠥᠬᠡᠶ ᠰᠦᠯᠵᠢᠶᠡᠨ ᠤ | ᠥᠷᠲᠡᠭᠡ ᠶᠢᠨ ᠵᠢᠷᠤᠭᠯᠠᠨ ᠲᠥᠯᠥᠪᠯᠡᠬᠦ ᠪᠠᠷᠢᠮᠵᠢᠶ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠤ | ᠠᠬᠤᠶᠢᠯᠠᠯ ᠠᠵᠢᠯ ᠦᠶ᠋ᠯᠡᠰ ᠤᠨ ᠨᠢᠭᠡᠴᠡ ᠶᠢᠨ ᠰᠦᠯᠵᠢᠶᠡᠨ ᠥᠷᠲᠡᠭᠡ ᠳᠤ ᠰᠠᠭᠠᠳ ᠥᠬᠡᠶ ᠭᠦᠶᠦᠯᠭᠡᠨ ᠦᠵᠡᠬᠦ | ᠪᠠᠭᠠᠵᠢ ᠨᠡᠮᠡᠬᠦ ᠶᠢ ᠵᠣᠷᠢᠭᠵᠢᠭᠤᠯᠤᠨ ᠳᠡᠮᠵᠢᠵᠦ᠂ ᠪᠥᠬᠦ ᠠᠶᠢᠮᠠᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠭᠤᠯᠤᠮᠵᠢ᠂ ᠣᠯᠠᠨ ᠨᠡᠶᠢᠲᠡ ᠶᠢᠨ ᠲᠠᠯᠠᠪᠤᠷ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ | ᠬᠡᠷᠡᠭᠰᠡᠯ ᠠᠴᠠ ᠵᠡᠮᠳᠡᠭᠴᠦᠳ ᠲᠤ ᠠᠪᠢᠶ᠎ᠠ᠂ ᠥᠰᠥᠭ ᠪᠢᠴᠢᠭ ᠤᠨ ᠰᠠᠨᠠᠭᠤᠯᠤᠮᠵᠢ ᠪᠠ ᠳᠣᠬᠢᠶᠠᠨ ᠤ ᠬᠡᠯᠡ᠂ | ᠰᠣᠬᠤᠷᠴᠤᠳ ᠤᠨ ᠥᠰᠥᠭ ᠵᠡᠷᠭᠡ ᠮᠡᠳᠡᠭᠡ ᠵᠠᠩᠭᠢ ᠶᠢᠨ ᠰᠣᠯᠢᠯᠴᠠᠭᠠᠨ ᠤ ᠰᠠᠭᠠᠳ ᠥᠬᠡᠶ ᠦᠢᠯᠡᠴᠢᠯᠡᠭᠡ | ᠬᠠᠩᠭᠠᠬᠤ ᠶᠢ ᠳᠡᠮᠵᠢᠨ᠎ᠡ᠃ ᠰᠢᠯᠵᠢᠮᠡᠯ ᠬᠤᠯᠪᠣᠭ᠎ᠠ᠂ ᠬᠠᠮᠲᠤᠷᠠᠭᠰᠠᠨ ᠬᠤᠯᠪᠣᠭ᠎ᠠ᠂ ᠴᠠᠬᠢᠯᠭᠠᠨ ᠬᠤᠯᠪᠣᠭ᠎ᠠ ᠶᠢᠨ | ᠡᠵᠡᠩᠨᠡᠯᠲᠡ ᠶᠢᠨ ᠬᠤᠳᠠᠯᠳᠤᠭᠠᠴᠢᠨ ᠤ ᠵᠡᠮᠳᠡᠭᠴᠦᠳ ᠲᠤ ᠠᠰᠢᠭ ᠬᠦᠷᠲᠡᠭᠡᠬᠦ ᠴᠠᠬᠢᠯᠭᠠᠨ ᠬᠤᠯᠪᠣᠭ᠎ᠠ ᠶᠢᠨ ᠵᠠᠷᠤᠳᠠᠯ᠂ | ᠡᠯᠧᠺᠲᠷᠣᠨ ᠬᠡᠪᠯᠡᠯ ᠤᠨ ᠲᠣᠮᠣ ᠥᠰᠥᠭ ᠤᠨ ᠲᠠᠩᠰᠠ᠂ ᠠᠪᠢᠶᠠᠨ ᠤ ᠲᠠᠩᠰᠠ ᠵᠡᠷᠭᠡ ᠦᠢᠯᠡᠴᠢᠯᠡᠭᠡ ᠬᠠᠩᠭᠠᠬᠤ ᠶᠢ | ᠠᠬᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠮᠡᠳᠡᠭᠡ ᠵᠠᠩᠭᠢ ᠶᠢ ᠢᠯᠭᠠᠨ ᠲᠠᠨᠢᠬᠤ ᠳᠤ ᠬᠠᠷᠰᠢ ᠰᠠᠭᠠᠳ | ᠥᠬᠡᠶ ᠪᠠᠶᠢᠬᠤ ᠪᠠ ᠬᠠᠷᠰᠢ ᠰᠠᠭᠠᠳ ᠥᠬᠡᠶ ᠭᠠᠵᠠᠷ ᠤᠨ ᠵᠢᠷᠤᠭ ᠤᠨ ᠬᠡᠷᠡᠭᠯᠡᠯᠲᠡ ᠶᠢᠨ ᠬᠠᠮᠢᠶ᠎ᠠ ᠪᠥᠬᠦᠶ ᠠᠵᠢᠯ ᠢ | ᠳᠥᠯᠭᠢᠨ ᠠᠬᠢᠭᠤᠯᠵᠤ᠂ ᠬᠤᠲᠠ ᠶᠢᠨ ᠭᠤᠤᠯ ᠵᠠᠮ᠂ ᠭᠤᠤᠯ ᠬᠤᠳᠠᠯᠳᠤᠭᠠᠨ ᠤ ᠲᠣᠭᠤᠷᠢᠭ ᠪᠠ ᠲᠣᠮᠣ ᠬᠡᠯᠪᠡᠷᠢ ᠶᠢᠨ | ᠣᠷᠣᠨ ᠰᠠᠭᠤᠴᠠ ᠶᠢᠨ ᠲᠣᠭᠤᠷᠢᠭ ᠤᠨ ᠶᠠᠪᠠᠭᠠᠨ ᠬᠥᠮᠦᠨ ᠤ ᠨᠡᠪᠲᠡᠷᠡᠬᠦ ᠵᠠᠮ ᠤᠨ ᠳᠣᠬᠢᠶᠠᠨ ᠳ᠋ᠧᠩ ᠳᠤ ᠵᠡᠭᠡᠯᠢ | ᠥᠩᠭᠡᠷᠡᠬᠦ ᠲᠠᠭᠤ ᠴᠢᠮᠡᠭᠡᠨ ᠤ ᠰᠠᠨᠠᠭᠤᠯᠤᠮᠵᠢ ᠶᠢᠨ ᠲᠥᠬᠦᠭᠡᠷᠦᠮᠵᠢ ᠳᠣᠭᠢᠷᠠᠭᠤᠯᠤᠨ᠎ᠠ᠃ | ︵ᠵᠢᠷᠭᠤᠭ᠎ᠠ︶ ᠪᠥᠬᠦ ᠬᠦᠷᠢᠶᠡᠨ ᠳᠠᠬᠢ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ | ᠰᠠᠶᠢᠵᠢᠷᠠᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ | 1. ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠶᠢᠮᠠᠭ᠂ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠪᠠᠷ | ᠡᠴᠦᠰ ᠲᠤᠨᠢ ᠲᠤᠯᠲᠠᠯ᠎ᠠ︾ ᠳᠥᠷᠪᠡᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠲᠣᠤᠷ | ᠰᠦᠯᠵᠢᠶ᠎ᠡ ᠶᠢ ᠪᠣᠶ ᠪᠣᠯᠭᠠᠨ᠎ᠠ᠃ ᠠᠶᠢᠮᠠᠭ ᠪᠠ ᠬᠤᠰᠢᠭᠤ ᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ | ᠪᠠᠭ ᠤᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠵᠡᠮᠳᠡᠭᠴᠦᠳ ᠤᠨ | ᠠᠵᠢᠯ ᠤᠨ ᠵᠥᠪᠯᠡᠯ ᠤᠨ ᠴᠢᠬᠤᠯᠠ ᠪᠦᠷᠢᠯᠳᠦᠬᠦᠨ ᠨᠢᠭᠡᠴᠢ ᠶᠢᠨ ᠺᠠᠳ᠋ᠷ ᠤᠨ ᠲᠤᠰᠢᠶᠠᠯ ᠬᠠᠪᠰᠤᠷᠭᠠᠬᠤ᠂ | ᠵᠡᠮᠳᠡᠭᠴᠦᠳ ᠤᠨ ᠬᠤᠯᠪᠣᠭ᠎ᠠ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠲᠤᠰᠢᠶᠠᠯ ᠢ ᠲᠦᠷ | ᠡᠭᠦᠷᠭᠡᠯᠡᠭᠦᠯᠬᠦ ᠶᠢ ᠵᠢᠷᠤᠮᠵᠢᠭᠤᠯᠤᠨ᠎ᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠵᠠᠭᠪᠤᠷ | ᠪᠠ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠶ︔ ᠪᠦᠬᠦᠨ ᠢ ᠬᠠᠮᠤᠷᠤᠨ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠵᠡᠮᠳᠡᠭᠴᠦᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ | ᠦᠨᠳᠦᠰᠦᠨ ᠱᠠᠲᠤᠨ ᠤ ᠵᠡᠮᠳᠡᠭᠴᠦᠳ ᠤᠨ ᠨᠡᠶᠢᠭᠡᠮᠯᠢᠭ ᠤᠨ ᠭᠡᠰᠢᠭᠦᠨ ᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ | ︶ ᠤ ᠵᠥᠪᠯᠡᠯ ᠤᠨ ᠪᠠᠭ ᠤᠨ ᠪᠦᠷᠢᠯᠳᠦᠬᠦᠨ ᠢᠶᠠᠷ ᠡᠭᠦᠷᠭᠡᠯᠡᠭᠦᠯᠬᠦ ᠲᠣᠭᠲᠠᠭᠠᠯ ᠢ ᠨᠠᠶᠢᠳᠠᠪᠤᠷᠢᠵᠢᠭᠤᠯᠤᠨ᠎ᠠ︔ ᠡᠯ᠎ᠡ | ᠱᠠᠲᠤᠨ ᠤ ᠡᠯ᠎ᠡ ᠲᠥᠷᠥᠯ ᠤᠨ ᠵᠡᠮᠳᠡᠭᠴᠦᠳ ᠤᠨ ᠲᠤᠰᠬᠠᠶ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ︽ | ᠲᠥᠯᠥᠭᠡᠯᠡᠬᠦ᠂ ᠦᠢᠯᠡᠴᠢᠯᠡᠬᠦ᠂ ᠡᠷᠬᠡ ᠪᠠᠨ ᠬᠠᠮᠠᠭᠠᠯᠠᠬᠤ᠂ ᠬᠠᠮᠢᠶᠠᠷᠬᠤ᠂ ᠬᠢᠨᠠᠯᠲᠠ ᠲᠠᠯᠪᠢᠬᠤ︾ ᠡᠭᠦᠷᠭᠡ | ᠴᠢᠳᠠᠪᠤᠷᠢ ᠶᠢ ᠪᠠᠳᠠᠷᠠᠭᠤᠯᠤᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ | ᠨᠡᠶᠢᠭᠡᠮᠯᠢᠭ ᠤᠨ ᠭᠡᠰᠢᠭᠦᠳ ᠤᠨ ᠣᠯᠭᠤᠮᠵᠢ ᠪᠠ ᠠᠵᠢᠯ ᠤᠨ ᠨᠥᠬᠦᠴᠡᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ | ᠲᠤᠰᠬᠠᠶ ᠨᠡᠶᠢᠭᠡᠮᠯᠢᠭ ᠤᠨ ᠠᠵᠢᠯ ᠤᠨ ᠵᠠᠷᠤᠳᠠᠯ ᠢ ᠪᠠᠲᠤᠯᠠᠨ᠂ ᠲᠤᠰᠬᠠᠶ ᠨᠡᠶᠢᠭᠡᠮᠯᠢᠭ ᠤᠨ ᠦᠨᠳᠦᠰᠦᠨ ᠱᠠᠲᠤᠨ ᠳᠤ | ᠲᠣᠰ ᠲᠥᠷᠥᠯ ᠤᠨ ᠵᠡᠮᠳᠡᠭᠴᠦᠳ ᠲᠠᠢ ᠥᠷᠭᠡᠨ ᠢᠶᠠᠷ ᠬᠠᠷᠢᠯᠴᠠᠬᠤ ᠪᠠ ᠪᠦᠲᠦᠮᠵᠢᠲᠡᠶ ᠦᠢᠯᠡᠴᠢᠯᠡᠬᠦ ᠬᠡᠷᠡᠭᠴᠡᠭᠡ ᠶᠢ | ᠬᠠᠩᠭᠠᠨ᠎ᠠ᠃ ᠵᠡᠮᠳᠡᠭᠴᠦᠳ ᠤᠨ ᠠᠵᠢᠯ ᠦᠢᠯᠡᠰ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ | ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠪᠥᠬᠦ ᠠᠶᠢᠮᠠᠭ ᠤᠨ | ᠺᠠᠳ᠋ᠷ ᠤᠨ ᠡᠩᠨᠡᠭᠡ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ | ᠲᠥᠯᠥᠪᠵᠢᠭᠦᠯᠭᠡ ᠳᠤ ᠣᠷᠣᠭᠤᠯᠵᠤ᠂ ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠵᠡᠮᠳᠡᠭ ᠺᠠᠳ᠋ᠷ᠂ ᠵᠠᠯᠠᠭᠤ | ᠺᠠᠳ᠋ᠷ᠂ ᠦᠨᠳᠦᠰᠦᠨ ᠱᠠᠲᠤᠨ ᠤ ᠺᠠᠳ᠋ᠷ ᠢ ᠬᠥᠮᠦᠵᠢᠭᠦᠯᠵᠦ ᠰᠣᠩᠭᠤᠨ ᠳᠡᠪᠰᠢᠭᠦᠯᠬᠦ᠂ ᠰᠣᠯᠢᠯᠴᠠᠬᠤ ᠪᠠ ᠬᠡᠷᠡᠭᠯᠡᠬᠦ ᠶᠢ | ᠴᠢᠬᠤᠯᠠᠴᠢᠯᠠᠨ᠎ᠠ᠃ ᠵᠡᠮᠳᠡᠭᠴᠦᠳ ᠤᠨ ᠵᠠᠯᠠᠭᠤ ᠭᠤᠣᠯᠯᠠᠭᠴᠢ ᠬᠦᠴᠦᠨ ᠢ ᠪᠣᠯᠪᠠᠰᠤᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠲᠤᠰᠬᠠᠶᠢᠵᠢᠭᠤᠯᠬᠤ᠂ ᠨᠡᠶᠢᠭᠡᠮᠴᠢᠯᠡᠬᠦ ᠱᠠᠭᠠᠷᠳᠠᠯᠭ᠎ᠠ ᠶᠣᠰᠣᠭᠠᠷ᠂ ᠵᠡᠮᠳᠡᠭᠴᠦᠳ ᠤᠨ | ᠠᠵᠢᠯᠳᠠᠨ ᠤ ᠪᠣᠯᠪᠠᠰᠤᠷᠠᠯ ᠢ ᠴᠢᠩᠭᠠᠳᠬᠠᠵᠤ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠡᠭᠦᠷᠭᠡᠯᠡᠯ ᠲᠠᠢ᠂ | ᠵᠡᠮᠳᠡᠭᠴᠦᠳ ᠢ ᠣᠶᠢᠯᠠᠭᠠᠬᠤ᠂ ᠵᠡᠮᠳᠡᠭᠴᠦᠳ ᠢ ᠮᠡᠳᠡᠬᠦ᠂ ᠵᠡᠮᠳᠡᠭᠴᠦᠳ ᠢ ᠬᠠᠶᠢᠷᠠᠯᠠᠬᠤ᠂ ᠵᠡᠮᠳᠡᠭᠴᠦᠳ ᠲᠠᠢ ᠰᠡᠳᠬᠢᠯ | ᠵᠢᠷᠦᠬᠡ ᠪᠠᠨ ᠬᠤᠯᠪᠣᠬᠤ ᠥᠨᠳᠥᠷ ᠬᠡᠪ ᠪᠣᠯᠪᠠᠰᠤᠷᠠᠯ ᠲᠠᠢ ᠵᠡᠮᠳᠡᠭᠴᠦᠳ ᠤᠨ ᠠᠵᠢᠯ ᠤᠨ ᠡᠩᠨᠡᠭᠡ ᠶᠢ | ᠬᠥᠮᠦᠵᠢᠭᠦᠯᠦᠨ᠎ᠡ᠃ | 2. ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ | ᠠᠬᠢᠭᠤᠯᠤᠨ᠎ᠠ᠃ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠤᠷᠲᠤᠪᠲᠤᠷ ᠪᠠ ᠣᠷᠳᠣ ᠬᠤᠭᠤᠴᠠᠭᠠᠨ ᠤ | ᠲᠥᠯᠥᠪᠵᠢᠭᠦᠯᠭᠡ ᠳᠤ ᠣᠷᠣᠭᠤᠯᠵᠤ᠂ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠠᠶᠢᠮᠠᠭ ᠤᠨ | ᠵᠡᠮᠳᠡᠭᠴᠦᠳ ᠤᠨ ᠡᠷᠡᠭᠦᠯᠵᠢᠯ ᠤᠨ ᠲᠥᠪ ︵ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ︶᠂ ᠬᠤᠰᠢᠭᠤ ᠰᠢᠶᠠᠨ | ᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠲᠥᠪ᠂ ᠬᠠᠯᠠᠭᠤᠨ | ᠳᠤᠯᠠᠭᠠᠨ ᠬᠡᠷ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ | ᠠᠶᠢᠮᠠᠭ᠂ ᠬᠤᠰᠢᠭᠤ ᠰᠢᠶᠠᠨ ᠬᠤᠲᠠ ᠳᠤ ᠲᠣᠰᠪᠣᠷᠢ ᠨᠢᠭᠡ ᠲᠤᠰᠬᠠᠶᠢᠵᠢᠭᠰᠠᠨ᠂ ᠣᠷᠣᠨ ᠪᠦᠰᠡ ᠶᠢᠨ ᠴᠢᠨᠠᠷᠲᠠᠶ | ᠵᠡᠮᠳᠡᠭᠴᠦᠳ ᠤᠨ ᠡᠷᠡᠭᠦᠯᠵᠢᠯ᠂ ᠨᠠᠶᠢᠳᠠᠨ ᠠᠰᠠᠷᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠲᠠᠢ | ᠪᠠᠶᠢᠬᠤ ᠶᠢ ᠪᠡᠶᠡᠯᠡᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠳᠤ ᠵᠡᠮᠳᠡᠭᠴᠦᠳ ᠤᠨ ᠦᠢᠯᠡᠴᠢᠯᠡᠭᠡᠨ ᠤ ᠲᠠᠯᠠᠪᠤᠷ ᠭᠠᠵᠠᠷ ᠢ ᠨᠡᠶᠢᠳᠡᠮ ᠪᠠᠶᠢᠭᠤᠯᠤᠨ᠎ᠠ᠃ | ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠪᠠ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠤᠨ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ ᠡᠵᠡᠩᠨᠡᠯᠲᠡ | ᠬᠠᠮᠢᠶᠠᠷᠤᠯᠲᠠ ᠦᠢᠯᠡᠴᠢᠯᠡᠭᠡᠨ ᠤ ᠲᠤᠰᠬᠠᠶᠢᠵᠢᠯᠲᠠ᠂ ᠵᠢᠷᠤᠮᠵᠢᠯᠲᠠ᠂ ᠤᠶᠤᠨᠴᠢᠯᠠᠯᠲᠠ ᠶᠢ ᠠᠬᠢᠭᠤᠯᠤᠨ᠎ᠠ᠃ ᠬᠢᠩᠭᠠᠨ | ᠠᠶᠢᠮᠠᠭ ᠤᠨ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠢ ᠪᠥᠲᠥᠭᠡᠨ | ᠪᠠᠶᠢᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠪᠠ ᠠᠵᠢᠯ ᠲᠥᠷᠥᠯ ᠤᠨ | ᠬᠠᠮᠢᠶᠠᠷᠤᠯᠲᠠ ᠶᠢ ᠴᠢᠩᠭᠠᠳᠬᠠᠨ᠎ᠠ᠃ ᠵᠡᠮᠳᠡᠭᠴᠦᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ | ᠡᠵᠡᠩᠨᠡᠯᠲᠡ ᠶᠢᠨ ᠪᠠᠶᠢᠳᠠᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠤᠭᠰᠠᠨ | ᠠᠷᠠᠳ ᠠᠴᠠ ᠡᠷᠭᠢᠯᠡᠭᠰᠡᠨ ᠵᠡᠮᠳᠡᠭᠴᠦᠳ ᠢ ᠡᠷᠡᠭᠦᠯᠵᠢᠭᠦᠯᠬᠦ ᠪᠠ ᠨᠠᠶᠢᠳᠠᠨ ᠠᠰᠠᠷᠠᠭᠤᠯᠬᠤ ᠪᠠᠶᠢᠭᠤᠯᠤᠮᠵᠢ ᠳᠤ | ᠳᠡᠮᠵᠢᠯᠭᠡ ᠦᠵᠡᠭᠦᠯᠦᠨ᠎ᠡ᠃ ᠵᠠᠰᠠᠭ ᠤᠨ ᠣᠷᠳᠣᠨ ᠠᠴᠠ ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ | ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠳᠤ ᠦᠨ᠎ᠡ ᠲᠥᠯᠥᠪᠦᠷᠢ ᠥᠬᠡᠶ | ᠪᠤᠶᠤ ᠬᠢᠮᠳᠠ ᠦᠨ᠎ᠡ ᠪᠠᠷ ᠬᠠᠩᠭᠠᠨ ᠬᠡᠷᠡᠭᠯᠡᠭᠦᠯᠬᠦ ᠶᠢ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | 3. ᠵᠡᠮᠳᠡᠭᠴᠦᠳ ᠤᠨ ᠦᠢᠯᠡᠰ ᠤᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠎ᠡ᠃ ᠰᠢᠨᠵᠢᠯᠡᠬᠦ | ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠤᠯᠠᠮᠵᠢᠯᠠᠯᠲᠤ | ᠦᠢᠯᠡᠴᠢᠯᠡᠭᠡᠨ ᠤ ᠠᠷᠭ᠎ᠠ ᠮᠠᠶ᠋ᠢᠭ ᠬᠢᠭᠡᠳ ᠤᠶᠤᠨᠴᠢᠯᠠᠭᠰᠠᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠵᠡᠷᠭᠡᠪᠡᠷ | ᠶᠠᠪᠤᠭᠳᠠᠭᠤᠯᠬᠤ ᠶᠢ ᠪᠠᠷᠢᠮᠲᠠᠯᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ | ᠤᠶᠠᠯᠳᠤᠭᠤᠯᠤᠭᠰᠠᠨ ᠵᠡᠮᠳᠡᠭᠴᠦᠳ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠵᠡᠮᠳᠡᠭᠴᠦᠳ ᠤᠨ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠣᠷᠣᠭᠤᠯᠵᠤ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ︾ ︽ᠮᠤᠵᠢ ᠠᠯᠤᠰᠯᠠᠨ ᠪᠦᠬᠦᠨ ᠢ | ᠭᠦᠢᠴᠡᠳᠭᠡᠬᠦ︾ ᠶᠢ ᠪᠡᠶᠡᠯᠡᠭᠦᠯᠦᠨ᠎ᠡ᠃ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠢᠨᠲ᠋ᠧᠷ ᠰᠦᠯᠵᠢᠶ᠎ᠡ ᠵᠡᠷᠭᠡ ᠮᠡᠳᠡᠭᠡ | ᠵᠠᠩᠭᠢ ᠶᠢᠨ ᠮᠡᠷᠭᠡᠵᠢᠯ ᠪᠣᠯᠤᠨ ᠵᠡᠮᠳᠡᠭᠴᠦᠳ ᠤᠨ ᠦᠢᠯᠡᠴᠢᠯᠡᠭᠡᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠮᠡᠳᠡᠭᠡ ᠵᠠᠩᠭᠢᠵᠢᠯᠲᠠ ᠶᠢᠨ ︽ᠣᠷᠣᠨ ᠨᠤᠲᠤᠭ ᠤᠨ | ᠵᠡᠮᠳᠡᠭᠴᠦᠳ ᠤᠨ ᠬᠤᠯᠪᠣᠭ᠎ᠠ ᠶᠢᠨ ᠦᠢᠯᠡᠴᠢᠯᠡᠭᠡᠨ ᠤ ᠲᠠᠪᠴᠠᠩ︾ ᠢ ᠪᠠᠶᠢᠭᠤᠯᠬᠤ ᠶᠡᠷᠦᠩᠬᠡᠶ ᠱᠠᠭᠠᠷᠳᠠᠯᠭ᠎ᠠ | ᠶᠣᠰᠣᠭᠠᠷ᠂ ︽ᠨᠢᠭᠡ ᠢᠵᠢ ᠬᠦᠰᠦᠨᠦᠭᠲᠦ᠂ ᠨᠢᠭᠡ ᠰᠦᠯᠵᠢᠶ᠎ᠡ︾ ᠪᠣᠯᠤᠨ ᠬᠢᠩᠭᠠᠨ ᠠᠶᠢᠮᠠᠭ ᠤᠨ ᠵᠡᠮᠳᠡᠭᠴᠦᠳ ᠤᠨ | ᠮᠡᠳᠡᠭᠡ ᠵᠠᠩᠭᠢ ᠶᠢᠨ ᠣᠳᠣᠬᠢᠴᠢᠯᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ᠭᠤᠯᠳᠤ ᠴᠢᠭᠯᠡᠯ ᠢᠶᠠᠷ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠲᠠᠪᠴᠠᠩ ᠪᠠ ᠥᠪᠡᠷᠲᠡᠭᠡᠨ | ᠵᠠᠰᠠᠬᠤ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ ᠵᠣᠯᠭᠠᠭᠤᠯᠵᠤ᠂ | ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠰᠠᠯᠠᠭ᠎ᠠ ᠮᠥᠴᠢᠷ ᠤᠨ ᠴᠠᠭ ᠲᠤᠬᠠᠶ ᠳᠤᠨᠢ ᠲᠤᠭ᠎ᠠ ᠪᠠᠷᠢᠮᠲᠠ ᠰᠣᠯᠢᠯᠴᠠᠬᠤ ᠶᠢ ᠬᠥᠨᠳᠡᠯᠡᠨ | ᠴᠢᠭᠯᠡᠯ ᠢᠶᠠᠷ ᠪᠡᠶᠡᠯᠡᠭᠦᠯᠵᠦ᠂ ᠪᠠᠶᠢᠩᠭᠤ ᠶᠢᠨ ᠲᠤᠭ᠎ᠠ ᠪᠠᠷᠢᠮᠲᠠ ᠶᠢ ᠬᠠᠷᠢᠴᠠᠭᠤᠯᠬᠤ ᠲᠣᠭᠲᠠᠴᠠ ᠶᠢ ᠪᠠᠶᠢᠭᠤᠯᠬᠤ ᠶᠢ | ᠠᠬᠢᠭᠤᠯᠤᠨ᠎ᠠ᠃ ᠵᠡᠮᠳᠡᠭᠴᠦᠳ ᠤᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠶᠢ ᠪᠠᠶᠢᠩᠭᠤᠵᠢᠭᠤᠯᠬᠤ ᠶᠢ | ᠨᠠᠶᠢᠳᠠᠪᠤᠷᠢᠵᠢᠭᠤᠯᠵᠤ᠂ ᠪᠠᠶᠢᠴᠠᠭᠠᠯᠲᠠ ᠶᠢᠨ ᠠᠷᠭ᠎ᠠ ᠪᠠᠷᠢᠯ ᠢ ᠰᠠᠶᠢᠵᠢᠷᠠᠭᠤᠯᠤᠨ᠂ ᠲᠤᠭ᠎ᠠ ᠪᠠᠷᠢᠮᠲᠠ ᠶᠢ ᠴᠠᠭ | ᠲᠤᠬᠠᠶ ᠳᠤᠨᠢ ᠣᠨᠣᠪᠴᠢᠲᠠᠶ ᠰᠢᠨᠡᠳᠬᠡᠵᠦ᠂ ᠵᠡᠮᠳᠡᠭᠴᠦᠳ ᠤᠨ ᠬᠥᠮᠦᠨ ᠠᠮᠠ ᠶᠢᠨ ᠰᠠᠭᠤᠷᠢ ᠮᠡᠳᠡᠭᠡ ᠵᠠᠩᠭᠢ ᠪᠠ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ | ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠨᠠᠮ ᠤᠨ ᠵᠡᠮᠳᠡᠭᠴᠦᠳ ᠤᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ | ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ | ᠬᠠᠷᠢᠭᠤᠴᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠢᠨ ᠣᠷᠣᠯᠴᠠᠭᠰᠠᠨ᠂ ᠵᠠᠬ᠎ᠠ ᠳᠡᠯᠭᠡᠭᠦᠷ | ᠢᠶᠠᠷ ᠲᠦᠯᠬᠢᠨ ᠠᠬᠢᠭᠤᠯᠤᠭᠰᠠᠨ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠦᠢᠯᠡᠳᠦᠯ ᠢᠶᠠᠨ ᠭᠦᠢᠴᠡᠳ | ᠪᠠᠳᠠᠷᠠᠭᠤᠯᠤᠭᠰᠠᠨ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠯ ᠪᠣᠯᠤᠨ ᠠᠵᠢᠯ ᠤᠨ ᠲᠣᠭᠲᠠᠴᠠ | ᠶᠢ ᠪᠠᠷᠢᠮᠲᠠᠯᠠᠨ᠎ᠠ᠃ ᠵᠡᠮᠳᠡᠭᠴᠦᠳ ᠤᠨ ᠠᠵᠢᠯ ᠤᠨ ᠺᠣᠮᠢᠰ ᠤᠨ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠡᠯ᠎ᠡ | ᠪᠦᠷᠢᠯᠳᠦᠬᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ | ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠵᠡᠮᠳᠡᠭᠴᠦᠳ ᠤᠨ | ᠦᠢᠯᠡᠰ ᠤᠨ ᠬᠥᠭᠵᠢᠯᠲᠡ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠵᠣᠬᠢᠴᠠᠩᠭᠤᠶ ᠪᠠᠷ ᠠᠬᠢᠭᠤᠯᠤᠨ᠎ᠠ᠃ | ︵ᠬᠤᠶᠠᠷ︶ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠪᠦᠲᠦᠮᠵᠢᠲᠡᠶ ᠪᠠᠳᠠᠷᠠᠭᠤᠯᠤᠨ᠎ᠠ᠃ ᠪᠦᠬᠦ ᠠᠶᠢᠮᠠᠭ ᠤᠨ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ | ᠪᠠᠶᠢᠭᠤᠯᠤᠯᠲᠠ ︽ᠳᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠡᠢ᠃ ᠤᠯᠤᠰ ᠲᠦᠷᠦ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠤᠭᠤᠳᠤᠭᠤᠯᠵᠤ᠂ ︽ᠲᠥᠯᠥᠭᠡᠯᠡᠬᠦ᠂ ᠦᠢᠯᠡᠴᠢᠯᠡᠬᠦ᠂ ᠬᠠᠮᠢᠶᠠᠷᠬᠤ︾ ᠡᠭᠦᠷᠭᠡ ᠴᠢᠳᠠᠪᠬᠢ ᠶᠢ | ᠭᠦᠢᠴᠡᠳᠬᠡᠵᠦ᠂ ᠥᠷᠭᠡᠨ ᠤᠯᠠᠨ ᠵᠡᠮᠳᠡᠭ ᠤᠯᠠᠨ ᠲᠦᠮᠡᠨ ᠢ ᠪᠦᠯᠬᠦᠮᠳᠡᠭᠦᠯᠦᠨ ᠬᠦᠳᠦᠯᠦᠨ ᠳᠠᠭᠠᠭᠤᠯᠵᠤ ᠬᠦᠰᠡᠯᠡᠩ | ᠢᠲᠡᠭᠡᠯ ᠪᠢᠰᠢᠷᠡᠯ ᠢ ᠨᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠵᠡᠮᠳᠡᠭ ᠤᠯᠠᠨ ᠲᠦᠮᠡᠨ ᠢ | ᠨᠠᠮ ᠤᠨ ᠲᠣᠭᠤᠷᠢᠨ ᠳᠤ ᠨᠢᠭᠲᠠᠷᠠᠭᠤᠯᠵᠤ᠂ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ | ᠨᠠᠮ ᠢ ᠲᠠᠭᠠᠨ᠎ᠠ᠃ | ︵ᠭᠤᠷᠪᠠ︶ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠵᠡᠮᠳᠡᠭᠴᠦᠳ ᠢ ᠲᠡᠳᠬᠦᠬᠦ ᠵᠡᠮᠳᠡᠭᠴᠦᠳ ᠢ | ᠲᠤᠰᠠᠯᠠᠬᠤ ᠠᠵᠢᠯ ᠤᠨ ᠬᠦᠴᠦᠨ ᠢ ᠴᠢᠩᠭᠠᠷᠠᠭᠤᠯᠤᠨ᠎ᠠ᠃ ᠡᠯ᠎ᠡ ᠱᠠᠲᠤᠨ ᠤ ᠵᠡᠮᠳᠡᠭᠴᠦᠳ ᠤᠨ ᠠᠵᠢᠯ ᠤᠨ | ᠵᠥᠪᠯᠡᠯ ᠤᠨ ᠪᠦᠷᠢᠯᠳᠦᠬᠦᠨ ᠨᠢᠭᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠵᠡᠷᠭᠡ ᠨᠢ ᠵᠡᠮᠳᠡᠭᠴᠦᠳ ᠢ ᠲᠤᠰᠠᠯᠠᠬᠤ ᠨᠢᠭᠦᠯᠡᠰᠦᠩᠭᠦᠶ ᠶᠢᠨ ᠲᠥᠷᠥᠯ ᠵᠦᠢᠯ ᠢ | ᠬᠡᠷᠡᠭᠵᠢᠭᠦᠯᠦᠨ᠎ᠡ᠃ ᠵᠡᠮᠳᠡᠭᠴᠦᠳ ᠤᠨ ᠠᠵᠢᠯ ᠦᠢᠯᠡᠰ ᠤᠨ ᠮᠥᠩᠭᠦᠨ ᠭᠦᠢᠯᠭᠡᠭᠡᠨ᠂ ᠭᠠᠶᠢᠯᠢ ᠲᠠᠲᠠᠪᠤᠷᠢ ᠵᠡᠷᠭᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠠᠷᠭ᠎ᠠ ᠵᠠᠮ ᠢᠶᠠᠷ᠂ ᠣᠯᠠᠨ ᠡᠰᠢᠵᠢᠭᠰᠡᠨ | ᠣᠷᠣᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠵᠤ᠂ ᠨᠠᠩ ᠣᠯᠠᠨ ᠨᠡᠶᠢᠭᠡᠮ ᠤᠨ ᠬᠦᠴᠦᠨ ᠢ ᠲᠡᠳᠡᠨ ᠵᠡᠮᠳᠡᠭᠴᠦᠳ ᠢ | ᠲᠡᠳᠬᠦᠵᠦ ᠵᠡᠮᠳᠡᠭᠴᠦᠳ ᠢ ᠲᠤᠰᠠᠯᠠᠬᠤ ᠳᠤ ᠣᠷᠣᠯᠴᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ | ᠃ | ︵ᠳᠥᠷᠪᠡ︶ ᠵᠡᠮᠳᠡᠭᠴᠦᠳ ᠤᠨ ᠨᠢᠭᠦᠯᠡᠰᠦᠩᠭᠦᠶ ᠶᠢᠨ ᠦᠢᠯᠡᠰ ᠪᠠ ᠵᠡᠮᠳᠡᠭᠴᠦᠳ ᠢ ᠲᠤᠰᠠᠯᠠᠬᠤ ᠰᠠᠶᠢᠨ | ᠳᠤᠷ᠎ᠠ ᠶᠢᠨ ᠦᠢᠯᠡᠴᠢᠯᠡᠭᠡ ᠶᠢ ᠶᠡᠬᠡᠪᠡᠷ ᠠᠬᠢᠭᠤᠯᠤᠨ᠎ᠠ᠃ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ | ᠨᠡᠶᠢᠭᠡᠮᠯᠢᠭ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ | ᠵᠡᠮᠳᠡᠭᠴᠦᠳ ᠤᠨ ᠪᠠᠲᠤᠯᠠᠭ᠎ᠠ ᠪᠠ ᠦᠢᠯᠡᠴᠢᠯᠡᠭᠡᠨ ᠤ ᠲᠥᠷᠥᠯ ᠵᠦᠢᠯ ᠢ ᠢᠳᠡᠪᠬᠢᠲᠡᠶ ᠪᠠᠷ ᠵᠠᠯᠭᠠᠨ ᠠᠪᠴᠤ᠂ | ᠵᠡᠮᠳᠡᠭᠴᠦᠳ ᠤᠨ ︽ᠤᠮᠠᠷᠠᠲᠤ ᠬᠢᠯᠢ ᠪᠠᠨ ᠶᠡᠬᠡᠪᠡᠷ ᠬᠠᠶᠢᠷᠠᠯᠠᠬᠤ︾ — ᠡᠷᠡᠭᠦᠯᠵᠢᠯ᠂ ᠠᠵᠢᠯ ᠣᠯᠭᠤᠯᠲᠠ᠂ | ᠰᠣᠶᠣᠯ ᠪᠡᠶ᠎ᠡ ᠶᠢᠨ ᠲᠠᠮᠢᠷ ᠤᠨ ᠰᠢᠷᠢᠰ ᠨᠡᠶᠢᠲᠡ ᠶᠢᠨ ᠠᠰᠠᠷᠠᠮᠵᠢ ᠪᠠᠷ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ | ᠥᠷᠨᠢᠭᠦᠯᠦᠨ᠎ᠡ᠃ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠰᠢᠨ᠎ᠡ ᠴᠠᠭ ᠦᠶ᠎ᠡ ᠶᠢᠨ | ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠳᠤ ᠣᠷᠣᠭᠤᠯᠵᠤ᠂ ᠵᠡᠮᠳᠡᠭᠴᠦᠳ ᠢ ᠲᠤᠰᠠᠯᠠᠬᠤ ᠰᠠᠶᠢᠨ | ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠵᠡᠮᠳᠡᠭᠴᠦᠳ ᠲᠤ ᠬᠠᠪᠰᠤᠷᠤᠨ | ᠲᠡᠳᠬᠦᠵᠦ ᠬᠦᠴᠢᠷᠳᠡᠯ ᠠᠴᠠ ᠠᠩᠭᠢᠵᠢᠷᠠᠭᠤᠯᠬᠤ᠂ ᠠᠮᠢᠳᠤᠷᠠᠯ ᠢ ᠨᠢ ᠬᠠᠷᠠᠭᠠᠯᠵᠠᠬᠤ᠂ ᠰᠤᠷᠭᠠᠨ ᠬᠥᠮᠦᠵᠢᠯ ᠢ | ᠲᠡᠮᠵᠢᠵᠦ ᠰᠤᠷᠤᠯᠭ᠎ᠠ ᠶᠢ ᠨᠢ ᠲᠡᠳᠬᠦᠬᠦ᠂ ᠨᠡᠶᠢᠭᠡᠮ ᠲᠣᠭᠤᠷᠢᠭ ᠤᠨ ᠡᠮᠴᠢᠯᠡᠭᠡ ᠶᠢ ᠵᠢᠯᠣᠭᠤᠳᠬᠤ᠂ ᠰᠣᠶᠣᠯ | ᠪᠡᠶ᠎ᠡ ᠶᠢᠨ ᠲᠠᠮᠢᠷ᠂ ᠶᠠᠪᠤᠵᠤ ᠰᠠᠭᠤᠬᠤ ᠶᠢ ᠬᠠᠪᠰᠤᠷᠬᠤ ᠵᠡᠷᠭᠡ ᠦᠢᠯᠡᠴᠢᠯᠡᠭᠡ ᠬᠠᠩᠭᠠᠵᠤ᠂ ᠰᠢᠨ᠎ᠡ ᠴᠠᠭ ᠦᠶ᠎ᠡ ᠶᠢᠨ | ᠪᠣᠯᠪᠠᠰᠤᠨ ᠦᠢᠯᠡᠳᠦᠯᠭᠡ ᠶᠢᠨ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠷᠤᠮᠵᠢᠯᠲᠠ᠂ | ᠲᠤᠰᠬᠠᠶᠢᠵᠢᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ | ︵ᠲᠠᠪᠤ︶ ᠪᠥᠬᠦ ᠨᠡᠶᠢᠭᠡᠮ ᠢᠶᠠᠷ ᠢᠶᠠᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ | ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︽ᠪᠥᠬᠦ ᠤᠯᠤᠰ ᠤᠨ ᠵᠡᠮᠳᠡᠭᠴᠦᠳ ᠢ | ᠲᠤᠰᠠᠯᠠᠬᠤ ᠡᠳᠦᠷ︾᠂ ︽ᠣᠯᠠᠨ ᠤᠯᠤᠰ ᠤᠨ ᠵᠡᠮᠳᠡᠭᠴᠦᠳ ᠤᠨ ᠡᠳᠦᠷ︾᠂ ︽ᠵᠡᠮᠳᠡᠭᠴᠦᠳ ᠢ ᠰᠡᠷᠭᠡᠶᠢᠯᠡᠬᠦ | ᠡᠳᠦᠷ︾᠂ ︽ᠴᠢᠬᠢ ᠪᠠᠨ ᠬᠠᠶᠢᠷᠠᠯᠠᠬᠤ ᠡᠳᠦᠷ︾᠂ ︽ᠨᠢᠳᠦ ᠪᠠᠨ ᠬᠠᠶᠢᠷᠠᠯᠠᠬᠤ ᠡᠳᠦᠷ︾ ᠵᠡᠷᠭᠡ ᠴᠢᠬᠤᠯᠠ | ᠵᠠᠩᠭᠢᠯᠠᠭ᠎ᠠ ᠶᠢᠨ ᠴᠡᠭ ᠪᠠ ᠵᠡᠮᠳᠡᠭᠴᠦᠳ ᠤᠨ ᠠᠵᠢᠯ ᠦᠢᠯᠡᠰ ᠤᠨ ᠴᠢᠬᠤᠯᠠ ᠶᠡᠭᠡ ᠠᠵᠢᠯᠯᠠᠭ᠎ᠠ ᠶᠢᠨ ᠠᠵᠠ | ᠲᠣᠬᠢᠶᠠᠯ ᠢ ᠭᠦᠢᠴᠡᠳ ᠠᠰᠢᠭᠯᠠᠨ᠂ ᠣᠯᠠᠨ ᠬᠡᠯᠪᠡᠷᠢ ᠮᠠᠶ᠋ᠢᠭ ᠤᠨ ᠭᠤᠤᠯ ᠰᠡᠳᠦᠪᠲᠦ ᠤᠬᠠᠭᠤᠯᠭ᠎ᠠ ᠰᠣᠶᠣᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠪᠦᠯᠦᠭ ᠵᠡᠮᠳᠡᠭᠴᠦᠳ ᠤᠨ ᠥᠪᠡᠷ ᠢ ᠪᠠᠨ | ᠬᠦᠴᠦᠷᠬᠡᠭᠵᠢᠭᠦᠯᠦᠭᠰᠡᠨ ᠵᠢᠱᠢᠶᠡᠴᠢ ᠪᠠ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ | ᠭᠠᠷᠭᠠᠵᠤ᠂ ᠨᠡᠶᠢᠭᠡᠮ ᠤᠨ ᠬᠢᠨ ᠢ ᠳᠠᠶᠢᠴᠢᠯᠠᠨ ᠵᠡᠮᠳᠡᠭᠴᠦᠳ ᠢ ᠨᠠᠩ ᠢᠯᠡᠭᠦᠤ ᠬᠠᠯᠠᠮᠵᠢᠯᠠᠨ ᠬᠠᠶᠢᠷᠠᠯᠠᠵᠤ᠂ | ᠵᠡᠮᠳᠡᠭᠴᠦᠳ ᠤᠨ ᠠᠵᠢᠯ ᠦᠢᠯᠡᠰ ᠢ ᠬᠠᠯᠠᠮᠵᠢᠯᠠᠨ ᠳᠡᠮᠵᠢᠨ᠎ᠡ᠃ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ | ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠮᠳᠡᠭᠴᠦᠳ ᠤᠨ ᠠᠵᠢᠯ ᠦᠢᠯᠡᠰ ᠤᠨ ᠰᠦᠯᠵᠢᠶᠡᠨ ᠤ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠢᠳᠡᠪᠬᠢᠲᠡᠶ ᠴᠣᠭᠴᠠᠯᠠᠨ ᠪᠠᠶᠢᠭᠤᠯᠵᠤ᠂ ᠨᠢᠭᠡ ᠪᠦᠯᠦᠭ | ᠵᠡᠮᠳᠡᠭᠴᠦᠳ ᠤᠨ ᠰᠡᠳᠦᠪᠲᠦ ᠪᠠᠷᠢᠮᠲᠠᠲᠤ ᠺᠢᠨᠣ᠋᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠠ ᠰᠦᠯᠵᠢᠶᠡᠨ ᠤ | ᠦᠵᠡᠵᠦ ᠰᠣᠨᠣᠰᠬᠤ ᠫᠷᠤᠭ᠍ᠷᠠᠮ ᠢ ᠦᠢᠯᠡᠳᠦᠨ ᠨᠡᠪᠲᠡᠷᠡᠭᠦᠯᠵᠦ᠂ ᠵᠡᠮᠳᠡᠭᠴᠦᠳ ᠤᠨ ᠠᠵᠢᠯ ᠦᠢᠯᠡᠰ ᠤᠨ | ᠬᠥᠭᠵᠢᠯᠲᠡ ᠶᠢᠨ ᠠᠮᠵᠢᠯᠲᠠ ᠪᠦᠲᠦᠮᠵᠢ ᠶᠢ ᠥᠷᠭᠡᠳᠬᠡᠨ ᠤᠬᠠᠭᠤᠯᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ | ᠪᠠ ᠨᠡᠶᠢᠭᠡᠮ ᠤᠨ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ | ︵ᠵᠢᠷᠭᠤᠭ᠎ᠠ︶ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠵᠠᠷᠤᠳᠠᠯ ᠤᠨ ᠪᠠᠲᠤᠯᠠᠭ᠎ᠠ ᠶᠢ | ᠴᠢᠩᠭᠠᠷᠠᠭᠤᠯᠬᠤ ᠬᠡᠷᠡᠭᠲᠡᠶ᠃ ᠠᠶᠢᠮᠠᠭ᠂ ᠬᠤᠰᠢᠭᠤ ᠰᠢᠶᠠᠨ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ | ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ᠂ | ᠵᠡᠮᠳᠡᠭᠴᠦᠳ ᠤᠨ ᠪᠠᠲᠤᠯᠠᠭ᠎ᠠ ᠶᠢᠨ ᠮᠥᠩᠭᠦ ᠪᠠ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ | ᠮᠥᠩᠭᠦ ᠵᠡᠷᠭᠡ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠨ᠂ ᠵᠡᠮᠳᠡᠭᠴᠦᠳ ᠤᠨ ᠠᠵᠢᠯ ᠦᠢᠯᠡᠰ ᠤᠨ | ᠬᠥᠭᠵᠢᠯᠲᠡ ᠶᠢᠨ ᠪᠠᠯᠠ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ᠂ ᠰᠠᠭᠤᠷᠢ ᠦᠢᠯᠡᠴᠢᠯᠡᠭᠡᠨ ᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠪᠠ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢ | ᠰᠠᠶᠢᠲᠤᠷ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ | ᠲᠠᠲᠠᠪᠤᠷᠢᠯᠠᠬᠤ ᠪᠦᠲᠦᠴᠡ ᠶᠢ ᠨᠢᠭᠡᠳᠦᠯᠲᠡᠶ ᠲᠥᠯᠥᠪᠯᠡᠨ ᠲᠡᠭᠦᠯᠳᠡᠷᠵᠢᠭᠦᠯᠵᠦ᠂ ᠰᠢᠰᠲ᠋ᠧᠮ ᠲᠠᠢ ᠪᠠᠷ | ᠰᠢᠯᠢᠳᠡᠭᠵᠢᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ ᠬᠡᠷᠡᠭᠯᠡᠯᠲᠡ | ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠵᠡᠮᠳᠡᠭᠴᠦᠳ ᠤᠨ ᠠᠵᠢᠯ ᠣᠯᠭᠤᠯᠲᠠ ᠶᠢᠨ | ᠪᠠᠲᠤᠯᠠᠭ᠎ᠠ ᠶᠢᠨ ᠮᠥᠩᠭᠦ ᠶᠢᠨ ᠲᠦᠷᠢᠮ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠵᠡᠮᠳᠡᠭᠴᠦᠳ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ |