ᠬᠢᠩᠭᠠᠨ ᠠᠶᠢᠮᠠᠭ ᠤᠨ ᠵᠠᠬᠢᠷᠭ᠎ᠠ ᠶᠢᠨ ︽ᠬᠢᠩᠭᠠᠨ ᠠᠶᠢᠮᠠᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/6/17
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ︽ᠬᠢᠩᠭᠠᠨ ᠠᠶᠢᠮᠠᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                       2022 ᠣᠨ ᠤ 5 ᠰᠠᠷ᠎ᠠ ᠶᠢᠨ 23    ᠬᠢᠩᠭᠠᠨ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ    ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠡᠮᠳᠡᠭᠴᠦᠳ ᠤᠨ ᠦᠢᠯᠡᠰ ᠤᠨ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠵᠦ᠂ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠪᠠᠲᠤᠯᠠᠭ᠎ᠠ ᠪᠠ ᠬᠥᠭᠵᠢᠯᠲᠡ ᠶᠢᠨ ᠲᠥᠯᠥᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠ ︽ᠬᠢᠩᠭᠠᠨ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠨ᠂ ᠬᠢᠩᠭᠠᠨ ᠠᠶᠢᠮᠠᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ    ᠨᠢᠭᠡ᠂ ᠠᠬᠤᠶ ᠪᠠᠶᠢᠳᠠᠯ    ︽ᠠᠷᠪᠠᠨ ᠭᠤᠷᠪᠠᠳᠤᠭᠠᠷ ᠲᠠᠪᠤᠨ ᠵᠢᠯ  ︾ ᠤᠨ ᠬᠤᠭᠤᠴᠠᠭᠠᠨ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠳᠥᠯᠭᠢᠨ ᠠᠬᠢᠭᠤᠯᠵᠤ᠂ ᠢᠯᠡᠳᠲᠡ ᠠᠮᠵᠢᠯᠲᠠ ᠪᠦᠲᠦᠮᠵᠢ ᠤᠯᠪᠠ᠃ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠣᠷ᠎ᠠ 2.11 ᠲᠦᠮᠡ ᠭᠠᠷᠤᠶ ᠮᠠᠯᠵᠢᠬᠤ ᠲᠠᠷᠢᠶᠠᠯᠠᠬᠤ ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠵᠡᠮᠳᠡᠭᠴᠦᠳ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 3 ᠲᠦᠮᠡ ᠭᠠᠷᠤᠶ ᠶᠠᠳᠠᠭᠤ ᠬᠦᠴᠢᠷᠳᠡᠯᠲᠡᠶ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠵᠤ᠂ 2 ᠲᠦᠮᠡ ᠭᠠᠷᠤᠶ ᠬᠦᠨᠳᠦ ᠳᠡᠰ ᠤᠨ ᠵᠡᠮᠳᠡᠭᠴᠦᠳ ᠲᠤ ᠰᠤᠪᠢᠯᠠᠯᠲᠠ ᠶᠢᠨ ᠨᠥᠬᠦᠪᠥᠷᠢ ᠣᠯᠭᠤᠵᠤ᠂ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 100 ᠲᠥᠭᠦᠷᠢᠭ ᠪᠣᠯᠭᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠠᠴᠠ ᠬᠦᠨᠳᠦ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠬᠥᠮᠦᠨ ᠪᠦᠷᠢ ᠵᠢᠯ ᠳᠤ 200 ᠲᠥᠭᠦᠷᠢᠭ ᠣᠷᠣᠯᠠᠨ ᠲᠤᠰᠢᠶᠠᠵᠤ᠂ ᠵᠡᠮᠳᠡᠭᠴᠦᠳ ᠤᠨ ᠰᠠᠨᠠᠭᠠᠨ ᠳᠤ ᠦᠭᠡᠶ ᠰᠢᠷᠬᠠᠲᠤᠯ ᠤᠨ ᠳᠠᠭᠠᠳᠬᠠᠯ ᠢ ᠨᠡᠶᠢᠳᠡᠮ ᠬᠡᠷᠡᠭᠵᠢᠭᠦᠯᠵᠦ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠨᠣᠷᠮ᠎ᠠ 100% ᠳᠤ ᠬᠦᠷᠴᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ  ᠦᠢᠯᠡᠴᠢᠯᠡᠭᠡᠨ ᠤ ᠨᠣᠷᠮ᠎ᠠ ᠪᠣᠯᠤᠨ ᠲᠤᠰᠠᠯᠠᠬᠤ ᠪᠠᠭᠠᠵᠢ ᠬᠡᠷᠡᠭᠰᠡᠯ ᠤᠨ ᠳᠣᠭᠢᠷᠠᠭᠤᠯᠬᠤ  ᠦᠢᠯᠡᠴᠢᠯᠡᠭᠡᠨ ᠤ ᠨᠣᠷᠮ᠎ᠠ ᠴᠥᠮ 90% ᠶᠢ ᠳᠠᠪᠠᠵᠤ᠂ ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠳᠤ ᠬᠠᠷᠰᠢ ᠰᠠᠭᠠᠳ ᠥᠬᠡᠶ ᠥᠭᠡᠷᠡᠴᠢᠯᠡᠯᠲᠡ ᠬᠢᠬᠦ 4200 ᠡᠷᠦᠬᠡ ᠳᠤ ᠬᠦᠷᠴᠦ᠂ ᠵᠡᠮᠳᠡᠭ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠠᠷᠢᠴᠠᠯ 95.34% ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠲᠤ ᠲᠣᠭᠲᠠᠪᠤᠷᠢᠲᠠᠶ ᠠᠵᠢᠯ ᠣᠯᠭᠤᠭᠰᠠᠨ ᠬᠥᠮᠦᠨ ᠤ ᠲᠤᠭ᠎ᠠ 5100 ᠳᠤ ᠬᠦᠷᠴᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡ ᠭᠥᠷᠳᠡᠬᠦ ᠬᠥᠮᠦᠨ ᠤ ᠲᠤᠭ᠎ᠠ 1850 ᠳᠤ ᠬᠥᠷᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠵᠡᠮᠳᠡᠭᠴᠦᠳ ᠤᠨ ᠠᠷᠠᠳ ᠤᠨ ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠬᠦᠴᠦᠲᠡᠶ ᠠᠬᠢᠭᠤᠯᠵᠤ ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃    ᠪᠦᠬᠦ ᠠᠶᠢᠮᠠᠭ ᠲᠤ ᠣᠳᠣ ᠦᠨᠡᠮᠯᠡᠯ ᠲᠠᠢ ᠵᠡᠮᠳᠡᠭ ᠬᠥᠮᠦᠨ 6.03ᠲᠦᠮᠡ ᠪᠠᠶᠢᠨ᠎ᠠ᠂ ᠵᠡᠮᠳᠡᠭᠴᠦᠳ ᠤᠨ ᠠᠮᠠ ᠶᠢᠨ ᠬᠠᠷᠢᠴᠠᠯᠠᠰᠢᠭᠦᠶ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠬᠥᠮᠦᠨ ᠠᠮᠠ ᠶᠢᠨ ᠨᠠᠰᠤᠵᠢᠯᠲᠠ ᠵᠢᠴᠢ ᠪᠤᠰᠤᠳ ᠵᠥᠩᠨᠡᠵᠦ ᠪᠣᠯᠤᠰᠢ ᠥᠬᠡᠶ ᠬᠦᠴᠦᠨ ᠵᠦᠢᠯ ᠤᠨ ᠨᠥᠯᠥᠭᠡ ᠶᠢ ᠳᠠᠭᠠᠯᠳᠤᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠡᠮᠳᠡᠭᠴᠦᠳ ᠤᠨ ᠲᠤᠭ᠎ᠠ ᠬᠡᠮᠵᠢᠶ᠎ᠡ ᠮᠥᠨ ᠬᠦ ᠣᠯᠠᠨ ᠡᠭᠦᠰᠴᠦ᠂ ᠵᠡᠮᠳᠡᠭᠴᠦᠳ ᠤᠨ ᠠᠵᠢᠯ ᠦᠢᠯᠡᠰ ᠲᠤ ᠠᠯᠢ ᠣᠯᠠᠨ ᠲᠣᠪᠤᠶᠢᠮ᠎ᠠ ᠠᠰᠠᠭᠤᠳᠠᠯ ᠲᠤᠯᠭᠠᠷᠠᠬᠤ ᠪᠣᠯᠤᠨ᠎ᠠ᠂ ᠡᠭᠦᠨ ᠳᠤ ᠭᠤᠤᠯᠳᠠᠭᠤ ᠨᠡᠯᠢᠶᠡᠳ ᠲᠣᠭᠠᠨ ᠤ ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠶᠢᠨ ᠠᠮᠢᠳᠤᠷᠠᠯ ᠪᠠᠰᠠ ᠨᠡᠯᠢᠶᠡᠳ ᠬᠦᠴᠢᠷᠳᠡᠯᠲᠡᠶ ᠪᠠᠶᠢᠵᠤ᠂ ᠵᠡᠮᠳᠡᠭᠴᠦᠳ ᠤᠨ ᠳᠠᠬᠢᠨ ᠶᠠᠳᠠᠭᠤᠷᠠᠬᠤ ᠲᠦᠭᠰᠢᠭᠦᠷᠢ ᠨᠡᠯᠢᠶᠡᠳ ᠥᠨᠳᠥᠷ ᠪᠠᠶᠢᠬᠤ︔ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠨᠡᠯᠢᠶᠡᠳ ᠳᠣᠣᠷ᠎ᠠ᠂ ᠠᠵᠢᠯ ᠣᠯᠭᠤᠯᠲᠠ ᠪᠠᠰᠠ ᠭᠦᠢᠴᠡᠳ ᠪᠤᠰᠤ᠂ ᠵᠡᠮᠳᠡᠭᠴᠦᠳ ᠤᠨ ᠭᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠶᠢ ᠨᠡᠶᠢᠭᠡᠮ ᠤᠨ ᠳᠤᠮᠳᠠᠴᠢ ᠬᠢᠷᠢ ᠬᠡᠮᠵᠢᠶ᠎ᠡ ᠲᠠᠢ ᠬᠠᠷᠢᠴᠠᠭᠤᠯᠪᠠᠯ ᠪᠠᠰᠠ ᠢᠯᠡᠷᠬᠡᠶ ᠵᠥᠷᠢᠶ᠎ᠡ ᠲᠠᠢ ᠪᠠᠶᠢᠨ᠎ᠠ︔ ᠵᠡᠮᠳᠡᠭᠴᠦᠳ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠶᠠᠰᠤ ᠴᠢᠨᠠᠷ ᠤᠨ ᠦᠷ᠎ᠡ ᠠᠰᠢᠭ ᠪᠠᠰᠠ ᠥᠨᠳᠥᠷ ᠪᠢᠰᠢ᠂ ᠲᠠᠷᠬᠠᠯᠲᠠ ᠲᠡᠭᠰᠢ ᠪᠤᠰᠤ ᠪᠠᠶᠢᠵᠤ᠂ ᠵᠡᠮᠳᠡᠭᠴᠦᠳ ᠤᠨ ᠰᠤᠷᠭᠠᠭᠤᠯᠢ ᠳᠤ ᠣᠷᠣᠵᠤ ᠡᠮᠨᠡᠭᠦᠯᠬᠦ᠂ ᠡᠷᠡᠭᠦᠯᠵᠢᠭᠦᠯᠦᠨ ᠠᠰᠠᠷᠠᠬᠤ᠂ ᠰᠠᠭᠠᠳ ᠥᠬᠡᠶ ᠪᠠᠶᠢᠯᠭᠠᠬᠤ ᠵᠡᠷᠭᠡ ᠣᠯᠠᠨ ᠶᠠᠩᠵᠤᠲᠤ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠰᠠ ᠬᠠᠩᠭᠠᠵᠤ ᠳᠡᠶᠢᠯᠦᠭᠡᠳᠦᠶ ᠪᠠᠶᠢᠭᠰᠠᠭᠠᠷ︔ ᠵᠡᠮᠳᠡᠭᠴᠦᠳ ᠤᠨ ᠠᠳᠠᠯᠢ ᠲᠡᠭᠰᠢ ᠡᠷᠬᠡ ᠶᠢ ᠪᠠᠰᠠ ᠭᠦᠢᠴᠡᠳ ᠪᠠᠲᠤᠯᠠᠭᠠᠳᠤᠶ᠂ ᠵᠡᠮᠳᠡᠭᠴᠦᠳ ᠢ ᠭᠠᠳᠠᠭᠤᠷᠴᠢᠯᠠᠬᠤ᠂ ᠵᠡᠮᠳᠡᠭᠴᠦᠳ ᠤᠨ ᠡᠷᠬᠡ ᠠᠰᠢᠭ ᠲᠤ ᠬᠠᠯᠳᠠᠬᠤ ᠦᠵᠡᠭᠳᠡᠯ ᠪᠠᠰᠠ ᠪᠠᠶᠢᠨ ᠪᠠᠶᠢᠨ ᠭᠠᠷᠴᠤ ᠪᠠᠶᠢᠨ᠎ᠠ︔ ᠵᠡᠮᠳᠡᠭᠴᠦᠳ ᠤᠨ ᠦᠢᠯᠡᠰ ᠨᠢ ᠮᠥᠨᠬᠦ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠲᠠᠭᠤᠳᠠᠯ ᠪᠤᠯᠵᠤ᠂ ᠬᠥᠭᠵᠢᠯᠲᠡ ᠨᠢ ᠲᠡᠩᠴᠡᠭᠦᠷᠢ ᠥᠭᠡᠢ ᠭᠦᠢᠴᠡᠳ ᠥᠭᠡᠢ ᠪᠠᠶᠢᠬᠤ ᠠᠰᠠᠭᠤᠳᠠᠯ ᠨᠡᠯᠢᠶᠡᠳ ᠲᠤᠪᠤᠶᠢᠮ᠎ᠠ ᠪᠠᠶᠢᠵᠤ᠂ ᠲᠠᠷᠢᠶᠠᠯᠠᠬᠤ ᠮᠠᠯᠵᠢᠬᠤ ᠣᠷᠣᠨ ᠪᠣᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠡᠮᠳᠡᠭᠴᠦᠳ ᠲᠤ ᠦᠢᠯᠡᠴᠢᠯᠡᠬᠦ ᠰᠠᠭᠤᠷᠢ ᠪᠣᠯᠤᠨ ᠴᠢᠳᠠᠪᠤᠷᠢ ᠨᠡᠯᠢᠶᠡᠳ ᠪᠠᠭᠤᠷᠠᠶ ᠪᠠᠶᠢᠨ᠎ᠠ᠃    ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠶᠡᠷᠦᠩᠬᠡᠶ ᠱᠦᠵᠢ ᠰᠢ ᠶᠢᠨ ᠫᠢᠩ  ᠴᠢᠬᠤᠯᠠᠴᠢᠯᠠᠬᠤ ᠳᠠᠭᠠᠨ᠂ ︽ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠤ ᠡᠷᠬᠡᠪᠰᠢ ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ ᠦᠢᠯᠡᠰ ᠢ ᠵᠠᠪᠠᠯ ᠦᠷᠭᠦᠯᠵᠢᠯᠡᠨ ᠳᠥᠯᠭᠢᠨ ᠠᠬᠢᠭᠤᠯᠬᠤ ᠬᠡᠷᠡᠭᠲᠡᠶ︾ ᠭᠡᠵᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠠᠶᠢᠮᠠᠭ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠵᠡᠮᠳᠡᠭᠴᠦᠳ ᠢ ᠶᠠᠭᠠᠬᠢᠭᠰᠠᠨ ᠴᠤ ᠡᠩᠨᠡᠭᠡ ᠠᠴᠠ ᠬᠤᠴᠣᠷᠤᠭᠤᠯᠵᠤ ᠪᠣᠯᠬᠤ ᠥᠬᠡᠶ᠃ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠡᠮᠬᠢ ᠵᠢᠷᠤᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠥᠷᠭᠡᠨ ᠤᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠬᠡᠷᠡᠭᠲᠡᠢ᠃    ᠬᠤᠶᠠᠷ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ   ᠤᠨ ᠵᠡᠮᠳᠡᠭᠴᠦᠳ ᠤᠨ ᠦᠢᠯᠡᠰ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠠ ᠬᠠᠮᠲᠤ ᠶᠢᠨ ᠴᠢᠨᠡᠭᠡᠯᠢᠭᠵᠢᠯ ᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠵᠡᠮᠳᠡᠭᠴᠦᠳ ᠤᠨ ᠠᠭᠤᠰᠤᠯᠴᠠᠨ ᠬᠥᠭᠵᠢᠬᠦ᠂ ᠪᠦᠬᠦ ᠲᠠᠯ᠎ᠠ ᠪᠠᠷ ᠬᠥᠭᠵᠢᠬᠦ ᠪᠠ ᠬᠠᠮᠲᠤᠪᠠᠷ ᠪᠠᠶᠠᠵᠢᠬᠤ ᠶᠢ ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠢ ᠨᠡᠩ ᠪᠠᠶᠠᠨ ᠴᠢᠨᠡᠭᠡᠯᠢᠭ᠂ ᠨᠡᠩ ᠨᠡᠷ᠎ᠡ ᠬᠦᠨᠳᠦ ᠲᠠᠢ ᠪᠣᠯᠭᠠᠵᠤ᠂ ᠣᠳᠣᠬᠢᠴᠢᠯᠠᠭᠰᠠᠨ ᠬᠢᠩᠭᠠᠨ ᠠᠶᠢᠮᠠᠭ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃    ︵ᠬᠤᠶᠠᠷ︶ ᠦᠨᠳᠦᠰᠦᠨ ᠵᠠᠷᠴᠢᠮ    ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠬᠤᠷᠢᠶ᠎ᠠ ᠠᠴᠠ ᠤᠳᠤᠷᠢᠳᠤᠭᠰᠠᠨ᠂ ᠵᠠᠰᠠᠭ ᠤᠨ ᠣᠷᠳᠣᠨ ᠠᠴᠠ ᠬᠠᠷᠢᠭᠤᠴᠠᠭᠰᠠᠨ ᠵᠡᠮᠳᠡᠭᠴᠦᠳ ᠤᠨ ᠠᠵᠢᠯ ᠤᠨ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃    ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠵᠡᠮᠳᠡᠭᠴᠦᠳ ᠢ ᠣᠨᠴᠠᠭᠠᠢ ᠬᠠᠯᠠᠮᠵᠢᠯᠠᠵᠤ᠂ ᠵᠡᠮᠳᠡᠭᠴᠦᠳ ᠤᠨ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃    ᠦᠨᠳᠦᠰᠦᠨ ᠵᠦᠢᠯ ᠢ ᠪᠠᠲᠤᠯᠠᠬᠤ᠂ ᠰᠠᠭᠤᠷᠢ ᠱᠤᠭᠤᠮ ᠢ ᠪᠠᠲᠤᠯᠠᠬᠤ ᠶᠢ ᠪᠠᠷᠢᠮᠲᠠᠯᠠᠨ᠎ᠠ᠃ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠲᠦᠷᠢᠮ ᠪᠠ ᠬᠠᠯᠠᠮᠵᠢᠯᠠᠨ ᠬᠠᠶᠢᠷᠠᠯᠠᠬᠤ  ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠵᠦ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠤᠷ ᠢ ᠨᠢᠭᠲᠠ ᠪᠥᠭᠡᠳ ᠪᠠᠲᠤ ᠰᠦᠯᠵᠢᠵᠦ᠂ ᠳᠤᠲᠠᠭᠳᠠᠯ ᠢ ᠬᠤᠷᠢᠭᠯᠠᠨ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ ᠲᠠᠯ᠎ᠠ ᠶᠢ ᠪᠠᠭᠤᠷᠠᠭᠤᠯᠤᠨ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠡᠮᠳᠡᠭᠴᠦᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃    ᠦᠨᠳᠦᠰᠦ ᠰᠠᠭᠤᠷᠢ ᠶᠢ ᠪᠠᠬᠢᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠵᠡᠮᠳᠡᠭᠴᠦᠳ ᠤᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠡᠮᠳᠡᠭᠴᠦᠳ ᠤᠨ ᠠᠵᠢᠯ ᠦᠢᠯᠡᠰ ᠤᠨ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ᠂ ᠮᠡᠳᠡᠭᠡ ᠵᠠᠩᠭᠢᠵᠢᠯᠲᠠ᠂ ᠤᠶᠤᠨᠴᠢᠯᠠᠯᠲᠠ ᠵᠡᠷᠭᠡ ᠰᠠᠭᠤᠷᠢ ᠪᠠᠲᠤᠯᠠᠭ᠎ᠠ ᠶᠢᠨ ᠨᠥᠬᠦᠴᠡᠯ ᠢ ᠴᠢᠩᠭᠠᠷᠠᠭᠤᠯᠵᠤ᠂ ᠵᠡᠮᠳᠡᠭᠴᠦᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤᠲᠤ ᠴᠢᠨᠠᠷ ᠤᠨ᠂ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃    ᠬᠠᠤᠯᠢ ᠶᠣᠰᠣᠭᠠᠷ ᠬᠥᠭᠵᠢᠭᠦᠯᠬᠦ ᠶᠢ ᠪᠠᠷᠢᠮᠲᠠᠯᠠᠵᠤ᠂ ᠡᠷᠬᠡ ᠶᠢ ᠪᠠᠲᠤᠯᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠤᠨ ᠠᠵᠢᠯ ᠦᠢᠯᠡᠰ ᠤᠨ ᠦᠨᠳᠦᠰᠦᠨ ᠲᠦᠷᠢᠮ ᠤᠨ ᠰᠢᠰᠲ᠋ᠧᠮᠵᠢ ᠶᠢᠨ ᠨᠠᠩ ᠪᠣᠯᠪᠠᠰᠤᠷᠠᠩᠭᠤᠶ ᠨᠠᠩ ᠬᠡᠯᠪᠡᠷᠢᠵᠢᠨ ᠲᠣᠭᠲᠠᠬᠤ ᠶᠢ ᠠᠬᠢᠭᠤᠯᠤᠨ᠂ ᠵᠡᠮᠳᠡᠭᠴᠦᠳ ᠤᠨ ᠠᠵᠢᠯ ᠦᠢᠯᠡᠰ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠨ᠎ᠠ᠃        ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠪᠠ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠮᠵᠢᠯᠴᠠᠬᠤ  ᠦᠢᠯᠡᠳᠦᠯ ᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠬᠤᠷᠠᠮᠳᠤᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂  ᠦᠢᠯᠡᠴᠢᠯᠡᠭᠡ ᠶᠢ ᠰᠢᠯᠢᠳᠡᠭᠵᠢᠭᠦᠯᠦᠨ᠂ ᠬᠤᠲᠠ ᠬᠥᠳᠡᠭᠡ᠂ ᠣᠷᠣᠨ ᠪᠦᠰᠡ ᠶᠢᠨ ᠵᠡᠮᠳᠡᠭᠴᠦᠳ ᠤᠨ ᠦᠢᠯᠡᠰ ᠤᠨ ᠲᠡᠩᠴᠡᠭᠦᠷᠢᠲᠡᠶ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠡᠮᠳᠡᠭᠴᠦᠳ ᠤᠨ ᠦᠢᠯᠡᠰ ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃    ︵ᠭᠤᠷᠪᠠ︶ ᠭᠤᠣᠯ ᠬᠠᠷᠠᠯᠲᠠ 2025 ᠣᠨ ᠪᠣᠯᠬᠤ ᠳᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠤᠨ ᠠᠭᠤᠰᠤᠯᠴᠠᠨ ᠬᠥᠭᠵᠢᠬᠦ ᠪᠠ ᠴᠢᠨᠠᠷ ᠰᠠᠶᠢᠲᠠᠢ ᠬᠥᠭᠵᠢᠬᠦ ᠶᠢ ᠪᠡᠶᠡᠯᠡᠭᠦᠯᠦᠨ᠎ᠡ︔ ᠤᠯᠠᠨ ᠲᠡᠰ ᠳᠠᠪᠬᠤᠷᠭ᠎ᠠ ᠶᠢᠨ ᠵᠡᠮᠳᠡᠭᠴᠦᠳ ᠤᠨ ᠨᠡᠶᠢᠭᠡᠮ ᠤᠨ ᠪᠠᠲᠤᠯᠠᠪᠤᠷᠢ ᠶᠢᠨ ᠲᠦᠷᠢᠮ ᠢ ᠦᠨᠳᠦᠰᠦᠨ ᠳᠡᠭᠡᠨ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠢ ᠲᠣᠭᠲᠠᠭᠤᠨ ᠢᠶᠠᠷ ᠪᠠᠲᠤᠯᠠᠵᠤ᠂ ᠬᠦᠨᠳᠦ ᠳᠡᠰ ᠤᠨ ᠵᠡᠮᠳᠡᠭᠴᠦᠳ ᠢ ᠨᠡᠩ ᠰᠠᠶᠢᠲᠤᠷ ᠬᠠᠷᠠᠭᠠᠯᠵᠠᠨ᠎ᠠ︔ ᠵᠡᠮᠳᠡᠭᠴᠦᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠳᠡᠮᠵᠢᠬᠦ ᠣᠯᠠᠨ ᠬᠡᠯᠪᠡᠷᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠵᠡᠮᠳᠡᠭᠴᠦᠳ ᠲᠤ ᠨᠡᠯᠢᠶᠡᠳ ᠭᠦᠢᠴᠡᠳ ᠪᠥᠭᠡᠳ ᠨᠡᠯᠢᠶᠡᠳ ᠴᠢᠨᠠᠷ ᠰᠠᠶᠢᠲᠠᠶ ᠠᠵᠢᠯ ᠣᠯᠭᠤᠬᠤ ᠶᠢ ᠪᠡᠶᠡᠯᠡᠭᠦᠯᠦᠨ᠎ᠡ︔ ᠵᠡᠮᠳᠡᠭᠴᠦᠳ ᠤᠨ ᠡᠷᠡᠭᠦᠯᠵᠢᠯ ᠤᠨ ᠨᠠᠷᠢᠯᠢᠭ ᠣᠨᠣᠴᠠᠲᠠᠶ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠣᠶ ᠪᠣᠯᠭᠠᠵᠤ᠂ ᠵᠡᠮᠳᠡᠭᠴᠦᠳ ᠲᠤ ᠡᠷᠡᠭᠦᠯᠵᠢᠯ ᠤᠨ ᠦᠨᠳᠦᠰᠦᠨ  ᠦᠢᠯᠡᠴᠢᠯᠡᠭᠡ ᠶᠢ ᠨᠡᠶᠢᠳᠡᠮ ᠡᠳ᠋ᠯᠡᠭᠦᠯᠦᠨ᠎ᠡ︔ ᠵᠡᠮᠳᠡᠭᠴᠦᠳ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠵᠡᠮᠳᠡᠭᠴᠦᠳ ᠤᠨ ᠦᠵᠡᠯ ᠰᠠᠨᠠᠭᠠᠨ ᠤ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠢ ᠢᠯᠡᠳᠲᠡ ᠳᠡᠭᠡᠭᠰᠢᠯᠡᠭᠦᠯᠦᠨ᠎ᠡ︔ ᠬᠠᠤᠯᠢ ᠪᠠᠷ ᠵᠠᠰᠠᠭᠰᠠᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠵᠡᠮᠳᠡᠭᠴᠦᠳ ᠤᠨ ᠤᠯᠤᠰ ᠲᠦᠷᠦ᠂ ᠠᠵᠤ ᠠᠬᠤᠢ᠂ ᠰᠣᠶᠣᠯ ᠂ ᠨᠡᠶᠢᠭᠡᠮ᠂ ᠭᠡᠷ ᠪᠦᠯᠢ ᠶᠢᠨ ᠠᠮᠢᠳᠤᠷᠠᠯ ᠵᠡᠷᠭᠡ ᠡᠯ᠎ᠡ ᠲᠠᠯ᠎ᠠ ᠶᠢᠨ ᠡᠷᠬᠡ ᠲᠡᠭᠰᠢ ᠡᠷᠬᠡ ᠠᠰᠢᠭ ᠢ ᠨᠡᠩ ᠰᠠᠶᠢᠲᠤᠷ ᠪᠡᠶᠡᠯᠡᠭᠦᠯᠦᠨ᠎ᠡ︔ ᠪᠥᠬᠦ ᠬᠦᠷᠢᠶᠡᠨ ᠳᠠᠬᠢ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠵᠡᠮᠳᠡᠭᠴᠦᠳ ᠤᠨ ᠦᠢᠯᠡᠰ ᠢ ᠪᠦᠬᠦ ᠠᠶᠢᠮᠠᠭ ᠤᠨ ᠠᠵᠤ ᠠᠬᠤᠶ ᠨᠡᠶᠢᠭᠡᠮ ᠲᠠᠢ ᠵᠣᠬᠢᠴᠠᠩᠭᠤᠶ ᠪᠠᠷ ᠬᠥᠭᠵᠢᠭᠦᠯᠵᠦ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ  ᠭᠦᠢᠴᠡᠳ ᠂ ᠪᠣᠳᠠᠰ ᠤᠨ ᠠᠮᠢᠳᠤᠷᠠᠯ ᠢ ᠨᠠᠩ ᠡᠯᠪᠡᠭ ᠳᠡᠯᠪᠡᠭ᠂ ᠣᠶᠤᠨ ᠤ ᠠᠮᠢᠳᠤᠷᠠᠯ ᠢ ᠨᠠᠩ ᠡᠯᠪᠡᠭ ᠪᠠᠶᠠᠯᠢᠭ᠂ ᠡᠷᠬᠡ ᠲᠡᠭᠰᠢ ᠪᠠᠭᠲᠠᠭᠠᠮᠵᠢᠲᠠᠶ ᠨᠡᠶᠢᠭᠡᠮ ᠤᠨ ᠠᠭᠤᠷ ᠠᠮᠢᠰᠬᠤᠯ ᠢ ᠨᠠᠩ ᠥᠳᠬᠡᠨ ᠵᠤᠵᠠᠭᠠᠨ ᠪᠣᠯᠭᠠᠬᠤ ᠶᠢ ᠪᠡᠶᠡᠯᠡᠭᠦᠯᠵᠦ᠂ ᠵᠡᠮᠳᠡᠭᠴᠦᠳ ᠲᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠠᠮᠲᠤᠪᠠᠷ ᠡᠳ᠋ᠯᠡᠬᠦ ᠬᠥᠭᠵᠢᠯᠲᠡ ᠶᠢᠨ ᠡᠷᠬᠡ ᠶᠢ  ᠭᠦᠢᠴᠡᠳ ᠡᠳ᠋ᠯᠡᠭᠦᠯᠵᠦ᠂ ᠵᠡᠮᠳᠡᠭᠴᠦᠳ ᠤᠨ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠵᠤ᠂ ᠵᠡᠮᠳᠡᠭᠴᠦᠳ ᠤᠨ ᠪᠥᠬᠦ ᠲᠠᠯ᠎ᠠ ᠪᠠᠷ ᠬᠥᠭᠵᠢᠬᠦ ᠪᠠ ᠬᠠᠮᠲᠤᠪᠠᠷ ᠴᠢᠨᠡᠭᠡᠯᠢᠭᠵᠢᠬᠦ ᠶᠢ ᠨᠠᠩ ᠢᠯᠡᠷᠬᠡᠶ ᠪᠣᠳᠠᠲᠤ ᠠᠬᠢᠴᠠ ᠲᠠᠢ ᠪᠣᠯᠭᠠᠨ᠎ᠠ᠃    ᠭᠤᠷᠪᠠ᠂ ᠭᠤᠣᠯᠳᠠᠯᠭ᠎ᠠ ᠲᠠᠢ ᠡᠭᠦᠷᠭᠡ    ︵ᠨᠢᠭᠡ︶ ᠤᠯᠠᠨ ᠲᠡᠰ ᠳᠠᠪᠬᠤᠷᠭ᠎ᠠ ᠶᠢᠨ ᠵᠡᠮᠳᠡᠭᠴᠦᠳ ᠤᠨ ᠨᠡᠶᠢᠭᠡᠮ ᠤᠨ ᠪᠠᠲᠤᠯᠠᠪᠤᠷᠢ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ ᠲᠤ ᠨᠡᠩ ᠲᠣᠭᠲᠠᠭᠤᠨ ᠪᠥᠭᠡᠳ ᠨᠠᠶᠢᠳᠠᠪᠤᠷᠢᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠬᠠᠩᠭᠠᠨ᠎ᠠ 1. ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠤᠭᠤᠴᠠᠭᠠᠨ ᠳᠤ᠂ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ ᠪᠤᠰᠤ ᠡᠷᠦᠬᠡ᠂ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠡᠭᠦᠰᠬᠦ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠳᠤ ᠬᠥᠳᠡᠯᠦᠩᠭᠦᠶ ᠬᠢᠨᠠᠨ ᠬᠡᠮᠵᠢᠯᠲᠡ ᠬᠢᠵᠦ᠂ ︽ᠡᠷᠲᠡ ᠢᠯᠡᠷᠡᠭᠦᠯᠵᠦ᠂ ᠡᠷᠲᠡ ᠣᠷᠣᠯᠴᠠᠵᠤ᠂ ᠡᠷᠲᠡ ᠬᠠᠪᠰᠤᠷᠤᠨ ᠲᠡᠳᠬᠦᠬᠦ︾ ᠶᠢ ᠪᠡᠶᠡᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠲᠠᠪᠴᠠᠩ ᠳᠤ ᠲᠦᠰᠢᠭᠯᠡᠨ᠂ ᠪᠡᠭᠡᠵᠢᠩ ᠤᠨ ᠡᠯ᠎ᠡ ᠡᠲᠡᠭᠡᠳ ᠤᠨ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠬᠤ ᠪᠠ ᠳᠠᠶᠢᠴᠢᠯᠠᠵᠤ ᠪᠠᠶᠢᠭᠠᠳ ᠵᠡᠮᠳᠡᠭᠴᠦᠳ ᠢ ᠬᠠᠪᠰᠤᠷᠤᠨ ᠲᠡᠳᠬᠦᠬᠦ ᠠᠵᠢᠯ ᠳᠤ ᠬᠦᠴᠦᠨ ᠨᠡᠮᠡᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠬᠥᠳᠡᠭᠡ ᠲᠣᠰᠬᠤᠨ ᠤ ᠵᠡᠮᠳᠡᠭᠴᠦᠳ ᠢ ᠬᠥᠭᠵᠢᠭᠦᠯᠦᠨ ᠮᠠᠨᠳᠤᠭᠤᠯᠬᠤ ᠠᠵᠢᠯ ᠤᠨ ᠵᠢᠱᠢᠶ᠎ᠡ ᠦᠵᠡᠭᠦᠯᠬᠦ ᠴᠡᠭ ᠢ ᠨᠠᠭᠠᠳᠤ ᠵᠠᠬ᠎ᠠ ᠳᠠᠭᠠᠨ 1 ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠵᠡᠮᠳᠡᠭᠴᠦᠳ ᠲᠤ ᠦᠢᠯᠡᠴᠢᠯᠡᠬᠦ ᠠᠵᠢᠯᠯᠠᠭ᠎ᠠ ᠶᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠣᠷᠣᠨ ᠰᠠᠭᠤᠴᠠ ᠶᠢᠨ ᠰᠠᠭᠤᠷᠢ ᠭᠠᠵᠠᠷ᠂ ᠬᠠᠳᠤᠯᠠᠩ ᠪᠡᠯᠴᠢᠭᠡᠷ ᠤᠨ ᠬᠡᠷᠡᠭᠯᠡᠬᠦ ᠡᠷᠬᠡ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠵᠡᠷᠭᠡ ᠡᠷᠬᠡ ᠠᠰᠢᠭ ᠢ ᠪᠠᠲᠤᠯᠠᠵᠤ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠡᠮᠳᠡᠭᠴᠦᠳ ᠢ ᠬᠠᠪᠰᠤᠷᠤᠨ ᠶᠠᠳᠠᠭᠤ ᠶᠢ ᠲᠡᠳᠬᠦᠬᠦ᠂ ᠢᠯᠡ ᠪᠠᠷ ᠵᠡᠮᠳᠡᠭᠴᠦᠳ ᠢ ᠬᠠᠪᠰᠤᠷᠤᠨ ᠶᠠᠳᠠᠭᠤ ᠶᠢ ᠲᠡᠳᠬᠦᠬᠦ ᠰᠠᠭᠤᠷᠢᠨ ᠭᠠᠵᠠᠷ᠂ ᠡᠯᠧᠺᠲᠷᠣᠨ ᠬᠤᠳᠠᠯᠳᠤᠭ᠎ᠠ ᠪᠠᠷ ᠵᠡᠮᠳᠡᠭᠴᠦᠳ ᠢ ᠬᠠᠪᠰᠤᠷᠤᠨ ᠶᠠᠳᠠᠭᠤ ᠶᠢ ᠲᠡᠳᠬᠦᠬᠦ᠂ ᠠᠵᠤ ᠦᠢᠯᠡᠰ ᠢᠶᠠᠷ ᠳᠠᠶᠢᠴᠢᠯᠠᠨ ᠵᠡᠮᠳᠡᠭᠴᠦᠳ ᠢ ᠬᠠᠪᠰᠤᠷᠤᠨ ᠶᠠᠳᠠᠭᠤ ᠶᠢ ᠲᠡᠳᠬᠦᠬᠦ᠂ ᠵᠡᠮᠳᠡᠭ ᠡᠮᠡᠭᠲᠡᠶᠢᠴᠦᠳ ᠤᠨ ᠭᠠᠷ ᠢᠶᠠᠷ ᠨᠡᠬᠡᠬᠦ ᠵᠡᠷᠭᠡ ᠲᠥᠷᠥᠯ  ᠵᠦᠢᠯ ᠢ ᠦᠷᠭᠦᠯᠵᠢᠯᠡᠨ ᠬᠡᠷᠡᠭᠵᠢᠭᠦᠯᠵᠦ ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠵᠡᠮᠳᠡᠭᠴᠦᠳ ᠢ ᠬᠠᠪᠰᠤᠷᠤᠨ ᠲᠡᠳᠬᠦᠬᠦ ᠠᠵᠢᠯ ᠳᠤ ᠣᠷᠣᠯᠴᠠᠭᠤᠯᠤᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠬᠢᠭᠡᠳ ᠲᠣᠭᠲᠠᠭᠤᠨ ᠪᠤᠰᠤ ᠶᠠᠳᠠᠭᠤ ᠠᠴᠠ ᠠᠩᠭᠢᠵᠢᠷᠠᠭᠰᠠᠨ ᠡᠷᠦᠬᠡ᠂  ᠵᠡᠮᠳᠡᠭ ᠡᠷᠦᠬᠡ ᠯᠦᠭᠡ ᠲᠣᠭᠲᠠᠪᠤᠷᠢᠲᠠᠶ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠪᠠᠶᠢᠭᠤᠯᠬᠤ ᠶᠢ ᠳᠡᠮᠵᠢᠵᠦ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠪᠠᠲᠤᠯᠠᠨ᠎ᠠ᠃ 2.ᠬᠦᠴᠢᠷᠳᠡᠯᠲᠡᠶ ᠵᠡᠮᠳᠡᠭᠴᠦᠳ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠥᠷᠢᠨᠰᠢᠬᠦᠯᠥᠨ ᠲᠡᠭᠦᠯᠳᠡᠷᠵᠢᠭᠦᠯᠦᠨ᠎ᠡ᠃ ᠣᠷᠣᠯᠭ᠎ᠠ ᠪᠠᠭᠠᠲᠠᠶ ᠵᠡᠮᠳᠡᠭᠴᠦᠳ ᠤᠨ ᠬᠥᠮᠦᠨ ᠠᠮᠠ ᠶᠢ ᠬᠥᠳᠡᠯᠦᠩᠭᠦᠶ ᠪᠠᠷ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ᠂ ᠣᠨᠴᠠ ᠬᠦᠴᠢᠷᠳᠡᠯᠲᠡᠶ᠂ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠵᠠᠬ᠎ᠠ ᠬᠢᠵᠠᠭᠠᠷ ᠲᠤ ᠨᠡᠶᠢᠴᠡᠬᠦ ᠬᠡᠷ ᠪᠦᠯᠢ ᠵᠡᠷᠭᠡ ᠠᠮᠠᠷᠬᠠᠨ ᠶᠠᠳᠠᠭᠤᠷᠠᠬᠤ ᠪᠠ ᠡᠪᠡᠳᠴᠢᠨ ᠤ ᠰᠢᠯᠲᠠᠭᠠᠨ ᠪᠠ ᠭᠠᠮᠰᠢᠭ ᠤᠨ ᠬᠠᠷᠠᠭ᠎ᠠ ᠪᠠᠷ ᠰᠠᠨᠠᠭᠠᠨ ᠳᠤ ᠥᠬᠡᠶ ᠠᠴᠠ ᠪᠣᠯᠵᠣ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠵᠡᠮᠳᠡᠭᠴᠦᠳ ᠤᠨ ᠬᠡᠷ ᠪᠦᠯᠢ ᠳᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠲᠠᠯ᠎ᠠ ᠪᠠᠷ ᠲᠤᠰᠬᠠᠶ ᠵᠦᠢᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠬᠡᠷᠡᠭᠵᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠪᠤᠶᠤ ᠣᠨᠴᠠ ᠬᠦᠴᠢᠷᠳᠡᠯᠲᠡᠶ ᠬᠡᠷ ᠪᠦᠯᠢ ᠶᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠭᠠᠳᠤᠶ ᠣᠷᠣᠯᠭ᠎ᠠ ᠪᠠᠭᠠᠲᠠᠶ ᠬᠡᠷ ᠪᠦᠯᠢ ᠶᠢᠨ ᠳᠣᠲᠣᠷᠠᠬᠢ ᠬᠦᠨᠳᠦ ᠡᠪᠡᠳᠴᠢᠲᠡᠨ᠂ ᠬᠦᠨᠳᠦ ᠵᠡᠮᠳᠡᠭ ᠬᠥᠮᠦᠰ ᠢ ︽ᠭᠠᠭᠴᠠ ᠬᠥᠮᠦᠨ ᠤ ᠡᠷᠦᠬᠡ︾ ᠪᠠᠷ ᠯᠠᠪᠯᠠᠯᠲᠠ ᠪᠣᠯᠭᠠᠵᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠨ᠎ᠠ᠃ ᠴᠠᠭ ᠲᠤᠨᠢ ᠲᠣᠬᠢᠷᠠᠭᠤᠯᠤᠨ ᠬᠦᠨᠳᠦ ᠲᠡᠰ ᠤᠨ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠥᠷᠢ ᠶᠢᠨ ᠬᠡᠪᠴᠢᠶ᠎ᠡ ᠶᠢ ᠭᠤᠷᠪᠠᠳᠤᠭᠠᠷ᠂ ᠳᠥᠷᠪᠡᠳᠦᠭᠡᠷ ᠳᠡᠰ ᠤᠨ ᠤᠶᠤᠨ ᠤ ᠪᠠ ᠤᠶᠤᠨ ᠮᠡᠳᠡᠷᠡᠯ ᠤᠨ ᠵᠡᠮᠳᠡᠭᠴᠦᠳ ᠪᠤᠶᠤ ᠪᠤᠰᠤᠳ ᠵᠡᠮᠳᠡᠭᠴᠦᠳ ᠲᠡᠰᠢ ᠤᠷᠲᠤᠳᠬᠠᠵᠤ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢᠨ ᠬᠡᠪᠴᠢᠶ᠎ᠡ ᠶᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠲᠠᠬᠢ ᠭᠡᠷ ᠪᠦᠯᠢ ᠶᠢᠨ ᠵᠡᠮᠳᠡᠭᠴᠦᠳ ᠵᠢᠴᠢ ᠪᠤᠰᠤᠳ ᠬᠦᠴᠢᠷᠳᠡᠯᠲᠡᠶ ᠵᠡᠮᠳᠡᠭᠴᠦᠳ ᠲᠡᠰᠢ ᠤᠷᠲᠤᠳᠬᠠᠵᠤ᠂ ᠨᠥᠬᠦᠪᠥᠷᠢ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠬᠢᠭᠡᠳ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠬᠠᠷᠢᠯᠴᠠᠨ ᠨᠥᠬᠦᠪᠥᠷᠢᠯᠡᠬᠦ ᠶᠢ ᠵᠣᠯᠭᠠᠭᠤᠯᠬᠤ ᠶᠢ ᠴᠢᠩᠭᠠᠷᠠᠭᠤᠯᠤᠨ᠂ ᠡᠪᠡᠳᠴᠢᠯᠡᠭᠰᠡᠨ ᠵᠡᠮᠳᠡᠭᠴᠦᠳ ᠢ ᠴᠠᠭ ᠲᠤᠬᠠᠶ ᠳᠤᠨᠢ ᠪᠦᠲᠦᠮᠵᠢᠲᠡᠶ ᠡᠮᠨᠡᠨ ᠠᠪᠤᠷᠠᠨ᠎ᠠ᠃ ᠠᠮᠢᠳᠤᠷᠠᠯ ᠨᠢ ᠣᠷᠣᠨ ᠰᠠᠭᠤᠴᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠵᠡᠮᠳᠡᠭᠴᠦᠳ ᠪᠠ ᠲᠥᠭᠡᠷᠢᠭᠰᠡᠨ ᠵᠡᠮᠳᠡᠭᠴᠦᠳ ᠢ ᠲᠡᠩᠬᠡᠷᠡᠭᠦᠯᠦᠨ ᠲᠤᠰᠠᠯᠠᠵᠤ ᠲᠥᠪᠬᠢᠨᠡᠭᠦᠯᠬᠦ ᠪᠠ ᠲᠦᠷᠦᠯ ᠰᠠᠳᠤᠨ ᠢᠶᠠᠨ ᠡᠷᠢᠬᠦ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠶᠡᠭᠡ ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠶᠠᠪᠤᠳᠠᠯ ᠤᠨ ᠳᠤᠮᠳᠠ ᠬᠦᠴᠢᠷᠳᠡᠯᠲᠡᠶ ᠵᠡᠮᠳᠡᠭᠴᠦᠳ ᠢ ᠠᠪᠤᠷᠠᠨ ᠲᠤᠰᠠᠯᠠᠬᠤ ᠳᠤ ᠪᠠᠴᠢᠮ ᠬᠦᠴᠢᠷᠲᠡᠶ ᠪᠠᠶᠢᠬᠤ ᠪᠠᠶᠢᠳᠠᠯ ᠢ ᠰᠠᠶᠢᠲᠤᠷ ᠬᠢᠨ᠎ᠠ᠃    3. ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠪᠠᠲᠤᠯᠠᠭ᠎ᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠥᠬᠦᠴᠡᠯ ᠳᠤ ᠨᠡᠶᠢᠴᠡᠬᠦ ᠵᠡᠮᠳᠡᠭᠴᠦᠳ ᠤᠨ ᠭᠡᠷ ᠪᠦᠯᠢ ᠶᠢᠨ ᠠᠰᠠᠷᠠᠨ ᠲᠡᠵᠢᠭᠡᠬᠦ ᠴᠢᠳᠠᠯ ᠦᠭᠡᠶ ᠬᠡᠦᠬᠡᠳ ᠢ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠵᠡᠮᠳᠡᠭ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠵᠡᠮᠳᠡᠭ ᠬᠡᠤᠬᠡᠳ ᠤᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ ᠵᠡᠷᠭᠡ  ᠦᠢᠯᠡᠴᠢᠯᠡᠭᠡᠨ ᠢ ᠴᠢᠩᠭᠠᠷᠠᠭᠤᠯᠵᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠵᠡᠮᠳᠡᠭ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠵᠡᠮᠳᠡᠭ ᠬᠡᠤᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠪᠠᠷᠢᠮᠵᠢᠶ᠎ᠠ ᠶᠢ ᠲᠣᠭᠲᠠᠭᠠᠵᠤ᠂ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠪᠠᠶᠢᠭᠤᠯᠤᠮᠵᠢ ᠶᠢᠨ ᠨᠥᠬᠦᠪᠥᠷᠢ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠲᠥᠷᠥᠯ ᠤᠨ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠪᠠᠶᠢᠭᠤᠯᠤᠮᠵᠢ᠂ ᠲᠤᠰᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ ᠵᠢᠴᠢ ᠵᠡᠮᠳᠡᠭᠴᠦᠳ ᠤᠨ ︽ᠨᠡᠷᠡᠨ ᠭᠡᠷᠡᠯᠲᠦ ᠬᠡᠷ ᠣᠷᠣᠨ︾ ︽ᠬᠠᠯᠠᠭᠤᠨ ᠳᠤᠯᠠᠭᠠᠨ ᠬᠡᠷ ᠣᠷᠣᠨ︾ ᠵᠡᠷᠭᠡ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠪᠠᠶᠢᠭᠤᠯᠤᠮᠵᠢ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠪᠥᠬᠦ ᠠᠶᠢᠮᠠᠭ ᠤᠨ ᠠᠵᠢᠯ ᠤᠯᠬᠤ ᠨᠠᠰᠤᠨ ᠤ ᠱᠠᠲᠤ ᠦᠶ᠎ᠡ ᠶᠢᠨ ᠣᠶᠤᠨ ᠤᠬᠠᠭᠠᠨ᠂ ᠣᠶᠤᠨ ᠰᠠᠨᠠᠭ᠎ᠠ ᠪᠠ ᠬᠦᠨᠳᠦ ᠵᠡᠮᠳᠡᠭ ᠬᠥᠮᠦᠨ ᠳᠤ ᠨᠠᠶᠢᠳᠠᠨ ᠠᠰᠠᠷᠠᠭᠤᠯᠬᠤ  ᠦᠢᠯᠡᠴᠢᠯᠡᠭᠡ ᠬᠠᠩᠭᠠᠨ᠎ᠠ᠃ ᠠᠷᠠᠳ ᠤᠨ ᠶᠠᠪᠤᠳᠠᠯ᠂ ᠡᠳ᠋ ᠤᠨ ᠵᠠᠰᠠᠭ᠂ ᠡᠷᠡᠭᠦᠯ ᠬᠠᠮᠠᠭᠠᠯᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ᠂ ᠵᠣᠯ ᠵᠢᠷᠭᠠᠯ ᠤᠨ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠠᠶᠢᠳᠠᠨ ᠠᠰᠠᠷᠠᠭᠤᠯᠬᠤ ᠪᠠᠶᠢᠭᠤᠯᠤᠮᠵᠢ ᠵᠡᠷᠭᠡ ᠶᠢ  ᠭᠦᠢᠴᠡᠳ ᠠᠰᠢᠭᠯᠠᠨ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ᠂ ᠣᠷᠳᠣ ᠬᠤᠭᠤᠴᠠᠭ᠎ᠠ ᠪᠠᠷ ᠬᠠᠷᠠᠭᠠᠯᠵᠠᠬᠤ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠲᠠᠢ ᠬᠦᠨᠳᠦ ᠵᠡᠮᠳᠡᠭᠴᠦᠳ ᠲᠤ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠨ᠎ᠠ᠃ ᠨᠠᠰᠤᠵᠢᠯ ᠤᠨ ᠠᠰᠠᠷᠠᠮᠵᠢ ᠶᠢᠨ ᠵᠡᠮᠳᠡᠭᠴᠦᠳ ᠢ ᠲᠤᠰᠠᠯᠠᠬᠤ ᠣᠶᠤᠨᠴᠢ ᠡᠷᠡᠭᠦᠯ ᠮᠡᠨᠳᠦ ᠶᠢᠨ ᠦᠢᠯᠡᠴᠢᠯᠡᠭᠡ ᠶᠢ ᠥᠷᠭᠡᠳᠬᠡᠵᠦ᠂ ︽ᠢᠨᠲ᠋ᠤᠷ ᠰᠦᠯᠵᠢᠶ᠎ᠡ +︾ ᠶᠢᠨ ᠡᠳᠦᠷ ᠲᠤᠲᠤᠮ ᠤᠨ ᠬᠠᠷᠠᠭᠠᠯᠵᠠᠯ᠂ ᠬᠡᠷ ᠪᠦᠯᠢ ᠶᠢᠨ ᠦᠢᠯᠡᠴᠢᠯᠡᠭᠡ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠨᠠᠰᠤᠵᠢᠯ ᠤᠨ ᠠᠰᠠᠷᠠᠮᠵᠢ ᠶᠢᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠨᠥᠬᠦᠴᠡᠯ ᠳᠤ ᠨᠡᠶᠢᠴᠡᠬᠦ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠶᠢ ᠦᠷᠭᠦᠯᠵᠢᠯᠡᠨ ᠳᠡᠮᠵᠢᠵᠦ᠂ ᠵᠡᠮᠳᠡᠭᠴᠦᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠣᠷᠣᠨ ᠰᠠᠭᠤᠴᠠ ᠨᠢ ᠬᠦᠴᠢᠷᠳᠡᠯᠲᠡᠶ ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠶᠢ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠬᠤᠲᠠ ᠬᠥᠳᠡᠭᠡ ᠶᠢᠨ ᠣᠷᠣᠨ ᠰᠠᠭᠤᠴᠠ ᠶᠢᠨ ᠲᠡᠩᠬᠡᠷᠡᠭᠦᠯᠦᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠣᠷᠣᠯᠭ᠎ᠠ ᠪᠠᠭᠠᠲᠠᠶ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠤᠨ ᠤᠰᠤ ᠬᠡᠷᠡᠭᠯᠡᠬᠦ᠂ ᠴᠠᠬᠢᠯᠭᠠᠨ᠂ ᠰᠢᠲᠠᠮᠠᠬᠠᠶ ᠬᠡᠢ᠂ ᠳᠤᠯᠠᠭᠠᠯᠠᠭ᠎ᠠ᠂ ᠲᠣᠣᠷ ᠰᠦᠯᠵᠢᠶ᠎ᠡ᠂ ᠴᠠᠬᠢᠯᠭᠠᠨ ᠬᠤᠯᠪᠣᠭᠠᠨ   ᠤ ᠲᠤᠬᠠᠶᠢᠯᠠᠭᠰᠠᠨ ᠠᠵᠢᠯ   ᠤᠨ ᠵᠠᠷᠤᠳᠠᠯ   ᠤᠨ ᠬᠠᠷᠠᠭᠠᠯᠵᠠᠯ   ᠤᠨ ᠨᠥᠬᠦᠪᠥᠷᠢ   ᠶᠢᠨ ᠲᠦᠷᠦ ᠶᠢᠨ ᠪᠤᠳᠤᠯᠭ᠎ᠠ᠂ ᠵᠡᠮᠳᠡᠭᠴᠦᠳ ᠢ ᠬᠤᠳᠠ ᠶᠢᠨ ᠳᠣᠲᠣᠷ᠎ᠠ ᠪᠠ ᠬᠤᠲᠠ ᠪᠠᠯᠭᠠᠰᠤ   ᠶᠢᠨ ᠤᠯᠠᠨ ᠨᠡᠶᠢᠳᠡ   ᠶᠢᠨ ᠵᠠᠮ ᠬᠠᠷᠢᠯᠴᠠᠭᠠᠨ ᠤ ᠬᠠᠷᠠᠭᠠᠯᠵᠠᠯ   ᠤᠨ ᠲᠦᠷᠦ ᠶᠢᠨ ᠪᠤᠳᠤᠯᠭ᠎ᠠ ᠵᠢᠴᠢ ᠲᠡᠮᠦᠷ ᠵᠠᠮ᠂ ᠠᠷᠠᠳ   ᠤᠨ ᠠᠭᠠᠷ   ᠤᠨ ᠲᠡᠭᠡᠭᠡᠪᠦᠷᠢ   ᠶᠢᠨ ᠬᠠᠷᠠᠭᠠᠯᠵᠠᠯ ᠤᠨ ᠵᠡᠮᠳᠡᠭᠴᠦᠳ   ᠢ ᠲᠤᠰᠠᠯᠠᠬᠤ ᠦᠢᠯᠡᠴᠢᠯᠡᠭᠡᠨ   ᠤ ᠲᠦᠷᠦ   ᠶᠢᠨ ᠪᠤᠳᠤᠯᠭ᠎ᠠ   ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠡᠮᠳᠡᠭᠴᠦᠳ   ᠤᠨ ᠬᠢᠩᠭᠠᠨ ᠠᠶᠢᠮᠠᠭ   ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠤᠳᠠ ᠶᠢᠨ ᠳᠣᠲᠣᠷ᠎ᠠ ᠪᠠ ᠬᠤᠲᠠ ᠪᠠᠯᠭᠠᠰᠤ   ᠶᠢᠨ ᠤᠯᠠᠨ ᠨᠡᠶᠢᠳᠡ   ᠶᠢᠨ ᠵᠠᠮ ᠬᠠᠷᠢᠯᠴᠠᠭᠠᠨ   ᠳᠤ ᠰᠦᠢᠳᠬᠡᠯ ᠬᠤᠷᠢᠶᠠᠬᠤ ᠦᠭᠡᠢ ᠪᠠᠷ ᠰᠠᠭᠤᠵᠤ ᠪᠣᠯᠬᠤ   ᠶᠢ ᠪᠡᠶᠡᠯᠡᠭᠦᠯᠦᠨ᠎ᠡ᠃ 4. ᠵᠡᠮᠳᠡᠭᠴᠦᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢᠨ ᠲᠥᠷᠢᠮ ᠢ ᠪᠥᠷᠢᠨᠰᠢᠬᠦᠯᠥᠨ ᠲᠡᠭᠦᠯᠳᠡᠷᠵᠢᠭᠦᠯᠦᠨ᠎ᠡ᠃ ᠵᠡᠮᠳᠡᠭᠴᠦᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠪᠠ ᠵᠡᠮᠳᠡᠭᠴᠦᠳ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠣᠷᠣᠯᠴᠠᠬᠤ᠂ ᠵᠡᠮᠳᠡᠭᠴᠦᠳ ᠢ ᠲᠥᠪᠬᠢᠨᠡᠭᠦᠯᠦᠨ ᠠᠵᠢᠯ ᠣᠯᠭᠤᠬᠤ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠲᠥᠷᠥ ᠶᠢᠨ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭᠴᠦᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ ᠬᠡᠷᠡᠭᠰᠡᠬᠦ ᠬᠤᠪᠢ ᠬᠥᠮᠦᠨ ᠤ  ᠰᠦᠢᠳᠭᠡᠯ ᠲᠤᠰᠢᠶᠠᠬᠤ ᠬᠡᠰᠡᠭ ᠲᠤ ᠵᠠᠰᠠᠭ ᠤᠨ ᠣᠷᠳᠣᠨ ᠠᠴᠠ ᠨᠥᠬᠦᠪᠥᠷᠢ ᠥᠭᠴᠦ᠂ ᠬᠦᠨᠳᠦ ᠵᠡᠮᠳᠡᠭᠴᠦᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠳᠤ ᠲᠥᠷᠥ ᠶᠢᠨ ᠪᠣᠳᠣᠯᠭ᠎ᠠ ᠶᠢᠨ ᠶᠣᠰᠣᠭᠠᠷ ᠵᠠᠰᠠᠭ ᠤᠨ ᠣᠷᠳᠣᠨ ᠠᠴᠠ ᠣᠷᠣᠯᠠᠨ ᠲᠤᠰᠢᠶᠠᠵᠤ᠂ ᠵᠡᠮᠳᠡᠭ ᠬᠡᠤᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠪᠠ ᠵᠡᠮᠳᠡᠭᠴᠦᠳ ᠤᠨ ᠡᠮᠴᠢᠯᠡᠭᠡ ᠡᠷᠡᠭᠦᠯᠵᠢᠯ ᠤᠨ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠣᠯᠭᠤᠬᠤ ᠬᠡᠪᠴᠢᠶᠡᠨ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠵᠡᠮᠳᠡᠭᠴᠦᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠨᠥᠬᠦᠪᠥᠷᠢ ᠶᠢ ᠪᠦᠬᠦᠨ ᠢ ᠬᠠᠮᠤᠷᠬᠤ ᠶᠢ ᠬᠡᠷᠡᠭᠵᠢᠭᠦᠯᠵᠦ᠂ ᠳᠠᠭᠠᠳᠬᠠᠭᠤᠯᠬᠤ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠰᠠᠨᠠᠭᠠᠨ ᠳᠤ ᠥᠬᠡᠶ ᠭᠡᠮᠲᠦᠯ ᠭᠠᠷᠤᠭᠰᠠᠨ ᠵᠡᠮᠳᠡᠭᠴᠦᠳ ᠢ ᠬᠠᠪᠰᠤᠷᠤᠨ ᠳᠠᠭᠠᠳᠬᠠᠯ ᠤᠨ ᠲᠥᠯᠥᠪᠦᠷᠢ ᠥᠭᠬᠦ ᠦᠢᠯᠡᠴᠢᠯᠡᠭᠡ ᠶᠢ ᠰᠠᠶᠢᠲᠤᠷ ᠬᠢᠨ᠎ᠠ᠃ ᠠᠵᠢᠯ ᠣᠯᠤᠭᠰᠠᠨ ᠵᠡᠮᠳᠡᠭᠴᠦᠳ ᠤᠨ ᠠᠵᠢᠯ ᠠᠯᠳᠠᠯᠲᠠ ᠶᠢᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ ᠶᠢ ᠳᠡᠮᠵᠢᠵᠦ᠂ ᠠᠵᠢᠯ ᠠᠯᠳᠠᠬᠤ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠴᠠᠭ ᠲᠤᠬᠠᠶ ᠳᠤᠨᠢ ᠣᠯᠭᠤᠬᠤ ᠬᠡᠷᠡᠭᠲᠡᠶ ᠲᠣᠭᠲᠠᠭᠠᠯ ᠶᠣᠰᠣᠭᠠᠷ ᠬᠦᠨᠳᠦ ᠴᠢᠨᠠᠷᠲᠠᠶ ᠮᠡᠳᠡᠷᠡᠯ ᠤᠨ ᠡᠪᠡᠳᠴᠢᠨ ᠤ ᠡᠮ ᠢᠶᠠᠷ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠭᠦᠳᠡᠨ ᠡᠮᠨᠡᠯᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠰᠢᠨ᠎ᠡ ᠬᠡᠯᠪᠡᠷᠢ ᠶᠢᠨ ᠵᠡᠮᠳᠡᠭᠴᠦᠳ ᠤᠨ ᠡᠷᠡᠭᠦᠯᠵᠢᠯ ᠤᠨ ᠡᠮᠴᠢᠯᠡᠭᠡᠨ ᠤ ᠲᠥᠷᠥᠯ ᠵᠦᠢᠯ ᠪᠠ ᠡᠮᠨᠡᠨ ᠵᠠᠰᠠᠬᠤ ᠴᠢᠨᠠᠷᠲᠠᠶ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠵᠡᠮᠳᠡᠭᠴᠦᠳ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠳᠠᠬᠢ ᠬᠤᠳᠠᠯᠳᠤᠭᠠᠨ ᠤ ᠳᠠᠭᠠᠳᠬᠠᠯ ᠤᠨ ᠨᠥᠬᠦᠪᠥᠷᠢᠯᠡᠨ ᠲᠡᠭᠦᠯᠳᠡᠷᠵᠢᠭᠦᠯᠬᠦ  ᠦᠢᠯᠡᠳᠦᠯ ᠢ  ᠭᠦᠢᠴᠡᠳ ᠪᠠᠳᠠᠷᠠᠭᠤᠯᠤᠨ᠂ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠨᠥᠬᠦᠪᠥᠷᠢ᠂ ᠡᠮ ᠡᠮᠨᠡᠯᠭᠡ ᠶᠢᠨ ᠨᠥᠬᠦᠪᠥᠷᠢ ᠵᠡᠷᠭᠡ ᠬᠤᠳᠠᠯᠳᠤᠭᠠᠨ ᠤ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠵᠡᠮᠳᠡᠭᠴᠦᠳ ᠲᠤ ᠲᠤᠰᠬᠠᠶ ᠬᠠᠷᠢᠶᠠᠯᠠᠭᠳᠠᠬᠤ ᠳᠠᠭᠠᠳᠬᠠᠯ ᠤᠨ ᠦᠢᠯᠡᠳᠭᠦᠨ᠂ ᠡᠳ᠋ ᠬᠥᠷᠥᠩᠭᠡ ᠶᠢᠨ ᠢᠲᠡᠭᠡᠮᠵᠢᠲᠦ ᠨᠠᠶᠢᠳᠠᠯᠭ᠎ᠠ ᠵᠡᠷᠭᠡ ᠲᠤᠬᠠᠶᠢᠯᠠᠭᠰᠠᠨ ᠠᠵᠢᠯ ᠢ ᠰᠦᠪᠡᠭᠴᠢᠯᠡᠨ ᠨᠡᠭᠡᠭᠡᠨ ᠬᠥᠭᠵᠢᠭᠦᠯᠦᠨ᠎ᠡ᠃ 5. ᠵᠡᠮᠳᠡᠭ ᠴᠡᠷᠢᠭ ᠪᠠ ᠵᠡᠮᠳᠡᠭ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠡᠮᠳᠡᠭ ᠴᠡᠷᠢᠭ ᠪᠠ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢᠨ ᠠᠰᠠᠷᠠᠮᠵᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠵᠡᠮᠳᠡᠭ ᠴᠡᠷᠢᠭ᠂ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢᠨ ᠠᠮᠢᠳᠤᠷᠠᠯ ᠤᠨ ᠬᠠᠷᠠᠭᠠᠯᠵᠠᠯ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ ᠪᠦᠯᠢ ᠶᠢᠨ ᠬᠢᠨᠢ ᠠᠵᠢᠯ ᠤᠯᠬᠤ ᠵᠡᠷᠭᠡ ᠬᠦᠴᠢᠷᠳᠡᠯ ᠢ ᠲᠣᠬᠢᠲᠠᠢ ᠰᠢᠢᠳᠪᠦᠷᠢᠯᠡᠵᠦ ᠂ ᠵᠡᠮᠳᠡᠭ ᠴᠡᠷᠢᠭ᠂ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢ ᠬᠠᠪᠰᠤᠷᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠶᠢᠭᠡᠮ ᠤᠨ ᠪᠠᠲᠤᠯᠠᠭ᠎ᠠ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠡᠳ᠋ᠯᠡᠭᠦᠯᠦᠨ᠎ᠡ᠃ 6. ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠳᠤᠮᠳᠠᠬᠢ ᠵᠡᠮᠳᠡᠭᠴᠦᠳ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠵᠡᠮᠳᠡᠭᠴᠦᠳ ᠢ ᠤᠷᠢᠳᠠᠪᠠᠷ ᠬᠠᠮᠠᠭᠠᠯᠠᠬᠤ ᠶᠢ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠳᠤ ᠵᠢᠭᠰᠠᠭᠠᠨ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠵᠡᠮᠳᠡᠭᠴᠦᠳ ᠢ ᠰᠡᠷᠭᠡᠶᠢᠯᠡᠨ ᠬᠠᠮᠠᠭᠠᠯᠠᠬᠤ ᠪᠠ ᠠᠶᠤᠯ ᠠᠴᠠ ᠵᠠᠶᠢᠯᠠᠵᠤ ᠠᠮᠢ ᠵᠢᠭᠤᠲᠠᠬᠤ ᠶᠢ ᠭᠦᠢᠴᠡᠳ ᠪᠣᠳᠣᠯᠬᠢᠯᠠᠨ᠂ ᠵᠡᠮᠳᠡᠭᠴᠦᠳ ᠤᠨ ᠪᠡᠶ᠎ᠡ ᠶᠢᠨ ᠡᠷᠡᠭᠦᠯ ᠮᠡᠨᠳᠦ ᠪᠠ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠵᠡᠮᠳᠡᠭᠴᠦᠳ ᠲᠤ ᠠᠵᠢᠯ ᠣᠯᠭᠤᠬᠤ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠪᠠ ᠵᠡᠮᠳᠡᠭ ᠬᠡᠤᠬᠡᠳ᠂ ᠣᠶᠤᠨ ᠤᠬᠠᠭᠠᠨ᠂ ᠣᠶᠤᠨ ᠤᠬᠠᠭᠠᠨ ᠪᠠ ᠬᠦᠨᠳᠦ ᠵᠡᠮᠳᠡᠭ ᠬᠥᠮᠦᠨ ᠵᠡᠷᠭᠡ ᠭᠤᠤᠯᠳᠠᠯᠭ᠎ᠠ ᠲᠠᠢ ᠬᠥᠮᠦᠰ ᠲᠤ ᠵᠡᠮᠳᠡᠭᠴᠦᠳ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠤᠨ ᠬᠤᠭᠤᠴᠠᠭᠠᠨ ᠳᠠᠬᠢ  ᠦᠢᠯᠡᠳᠪᠦᠷᠢᠯᠡᠯ ᠠᠮᠢᠳᠤᠷᠠᠯ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠠ᠃ ᠵᠡᠮᠳᠡᠭᠴᠦᠳ ᠤᠨ ᠬᠦᠨᠳᠦ ᠶᠡᠭᠡ ᠬᠢᠵᠢᠭ ᠤᠨ ᠪᠠᠶᠢᠳᠠᠯ ᠪᠠ ᠭᠡᠨᠡᠳᠲᠡ ᠶᠢᠨ ᠭᠠᠮᠰᠢᠭ ᠢ ᠠᠷᠭᠠᠴᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠵᠡᠮᠳᠡᠭᠴᠦᠳ ᠤᠨ ᠣᠨᠴᠠᠯᠢᠭ ᠲᠤ ᠳᠣᠭᠢᠷᠠᠭᠰᠠᠨ ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠲᠦᠭᠡᠮᠡᠯᠵᠢᠭᠦᠯᠵᠦ᠂ ᠵᠡᠮᠳᠡᠭᠴᠦᠳ ᠤᠨ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠦᠨ᠎ᠡ᠃        ︵ᠬᠤᠶᠠᠷ︶ ᠣᠯᠠᠨ ᠬᠡᠯᠪᠡᠷᠢ ᠶᠢᠨ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠰᠢᠰᠲ᠋ᠧᠮᠵᠢ ᠶᠢ ᠪᠠᠶᠢᠭᠤᠯᠵᠤ᠂ ᠬᠤᠲᠠ ᠬᠥᠳᠡᠭᠡ ᠶᠢᠨ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ 1. ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ︽ᠵᠡᠮᠳᠡᠭᠴᠦᠳ ᠲᠤ ᠠᠵᠢᠯ ᠣᠯᠭᠤᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠴᠠᠯ ᠶᠣᠰᠣᠭᠠᠷ ᠵᠡᠮᠳᠡᠭᠴᠦᠳ ᠢ ᠳᠣᠭᠢᠷᠠᠭᠤᠯᠤᠨ ᠠᠵᠢᠯ ᠣᠯᠭᠤᠬᠤ ᠠᠷᠭ᠎ᠠ︾ ᠶᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠂ ᠵᠡᠮᠳᠡᠭᠴᠦᠳ ᠲᠤ ᠠᠵᠢᠯ ᠣᠯᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠭᠠᠳᠠᠭᠤᠷᠴᠢᠯᠠᠯ ᠤᠨ  ᠦᠢᠯᠡ ᠠᠵᠢᠯᠯᠠᠭ᠎ᠠ ᠶᠢ ᠡᠷᠡᠰ ᠴᠠᠭᠠᠵᠠᠯᠠᠵᠤ᠂ ᠵᠡᠮᠳᠡᠭᠴᠦᠳ ᠤᠨ ᠡᠷᠬᠡ ᠲᠡᠭᠰᠢ ᠪᠠᠷ ᠠᠵᠢᠯ ᠤᠯᠬᠤ ᠶᠢ ᠠᠬᠢᠭᠤᠯᠤᠨ᠎ᠠ᠃ ᠬᠠᠷᠢᠴᠠᠯ ᠲᠠᠢ ᠪᠠᠷ ᠠᠵᠢᠯ ᠣᠯᠭᠤᠬᠤ ᠣᠨ ᠤ ᠬᠢᠨᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠦᠷᠢᠮ ᠢ ᠲᠣᠭᠲᠠᠭᠠᠵᠤ᠂ ᠵᠡᠮᠳᠡᠭᠴᠦᠳ ᠲᠤ ᠠᠵᠢᠯ ᠣᠯᠭᠤᠬᠤ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠪᠥᠬᠦ ᠤᠯᠤᠰ ᠲᠤ ᠰᠦᠯᠵᠢᠶᠡᠵᠢᠭᠦᠯᠦᠨ ᠭᠡᠷᠡᠴᠢᠯᠡᠬᠦ ᠪᠠ ᠮᠤᠵᠢ ᠠᠯᠤᠰᠯᠠᠨ ᠨᠡᠶᠢᠳᠡᠮ  ᠭᠦᠢᠴᠡᠳᠭᠡᠬᠦ ᠶᠢ ᠬᠡᠷᠡᠭᠵᠢᠭᠦᠯᠵᠦ᠂ ᠬᠠᠷᠢᠴᠠᠯ ᠲᠠᠢ ᠪᠠᠷ ᠵᠡᠮᠳᠡᠭᠴᠦᠳ ᠲᠤ ᠠᠵᠢᠯ ᠣᠯᠭᠤᠭᠰᠠᠨ ᠥᠬᠡᠶ ᠮᠥᠷᠲᠡᠭᠡᠨ ᠵᠡᠮᠳᠡᠭᠴᠦᠳ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠲᠡᠪᠴᠢᠭᠰᠡᠨ᠂ ᠳᠤᠲᠠᠭᠤ ᠲᠤᠰᠢᠶᠠᠭᠰᠠᠨ ᠬᠥᠮᠦᠨ ᠬᠡᠷᠡᠭᠯᠡᠬᠦ ᠨᠢᠭᠡᠴᠢ ᠶᠢᠨ ᠢᠲᠡᠭᠡᠯ ᠠᠯᠳᠠᠭᠰᠠᠨ  ᠦᠢᠯᠡ ᠠᠵᠢᠯᠯᠠᠭ᠎ᠠ ᠶᠢ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠤᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠡᠮᠳᠡᠭᠴᠦᠳ ᠲᠤ ᠠᠵᠢᠯ ᠣᠯᠭᠤᠬᠤ ᠠᠵᠢᠯ ᠤᠨ ᠪᠠᠶᠢᠷᠢ ᠭᠠᠷᠭᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠡᠮᠳᠡᠭᠴᠦᠳ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠵᠦᠢ ᠵᠣᠬᠢᠰᠲᠠᠶ ᠪᠠᠷ ᠨᠡᠭᠡᠭᠡᠨ ᠬᠥᠭᠵᠢᠭᠦᠯᠵᠦ᠂ ᠲᠣᠭᠲᠠᠭᠠᠭᠰᠠᠨ ᠬᠠᠷᠢᠴᠠᠯ ᠶᠣᠰᠣᠭᠠᠷ ᠵᠡᠮᠳᠡᠭᠴᠦᠳ ᠢ ᠲᠥᠪᠬᠢᠨᠡᠭᠦᠯᠦᠨ ᠠᠵᠢᠯ ᠣᠯᠭᠤᠨ᠎ᠠ᠃ ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠠᠮᠢᠳᠤᠯᠢᠭ ᠢᠶᠠᠷ ᠠᠵᠢᠯ ᠤᠯᠬᠤ ᠶᠢ ᠵᠣᠷᠢᠭᠵᠢᠭᠤᠯᠤᠨ ᠲᠡᠮᠵᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠷᠥᠯ ᠤᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠳᠣᠭᠢᠷᠠᠭᠤᠯᠤᠨ᠂ ᠬᠦᠴᠢᠷᠳᠡᠯᠲᠡᠶ ᠵᠡᠮᠳᠡᠭᠴᠦᠳ ᠢ ᠤᠷᠢᠳᠠᠪᠠᠷ ᠲᠥᠪᠬᠢᠨᠡᠭᠦᠯᠦᠨ ᠠᠵᠢᠯ ᠣᠯᠭᠤᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠬᠤ᠂ ᠠᠵᠢᠯ ᠠᠯᠳᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠲᠤᠰᠢᠶᠠᠯ ᠳᠡᠪᠰᠢᠬᠦ ᠲᠡᠰ ᠳᠡᠪᠰᠢᠬᠦ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ ᠨᠡᠶᠢᠭᠡᠮ ᠤᠨ ᠳᠠᠭᠠᠳᠬᠠᠯ᠂ ᠠᠮᠢᠳᠤᠷᠠᠯ ᠤᠨ ᠠᠰᠠᠷᠠᠮᠵᠢ ᠵᠡᠷᠭᠡ ᠲᠠᠯ᠎ᠠ ᠪᠠᠷ ᠪᠤᠰᠤᠳ ᠬᠥᠮᠦᠨ ᠲᠠᠢ ᠠᠳᠠᠯᠢ ᠲᠡᠭᠰᠢ ᠬᠠᠷᠠᠭᠠᠯᠵᠠᠯ ᠦᠵᠡᠭᠦᠯᠦᠨ᠎ᠡ᠃ ᠵᠡᠮᠳᠡᠭᠴᠦᠳ ᠢ ᠲᠥᠪᠬᠢᠨᠡᠭᠦᠯᠬᠦ ᠠᠵᠢᠯ ᠤᠨ ᠪᠠᠶᠢᠷᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠠᠵᠢᠯ ᠮᠡᠷᠭᠡᠵᠢᠯ ᠤᠨ ᠵᠢᠯᠣᠭᠤᠳᠣᠯᠭ᠎ᠠ᠂ ᠠᠵᠢᠯ ᠮᠡᠷᠭᠡᠵᠢᠯ ᠤᠨ ᠴᠢᠳᠠᠪᠤᠷᠢ ᠶᠢ ᠦᠨᠡᠯᠡᠨ ᠵᠢᠱᠢᠬᠦ ᠵᠡᠷᠭᠡ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠲᠤ ᠵᠢᠭᠰᠠᠭᠠᠨ ᠣᠷᠣᠭᠤᠯᠵᠤ᠂ ᠵᠡᠮᠳᠡᠭᠴᠦᠳ ᠲᠤ ᠠᠵᠢᠯ ᠣᠯᠭᠤᠬᠤ  ᠦᠢᠯᠡᠴᠢᠯᠡᠭᠡᠨ ᠤ ᠨᠡᠶᠢᠭᠡᠮᠴᠢᠯᠡᠯᠲᠡ᠂ ᠲᠤᠰᠬᠠᠶᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠲᠦᠷᠢᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠠᠶᠢᠯᠢ ᠬᠥᠩᠭᠡᠯᠡᠵᠦ  ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ᠂ ᠮᠥᠩᠭᠦᠨ  ᠭᠦᠢᠯᠭᠡᠭᠡᠨ ᠢᠶᠠᠷ ᠲᠡᠳᠬᠦᠬᠦ ᠪᠠ ᠪᠠᠯᠠ ᠮᠥᠩᠭᠦ ᠪᠠᠷ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠠᠵᠢᠯ ᠣᠯᠵᠤ ᠠᠳᠠᠯ ᠦᠢᠯᠡᠰ ᠴᠣᠭᠴᠠᠯᠠᠨ ᠪᠠᠶᠠᠵᠢᠬᠤ ᠶᠢᠨ ᠳᠠᠭᠠᠭᠤᠯᠤᠭᠴᠢ ᠪᠠ ᠪᠣᠳᠠᠰ ᠤᠨ ᠪᠤᠰᠤ ᠥᠪ ᠤᠨ ᠵᠠᠯᠭᠠᠮᠵᠢᠯᠠᠭᠴᠢ ᠶᠢ ᠭᠤᠤᠯᠳᠠᠯᠭ᠎ᠠ ᠲᠠᠢ ᠲᠡᠳᠬᠦᠵᠦ ᠪᠠᠶᠢᠭᠠᠳ ᠪᠤᠰᠤᠳ ᠵᠡᠮᠳᠡᠭᠴᠦᠳ ᠢ ᠳᠠᠶᠢᠴᠢᠯᠠᠨ ᠲᠣᠭᠲᠠᠭᠤᠨ ᠢᠶᠠᠷ ᠠᠵᠢᠯ ᠣᠯᠭᠤᠨ᠎ᠠ᠃ ᠨᠥᠬᠦᠴᠡᠯ ᠳᠤ ᠨᠡᠶᠢᠴᠡᠬᠦ ᠵᠡᠮᠳᠡᠭ ᠤᠶᠤᠲᠠᠳ ᠲᠤ ᠳᠠᠳᠤᠯᠭ᠎ᠠ ᠶᠢᠨ ᠬᠤᠭᠤᠴᠠᠭᠠᠨ ᠳᠤ ᠵᠣᠬᠢᠬᠤ ᠪᠠᠷᠢᠮᠵᠢᠶ᠎ᠠ ᠶᠢᠨ ᠨᠥᠬᠦᠪᠥᠷᠢ ᠣᠯᠭᠤᠵᠤ᠂ ᠠᠵᠢᠯ ᠤᠯᠬᠤ ᠳᠤ ᠬᠦᠴᠢᠷᠲᠡᠶ ᠵᠡᠮᠳᠡᠭ ᠤᠶᠤᠲᠠᠳ ᠲᠤ ︽ᠨᠢᠭᠡ ᠬᠥᠮᠦᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠶᠢ ᠥᠷᠨᠢᠭᠦᠯᠦᠨ᠎ᠡ᠃ ᠵᠡᠮᠳᠡᠭᠴᠦᠳ ᠢ ᠵᠢᠩᠬᠢᠨᠢ ᠪᠠᠷ ᠡᠯᠰᠡᠨ ᠬᠡᠷᠡᠭᠯᠡᠭᠰᠡᠨ ︵ᠤᠷᠢᠨ ᠬᠡᠷᠡᠭᠯᠡᠭᠰᠡᠨ︶ ᠬᠥᠮᠦᠨ ᠬᠡᠷᠡᠭᠯᠡᠬᠦ ᠨᠢᠭᠡᠴᠢ ᠳᠤ ᠲᠣᠭᠲᠠᠭᠠᠯ ᠶᠣᠰᠣᠭᠠᠷ ᠠᠵᠢᠯ ᠤᠨ ᠪᠠᠶᠢᠷᠢ᠂ ᠨᠡᠶᠢᠭᠡᠮ ᠤᠨ ᠳᠠᠭᠠᠳᠬᠠᠯ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠴᠤ ᠥᠭᠡᠷᠡᠴᠢᠯᠡᠬᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠵᠡᠷᠭᠡ ᠨᠥᠬᠦᠪᠥᠷᠢ ᠣᠯᠭᠤᠵᠤ᠂ ᠬᠠᠷᠢᠴᠠᠯ ᠠᠴᠠ ᠬᠡᠲᠦᠷᠡᠭᠦᠯᠦᠨ ᠵᠡᠮᠳᠡᠭᠴᠦᠳ ᠲᠤ ᠠᠵᠢᠯ ᠣᠯᠭᠤᠭᠰᠠᠨ ᠬᠥᠮᠦᠨ ᠬᠡᠷᠡᠭᠯᠡᠬᠦ  ᠨᠢᠭᠡᠴᠢ ᠶᠢ ᠱᠠᠩᠨᠠᠨ ᠬᠥᠬᠢᠭᠦᠯᠬᠦ ᠬᠡᠷᠡᠭᠲᠡᠶ᠃ ᠬᠦᠨᠳᠦ ᠶᠡᠭᠡ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠳᠠᠬᠢ ᠵᠡᠮᠳᠡᠭᠴᠦᠳ ᠤᠨ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠤᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠲᠣᠭᠲᠠᠭᠠᠯ ᠶᠣᠰᠣᠭᠠᠷ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠳᠡᠭ ᠢᠳᠡᠭ ᠢᠶᠠᠷ ᠪᠠᠭᠤᠷᠠᠭᠤᠯᠬᠤ᠂ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠪᠠᠶᠡᠯᠡᠭᠦᠯᠦᠨ᠎ᠡ᠂ ᠣᠶᠤᠨ ᠤᠬᠠᠭᠠᠨ ᠪᠠ ᠬᠦᠨᠳᠦ ᠲᠠᠰ ᠤᠨ ᠮᠥᠴᠢ ᠪᠠᠷ ᠠᠵᠢᠯ ᠤᠯᠬᠤ ᠳᠤ ᠬᠦᠴᠢᠷᠲᠡᠶ ᠵᠡᠮᠳᠡᠭᠴᠦᠳ ᠢ ᠵᠣᠬᠢᠶᠠᠨ ᠪᠠᠶᠢᠭᠤᠯᠵᠤ᠂ ᠲᠤᠰᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ᠂ ︽ᠬᠠᠯᠠᠭᠤᠨ ᠳᠤᠯᠠᠭᠠᠨ ᠬᠡᠷ ᠣᠷᠣᠨ︾᠂ ︽ᠨᠡᠷᠡᠨ ᠭᠡᠷᠡᠯᠲᠦ ᠬᠡᠷ ᠣᠷᠣᠨ︾ ᠵᠡᠷᠭᠡ ᠪᠠᠶᠢᠭᠤᠯᠤᠮᠵᠢ ᠪᠠᠷ ᠳᠠᠮᠵᠢᠭᠤᠯᠤᠨ ᠣᠶᠢᠷ᠎ᠠ ᠬᠠᠪᠢ ᠳᠠᠭᠠᠨ ᠳᠠᠷᠤᠶ ᠦᠢᠯᠡᠳᠪᠦᠷᠢᠯᠡᠯ ᠬᠥᠳᠡᠯᠮᠦᠷᠢ ᠬᠢᠵᠦ᠂ ᠠᠵᠢᠯ ᠮᠡᠷᠭᠡᠵᠢᠯ ᠤᠨ ᠡᠷᠡᠭᠦᠯᠵᠢᠯ ᠬᠢᠵᠦ᠂ ᠨᠡᠶᠢᠭᠡᠮ ᠤᠨ ᠠᠭᠤᠰᠤᠯᠴᠠᠯ ᠢ ᠪᠡᠶᠡᠯᠡᠭᠦᠯᠦᠨ᠎ᠡ᠃ ᠨᠡᠶᠢᠭᠡᠮ ᠤᠨ ᠠᠵᠤ ᠠᠬᠤᠶᠢᠯᠠᠯ ᠵᠡᠷᠭᠡ ᠠᠰᠢᠭ ᠣᠯᠵᠠᠪᠤᠷᠢ ᠶᠢᠨ ᠪᠤᠰᠤ ᠴᠢᠨᠠᠷᠲᠠᠶ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠪᠠᠶᠢᠭᠤᠯᠤᠮᠵᠢ ᠶᠢᠨ ᠰᠢᠨ᠎ᠡ ᠶᠢ ᠡᠭᠦᠳᠦᠨ ᠬᠥᠭᠵᠢᠬᠦ ᠶᠢ ᠵᠣᠷᠢᠭᠵᠢᠭᠤᠯᠵᠤ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠭᠰᠠᠨ ᠨᠡᠶᠢᠲᠡᠯᠢᠭ ᠵᠢᠱᠢᠶ᠎ᠡ ᠪᠣᠯᠤᠨ ᠵᠡᠮᠳᠡᠭᠴᠦᠳ ᠤᠨ ᠠᠵᠢᠯ ᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ᠂ ᠬᠤᠪᠢ ᠬᠥᠮᠦᠨ ᠢ ᠭᠤᠤᠯᠳᠠᠯᠭ᠎ᠠ ᠲᠠᠢ ᠬᠥᠬᠢᠭᠦᠯᠦᠨ ᠱᠠᠩᠨᠠᠨ᠎ᠠ᠃ 2. ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠣᠯᠠᠨ ᠠᠷᠭ᠎ᠠ ᠵᠠᠮ ᠢᠶᠠᠷ ᠠᠬᠢᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠬᠥᠮᠦᠨ ᠤ ᠬᠦᠴᠦᠨ ᠤ ᠡᠬᠢ ᠪᠠᠶᠠᠯᠢᠭ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠵᠦ᠂ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠵᠡᠮᠳᠡᠭᠴᠦᠳ ᠲᠤ ᠠᠵᠢᠯ ᠣᠯᠭᠤᠬᠤ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠦᠨᠡᠨ ᠨᠡᠷ᠎ᠡ ᠶᠢᠨ ᠲᠦᠷᠢᠮ ᠤᠨ ᠮᠡᠳᠡᠭᠡ ᠵᠠᠩᠭᠢ ᠶᠢ ᠪᠦᠷᠢᠳᠬᠡᠨ ᠬᠠᠮᠢᠶᠠᠷᠬᠤ ᠰᠢᠰᠲ᠋ᠧᠮ ᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠠᠵᠢᠯ ᠣᠯᠭᠤᠬᠤ  ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠯᠤᠭ᠎ᠠ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ  ᠨᠢᠭᠡᠴᠢ ᠳᠤ ᠭᠠᠶᠢᠯᠢ ᠰᠦᠢᠳᠭᠡᠯ ᠤᠨ ᠬᠠᠷᠠᠭᠠᠯᠵᠠᠯ ᠦᠵᠡᠭᠦᠯᠬᠦ᠂ ᠵᠠᠰᠠᠭ ᠤᠨ ᠣᠷᠳᠣᠨ ᠤᠷᠢᠳᠠᠪᠠᠷ ᠬᠤᠳᠠᠯᠳᠤᠨ ᠠᠪᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠶᠢ ᠲᠣᠭᠲᠠᠪᠤᠷᠢᠵᠢᠭᠤᠯᠤᠨ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ︽ᠢᠨᠲ᠋ᠧᠷ ᠰᠦᠯᠵᠢᠶ᠎ᠡ +︾ ᠶᠢᠨ ᠠᠵᠢᠯ ᠣᠯᠭᠤᠯᠲᠠ᠂ ᠬᠡᠷ  ᠲᠠᠬᠢ ᠠᠵᠢᠯ ᠣᠯᠭᠤᠯᠲᠠ᠂ ᠨᠡᠶᠢᠭᠡᠮ ᠲᠣᠭᠤᠷᠢᠭ ᠤᠨ ᠠᠵᠢᠯ ᠣᠯᠭᠤᠯᠲᠠ᠂ ᠠᠮᠢᠳᠤᠯᠢᠭ ᠢᠶᠠᠷ ᠠᠵᠢᠯ ᠣᠯᠭᠤᠯᠲᠠ᠂ ᠲᠤᠰᠠᠯᠠᠬᠤ ᠴᠢᠨᠠᠷᠲᠠᠶ ᠠᠵᠢᠯ ᠣᠯᠭᠤᠯᠲᠠ ᠵᠡᠷᠭᠡ ᠵᠡᠮᠳᠡᠭᠴᠦᠳ ᠤᠨ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠳᠤ ᠳᠣᠭᠢᠷᠠᠬᠤ ᠶᠢ ᠲᠡᠳᠬᠦᠨ ᠳᠡᠮᠵᠢᠬᠦ ᠶᠢ ᠴᠢᠩᠭᠠᠷᠠᠭᠤᠯᠵᠤ᠂ ᠬᠤᠲᠠ ᠬᠥᠳᠡᠭᠡ ᠶᠢᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠲᠣᠤᠷ  ᠴᠡᠭ ᠢ ᠰᠦᠢᠳᠭᠡᠯ ᠬᠤᠷᠢᠶᠠᠬᠤ ᠥᠬᠡᠶ ᠪᠤᠶᠤ ᠬᠢᠮᠳᠠ ᠦᠨ᠎ᠡ ᠪᠠᠷ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠵᠡᠮᠳᠡᠭᠴᠦᠳ ᠤᠨ ᠡᠵᠡᠩᠨᠡᠯᠲᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠠᠭ᠎ᠠ ᠬᠠᠩᠭᠠᠬᠤ ᠬᠤᠳᠠᠯᠳᠤᠭᠠᠨ ᠤ ᠲᠠᠯᠠᠪᠤᠷ ᠵᠢᠴᠢ ᠰᠦᠯᠵᠢᠶᠡᠨ ᠳᠡᠭᠡᠷᠡᠬᠢ ᠬᠡᠲᠦ ᠳᠡᠯᠭᠡᠭᠦᠷ ᠵᠡᠷᠭᠡ ᠳᠤ ᠤᠷᠢᠳᠠᠪᠠᠷ ᠬᠠᠩᠭᠠᠵᠤ ᠵᠡᠮᠳᠡᠭᠴᠦᠳ ᠤᠨ ᠠᠰᠠᠷᠠᠮᠵᠢ ᠶᠢᠨ ᠴᠢᠨᠠᠷᠲᠠᠶ  ᠦᠢᠯᠡᠳᠭᠦᠨ ᠤ ᠲᠤᠰᠬᠠᠶ ᠪᠤᠯᠤᠩ ᠭᠠᠷᠭᠠᠨ᠎ᠠ᠃ ᠵᠡᠮᠳᠡᠭᠴᠦᠳ ᠲᠤ ᠠᠵᠢᠯ ᠣᠯᠭᠤᠬᠤ ᠲᠥᠷᠥᠯ ᠵᠦᠢᠯ ᠤᠨ ᠰᠢᠨ᠎ᠡ ᠶᠢ ᠡᠭᠦᠳᠦᠨ ᠨᠡᠭᠡᠭᠡᠨ ᠬᠥᠭᠵᠢᠭᠦᠯᠵᠦ᠂ ︽ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ︾ ᠶᠢᠨ ᠵᠡᠮᠳᠡᠭᠴᠦᠳ ᠲᠤ ᠨᠠᠭᠠᠳᠤ ᠵᠠᠬ᠎ᠠ ᠳᠠᠭᠠᠨ 1 ᠬᠥᠮᠦᠨ ᠳᠤ ᠠᠵᠢᠯ ᠣᠯᠭᠤᠬᠤ ᠶᠢ ᠪᠠᠲᠤᠯᠠᠨ᠎ᠠ᠃ ᠬᠥᠳᠡᠭᠡ ᠲᠣᠰᠬᠤᠨ ᠤ ᠵᠡᠮᠳᠡᠭᠴᠦᠳ ᠲᠤ ᠠᠵᠢᠯ ᠣᠯᠭᠤᠬᠤ ᠶᠢ ᠬᠠᠪᠰᠤᠷᠤᠨ ᠲᠡᠳᠬᠦᠬᠦ ᠰᠠᠭᠤᠷᠢᠨ ᠭᠠᠵᠠᠷ ᠢ ᠶᠡᠬᠡᠪᠡᠷ ᠪᠤᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠲᠣᠭᠲᠠᠭᠤᠨ ᠢᠶᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠲᠥᠪᠬᠢᠨᠡᠭᠦᠯᠬᠦ ᠪᠠ ᠳᠠᠶᠢᠴᠢᠯᠠᠬᠤ ᠬᠡᠷᠡᠭᠲᠡᠶ᠃ ᠠᠵᠢᠯ ᠤᠯᠬᠤ ᠳᠤ ᠬᠦᠴᠢᠷᠲᠡᠶ ᠵᠡᠮᠳᠡᠭᠴᠦᠳ ᠢ ᠠᠵᠢᠯ ᠣᠯᠭᠤᠯᠲᠠ ᠶᠢᠨ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ︽ᠲᠤᠰᠬᠠᠶ ᠠᠵᠢᠯᠲᠠᠨ ᠡᠯᠰᠡᠬᠦ ᠴᠤᠭᠯᠠᠭᠠᠨ︾ ᠵᠡᠷᠭᠡ ᠠᠵᠢᠯ ᠣᠯᠭᠤᠯᠲᠠ ᠶᠢᠨ ᠲᠤᠰᠬᠠᠶ ᠦᠢᠯᠡᠴᠢᠯᠡᠭᠡᠨ ᠢ ᠦᠷᠭᠦᠯᠵᠢᠯᠡᠨ ᠥᠷᠨᠢᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢᠨ  ᠦᠢᠯᠡᠳᠭᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠵᠡᠮᠳᠡᠭᠴᠦᠳ ᠤᠨ ᠠᠵᠢᠯ ᠣᠯᠭᠤᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ᠂ ᠵᠡᠮᠳᠡᠭᠴᠦᠳ ᠤᠨ ᠴᠢᠳᠠᠪᠤᠷᠢᠲᠠᠨ ᠤ ᠰᠣᠯᠢᠯᠴᠠᠭ᠎ᠠ ᠵᠡᠷᠭᠡ ᠠᠵᠢᠯᠯᠠᠭ᠎ᠠ ᠶᠢ ᠡᠷᠭᠢᠯᠡᠨ᠂ ᠵᠡᠮᠳᠡᠭᠴᠦᠳ ᠤᠨ ᠠᠵᠢᠯ ᠤᠯᠬᠤ ᠳᠤ ᠳᠣᠭᠢᠷᠠᠬᠤ ᠭᠠᠷ  ᠦᠢᠯᠡᠳᠭᠡᠯ ᠤᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠰᠣᠬᠤᠷᠴᠤᠳ ᠤᠨ ᠡᠮᠴᠢᠯᠡᠭᠡᠨ ᠤ ᠢᠯᠢᠯᠭᠡ ᠶᠢᠨ ᠠᠵᠢᠯ ᠲᠥᠷᠥᠯ ᠤᠨ ᠬᠥᠭᠵᠢᠯᠲᠡ ᠶᠢ ᠲᠡᠳᠬᠦᠨ ᠳᠡᠮᠵᠢᠵᠦ᠂ ᠰᠣᠬᠤᠷᠴᠤᠳ ᠤᠨ ᠡᠮᠴᠢᠯᠡᠭᠡᠨ ᠤ ᠢᠯᠢᠯᠭᠡ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠰᠣᠬᠤᠷᠴᠤᠳ ᠤᠨ ᠡᠮᠴᠢᠯᠡᠭᠡᠨ ᠤ ᠢᠯᠢᠯᠭᠡ ᠶᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ   ᠳᠤ ᠤᠷᠤᠭᠤᠯᠤᠨ᠎ᠠ᠃3. ᠵᠡᠮᠳᠡᠭᠴᠦᠳ ᠤᠨ ᠠᠵᠢᠯ ᠮᠡᠷᠭᠡᠵᠢᠯ ᠤᠨ ᠬᠡᠪ ᠴᠢᠨᠠᠷ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠣᠯᠠᠨ ᠲᠠᠯ᠎ᠠ ᠪᠠᠷ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ᠂ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠵᠡᠮᠳᠡᠭᠴᠦᠳ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ᠂ ᠠᠵᠢᠯ ᠮᠡᠷᠭᠡᠵᠢᠯ ᠤᠨ ᠰᠤᠷᠭᠠᠭᠤᠯᠢ᠂ ᠨᠡᠶᠢᠭᠡᠮ   ᠤᠨ ᠪᠣᠯᠪᠠᠰᠤᠷᠠᠭᠤᠯᠤᠯ   ᠤᠨ ᠪᠠᠶᠢᠭᠤᠯᠤᠮᠵᠢ ᠨᠤᠭᠤᠳ   ᠤᠨ ᠣᠷᠣᠯᠴᠠᠬᠤ ᠶᠢ ᠵᠣᠷᠢᠭᠵᠢᠭᠤᠯᠤᠨ᠂ ᠵᠡᠮᠳᠡᠭᠴᠦᠳ ᠤᠨ ᠠᠵᠢᠯ ᠮᠡᠷᠭᠡᠵᠢᠯ   ᠤᠨ ᠪᠣᠯᠪᠠᠰᠤᠷᠠᠭᠤᠯᠤᠯ ᠤᠨ ᠳᠠᠳᠤᠯᠭ᠎ᠠ ᠪᠣᠯᠪᠠᠰᠤᠷᠠᠭᠤᠯᠤᠯ   ᠤᠨ ᠨᠢᠭᠡ ᠪᠦᠯᠦᠭ ᠰᠠᠭᠤᠷᠢᠨ ᠭᠠᠵᠠᠷ ᠪᠣᠯᠤᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠵᠢᠯ ᠤᠯᠬᠤ ᠬᠦᠰᠡᠯ ᠡᠷᠡᠮᠡᠯᠵᠡᠯ ᠪᠣᠯᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠲᠤ ᠵᠣᠬᠢᠬᠤ ᠠᠵᠢᠯ ᠣᠯᠵᠤ ᠠᠳᠠᠯ ᠦᠢᠯᠡᠰ ᠴᠣᠭᠴᠠᠯᠠᠬᠤ ᠮᠡᠷᠭᠡᠵᠢᠯ ᠤᠨ  ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠳᠡᠮ ᠬᠦᠷᠲᠡᠭᠡᠵᠦ᠂ ᠲᠠᠷᠢᠶᠠᠯᠠᠬᠤ ᠮᠠᠯᠵᠢᠬᠤ ᠣᠷᠣᠨ ᠤ ᠵᠡᠮᠳᠡᠭᠴᠦᠳ   ᠤᠨ ᠬᠡᠷᠡᠭᠯᠡᠭᠡᠨ   ᠤ ᠮᠡᠷᠭᠡᠵᠢᠯ ᠤᠨ ᠪᠣᠯᠪᠠᠰᠤᠷᠠᠭᠤᠯᠤᠯ   ᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠵᠡᠮᠳᠡᠭᠴᠦᠳ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠦᠵᠢᠭᠦᠯᠵᠦ᠂ ᠨᠢᠭᠡ ᠪᠦᠯᠦᠭ ᠬᠢᠩᠭᠠᠨ ᠠᠶᠢᠮᠠᠭ ᠤᠨ ᠣᠨᠴᠠᠯᠢᠭ ᠲᠠᠢ ᠵᠡᠮᠳᠡᠭᠴᠦᠳ ᠤᠨ ᠤᠷ᠎ᠠ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠢ ᠳᠡᠮᠵᠢᠨ ᠪᠠᠶᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠵᠡᠮᠳᠡᠭᠴᠦᠳ ᠲᠤ ᠲᠤᠰᠬᠠᠶᠢᠵᠢᠭᠰᠠᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ ᠶᠢ ᠳᠡᠯᠭᠡᠷᠡᠭᠦᠯᠦᠨ᠎ᠡ᠃ ᠠᠶᠢᠮᠠᠭ ᠪᠣᠯᠤᠨ ᠬᠤᠰᠢᠭᠤ ᠰᠢᠶᠠᠨ ᠬᠤᠲᠠ ᠶᠢᠨ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠲᠤ ᠠᠵᠢᠯ ᠣᠯᠭᠤᠬᠤ ᠬᠠᠪᠰᠤᠷᠤᠨ ᠵᠢᠯᠣᠭᠤᠳᠣᠭᠴᠢ ᠶᠢᠨ ᠡᠩᠨᠡᠭᠡ ᠶᠢᠨ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠪᠥᠬᠦ ᠠᠶᠢᠮᠠᠭ ᠤᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠭᠢᠯᠡᠵᠦ᠂ ᠪᠥᠬᠦ ᠣᠷᠣᠨ ᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠪᠥᠬᠦ ᠤᠯᠤᠰ ᠤᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠪᠠ ᠴᠢᠳᠠᠪᠤᠷᠢ ᠪᠠᠨ ᠳᠡᠯᠭᠡᠨ ᠦᠵᠡᠭᠦᠯᠬᠦ ᠪᠠᠶᠠᠷ ᠤᠨ  ᠠᠵᠢᠯᠯᠭ᠎ᠠ ᠳᠤ ᠤᠷᠤᠯᠴᠠᠬᠤ ᠶᠢ ᠵᠤᠬᠢᠶᠠᠨ ᠪᠠᠶᠢᠭᠤᠯᠤᠨ᠎ᠠ᠃    ︵ᠭᠤᠷᠪᠠ︶ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠨᠠᠷᠢᠯᠢᠭ ᠣᠨᠣᠴᠠᠲᠠᠶ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠪᠠ ᠦᠨᠳᠦᠰᠦᠨ ᠡᠷᠡᠭᠦᠯᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ 1. ᠡᠷᠡᠭᠦᠯᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠤᠨ᠎ᠠ᠃ ᠠᠶᠢᠮᠠᠭ ᠤᠨ ᠵᠡᠮᠳᠡᠭᠴᠦᠳ ᠤᠨ ᠡᠷᠡᠭᠦᠯᠵᠢᠯ ᠤᠨ ᠲᠥᠪ ︵ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ︶ ᠢᠶᠠᠷ ᠬᠥᠲᠥᠴᠢ ᠪᠣᠯᠭᠠᠭᠰᠠᠨ᠂ ᠬᠤᠰᠢᠭᠤ ᠰᠢᠶᠠᠨ ᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠲᠥᠪ ᠢᠶᠠᠷ ᠭᠤᠤᠯᠯᠠᠭᠴᠢ ᠪᠣᠯᠭᠠᠭᠰᠠᠨ ᠵᠡᠮᠳᠡᠭᠴᠦᠳ ᠤᠨ ᠡᠷᠡᠭᠦᠯᠵᠢᠯ ᠤᠨ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ︽ᠢᠨᠲ᠋ᠤᠷ ᠰᠦᠯᠵᠢᠶ᠎ᠡ +︾ ᠵᠡᠮᠳᠡᠭᠴᠦᠳ ᠤᠨ ᠡᠷᠡᠭᠦᠯᠵᠢᠯ ᠢ ᠬᠡᠷᠡᠭᠵᠢᠭᠦᠯᠵᠦ᠂ ᠡᠷᠡᠭᠦᠯᠵᠢᠯ ᠤᠨ ᠪᠠᠶᠢᠭᠤᠯᠤᠮᠵᠢ ᠬᠢᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠰᠢᠯᠵᠢᠭᠦᠯᠦᠨ ᠲᠠᠨᠢᠯᠴᠠᠭᠤᠯᠬᠤ ᠶᠢ ᠤᠷᠤᠭᠰᠢᠲᠠᠶ ᠪᠠᠶᠢᠯᠭᠠᠬᠤ᠂ ᠠᠯᠤᠰ ᠠᠴᠠ ᠰᠣᠯᠢᠯᠴᠠᠨ ᠵᠢᠯᠣᠭᠤᠳᠬᠤ ᠪᠠ ᠬᠠᠮᠲᠤᠷᠠᠯᠴᠠᠬᠤ ᠲᠣᠭᠲᠠᠴᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠡᠤᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠡᠮᠳᠡᠭ ᠬᠡᠤᠬᠡᠳ ᠤᠨ ᠡᠷᠡᠭᠦᠯᠵᠢᠯ ᠤᠨ  ᠦᠢᠯᠡᠴᠢᠯᠡᠬᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ᠵᠡᠮᠳᠡᠭ ᠬᠡᠤᠬᠡᠳ ᠤᠨ ᠡᠷᠡᠭᠦᠯᠵᠢᠯ ᠤᠨ  ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ᠂ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠷᠡᠭᠦᠯᠵᠢᠯ ᠤᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠨ᠂ ᠡᠷᠡᠭᠦᠯᠵᠢᠯ ᠤᠨ ᠴᠢᠳᠠᠮᠵᠢ ᠶᠢ ᠨᠡᠮᠡᠭᠳᠡᠭᠦᠯᠬᠦ ᠪᠠ ᠲᠡᠭᠦᠯᠳᠡᠷᠵᠢᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠡᠷᠡᠭᠦᠯᠵᠢᠭᠦᠯᠬᠦ ᠴᠢᠳᠠᠪᠤᠷᠢᠲᠠᠨ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠠᠶᠢᠮᠠᠭ ᠤᠨ ᠳᠣᠲᠣᠨ᠎ᠠ ᠭᠠᠳᠠᠨᠠᠬᠢ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠲᠤᠷᠠᠯᠴᠠᠵᠤ᠂ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠤᠨ ᠬᠥᠮᠦᠵᠢᠭᠦᠯᠬᠦ ᠶᠢ ᠴᠢᠩᠭᠠᠳᠬᠠᠨ᠂ ᠡᠷᠡᠭᠦᠯᠵᠢᠭᠦᠯᠬᠦ ᠰᠡᠳᠦᠪ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠡᠷᠡᠭᠦᠯᠵᠢᠭᠦᠯᠬᠦ  ᠦᠢᠯᠡᠴᠢᠯᠡᠭᠡᠨ ᠤ ᠬᠢᠷᠢ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ 2. ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯ ᠢ ᠦᠷᠭᠦᠯᠵᠢᠯᠡᠨ ᠥᠷᠨᠢᠭᠦᠯᠦᠨ᠎ᠡ᠃ ︽ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠤᠨ ᠡᠷᠡᠭᠦᠯᠵᠢᠯ ᠤᠨ ᠲᠦᠷᠢᠮ︾ ︽ᠤᠯᠤᠰ ᠤᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯᠯᠠᠭᠠᠨ ᠤ ᠲᠥᠯᠥᠪᠯᠡᠭᠡ ︵2021 — 2025 ᠣᠨ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠤᠨ ᠡᠷᠡᠭᠦᠯᠵᠢᠯ ᠤᠨ ᠠᠷᠭ᠎ᠠ︾ ᠶᠢ ᠬᠡᠷᠡᠭᠵᠢᠭᠦᠯᠬᠦ ᠶᠢ ᠠᠬᠢᠭᠤᠯᠵᠤ᠂ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠤᠳᠤᠷᠢᠳᠤᠯᠭ᠎ᠠ ᠶᠢᠨ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠦ᠂ ᠵᠡᠮᠳᠡᠭᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠤᠨ᠎ᠠ᠃ ︽ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠡᠳᠦᠷ︾᠂ ︽ᠴᠢᠬᠢ ᠪᠠᠨ ᠬᠠᠶᠢᠷᠠᠯᠠᠬᠤ ᠡᠳᠦᠷ︾᠂ ︽ᠨᠢᠳᠦ ᠪᠠᠨ ᠬᠠᠶᠢᠷᠠᠯᠠᠬᠤ ᠡᠳᠦᠷ︾ ᠵᠡᠷᠭᠡ ᠵᠠᠩᠭᠢᠯᠠᠭ᠎ᠠ ᠶᠢᠨ ᠴᠡᠭ ᠢ ᠠᠰᠢᠭᠯᠠᠨ᠂ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ ᠣᠯᠠᠨ ᠲᠦᠮᠡᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠲᠤᠷᠰᠢᠯᠲᠠ ᠶᠢᠨ  ᠴᠡᠭ ᠤᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠨ ᠳᠡᠯᠭᠡᠷᠡᠭᠦᠯᠵᠦ᠂ ᠵᠡᠮᠳᠡᠭ ᠬᠡᠤᠬᠡᠳ ᠤᠨ ᠲᠤᠭ᠎ᠠ ᠪᠠᠷᠢᠮᠲᠠ ᠶᠢ ᠵᠠᠳᠠᠯᠤᠨ ᠰᠢᠨᠵᠢᠵᠦ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠷᠠᠶ ᠬᠡᠤᠬᠡᠳ ᠪᠠ ᠬᠡᠤᠬᠡᠳ ᠤᠨ ᠡᠯ᠎ᠡ ᠱᠠᠲᠤ ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠰᠢᠰᠲ᠋ᠧᠮᠵᠢ ᠶᠢ ᠰᠢᠭᠰᠢᠨ ᠪᠠᠶᠢᠴᠠᠭᠠᠬᠤ ᠪᠠ ᠵᠡᠮᠳᠡᠭ ᠬᠡᠤᠬᠡᠳ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠲᠣᠭᠲᠠᠴᠠ ᠶᠢ ᠪᠠᠶᠢᠭᠤᠯᠵᠤ᠂ ᠵᠡᠮᠳᠡᠭ ᠪᠣᠯᠬᠤ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠨ᠎ᠠ᠃ ᠣᠷᠣᠨ ᠨᠤᠲᠤᠭ ᠤᠨ ᠡᠪᠡᠳᠴᠢᠨ ᠪᠠ ᠬᠦᠨᠳᠦ ᠡᠪᠡᠳᠴᠢᠨ ᠤ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ  ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠡᠪᠡᠳᠴᠢᠨ ᠡᠮᠭᠡᠭ᠂ ᠭᠠᠶ ᠭᠠᠮᠰᠢᠭ᠂ ᠡ᠊ᠨᠳᠡᠯ᠂ ᠠᠵᠢᠯ ᠮᠡᠷᠭᠡᠵᠢᠯ ᠤᠨ ᠭᠡᠮᠲᠦᠯ ᠵᠡᠷᠭᠡ ᠠᠴᠠ ᠪᠣᠯᠤᠭᠰᠠᠨ ᠵᠡᠮᠳᠡᠭ ᠢ ᠪᠠᠭᠠᠰᠬᠠᠨ᠎ᠠ᠃ 3. ᠵᠡᠮᠳᠡᠭ ᠬᠡᠤᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠨᠣᠷᠮ᠎ᠠ ᠶᠢ ᠳᠡᠭᠡᠭᠰᠢᠯᠡᠭᠦᠯᠦᠨ᠎ᠡ᠃ ︽ᠵᠡᠮᠳᠡᠭ ᠬᠡᠤᠬᠡᠳ ᠢ ᠡᠷᠡᠭᠦᠯᠵᠢᠭᠦᠯᠵᠦ ᠲᠡᠩᠬᠡᠷᠡᠭᠦᠯᠦᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠪᠠ ︽ᠵᠡᠮᠳᠡᠭ ᠬᠡᠤᠬᠡᠳ ᠢ ᠡᠷᠡᠭᠦᠯᠵᠢᠭᠦᠯᠵᠦ ᠲᠡᠩᠬᠡᠷᠡᠭᠦᠯᠦᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠵᠤ᠂ 0 — 7 ᠨᠠᠰᠤᠨ ᠤ ᠬᠡᠤᠬᠡᠳ ᠤᠨ ᠵᠡᠮᠳᠡᠭ ᠢ ᠰᠢᠭᠰᠢᠨ ᠪᠠᠶᠢᠴᠠᠭᠠᠬᠤ ᠶᠢ ᠶᠡᠬᠡᠪᠡᠷ ᠳᠥᠯᠭᠢᠨ ᠠᠬᠢᠭᠤᠯᠵᠤ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠵᠦ ᠲᠡᠩᠬᠡᠷᠡᠭᠦᠯᠦᠨ ᠲᠤᠰᠠᠯᠠᠬᠤ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ 0 — 7 ᠨᠠᠰᠤᠨ ᠤ ᠵᠡᠮᠳᠡᠭ ᠬᠡᠤᠬᠡᠳ ᠤᠨ ᠡᠷᠡᠭᠦᠯᠵᠢᠯ ᠤᠨ ᠬᠡᠷᠡᠭᠴᠡᠭᠡ ᠶᠢ ᠤᠷᠢᠳᠠᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠵᠡᠮᠳᠡᠭ ᠬᠡᠤᠬᠡᠳ ᠤᠨ ᠬᠡᠷ ᠪᠦᠯᠢ ᠶᠢᠨ ᠠᠵᠤ ᠠᠬᠤᠶ ᠶᠢᠨ ᠨᠥᠬᠦᠴᠡᠯ ᠤᠨ ᠬᠢᠵᠠᠭᠠᠷᠯᠠᠯ ᠢ ᠠᠭᠤᠵᠢᠭᠤ ᠲᠠᠯᠪᠢᠵᠤ᠂ ᠵᠡᠮᠳᠡᠭ ᠬᠡᠤᠬᠡᠳ ᠢ ᠠᠪᠤᠷᠠᠨ ᠲᠤᠰᠠᠯᠠᠬᠤ ᠨᠠᠰᠤᠨ ᠤ ᠬᠡᠪᠴᠢᠶ᠎ᠡ ᠶᠢ ᠥᠷᠭᠡᠳᠬᠡᠨ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠷᠡᠭᠦᠯᠵᠢᠯ ᠤᠨ  ᠦᠢᠯᠡᠴᠢᠯᠡᠭᠡᠨ ᠤ ᠲᠥᠷᠥᠯ ᠵᠦᠢᠯ ᠢ ᠥᠷᠭᠡᠳᠬᠡᠨ᠎ᠡ᠃ 4. ᠨᠡᠶᠢᠭᠡᠮ ᠲᠣᠭᠤᠷᠢᠭ ᠤᠨ ᠡᠷᠡᠭᠦᠯᠵᠢᠯ ᠢ ᠪᠥᠬᠦ ᠬᠦᠴᠦᠨ ᠢᠶᠠᠷ ᠠᠬᠢᠭᠤᠯᠤᠨ᠎ᠠ᠃ ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢ ᠥᠷᠨᠢᠭᠦᠯᠵᠦ᠂ ︽ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠠᠵᠢᠯ ᠤᠨ ᠪᠠᠷᠢᠮᠵᠢᠶ᠎ᠠ︾ ︽ᠣᠶᠤᠨ ᠮᠡᠳᠡᠷᠡᠯ ᠤᠨ ᠰᠠᠭᠠᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ  ᠦᠢᠯᠡᠴᠢᠯᠡᠭᠡᠨ ᠤ ᠠᠵᠢᠯ ᠤᠨ ᠵᠢᠷᠤᠮᠵᠢᠯ︾ ᠢ ᠨᠠᠶᠢᠳᠠᠪᠤᠷᠢᠵᠢᠭᠤᠯᠤᠨ᠂ ᠨᠡᠶᠢᠭᠡᠮ ᠲᠣᠭᠤᠷᠢᠭ ᠤᠨ ᠡᠷᠡᠭᠦᠯᠵᠢᠯ ᠤᠨ ᠵᠣᠬᠢᠴᠠᠭᠤᠯᠤᠭᠴᠢ ᠶᠢᠨ ᠡᠩᠨᠡᠭᠡ ᠶᠢ ᠪᠠᠶᠢᠭᠤᠯᠵᠤ᠂ ᠲᠣᠭᠲᠠᠭᠠᠯ ᠶᠣᠰᠣᠭᠠᠷ ᠨᠡᠶᠢᠭᠡᠮ ᠲᠣᠭᠤᠷᠢᠭ ᠤᠨ ᠡᠷᠡᠭᠦᠯᠵᠢᠯ ᠤᠨ ᠵᠡᠮᠳᠡᠭᠴᠦᠳ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ  ᠦᠢᠯᠡᠴᠢᠯᠡᠭᠦ  ᠶᠢ ᠠᠬᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠪᠠᠶᠢᠳᠠᠯ ᠢ ᠦᠨᠡᠯᠡᠨ ᠵᠢᠱᠢᠵᠦ ᠪᠠᠶᠢᠴᠠᠭᠠᠬᠤ ᠶᠢ ᠴᠢᠩᠭᠠᠳᠬᠠᠨ᠂ ᠵᠡᠮᠳᠡᠭᠴᠦᠳ ᠤᠨ ᠰᠠᠨᠠᠭᠠᠴᠢᠯᠠᠭ᠎ᠠ ᠠᠴᠠ ᠪᠠᠨ᠂ ᠬᠠᠷᠢᠯᠴᠠᠨ ᠬᠠᠪᠰᠤᠷᠤᠯᠴᠠᠵᠤ ᠨᠡᠶᠢᠭᠡᠮ ᠲᠣᠭᠤᠷᠢᠭ ᠤᠨ ᠡᠬᠢ ᠪᠠᠶᠠᠯᠢᠭ᠂ ᠨᠥᠬᠦᠴᠡᠯ ᠳᠤ ᠰᠠᠭᠤᠷᠢᠯᠠᠨ᠂ ᠡᠷᠡᠭᠦᠯᠵᠢᠭᠦᠯᠬᠦ ᠪᠡᠯᠡᠳᠬᠡᠮᠵᠢ᠂ ᠡᠩᠨᠡᠭᠡ ᠶᠢ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠠᠷᠠᠭᠠᠯᠵᠠᠯ᠂ ᠠᠵᠤ  ᠦᠢᠯᠡᠳᠪᠦᠷᠢ ᠶᠢᠨ ᠡᠮᠴᠢᠯᠡᠭᠡ᠂ ᠵᠤᠭ᠎ᠠ ᠴᠡᠩᠭᠡᠯ ᠤᠨ ᠡᠮᠴᠢᠯᠡᠭᠡ᠂ ᠡᠷᠡᠭᠦᠯᠵᠢᠭᠦᠯᠭᠡ ᠶᠢᠨ ᠲᠤᠰᠠᠯᠠᠬᠤ ᠪᠠᠭᠠᠵᠢ ᠬᠡᠷᠡᠭᠰᠡᠯ ᠢ ᠲᠦᠷᠢᠶᠡᠰᠦᠯᠡᠬᠦ ᠵᠡᠷᠭᠡ ᠡᠷᠡᠭᠦᠯᠵᠢᠭᠦᠯᠬᠦ ᠳᠤ ᠳᠣᠭᠢᠷᠠᠬᠤ ᠦᠶ᠋ᠯᠡᠴᠢᠯᠡᠭᠡᠨ ᠢ ᠥᠷᠨᠢᠭᠦᠯᠦᠨ᠎ᠡ᠃ 5. ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠩᠭᠠᠨ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠲᠤᠰᠠᠯᠠᠬᠤ ᠪᠠᠭᠠᠵᠢ ᠬᠡᠷᠡᠭᠰᠡᠯ ᠤᠨ ᠵᠡᠭᠦᠨ ᠬᠡᠰᠡᠭ ᠤᠨ ᠣᠷᠣᠨ ᠪᠦᠰᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠤᠳᠤᠯᠤᠨ ᠨᠡᠭᠡᠭᠡᠬᠦ᠂  ᠦᠢᠯᠡᠳᠬᠦ᠂ ᠳᠣᠭᠢᠷᠠᠭᠤᠯᠬᠤ᠂ ᠵᠠᠯᠠᠷᠠᠭᠤᠯᠬᠤ᠂ ᠪᠣᠯᠪᠠᠰᠤᠷᠠᠭᠤᠯᠬᠤ ᠵᠡᠷᠭᠡ ᠴᠢᠳᠠᠮᠵᠢ ᠶᠢ ᠨᠢᠭᠡ ᠴᠣᠠᠠᠴᠠᠵᠢᠭᠤᠯᠥᠠᠠᠰᠠᠨ ᠲᠤᠰᠠᠯᠠᠬᠤ ᠪᠠᠭᠠᠵᠢ ᠬᠡᠷᠡᠭᠰᠡᠯ ᠤᠨ ᠵᠡᠭᠦᠨ ᠬᠡᠰᠡᠭ ᠤᠨ ᠣᠷᠣᠨ ᠪᠦᠰᠡ ᠶᠢᠨ ᠲᠥᠪ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ᠂ ᠨᠠᠷᠢᠯᠢᠭ ᠣᠨᠣᠴᠠᠲᠠᠶ ᠪᠠᠷ  ᠦᠢᠯᠡᠴᠢᠯᠡᠬᠦ᠂ ᠲᠦᠷᠢᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠵᠡᠭᠦᠨ ᠬᠡᠰᠡᠭ ᠤᠨ ᠠᠶᠢᠮᠠᠭ ᠬᠤᠲᠠ ᠶᠢᠨ ᠵᠢᠱᠢᠶ᠎ᠡ ᠦᠵᠡᠭᠦᠯᠬᠦ᠂ ᠬᠥᠲᠥᠯᠦᠨ ᠳᠠᠭᠠᠭᠤᠯᠬᠤ᠂ ᠰᠠᠴᠤᠷᠠᠭᠯᠠᠨ ᠨᠥᠯᠥᠭᠡᠯᠡᠬᠦ  ᠦᠢᠯᠡᠳᠦᠯ ᠢ ᠪᠠᠳᠠᠷᠠᠭᠤᠯᠤᠨ᠎ᠠ᠃ ᠵᠡᠮᠳᠡᠭᠴᠦᠳ ᠤᠨ ᠦᠨᠳᠦᠰᠦᠨ ᠲᠤᠰᠠᠯᠠᠬᠤ ᠪᠠᠭᠠᠵᠢ ᠬᠡᠷᠡᠭᠰᠡᠯ ᠢ  ᠳᠣᠭᠢᠷᠠᠭᠤᠯᠬᠤ ᠳᠤ ᠨᠥᠬᠦᠪᠥᠷᠢ ᠥᠭᠬᠦ ᠲᠦᠷᠢᠮ ᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠪᠥᠭᠡᠳ ᠳᠣᠭᠢᠷᠠᠬᠤ ᠦᠨᠳᠦᠰᠦᠨ ᠬᠡᠯᠪᠡᠷᠢ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ᠎ᠡ᠃ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠳᠣᠭᠢᠷᠠᠬᠤ  ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ᠂ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠩᠭᠠᠨ᠎ᠠ᠃ ᠲᠤᠰᠠᠯᠠᠬᠤ ᠪᠠᠭᠠᠵᠢ ᠬᠡᠷᠡᠭᠰᠡᠯ ᠢ ᠲᠦᠷᠢᠶᠡᠰᠦᠯᠡᠬᠦ᠂ ᠡᠭᠡᠭᠦᠯᠦᠨ ᠬᠤᠷᠢᠶᠠᠬᠤ᠂ ᠰᠡᠯᠪᠢᠨ ᠵᠠᠰᠠᠬᠤ ᠵᠡᠷᠭᠡ  ᠦᠢᠯᠡᠴᠢᠯᠡᠭᠡᠨ ᠢ ᠥᠷᠨᠢᠭᠦᠯᠵᠦ᠂ ᠦᠨᠳᠦᠰᠦᠨ ᠡᠮᠨᠡᠨ ᠵᠠᠰᠠᠬᠤ ᠴᠢᠨᠠᠷᠲᠠᠶ ᠡᠷᠡᠭᠦᠯᠵᠢᠭᠦᠯᠬᠦ ᠶᠢᠨ ᠲᠤᠰᠠᠯᠠᠬᠤ ᠪᠠᠭᠠᠵᠢ ᠬᠡᠷᠡᠭᠰᠡᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠬᠤ ᠶᠢ ᠠᠬᠢᠭᠤᠯᠤᠨ᠎ᠠ᠃ ᠡᠯ᠎ᠡ ᠱᠠᠲᠤᠨ ᠤ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠵᠢᠴᠢ ᠡᠮᠴᠢᠯᠡᠭᠡ᠂ ᠡᠷᠡᠭᠦᠯᠵᠢᠯ᠂ ᠨᠠᠰᠤᠵᠢᠯ ᠤᠨ ᠪᠠᠶᠢᠭᠤᠯᠤᠮᠵᠢ ᠪᠠ ᠵᠡᠮᠳᠡᠭᠴᠦᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠶᠢᠳᠠᠨ ᠠᠰᠠᠷᠠᠭᠤᠯᠬᠤ ᠪᠠᠶᠢᠭᠤᠯᠤᠮᠵᠢ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠤᠨ ᠳᠣᠭᠢᠷᠠᠭᠤᠯᠬᠤ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃    ︵ᠲᠦᠷᠪᠡ︶ ᠵᠡᠮᠳᠡᠭᠴᠦᠳ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠦᠨ᠎ᠡ   1.ᠵᠡᠮᠳᠡᠭᠴᠦᠳ   ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠥᠷᠢᠨᠰᠢᠬᠦᠯᠥᠨ᠎ᠡ᠃ ᠤᠯᠤᠰ ᠤᠨ ︽ᠵᠡᠮᠳᠡᠭᠴᠦᠳ ᠤᠨ ᠰᠤᠷᠭᠠᠨ ᠬᠥᠮᠦᠵᠢᠯ ᠤᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠷᠪᠠᠳᠤᠭᠠᠷ ᠬᠤᠭᠤᠴᠠᠭᠠᠨ ᠤ ︽ᠣᠨᠴᠣᠭᠤᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ︵2021 — 2035︶︾ ᠶᠢ ᠬᠡᠷᠡᠭᠵᠢᠭᠦᠯᠵᠦ᠂ ᠵᠡᠮᠳᠡᠭᠴᠦᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠪᠠᠲᠤᠯᠠᠭ᠎ᠠ ᠬᠠᠩᠭᠠᠨ᠎ᠠ᠃ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠤᠨ ᠬᠥᠮᠦᠨ ᠠᠮᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠰᠠᠶᠢᠲᠤᠷ ᠬᠢᠵᠦ᠂ ︽ᠨᠢᠭᠡ ᠬᠥᠮᠦᠨ ᠨᠢᠭᠡ ᠬᠡᠷᠡᠭ︾ ᠳᠤ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠤᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ᠵᠡᠮᠳᠡᠭ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠡᠦᠬᠡᠳ ᠤᠨ ᠡᠷᠡᠭᠦᠯᠵᠢᠯ ᠤᠨ ᠪᠦᠬᠦ ᠶᠠᠪᠤᠴᠠ ᠳᠤ ᠠᠭᠤᠰᠬᠠᠵᠤ᠂ ᠡᠮᠨᠡᠯᠭᠡ᠂ ᠡᠷᠡᠭᠦᠯᠵᠢᠯ᠂ ᠰᠤᠷᠭᠠᠨ ᠬᠥᠮᠦᠵᠢᠯ ᠤᠨ ᠠᠭᠤᠰᠤᠯᠴᠠᠯ ᠢ ᠪᠡᠶᠡᠯᠡᠭᠦᠯᠦᠨ᠎ᠡ᠃ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠪᠠ ᠪᠠᠬᠢᠵᠢᠭᠦᠯᠦᠯᠲᠡ ᠶᠢᠨ ᠨᠤᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠥᠬᠦᠴᠡᠯ ᠪᠦᠷᠢᠯᠳᠦᠭᠦᠯᠵᠦ ᠪᠠᠶᠢᠭᠠᠳ ︽ᠰᠦᠯᠵᠢᠶᠡᠨ ᠳᠡᠭᠡᠷᠡᠬᠢ ᠵᠢᠭᠠᠨ ᠰᠤᠷᠭᠠᠯᠲᠠ︾ ᠶᠢ ᠥᠷᠨᠢᠭᠦᠯᠵᠦ᠂ ᠡᠩ ᠤᠨ ᠰᠤᠷᠭᠠᠭᠤᠯᠢ ᠶᠢᠨ ᠵᠡᠮᠳᠡᠭ ᠰᠤᠷᠤᠭᠴᠢᠳ ᠤᠨ ᠠᠩᠬᠢ ᠲᠠᠭᠠᠵᠤ ᠰᠤᠷᠤᠯᠴᠠᠬᠤ ᠶᠢ ᠳᠡᠮᠵᠢᠬᠦ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠳᠠᠯᠭ᠎ᠠ ᠪᠣᠯᠭᠠᠭᠰᠠᠨ ᠵᠡᠮᠳᠡᠭᠴᠦᠳ  ‍ᠤᠨ‌ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤ ᠦᠶ᠎ᠡ ᠶᠢᠨ ᠰᠤᠷᠭᠠᠨ ᠬᠥᠮᠦᠵᠢᠯ ᠢ ᠴᠢᠩᠭᠠᠳᠬᠠᠨ᠂ ᠠᠯᠪᠠᠨ ᠵᠢᠷᠤᠮ   ᠤᠨ ᠰᠤᠷᠭᠠᠨ ᠬᠥᠮᠦᠵᠢᠯ   ᠢ ᠪᠡᠶᠡᠯᠡᠭᠦᠯᠦᠭᠰᠡᠨ   ᠤ ᠲᠠᠷᠠᠭ᠎ᠠ ᠬᠦᠰᠡᠯ ᠡᠷᠡᠮᠡᠯᠵᠡᠯ ᠲᠠᠢ ᠵᠡᠮᠳᠡᠭ ᠵᠠᠯᠠᠭᠤᠴᠤᠳ ᠪᠠᠭᠠᠴᠤᠳ   ᠤᠨ ᠲᠣᠬᠢᠷᠠᠮᠵᠢᠲᠠᠶ ᠠᠵᠢᠯ ᠮᠡᠷᠭᠡᠵᠢᠯ ᠟   ᠤᠨ ᠰᠤᠷᠭᠠᠨ ᠬᠥᠮᠦᠵᠢᠯ ᠬᠥᠷᠳᠡᠬᠦ ᠶᠢ ᠲᠡᠮᠵᠢᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠩ ᠤᠨ ᠰᠤᠷᠭᠠᠨ ᠬᠥᠮᠦᠵᠢᠯ ᠬᠥᠷᠳᠡᠬᠦ ᠴᠢᠳᠠᠪᠤᠷᠢ ᠲᠠᠢ ᠵᠡᠮᠳᠡᠭ ᠰᠤᠷᠤᠭᠴᠢᠳ ᠢ ᠡᠯᠰᠡᠬᠦ ᠶᠢ ᠵᠣᠷᠢᠭᠵᠢᠭᠤᠯᠵᠤ᠂ ᠵᠡᠮᠳᠡᠭ ᠰᠤᠷᠤᠭᠴᠢᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠬᠥᠷᠳᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠢᠷᠢ ᠬᠡᠮ ᠢ ᠭᠡᠷᠡᠴᠢᠯᠡᠬᠦ ᠲᠦᠷᠢᠮ ᠢ ᠠᠯᠬᠤᠮ ᠠᠯᠬᠤᠮ ᠢᠶᠠᠷ ᠵᠡᠮᠳᠡᠭᠴᠦᠳ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠬᠤ᠂ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠵᠢᠴᠢ ᠠᠵᠢᠯ ᠣᠯᠭᠤᠯᠲᠠ ᠶᠢᠨ ᠶᠡᠭᠡ ᠰᠤᠷᠭᠠᠭᠤᠯᠢ ᠶᠢᠨ ᠵᠡᠮᠳᠡᠭ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠡᠮᠳᠡᠭ ᠰᠤᠷᠤᠭᠴᠢᠳ ᠲᠤ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ᠂ ᠣᠨᠴᠣᠭᠤᠶ ᠰᠤᠷᠤᠯᠭ᠎ᠠ ᠶᠢᠨ ᠬᠡᠷᠡᠭᠰᠡᠯ᠂ ᠡᠷᠡᠭᠦᠯᠵᠢᠭᠦᠯᠬᠦ ᠪᠣᠯᠪᠠᠰᠤᠷᠠᠯ ᠪᠠ ᠰᠠᠭᠠᠳ ᠥᠬᠡᠶ ᠪᠠᠶᠢᠯᠭᠠᠬᠤ ᠵᠡᠷᠭᠡ ᠳᠡᠮᠵᠢᠯᠭᠡ ᠶᠢᠨ ᠦᠢᠯᠡᠴᠢᠯᠡᠭᠡ ᠬᠠᠩᠭᠠᠨ᠎ᠠ᠃ ᠵᠡᠮᠳᠡᠭᠴᠦᠳ ᠤᠨ ᠰᠤᠷᠭᠠᠨ ᠬᠥᠮᠦᠵᠢᠯ ᠬᠢᠭᠡᠳ ᠠᠯᠤᠰ ᠠᠴᠠ ᠵᠢᠭᠠᠬᠤ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠵᠡᠮᠳᠡᠭᠴᠦᠳ ᠲᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ ᠤᠨ ᠲᠠᠪᠴᠠᠩ ᠬᠠᠩᠭᠠᠨ᠎ᠠ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠦᠢᠯᠡᠰ ᠢ ᠬᠡᠷᠡᠭᠵᠢᠭᠦᠯᠵᠦ᠂ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠨ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠣᠨᠴᠠᠭᠠᠶ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠨ᠎ᠠ᠃ ᠲᠤᠬᠢᠶᠠᠨ ᠤ ᠬᠡᠯᠡ᠂ ᠰᠣᠬᠤᠷᠴᠤᠳ ᠤᠨ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠲᠤᠬᠢᠶᠠᠨ ᠤ ᠬᠡᠯᠡ ᠪᠠ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ 2. ᠵᠡᠮᠳᠡᠭᠴᠦᠳ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠶᠢᠨ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ ᠵᠡᠮᠳᠡᠭᠴᠦᠳ ᠤᠨ ᠰᠣᠶᠣᠯ ᠤᠷᠠᠯᠢᠭ ᠤᠨ ᠲᠥᠪ ᠪᠠᠶᠢᠭᠤᠯᠬᠤ ᠶᠢ ᠳᠡᠮᠵᠢᠵᠦ᠂ ᠨᠢᠭᠡ ᠪᠦᠯᠦᠭ ᠵᠡᠮᠳᠡᠭᠴᠦᠳ ᠢ ᠠᠭᠤᠰᠤᠯᠴᠠᠭᠤᠯᠤᠭᠰᠠᠨ ᠰᠣᠶᠣᠯ ᠤᠨ  ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ︵ᠥᠷᠲᠡᠭᠡ᠂ ᠴᠡᠭ︶ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠦᠨᠳᠦ ᠲᠠᠰ ᠤᠨ ᠵᠡᠮᠳᠡᠭᠴᠦᠳ ᠤᠨ ᠰᠣᠶᠣᠯ ᠤᠨ  ᠦᠢᠯᠡᠴᠢᠯᠡᠭᠡᠨ ᠢ ᠴᠢᠩᠭᠠᠳᠬᠠᠵᠤ᠂ ᠰᠣᠬᠤᠷ ᠬᠥᠮᠦᠨ᠂ ᠳᠦᠯᠡᠶ ᠬᠥᠮᠦᠨ ᠳᠤ ᠬᠠᠷᠰᠢ ᠰᠠᠭᠠᠳ ᠥᠬᠡᠶ ᠰᠣᠶᠣᠯ ᠤᠨ ᠪᠦᠲᠦᠭᠡᠭᠳᠡᠬᠦᠨ ᠢ ᠬᠠᠩᠭᠠᠨ᠎ᠠ᠃ ᠲᠧᠯᠸᠢᠰ ᠬᠤᠷᠢᠶ᠎ᠠ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠰᠦᠯᠵᠢᠶᠡᠨ ᠤ ᠦᠵᠡᠵᠦ ᠰᠣᠨᠣᠰᠬᠤ ᠵᠠᠭᠤᠴᠢᠯᠠᠭᠤᠷ ᠪᠠ ᠬᠠᠮ ᠵᠠᠭᠤᠴᠢᠯᠠᠭᠤᠷ ᠤᠨ ᠲᠥᠪ ᠤᠨ ᠵᠡᠮᠳᠡᠭᠴᠦᠳ ᠤᠨ ᠲᠤᠰᠬᠠᠶ ᠰᠡᠳᠦᠪᠲᠦ ᠫᠷᠤᠭ᠍ᠷᠠᠮ ᠨᠡᠭᠡᠭᠡᠬᠦ ᠶᠢ ᠵᠣᠷᠢᠭᠵᠢᠭᠤᠯᠵᠤ᠂ ᠠᠶᠢᠮᠠᠭ ᠤᠨ ᠱᠠᠲᠤ ᠵᠢᠴᠢ ᠬᠤᠰᠢᠭᠤ ᠰᠢᠶᠠᠨ ᠬᠤᠲᠠ ᠶᠢᠨ ᠱᠠᠲᠤᠨ ᠤ ᠷᠠᠳᠢᠣ᠋ ᠲᠧᠯᠸᠢᠰ ᠤᠨ ᠤᠯᠤᠰ ᠤᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠪᠤᠶᠤ ᠲᠤᠬᠠᠶ ᠶᠢᠨ ᠴᠠᠭ ᠤᠨ ᠳᠡᠯᠭᠡᠴᠡ ᠶᠢᠨ ᠪᠤᠯᠤᠩ ᠨᠡᠪᠲᠡᠷᠡᠭᠦᠯᠬᠦ ᠶᠢ ᠳᠡᠮᠵᠢᠵᠦ᠂ ᠭᠤᠤᠯᠳᠠᠯᠭ᠎ᠠ ᠲᠠᠢ ᠰᠣᠨᠢᠨ ᠮᠡᠳᠡᠭᠡᠨ ᠤ ᠫᠷᠤᠭ᠍ᠷᠠᠮ ᠤᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠶᠢ ᠵᠡᠷᠭᠡᠪᠡᠷ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠣᠨᠴᠠᠭᠠᠶ ᠤᠷᠠᠯᠢᠭ ᠢ ᠬᠥᠭᠵᠢᠭᠦᠯᠵᠦ᠂ ᠵᠡᠮᠳᠡᠭᠴᠦᠳ ᠤᠨ ᠰᠣᠶᠣᠯ ᠤᠷᠠᠯᠢᠭ ᠤᠨ ᠵᠣᠬᠢᠶᠠᠨ ᠪᠦᠲᠦᠭᠡᠬᠦ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠳᠤ ᠣᠷᠣᠯᠴᠠᠬᠤ ᠶᠢ ᠵᠣᠷᠢᠭᠵᠢᠭᠤᠯᠵᠤ᠂ ᠨᠢᠭᠡ ᠪᠦᠯᠦᠭ ᠵᠡᠮᠳᠡᠭᠴᠦᠳ ᠤᠨ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢᠨ ᠭᠠᠵᠠᠷ᠂ ᠣᠨᠴᠠᠭᠠᠶ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠢ ᠲᠡᠳᠬᠦᠨ ᠪᠠᠶᠢᠭᠤᠯᠵᠤ᠂ ᠵᠡᠮᠳᠡᠭᠴᠦᠳ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠲᠠᠷᠬᠠᠨ᠂ ᠵᠡᠮᠳᠡᠭᠴᠦᠳ ᠤᠨ ᠣᠨᠴᠠᠭᠠᠶ ᠤᠷᠠᠯᠢᠭ ᠤᠨ ᠴᠢᠳᠠᠪᠤᠷᠢᠲᠠᠨ ᠪᠠ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠤᠢ ᠪᠣᠯᠭᠠᠨ᠎ᠠ᠃ ᠡᠯ᠎ᠡ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠪᠠ ᠵᠡᠮᠳᠡᠭᠴᠦᠳ ᠤᠨ ᠶᠡᠷᠦᠩᠬᠡᠶᠢᠯᠡᠭᠰᠡᠨ  ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ ᠵᠡᠮᠳᠡᠭᠴᠦᠳ ᠲᠤ ᠥᠪᠡᠷᠮᠢᠴᠡ᠂ ᠵᠦᠷᠢᠶᠡᠴᠢᠯᠡᠭᠰᠡᠨ ᠰᠣᠶᠣᠯ ᠤᠨ  ᠦᠢᠯᠡᠴᠢᠯᠡᠭᠡᠨ ᠬᠠᠩᠭᠠᠵᠤ᠂ ᠬᠤᠲᠠ ᠶᠢᠨ ᠴᠡᠴᠡᠷᠯᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠵᠡᠮᠳᠡᠭᠴᠦᠳ ᠲᠤ ᠰᠦᠢᠳᠭᠡᠯ ᠬᠤᠷᠢᠶᠠᠬᠤ ᠥᠬᠡᠶ ᠪᠠᠷ ᠪᠤᠶᠤ ᠳᠣᠤᠷ᠎ᠠ ᠰᠦᠢᠳᠭᠡᠯ ᠢᠶᠠᠷ ᠴᠢᠯᠥᠭᠡᠲᠡᠶ ᠨᠡᠭᠡᠭᠡᠬᠦ ᠶᠢ ᠵᠣᠷᠢᠭᠵᠢᠭᠤᠯᠤᠨ᠎ᠠ᠃ ᠠᠶᠢᠮᠠᠭ ᠤᠨ ᠳᠡᠰ ᠤᠨ ᠪᠠ ᠬᠤᠰᠢᠭᠤ ᠰᠢᠶᠠᠨ ᠬᠤᠲᠠ ᠶᠢᠨ ᠳᠡᠰ ᠤᠨ ᠣᠯᠠᠨ ᠨᠡᠶᠢᠲᠡ ᠶᠢᠨ ᠨᠣᠮ ᠤᠨ ᠰᠠᠩ ᠤᠨ ᠰᠣᠬᠤᠷᠴᠤᠳ ᠤᠨ ᠤᠩᠰᠢᠯᠭ᠎ᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ ᠣᠯᠠᠨ ᠲᠦᠮᠡᠨ ᠤ ᠰᠣᠶᠣᠯ ᠤᠨ ᠠᠵᠢᠯᠯᠠᠭᠠᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠮᠳᠡᠭᠴᠦᠳ ᠤᠨ ᠣᠯᠠᠨ ᠲᠦᠮᠡᠨᠴᠢ ᠴᠢᠨᠠᠷᠲᠠᠶ ᠰᠣᠶᠣᠯ ᠤᠷᠠᠯᠢᠭ ᠤᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠵᠡᠮᠳᠡᠭᠴᠦᠳ ᠤᠨ ᠬᠡᠷ ᠪᠦᠯᠢ ᠳᠤ ᠣᠷᠣᠭᠤᠯᠬᠤ ︽ᠲᠠᠪᠤᠨ ᠨᠢᠭᠡ︾ ᠶᠢᠨ ᠰᠣᠶᠣᠯ ᠤᠨ ᠲᠥᠷᠥᠯ ᠵᠦᠢᠯ ᠢ ᠢᠳᠡᠪᠬᠢᠲᠡᠶ ᠬᠡᠷᠡᠭᠵᠢᠭᠦᠯᠦᠨ᠂ ᠪᠥᠬᠦ ᠠᠶᠢᠮᠠᠭ ᠤᠨ ᠵᠡᠮᠳᠡᠭᠴᠦᠳ ᠤᠨ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠢ ᠡᠷᠭᠢᠯᠡᠵᠦ᠂ ᠪᠥᠬᠦ ᠣᠷᠣᠨ ᠤ ᠵᠡᠮᠳᠡᠭᠴᠦᠳ ᠤᠨ ᠰᠣᠶᠣᠯ ᠤᠷᠠᠯᠢᠭ ᠤᠨ ᠨᠠᠶᠢᠷ ᠲᠤ ᠣᠷᠣᠯᠴᠠᠬᠤ ᠶᠢ ᠵᠣᠬᠢᠶᠠᠨ ᠪᠠᠶᠢᠭᠤᠯᠤᠨ᠎ᠠ᠃ 3. ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠥᠬᠦ ᠲᠠᠯ᠎ᠠ ᠶᠢᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ᠂ ᠵᠡᠮᠳᠡᠭᠴᠦᠳ ᠤᠨ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠶᠢᠨ ᠵᠢᠱᠢᠶ᠎ᠡ ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠠᠵᠢᠯᠯᠠᠭ᠎ᠠ ᠪᠠ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠬᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠲᠥᠯᠥᠪᠯᠡᠭᠡ ᠶᠢ ᠬᠡᠷᠡᠭᠵᠢᠭᠦᠯᠵᠦ᠂ ᠵᠡᠮᠳᠡᠭᠴᠦᠳ ᠢ ᠭᠤᠤᠯᠳᠠᠯᠭ᠎ᠠ ᠲᠠᠢ ᠬᠥᠮᠦᠰ ᠤᠨ ᠬᠤᠪᠢ ᠪᠠᠷ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ  ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠤᠨ᠂ ᠵᠡᠮᠳᠡᠭᠴᠦᠳ ᠢ ᠵᠣᠬᠢᠶᠠᠨ ᠪᠠᠶᠢᠭᠤᠯᠤᠨ ᠡᠯ᠎ᠡ ᠱᠠᠲᠤᠨ ᠤ ᠡᠯ᠎ᠡ ᠲᠥᠷᠥᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠢᠭᠠᠨ ᠵᠢᠯᠣᠭᠤᠳᠣᠭᠴᠢ ᠶᠢ ᠬᠥᠮᠦᠵᠢᠭᠦᠯᠦᠨ᠂ ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠬᠦᠨᠳᠦ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠬᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠰᠢᠯᠢᠳᠡᠭ ᠵᠡᠮᠳᠡᠭ ᠲᠠᠮᠢᠷᠴᠢᠳ ᠢ ᠰᠢᠯᠢᠨ ᠰᠣᠩᠭᠤᠬᠤ ᠪᠠ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠣᠯᠠᠨ ᠤᠯᠤᠰ᠂ ᠤᠯᠤᠰ ᠤᠨ ᠳᠣᠲᠣᠭᠠᠳᠤ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠶᠢ ᠱᠠᠩᠨᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠣᠭᠤᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠡᠯᠡᠳᠬᠡᠯ ᠬᠢᠵᠦ᠂ ᠵᠡᠮᠳᠡᠭᠴᠦᠳ ᠤᠨ ᠤᠷᠤᠯᠳᠤᠭᠠᠨ ᠤ ᠪᠡᠶ᠎ᠡ ᠶᠢᠨ ︽ᠵᠡᠮᠳᠡᠭᠴᠦᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠤᠯᠠᠷᠢᠯ︾ ︽ᠵᠡᠮᠳᠡᠭᠴᠦᠳ ᠤᠨ ᠪᠡᠶ᠎ᠡ ᠴᠢᠭᠢᠷᠠᠭᠵᠢᠭᠤᠯᠬᠤ ᠭᠠᠷᠠᠭ︾ ︽ᠣᠨᠴᠠᠭᠠᠶ ᠣᠯᠢᠮᠫᠢᠺ ᠤᠨ ᠡᠳᠦᠷ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠤᠨ ᠣᠯᠠᠨ ᠲᠦᠮᠡᠨᠴᠢ ᠪᠡᠶ᠎ᠡ ᠶᠢᠨ ᠲᠠᠮᠢᠷ ᠢ ᠬᠥᠭᠵᠢᠭᠦᠯᠬᠦ ᠪᠠ ᠬᠥᠭᠵᠢᠶᠡᠨᠲᠡᠶ ᠪᠣᠯᠭᠠᠵᠤ᠂ ᠵᠡᠮᠳᠡᠭᠴᠦᠳ ᠤᠨ ᠤᠷᠤᠯᠳᠤᠭᠠᠨ ᠤ ᠪᠡᠶ᠎ᠡ ᠶᠢᠨ ᠲᠠᠮᠢᠷ᠂ ᠣᠯᠠᠨ ᠲᠦᠮᠡᠨᠴᠢ ᠪᠡᠶ᠎ᠡ ᠶᠢᠨ ᠲᠠᠮᠢᠷ᠂ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠤᠨ᠎ᠠ᠃    ︵ᠲᠠᠪᠤ︶ ᠬᠠᠤᠯᠢ ᠪᠠᠷ ᠵᠠᠰᠠᠬᠤ ᠪᠠ ᠬᠠᠷᠰᠢ ᠰᠠᠭᠠᠳ ᠦᠭᠡᠢ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠵᠡᠮᠳᠡᠭᠴᠦᠳ ᠤᠨ ᠡᠷᠬᠡ ᠠᠰᠢᠭ ᠢ ᠦᠨᠡᠨ ᠬᠦ ᠪᠠᠲᠤᠯᠠᠨ᠎ᠠ 1. ᠵᠡᠮᠳᠡᠭᠴᠦᠳ ᠤᠨ ᠦᠢᠯᠡᠰ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠤᠬᠠᠶ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠭᠦᠨᠵᠡᠭᠡᠶ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠲᠦᠯᠬᠢᠨ ᠠᠬᠢᠭᠤᠯᠤᠨ᠎ᠠ᠃ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠬᠢᠩᠭᠠᠨ ᠠᠶᠢᠮᠠᠭ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠭᠤᠤᠯᠳᠠᠯᠭ᠎ᠠ ᠲᠠᠢ ᠡᠭᠦᠷᠭᠡ ᠳᠤ ᠣᠷᠣᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠠᠮ ᠵᠠᠭᠤᠴᠢᠯᠠᠭᠤᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠵᠡᠮᠳᠡᠭᠴᠦᠳ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠨᠡᠩ ᠤᠯᠠᠨ ᠵᠡᠮᠳᠡᠭᠴᠦᠳ᠂ ᠵᠡᠮᠳᠡᠭᠴᠦᠳ ᠤᠨ ᠲᠦᠷᠦᠯ ᠰᠠᠳᠤᠨ ᠨᠠᠶᠢᠵᠠ ᠨᠥᠬᠦᠳ ᠪᠠ ᠵᠡᠮᠳᠡᠭᠴᠦᠳ ᠤᠨ ᠠᠵᠢᠯᠳᠠᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠳᠤ ᠣᠷᠣᠬᠤ ᠶᠢ ᠲᠡᠮᠵᠢᠵᠤ᠂ ᠵᠡᠮᠳᠡᠭᠴᠦᠳ ᠪᠠ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠣᠷᠣᠯᠴᠠᠬᠤ᠂ ᠠᠷᠠᠳᠴᠢᠯᠠᠯ ᠢᠶᠠᠷ ᠵᠥᠪᠳᠡᠯᠴᠡᠬᠦ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠵᠦ᠂ ᠵᠡᠮᠳᠡᠭᠴᠦᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠦᠲᠦᠮᠵᠢᠲᠡᠶ ᠪᠠᠲᠤᠯᠠᠨ᠎ᠠ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠬᠠᠮᠵᠢᠯᠴᠠᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠪᠠᠶᠢᠴᠠᠭᠠᠨ ᠦᠵᠡᠬᠦ ᠪᠠ ᠪᠠᠶᠢᠴᠠᠭᠠᠨ ᠵᠡᠮᠳᠡᠭᠴᠦᠳ ᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠭᠡᠨ ᠤ ᠭᠤᠤᠯᠳᠠᠯᠭ᠎ᠠ ᠲᠠᠢ ᠡᠲᠡᠭᠡᠳ ᠪᠣᠯᠭᠠᠵᠤ᠂ ᠵᠡᠮᠳᠡᠭᠴᠦᠳ ᠲᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠢᠯᠡ ᠠᠵᠢᠯᠯᠠᠭ᠎ᠠ ᠶᠢ ᠥᠷᠨᠢᠭᠦᠯᠵᠦ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠵᠡᠮᠳᠡᠭᠴᠦᠳ ᠲᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠶᠠᠰᠤ ᠴᠢᠨᠠᠷ ᠢ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠬᠠᠤᠯᠢᠴᠢ ᠶᠢᠨ ᠡᠩᠨᠡᠭᠡ ᠶᠢ ᠥᠷᠭᠡᠳᠬᠡᠨ᠂ ᠵᠡᠮᠳᠡᠭᠴᠦᠳ ᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠢᠮᠠᠭ ᠪᠣᠯᠤᠨ ᠬᠤᠰᠢᠭᠤ ᠰᠢᠶᠠᠨ ᠬᠤᠲᠠ ᠶᠢᠨ ᠵᠡᠮᠳᠡᠭᠴᠦᠳ ᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠥᠷᠲᠡᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠂ ᠵᠡᠮᠳᠡᠭᠴᠦᠳ ᠢ ᠬᠠᠪᠰᠤᠷᠤᠨ ᠴᠠᠭ ᠲᠤᠬᠠᠶ ᠳᠤᠨᠢ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ  ᠦᠢᠯᠡᠴᠢᠯᠡᠭᠡ ᠪᠠ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠬᠦᠷᠲᠡᠭᠡᠵᠦ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠵᠡᠮᠳᠡᠭᠴᠦᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠶᠣᠰᠣᠭᠠᠷ ᠴᠢᠩᠭᠠᠳᠬᠠᠵᠤ᠂ ᠵᠡᠮᠳᠡᠭᠴᠦᠳ ᠤᠨ ︽ᠤᠷᠢᠨ ᠰᠤᠷᠪᠤᠯᠵᠢᠯᠠᠬᠤ · ᠬᠢᠴᠢᠶᠡᠨ ᠰᠣᠨᠣᠰᠬᠤ︾᠂  ᠡᠷᠬᠢᠨ ᠦᠵᠡᠬᠦ᠂ ᠤᠳᠤᠷᠢᠳᠬᠤ ᠺᠠᠳ᠋ᠷᠴᠤᠳ ᠤᠨ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠭ᠎ᠠ ᠶᠢ ᠭᠥᠯᠢᠶᠡᠨ ᠠᠪᠬᠤ ᠲᠦᠷᠢᠮ ᠢ ᠪᠠᠶᠢᠭᠤᠯᠵᠤ᠂ 12345 ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠠᠭᠠᠳ ᠥᠬᠡᠶ ᠨᠡᠪᠲᠡᠷᠡᠭᠦᠯᠵᠦ᠂ ᠵᠡᠮᠳᠡᠭᠴᠦᠳ ᠤᠨ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ  ᠰᠢᠢᠳᠪᠦᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠨ᠎ᠡ᠃ 2. ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ︽ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠷᠭ᠎ᠠ︾ ᠶᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠬᠠᠷᠰᠢ ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠪᠠᠶᠢᠭᠤᠯᠤᠯᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠬᠤᠲᠠ ᠶᠢᠨ ᠰᠢᠨᠡᠴᠢᠯᠡᠯᠲᠡ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ᠂ ᠨᠡᠶᠢᠭᠡᠮ ᠲᠣᠭᠤᠷᠢᠭ ᠵᠡᠷᠭᠡ ᠲᠠᠯᠠᠪᠤᠷ ᠭᠠᠵᠠᠷ ᠤᠨ ᠰᠠᠭᠠᠳ ᠥᠬᠡᠶ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠠᠭᠠᠳ ᠥᠬᠡᠶ ᠣᠯᠠᠨ ᠨᠡᠶᠢᠲᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠠᠳ ᠥᠬᠡᠶ ᠲᠥᠬᠦᠭᠡᠷᠦᠮᠵᠢ ᠶᠢ ᠠᠯᠬᠤᠮ ᠠᠯᠬᠤᠮ ᠢᠶᠠᠷ ᠳᠣᠭᠢᠷᠠᠭᠤᠯᠵᠤ᠂ ᠣᠯᠠᠨ ᠨᠡᠶᠢᠲᠡ ᠶᠢᠨ ᠲᠡᠷᠭᠡ ᠵᠣᠭᠰᠣᠭᠠᠬᠤ ᠲᠣᠭᠤᠷᠢᠭ ᠲᠤ ᠲᠣᠭᠲᠠᠭᠠᠯ ᠶᠣᠰᠣᠭᠠᠷ ᠰᠠᠭᠠᠳ ᠥᠬᠡᠶ ᠲᠡᠷᠭᠡ ᠵᠣᠭᠰᠣᠭᠠᠬᠤ ᠪᠠᠶᠢᠷᠢ ᠭᠠᠷᠭᠠᠨ᠎ᠠ᠃ ᠰᠠᠭᠠᠳ ᠥᠬᠡᠶ ᠪᠡᠯᠡᠳᠬᠡᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠪᠠ ᠬᠢᠨᠠᠯᠲᠠ ᠲᠠᠯᠪᠢᠵᠤ ᠬᠡᠷᠡᠭᠯᠡᠬᠦ ᠶᠢ ᠴᠢᠩᠭᠠᠳᠬᠠᠵᠤ᠂ ᠵᠡᠮᠳᠡᠭᠴᠦᠳ ᠤᠨ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠳᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠠᠶᠢᠵᠢᠷᠠᠭᠤᠯᠤᠨ᠂ ᠵᠡᠮᠳᠡᠭᠴᠦᠳ᠂ ᠨᠠᠰᠤᠲᠠᠶᠢᠴᠤᠳ ᠵᠡᠷᠭᠡ ᠬᠥᠮᠦᠰ ᠤᠨ ᠵᠠᠮ ᠨᠡᠪᠲᠡᠷᠡᠯᠭᠡ ᠶᠢᠨ ᠠᠮᠤᠷ ᠲᠦᠪᠰᠢᠨ ᠪᠠ ᠬᠡᠷᠡᠭᠯᠡᠬᠦ ᠳᠤ ᠲᠥᠬᠦᠮ ᠦᠵᠡᠭᠦᠯᠬᠦ ᠶᠢ ᠪᠠᠲᠤᠯᠠᠨ᠎ᠠ᠃ ᠶᠠᠳᠠᠭᠤ ᠬᠦᠴᠢᠷᠳᠡᠯᠲᠡᠶ ᠬᠦᠨᠳᠦ ᠳᠡᠰ ᠤᠨ ᠵᠡᠮᠳᠡᠭᠴᠦᠳ ᠤᠨ ᠬᠡᠷ ᠪᠦᠯᠢ ᠶᠢᠨ ᠬᠠᠷᠰᠢ ᠰᠠᠭᠠᠳ ᠥᠬᠡᠶ ᠶᠢᠨ ᠥᠭᠡᠷᠡᠴᠢᠯᠡᠯᠲᠡ ᠪᠠ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢᠨ ᠠᠵᠢᠯ ᠤᠨ ᠡᠷᠴᠢᠮ ᠢ ᠴᠢᠩᠭᠠᠷᠠᠭᠤᠯᠵᠤ᠂ ᠬᠦᠴᠢᠷᠳᠡᠯᠲᠡᠶ ᠬᠦᠨᠳᠦ ᠳᠡᠰ ᠤᠨ ᠵᠡᠮᠳᠡᠭᠴᠦᠳ ᠪᠠ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠶᠢᠴᠤᠳ ᠲᠤ ᠨᠠᠩ ᠲᠠᠭᠠᠯᠠᠮᠵᠢᠲᠠᠶ᠂ ᠳᠥᠭᠦᠮ ᠳᠥᠲᠡ ᠬᠡᠷ ᠪᠦᠯᠢ ᠶᠢᠨ ᠬᠠᠷᠰᠢ ᠰᠠᠭᠠᠳ ᠥᠬᠡᠶ ᠣᠷᠴᠢᠨ ᠲᠣᠭᠤᠷᠢᠨ ᠢ ᠬᠠᠩᠭᠠᠨ᠎ᠠ᠃ ᠡᠯ᠎ᠡ ᠱᠠᠲᠤᠨ ᠤ ᠰᠠᠭᠠᠳ ᠥᠬᠡᠶ ᠥᠩᠭᠡᠷᠡᠭᠡᠯᠲᠡ ᠶᠢ ᠠᠬᠢᠭᠤᠯᠬᠤ ᠡᠩᠨᠡᠭᠡ ᠶᠢ ᠪᠦᠷᠢᠨᠰᠢᠬᠦᠯᠵᠦ᠂ ᠨᠡᠶᠢᠭᠡᠮ ᠤᠨ ᠬᠦᠴᠦᠨ ᠤ ᠰᠠᠭᠠᠳ ᠥᠬᠡᠶ ᠣᠷᠴᠢᠨ ᠲᠣᠭᠤᠷᠢᠨ ᠢ ᠣᠶᠢᠯᠠᠭᠠᠬᠤ ᠪᠠ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠬᠠᠷᠰᠢ ᠰᠠᠭᠠᠳ ᠦᠭᠡᠢ ᠣᠷᠴᠢᠨ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠥᠷᠨᠢᠭᠦᠯᠬᠦ ᠶᠢ ᠲᠡᠮᠵᠢᠪᠡ᠃ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠬᠤᠲᠠ ᠰᠢᠶᠠᠨ ᠤ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠤᠰᠢᠭᠤ ᠰᠢᠶᠠᠨ ᠬᠤᠲᠠ ᠶᠢ ᠴᠥᠮ ᠬᠠᠷᠰᠢ ᠰᠠᠭᠠᠳ ᠥᠬᠡᠶ ᠬᠤᠲᠠ ᠰᠢᠶᠠᠨ ᠤ ᠡᠩᠨᠡᠭᠡᠨ ᠳᠤ ᠣᠷᠣᠭᠤᠯᠬᠤ ᠶᠢ ᠠᠬᠢᠭᠤᠯᠤᠨ᠎ᠠ ᠃ ᠤᠯᠠᠮᠵᠢᠯᠠᠯᠲᠤ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠡᠯᠡᠳᠬᠡᠮᠵᠢ ᠲᠥᠬᠦᠭᠡᠷᠦᠮᠵᠢ ᠶᠢ ᠲᠣᠭᠠᠴᠢᠯᠠᠬᠤ ᠪᠠ ᠤᠶᠤᠨᠴᠢᠯᠠᠨ ᠲᠠᠰ ᠳᠡᠪᠰᠢᠭᠦᠯᠬᠦ ᠶᠢ ᠠᠬᠢᠭᠤᠯᠤᠨ᠎ᠠ᠃ 3. ᠬᠠᠷᠰᠢ ᠰᠠᠭᠠᠳ ᠥᠬᠡᠶ ᠮᠡᠳᠡᠭᠡ ᠵᠠᠩᠭᠢᠵᠢᠯᠲᠠ ᠶᠢᠨ ᠣᠷᠴᠢᠨ ᠲᠣᠭᠤᠷᠢᠨ ᠢ ᠠᠬᠢᠭᠤᠯᠤᠨ᠎ᠠ᠃ ᠬᠠᠷᠰᠢ ᠰᠠᠭᠠᠳ ᠥᠬᠡᠶ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ ᠨᠡᠶᠢᠭᠡᠮ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠳᠤ ᠣᠷᠣᠭᠤᠯᠵᠤ᠂ ᠠᠶᠢᠮᠠᠭ ᠪᠣᠯᠤᠨ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ ᠵᠢᠴᠢ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠳᠤ ᠬᠠᠷᠰᠢ ᠰᠠᠭᠠᠳ ᠥᠬᠡᠶ ᠰᠦᠯᠵᠢᠶᠡᠨ ᠤ ᠥᠷᠲᠡᠭᠡ ᠶᠢᠨ ᠵᠢᠷᠤᠭᠯᠠᠨ ᠲᠥᠯᠥᠪᠯᠡᠬᠦ ᠪᠠᠷᠢᠮᠵᠢᠶ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠡ ᠶᠢᠨ ᠰᠦᠯᠵᠢᠶᠡᠨ ᠥᠷᠲᠡᠭᠡ ᠳᠤ ᠰᠠᠭᠠᠳ ᠥᠬᠡᠶ ᠭᠦᠶᠦᠯᠭᠡᠨ ᠦᠵᠡᠬᠦ ᠪᠠᠭᠠᠵᠢ ᠨᠡᠮᠡᠬᠦ ᠶᠢ ᠵᠣᠷᠢᠭᠵᠢᠭᠤᠯᠤᠨ ᠳᠡᠮᠵᠢᠵᠦ᠂ ᠪᠥᠬᠦ ᠠᠶᠢᠮᠠᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠲᠠᠯᠠᠪᠤᠷ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠠᠴᠠ ᠵᠡᠮᠳᠡᠭᠴᠦᠳ ᠲᠤ ᠠᠪᠢᠶ᠎ᠠ᠂ ᠥᠰᠥᠭ ᠪᠢᠴᠢᠭ ᠤᠨ ᠰᠠᠨᠠᠭᠤᠯᠤᠮᠵᠢ ᠪᠠ ᠳᠣᠬᠢᠶᠠᠨ ᠤ ᠬᠡᠯᠡ᠂ ᠰᠣᠬᠤᠷᠴᠤᠳ ᠤᠨ ᠥᠰᠥᠭ ᠵᠡᠷᠭᠡ ᠮᠡᠳᠡᠭᠡ ᠵᠠᠩᠭᠢ ᠶᠢᠨ ᠰᠣᠯᠢᠯᠴᠠᠭᠠᠨ ᠤ ᠰᠠᠭᠠᠳ ᠥᠬᠡᠶ  ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠰᠢᠯᠵᠢᠮᠡᠯ ᠬᠤᠯᠪᠣᠭ᠎ᠠ᠂ ᠬᠠᠮᠲᠤᠷᠠᠭᠰᠠᠨ ᠬᠤᠯᠪᠣᠭ᠎ᠠ᠂ ᠴᠠᠬᠢᠯᠭᠠᠨ ᠬᠤᠯᠪᠣᠭ᠎ᠠ ᠶᠢᠨ ᠡᠵᠡᠩᠨᠡᠯᠲᠡ ᠶᠢᠨ ᠬᠤᠳᠠᠯᠳᠤᠭᠠᠴᠢᠨ ᠤ ᠵᠡᠮᠳᠡᠭᠴᠦᠳ ᠲᠤ ᠠᠰᠢᠭ ᠬᠦᠷᠲᠡᠭᠡᠬᠦ ᠴᠠᠬᠢᠯᠭᠠᠨ ᠬᠤᠯᠪᠣᠭ᠎ᠠ ᠶᠢᠨ ᠵᠠᠷᠤᠳᠠᠯ᠂ ᠡᠯᠧᠺᠲᠷᠣᠨ ᠬᠡᠪᠯᠡᠯ ᠤᠨ ᠲᠣᠮᠣ ᠥᠰᠥᠭ ᠤᠨ ᠲᠠᠩᠰᠠ᠂ ᠠᠪᠢᠶᠠᠨ ᠤ ᠲᠠᠩᠰᠠ ᠵᠡᠷᠭᠡ  ᠦᠢᠯᠡᠴᠢᠯᠡᠭᠡ ᠬᠠᠩᠭᠠᠬᠤ ᠶᠢ ᠠᠬᠢᠭᠤᠯᠤᠨ᠎ᠠ᠃ ᠢᠳᠡᠭᠡᠨ ᠪᠠ ᠡᠮ ᠤᠨ  ᠵᠦᠢᠯ ᠤᠨ ᠮᠡᠳᠡᠭᠡ ᠵᠠᠩᠭᠢ ᠶᠢ ᠢᠯᠭᠠᠨ ᠲᠠᠨᠢᠬᠤ ᠳᠤ ᠬᠠᠷᠰᠢ ᠰᠠᠭᠠᠳ ᠥᠬᠡᠶ ᠪᠠᠶᠢᠬᠤ ᠪᠠ ᠬᠠᠷᠰᠢ ᠰᠠᠭᠠᠳ ᠥᠬᠡᠶ ᠭᠠᠵᠠᠷ ᠤᠨ ᠵᠢᠷᠤᠭ ᠤᠨ ᠬᠡᠷᠡᠭᠯᠡᠯᠲᠡ ᠶᠢᠨ ᠬᠠᠮᠢᠶ᠎ᠠ ᠪᠥᠬᠦᠶ ᠠᠵᠢᠯ ᠢ ᠳᠥᠯᠭᠢᠨ ᠠᠬᠢᠭᠤᠯᠵᠤ᠂ ᠬᠤᠲᠠ ᠶᠢᠨ ᠭᠤᠤᠯ ᠵᠠᠮ᠂ ᠭᠤᠤᠯ ᠬᠤᠳᠠᠯᠳᠤᠭᠠᠨ ᠤ ᠲᠣᠭᠤᠷᠢᠭ ᠪᠠ ᠲᠣᠮᠣ ᠬᠡᠯᠪᠡᠷᠢ ᠶᠢᠨ ᠣᠷᠣᠨ ᠰᠠᠭᠤᠴᠠ ᠶᠢᠨ ᠲᠣᠭᠤᠷᠢᠭ ᠤᠨ ᠶᠠᠪᠠᠭᠠᠨ ᠬᠥᠮᠦᠨ ᠤ ᠨᠡᠪᠲᠡᠷᠡᠬᠦ ᠵᠠᠮ ᠤᠨ ᠳᠣᠬᠢᠶᠠᠨ ᠳ᠋ᠧᠩ ᠳᠤ ᠵᠡᠭᠡᠯᠢ ᠥᠩᠭᠡᠷᠡᠬᠦ ᠲᠠᠭᠤ ᠴᠢᠮᠡᠭᠡᠨ ᠤ ᠰᠠᠨᠠᠭᠤᠯᠤᠮᠵᠢ ᠶᠢᠨ ᠲᠥᠬᠦᠭᠡᠷᠦᠮᠵᠢ ᠳᠣᠭᠢᠷᠠᠭᠤᠯᠤᠨ᠎ᠠ᠃    ︵ᠵᠢᠷᠭᠤᠭ᠎ᠠ︶ ᠪᠥᠬᠦ ᠬᠦᠷᠢᠶᠡᠨ ᠳᠠᠬᠢ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ ᠰᠠᠶᠢᠵᠢᠷᠠᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ 1. ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠶᠢᠮᠠᠭ᠂ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ︾ ᠳᠥᠷᠪᠡᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢ ᠪᠣᠶ ᠪᠣᠯᠭᠠᠨ᠎ᠠ᠃ ᠠᠶᠢᠮᠠᠭ ᠪᠠ ᠬᠤᠰᠢᠭᠤ ᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠪᠠᠭ ᠤᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠵᠡᠮᠳᠡᠭᠴᠦᠳ ᠤᠨ ᠠᠵᠢᠯ ᠤᠨ ᠵᠥᠪᠯᠡᠯ ᠤᠨ ᠴᠢᠬᠤᠯᠠ ᠪᠦᠷᠢᠯᠳᠦᠬᠦᠨ ᠨᠢᠭᠡᠴᠢ ᠶᠢᠨ ᠺᠠᠳ᠋ᠷ ᠤᠨ ᠲᠤᠰᠢᠶᠠᠯ ᠬᠠᠪᠰᠤᠷᠭᠠᠬᠤ᠂ ᠵᠡᠮᠳᠡᠭᠴᠦᠳ ᠤᠨ ᠬᠤᠯᠪᠣᠭ᠎ᠠ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠭᠦᠯᠬᠦ ᠶᠢ ᠵᠢᠷᠤᠮᠵᠢᠭᠤᠯᠤᠨ᠎ᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠵᠠᠭᠪᠤᠷ ᠪᠠ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠶ︔ ᠪᠦᠬᠦᠨ ᠢ ᠬᠠᠮᠤᠷᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠨᠡᠶᠢᠭᠡᠮᠯᠢᠭ ᠤᠨ ᠭᠡᠰᠢᠭᠦᠨ ᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ︶ ᠤ ᠵᠥᠪᠯᠡᠯ ᠤᠨ ᠪᠠᠭ ᠤᠨ ᠪᠦᠷᠢᠯᠳᠦᠬᠦᠨ ᠢᠶᠠᠷ ᠡᠭᠦᠷᠭᠡᠯᠡᠭᠦᠯᠬᠦ ᠲᠣᠭᠲᠠᠭᠠᠯ ᠢ ᠨᠠᠶᠢᠳᠠᠪᠤᠷᠢᠵᠢᠭᠤᠯᠤᠨ᠎ᠠ︔ ᠡᠯ᠎ᠡ ᠱᠠᠲᠤᠨ ᠤ ᠡᠯ᠎ᠡ ᠲᠥᠷᠥᠯ ᠤᠨ ᠵᠡᠮᠳᠡᠭᠴᠦᠳ ᠤᠨ ᠲᠤᠰᠬᠠᠶ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠲᠥᠯᠥᠭᠡᠯᠡᠬᠦ᠂  ᠦᠢᠯᠡᠴᠢᠯᠡᠬᠦ᠂ ᠡᠷᠬᠡ ᠪᠠᠨ ᠬᠠᠮᠠᠭᠠᠯᠠᠬᠤ᠂ ᠬᠠᠮᠢᠶᠠᠷᠬᠤ᠂ ᠬᠢᠨᠠᠯᠲᠠ ᠲᠠᠯᠪᠢᠬᠤ︾ ᠡᠭᠦᠷᠭᠡ ᠴᠢᠳᠠᠪᠤᠷᠢ ᠶᠢ ᠪᠠᠳᠠᠷᠠᠭᠤᠯᠤᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ ᠨᠡᠶᠢᠭᠡᠮᠯᠢᠭ ᠤᠨ ᠭᠡᠰᠢᠭᠦᠳ ᠤᠨ ᠣᠯᠭᠤᠮᠵᠢ ᠪᠠ ᠠᠵᠢᠯ ᠤᠨ ᠨᠥᠬᠦᠴᠡᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠤᠰᠬᠠᠶ ᠨᠡᠶᠢᠭᠡᠮᠯᠢᠭ ᠤᠨ ᠠᠵᠢᠯ ᠤᠨ ᠵᠠᠷᠤᠳᠠᠯ ᠢ ᠪᠠᠲᠤᠯᠠᠨ᠂ ᠲᠤᠰᠬᠠᠶ ᠨᠡᠶᠢᠭᠡᠮᠯᠢᠭ ᠤᠨ ᠦᠨᠳᠦᠰᠦᠨ ᠱᠠᠲᠤᠨ ᠳᠤ ᠲᠣᠰ ᠲᠥᠷᠥᠯ ᠤᠨ ᠵᠡᠮᠳᠡᠭᠴᠦᠳ ᠲᠠᠢ ᠥᠷᠭᠡᠨ ᠢᠶᠠᠷ ᠬᠠᠷᠢᠯᠴᠠᠬᠤ ᠪᠠ ᠪᠦᠲᠦᠮᠵᠢᠲᠡᠶ ᠦᠢᠯᠡᠴᠢᠯᠡᠬᠦ ᠬᠡᠷᠡᠭᠴᠡᠭᠡ ᠶᠢ ᠬᠠᠩᠭᠠᠨ᠎ᠠ᠃ ᠵᠡᠮᠳᠡᠭᠴᠦᠳ ᠤᠨ ᠠᠵᠢᠯ ᠦᠢᠯᠡᠰ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠪᠥᠬᠦ ᠠᠶᠢᠮᠠᠭ ᠤᠨ ᠺᠠᠳ᠋ᠷ ᠤᠨ ᠡᠩᠨᠡᠭᠡ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠳᠤ ᠣᠷᠣᠭᠤᠯᠵᠤ᠂ ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠵᠡᠮᠳᠡᠭ ᠺᠠᠳ᠋ᠷ᠂ ᠵᠠᠯᠠᠭᠤ ᠺᠠᠳ᠋ᠷ᠂ ᠦᠨᠳᠦᠰᠦᠨ ᠱᠠᠲᠤᠨ ᠤ ᠺᠠᠳ᠋ᠷ ᠢ ᠬᠥᠮᠦᠵᠢᠭᠦᠯᠵᠦ ᠰᠣᠩᠭᠤᠨ ᠳᠡᠪᠰᠢᠭᠦᠯᠬᠦ᠂ ᠰᠣᠯᠢᠯᠴᠠᠬᠤ ᠪᠠ ᠬᠡᠷᠡᠭᠯᠡᠬᠦ ᠶᠢ ᠴᠢᠬᠤᠯᠠᠴᠢᠯᠠᠨ᠎ᠠ᠃ ᠵᠡᠮᠳᠡᠭᠴᠦᠳ ᠤᠨ ᠵᠠᠯᠠᠭᠤ ᠭᠤᠣᠯᠯᠠᠭᠴᠢ ᠬᠦᠴᠦᠨ ᠢ ᠪᠣᠯᠪᠠᠰᠤᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂  ᠲᠤᠰᠬᠠᠶᠢᠵᠢᠭᠤᠯᠬᠤ᠂ ᠨᠡᠶᠢᠭᠡᠮᠴᠢᠯᠡᠬᠦ ᠱᠠᠭᠠᠷᠳᠠᠯᠭ᠎ᠠ ᠶᠣᠰᠣᠭᠠᠷ᠂ ᠵᠡᠮᠳᠡᠭᠴᠦᠳ ᠤᠨ ᠠᠵᠢᠯᠳᠠᠨ ᠤ ᠪᠣᠯᠪᠠᠰᠤᠷᠠᠯ ᠢ ᠴᠢᠩᠭᠠᠳᠬᠠᠵᠤ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠡᠭᠦᠷᠭᠡᠯᠡᠯ ᠲᠠᠢ᠂ ᠵᠡᠮᠳᠡᠭᠴᠦᠳ ᠢ ᠣᠶᠢᠯᠠᠭᠠᠬᠤ᠂ ᠵᠡᠮᠳᠡᠭᠴᠦᠳ ᠢ ᠮᠡᠳᠡᠬᠦ᠂ ᠵᠡᠮᠳᠡᠭᠴᠦᠳ ᠢ ᠬᠠᠶᠢᠷᠠᠯᠠᠬᠤ᠂ ᠵᠡᠮᠳᠡᠭᠴᠦᠳ ᠲᠠᠢ ᠰᠡᠳᠬᠢᠯ ᠵᠢᠷᠦᠬᠡ ᠪᠠᠨ ᠬᠤᠯᠪᠣᠬᠤ ᠥᠨᠳᠥᠷ ᠬᠡᠪ ᠪᠣᠯᠪᠠᠰᠤᠷᠠᠯ ᠲᠠᠢ ᠵᠡᠮᠳᠡᠭᠴᠦᠳ ᠤᠨ ᠠᠵᠢᠯ ᠤᠨ ᠡᠩᠨᠡᠭᠡ ᠶᠢ ᠬᠥᠮᠦᠵᠢᠭᠦᠯᠦᠨ᠎ᠡ᠃ 2. ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ᠵᠡᠮᠳᠡᠭᠴᠦᠳ ᠤᠨ ᠰᠠᠭᠤᠷᠢ  ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠤᠷᠲᠤᠪᠲᠤᠷ ᠪᠠ ᠣᠷᠳᠣ ᠬᠤᠭᠤᠴᠠᠭᠠᠨ ᠤ ᠲᠥᠯᠥᠪᠵᠢᠭᠦᠯᠭᠡ ᠳᠤ ᠣᠷᠣᠭᠤᠯᠵᠤ᠂ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠠᠶᠢᠮᠠᠭ ᠤᠨ ᠵᠡᠮᠳᠡᠭᠴᠦᠳ ᠤᠨ ᠡᠷᠡᠭᠦᠯᠵᠢᠯ ᠤᠨ ᠲᠥᠪ ︵ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ︶᠂ ᠬᠤᠰᠢᠭᠤ ᠰᠢᠶᠠᠨ ᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠲᠥᠪ᠂ ᠬᠠᠯᠠᠭᠤᠨ ᠳᠤᠯᠠᠭᠠᠨ ᠬᠡᠷ ᠣᠷᠣᠨ ᠤ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠠᠶᠢᠮᠠᠭ᠂ ᠬᠤᠰᠢᠭᠤ ᠰᠢᠶᠠᠨ ᠬᠤᠲᠠ ᠳᠤ ᠲᠣᠰᠪᠣᠷᠢ ᠨᠢᠭᠡ ᠲᠤᠰᠬᠠᠶᠢᠵᠢᠭᠰᠠᠨ᠂ ᠣᠷᠣᠨ ᠪᠦᠰᠡ ᠶᠢᠨ ᠴᠢᠨᠠᠷᠲᠠᠶ ᠵᠡᠮᠳᠡᠭᠴᠦᠳ ᠤᠨ ᠡᠷᠡᠭᠦᠯᠵᠢᠯ᠂ ᠨᠠᠶᠢᠳᠠᠨ ᠠᠰᠠᠷᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠲᠠᠢ ᠪᠠᠶᠢᠬᠤ ᠶᠢ ᠪᠡᠶᠡᠯᠡᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠵᠡᠮᠳᠡᠭᠴᠦᠳ ᠤᠨ ᠦᠢᠯᠡᠴᠢᠯᠡᠭᠡᠨ ᠤ ᠲᠠᠯᠠᠪᠤᠷ ᠭᠠᠵᠠᠷ ᠢ ᠨᠡᠶᠢᠳᠡᠮ ᠪᠠᠶᠢᠭᠤᠯᠤᠨ᠎ᠠ᠃ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠪᠠ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ ᠡᠵᠡᠩᠨᠡᠯᠲᠡ ᠬᠠᠮᠢᠶᠠᠷᠤᠯᠲᠠ ᠦᠢᠯᠡᠴᠢᠯᠡᠭᠡᠨ ᠤ ᠲᠤᠰᠬᠠᠶᠢᠵᠢᠯᠲᠠ᠂ ᠵᠢᠷᠤᠮᠵᠢᠯᠲᠠ᠂ ᠤᠶᠤᠨᠴᠢᠯᠠᠯᠲᠠ ᠶᠢ ᠠᠬᠢᠭᠤᠯᠤᠨ᠎ᠠ᠃ ᠬᠢᠩᠭᠠᠨ ᠠᠶᠢᠮᠠᠭ ᠤᠨ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠢ ᠪᠥᠲᠥᠭᠡᠨ ᠪᠠᠶᠢᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠪᠠ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠵᠡᠮᠳᠡᠭᠴᠦᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠪᠠᠶᠢᠳᠠᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠤᠭᠰᠠᠨ ᠠᠷᠠᠳ ᠠᠴᠠ ᠡᠷᠭᠢᠯᠡᠭᠰᠡᠨ ᠵᠡᠮᠳᠡᠭᠴᠦᠳ ᠢ ᠡᠷᠡᠭᠦᠯᠵᠢᠭᠦᠯᠬᠦ ᠪᠠ ᠨᠠᠶᠢᠳᠠᠨ ᠠᠰᠠᠷᠠᠭᠤᠯᠬᠤ ᠪᠠᠶᠢᠭᠤᠯᠤᠮᠵᠢ ᠳᠤ ᠳᠡᠮᠵᠢᠯᠭᠡ ᠦᠵᠡᠭᠦᠯᠦᠨ᠎ᠡ᠃ ᠵᠠᠰᠠᠭ ᠤᠨ ᠣᠷᠳᠣᠨ ᠠᠴᠠ ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠳᠤ ᠦᠨ᠎ᠡ ᠲᠥᠯᠥᠪᠦᠷᠢ ᠥᠬᠡᠶ ᠪᠤᠶᠤ ᠬᠢᠮᠳᠠ ᠦᠨ᠎ᠡ ᠪᠠᠷ ᠬᠠᠩᠭᠠᠨ ᠬᠡᠷᠡᠭᠯᠡᠭᠦᠯᠬᠦ ᠶᠢ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃3. ᠵᠡᠮᠳᠡᠭᠴᠦᠳ ᠤᠨ ᠦᠢᠯᠡᠰ   ᠤᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠮᠠᠶ᠋ᠢᠭ ᠬᠢᠭᠡᠳ ᠤᠶᠤᠨᠴᠢᠯᠠᠭᠰᠠᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠵᠡᠷᠭᠡᠪᠡᠷ ᠶᠠᠪᠤᠭᠳᠠᠭᠤᠯᠬᠤ ᠶᠢ ᠪᠠᠷᠢᠮᠲᠠᠯᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠵᠡᠮᠳᠡᠭᠴᠦᠳ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠵᠡᠮᠳᠡᠭᠴᠦᠳ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠵᠤ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ︾ ︽ᠮᠤᠵᠢ ᠠᠯᠤᠰᠯᠠᠨ ᠪᠦᠬᠦᠨ ᠢ ᠭᠦᠢᠴᠡᠳᠭᠡᠬᠦ︾ ᠶᠢ ᠪᠡᠶᠡᠯᠡᠭᠦᠯᠦᠨ᠎ᠡ᠃ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠪᠣᠯᠤᠨ ᠵᠡᠮᠳᠡᠭᠴᠦᠳ ᠤᠨ ᠦᠢᠯᠡᠴᠢᠯᠡᠭᠡᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠮᠡᠳᠡᠭᠡ ᠵᠠᠩᠭᠢᠵᠢᠯᠲᠠ ᠶᠢᠨ ︽ᠣᠷᠣᠨ ᠨᠤᠲᠤᠭ ᠤᠨ ᠵᠡᠮᠳᠡᠭᠴᠦᠳ ᠤᠨ ᠬᠤᠯᠪᠣᠭ᠎ᠠ ᠶᠢᠨ ᠦᠢᠯᠡᠴᠢᠯᠡᠭᠡᠨ ᠤ ᠲᠠᠪᠴᠠᠩ︾ ᠢ ᠪᠠᠶᠢᠭᠤᠯᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ︽ᠨᠢᠭᠡ ᠢᠵᠢ ᠬᠦᠰᠦᠨᠦᠭᠲᠦ᠂ ᠨᠢᠭᠡ ᠰᠦᠯᠵᠢᠶ᠎ᠡ︾ ᠪᠣᠯᠤᠨ ᠬᠢᠩᠭᠠᠨ ᠠᠶᠢᠮᠠᠭ ᠤᠨ ᠵᠡᠮᠳᠡᠭᠴᠦᠳ ᠤᠨ ᠮᠡᠳᠡᠭᠡ ᠵᠠᠩᠭᠢ ᠶᠢᠨ ᠣᠳᠣᠬᠢᠴᠢᠯᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠭᠤᠯᠳᠤ ᠴᠢᠭᠯᠡᠯ ᠢᠶᠠᠷ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ ᠵᠣᠯᠭᠠᠭᠤᠯᠵᠤ᠂ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠤᠨ ᠴᠠᠭ ᠲᠤᠬᠠᠶ ᠳᠤᠨᠢ ᠲᠤᠭ᠎ᠠ ᠪᠠᠷᠢᠮᠲᠠ ᠰᠣᠯᠢᠯᠴᠠᠬᠤ ᠶᠢ ᠬᠥᠨᠳᠡᠯᠡᠨ ᠴᠢᠭᠯᠡᠯ ᠢᠶᠠᠷ ᠪᠡᠶᠡᠯᠡᠭᠦᠯᠵᠦ᠂ ᠪᠠᠶᠢᠩᠭᠤ ᠶᠢᠨ ᠲᠤᠭ᠎ᠠ ᠪᠠᠷᠢᠮᠲᠠ ᠶᠢ ᠬᠠᠷᠢᠴᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠵᠡᠮᠳᠡᠭᠴᠦᠳ ᠤᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠶᠢ ᠪᠠᠶᠢᠩᠭᠤᠵᠢᠭᠤᠯᠬᠤ ᠶᠢ ᠨᠠᠶᠢᠳᠠᠪᠤᠷᠢᠵᠢᠭᠤᠯᠵᠤ᠂ ᠪᠠᠶᠢᠴᠠᠭᠠᠯᠲᠠ ᠶᠢᠨ ᠠᠷᠭ᠎ᠠ ᠪᠠᠷᠢᠯ ᠢ ᠰᠠᠶᠢᠵᠢᠷᠠᠭᠤᠯᠤᠨ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠣᠨᠣᠪᠴᠢᠲᠠᠶ ᠰᠢᠨᠡᠳᠬᠡᠵᠦ᠂ ᠵᠡᠮᠳᠡᠭᠴᠦᠳ ᠤᠨ ᠬᠥᠮᠦᠨ ᠠᠮᠠ ᠶᠢᠨ ᠰᠠᠭᠤᠷᠢ ᠮᠡᠳᠡᠭᠡ ᠵᠠᠩᠭᠢ ᠪᠠ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠶᠢ ᠯᠠᠪᠳᠠᠭᠤᠨ ᠢᠶᠠᠷ ᠠᠬᠢᠭᠤᠯᠤᠨ᠎ᠠ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠨᠠᠮ ᠤᠨ ᠵᠡᠮᠳᠡᠭᠴᠦᠳ ᠤᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠶᠡᠷᠦᠩᠬᠡᠶ ᠱᠦᠵᠢ ᠰᠢ ᠶᠢᠨ ᠫᠢᠩ  ᠤᠨ ᠵᠡᠮᠳᠡᠭᠴᠦᠳ  ᠤᠨ ᠦᠢᠯᠡᠰ   ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ   ᠶᠢᠨ ᠵᠣᠷᠢᠭ ᠰᠠᠨᠠᠭ᠎ᠠ ᠪᠣᠯᠤᠨ ᠨᠠᠮ   ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ   ᠤᠨ ᠬᠤᠷᠢᠶᠠᠨ   ᠤ  ᠰᠢᠢᠳᠪᠦᠷᠢᠳᠦ ᠪᠤᠳᠤᠯᠭ᠎ᠠ   ᠶᠢᠨ ᠪᠠᠶᠢᠷᠢᠯᠠᠭᠤᠯᠤᠯᠲᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ   ᠤᠨ ᠬᠤᠷᠢᠶ᠎ᠠ ᠤᠳᠤᠷᠢᠳᠤᠭᠰᠠᠨ᠂ ᠵᠠᠰᠠᠭ   ᠤᠨ ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠢᠨ ᠣᠷᠣᠯᠴᠠᠭᠰᠠᠨ᠂ ᠵᠠᠬ᠎ᠠ ᠳᠡᠯᠭᠡᠭᠦᠷ  ᠢᠶᠠᠷ ᠲᠦᠯᠬᠢᠨ ᠠᠬᠢᠭᠤᠯᠤᠭᠰᠠᠨ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠦᠢᠯᠡᠳᠦᠯ ᠢᠶᠠᠨ ᠭᠦᠢᠴᠡᠳ ᠪᠠᠳᠠᠷᠠᠭᠤᠯᠤᠭᠰᠠᠨ ᠵᠡᠮᠳᠡᠭᠴᠦᠳ ᠤᠨ ᠦᠢᠯᠡᠰ   ᠤᠨ ᠤᠳᠤᠷᠢᠳᠬᠤ ᠪᠠᠶᠢᠭᠤᠯᠤᠯ ᠪᠣᠯᠤᠨ ᠠᠵᠢᠯ   ᠤᠨ ᠲᠣᠭᠲᠠᠴᠠ  ᠶᠢ ᠪᠠᠷᠢᠮᠲᠠᠯᠠᠨ᠎ᠠ᠃ ᠵᠡᠮᠳᠡᠭᠴᠦᠳ ᠤᠨ ᠠᠵᠢᠯ ᠤᠨ ᠺᠣᠮᠢᠰ ᠤᠨ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠡᠯ᠎ᠡ ᠪᠦᠷᠢᠯᠳᠦᠬᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠵᠣᠬᠢᠴᠠᠩᠭᠤᠶ ᠪᠠᠷ ᠠᠬᠢᠭᠤᠯᠤᠨ᠎ᠠ᠃    ︵ᠬᠤᠶᠠᠷ︶ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ ᠪᠦᠬᠦ ᠠᠶᠢᠮᠠᠭ ᠤᠨ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ︽ᠳᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠡᠢ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ︽ᠲᠥᠯᠥᠭᠡᠯᠡᠬᠦ᠂ ᠦᠢᠯᠡᠴᠢᠯᠡᠬᠦ᠂ ᠬᠠᠮᠢᠶᠠᠷᠬᠤ︾ ᠡᠭᠦᠷᠭᠡ ᠴᠢᠳᠠᠪᠬᠢ ᠶᠢ ᠭᠦᠢᠴᠡᠳᠬᠡᠵᠦ᠂ ᠥᠷᠭᠡᠨ ᠤᠯᠠᠨ ᠵᠡᠮᠳᠡᠭ ᠤᠯᠠᠨ ᠲᠦᠮᠡᠨ ᠢ ᠪᠦᠯᠬᠦᠮᠳᠡᠭᠦᠯᠦᠨ ᠬᠦᠳᠦᠯᠦᠨ ᠳᠠᠭᠠᠭᠤᠯᠵᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠵᠡᠮᠳᠡᠭ ᠤᠯᠠᠨ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠭᠤᠯᠵᠤ᠂ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢ ᠲᠠᠭᠠᠨ᠎ᠠ᠃    ︵ᠭᠤᠷᠪᠠ︶ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠵᠡᠮᠳᠡᠭᠴᠦᠳ ᠢ ᠲᠡᠳᠬᠦᠬᠦ ᠵᠡᠮᠳᠡᠭᠴᠦᠳ ᠢ ᠲᠤᠰᠠᠯᠠᠬᠤ ᠠᠵᠢᠯ ᠤᠨ ᠬᠦᠴᠦᠨ ᠢ ᠴᠢᠩᠭᠠᠷᠠᠭᠤᠯᠤᠨ᠎ᠠ᠃ ᠡᠯ᠎ᠡ ᠱᠠᠲᠤᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠤ  ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠨᠢ ᠵᠡᠮᠳᠡᠭᠴᠦᠳ ᠢ ᠲᠤᠰᠠᠯᠠᠬᠤ ᠨᠢᠭᠦᠯᠡᠰᠦᠩᠭᠦᠶ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠵᠡᠮᠳᠡᠭᠴᠦᠳ ᠤᠨ ᠠᠵᠢᠯ ᠦᠢᠯᠡᠰ ᠤᠨ ᠮᠥᠩᠭᠦᠨ ᠭᠦᠢᠯᠭᠡᠭᠡᠨ᠂ ᠭᠠᠶᠢᠯᠢ ᠲᠠᠲᠠᠪᠤᠷᠢ ᠵᠡᠷᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠠᠷᠭ᠎ᠠ ᠵᠠᠮ ᠢᠶᠠᠷ᠂ ᠣᠯᠠᠨ ᠡᠰᠢᠵᠢᠭᠰᠡᠨ ᠣᠷᠣᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠵᠤ᠂ ᠨᠠᠩ ᠣᠯᠠᠨ ᠨᠡᠶᠢᠭᠡᠮ ᠤᠨ ᠬᠦᠴᠦᠨ ᠢ ᠲᠡᠳᠡᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠳᠤ ᠣᠷᠣᠯᠴᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ    ︵ᠳᠥᠷᠪᠡ︶ ᠵᠡᠮᠳᠡᠭᠴᠦᠳ ᠤᠨ ᠨᠢᠭᠦᠯᠡᠰᠦᠩᠭᠦᠶ ᠶᠢᠨ ᠦᠢᠯᠡᠰ ᠪᠠ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ  ᠦᠢᠯᠡᠴᠢᠯᠡᠭᠡ ᠶᠢ ᠶᠡᠬᠡᠪᠡᠷ ᠠᠬᠢᠭᠤᠯᠤᠨ᠎ᠠ᠃ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠵᠡᠮᠳᠡᠭᠴᠦᠳ ᠤᠨ ᠪᠠᠲᠤᠯᠠᠭ᠎ᠠ ᠪᠠ ᠦᠢᠯᠡᠴᠢᠯᠡᠭᠡᠨ ᠤ ᠲᠥᠷᠥᠯ ᠵᠦᠢᠯ ᠢ ᠢᠳᠡᠪᠬᠢᠲᠡᠶ ᠪᠠᠷ ᠵᠠᠯᠭᠠᠨ ᠠᠪᠴᠤ᠂ ᠵᠡᠮᠳᠡᠭᠴᠦᠳ ᠤᠨ ︽ᠤᠮᠠᠷᠠᠲᠤ ᠬᠢᠯᠢ ᠪᠠᠨ ᠶᠡᠬᠡᠪᠡᠷ ᠬᠠᠶᠢᠷᠠᠯᠠᠬᠤ︾ — ᠡᠷᠡᠭᠦᠯᠵᠢᠯ᠂ ᠠᠵᠢᠯ ᠣᠯᠭᠤᠯᠲᠠ᠂ ᠰᠣᠶᠣᠯ ᠪᠡᠶ᠎ᠡ ᠶᠢᠨ ᠲᠠᠮᠢᠷ ᠤᠨ ᠰᠢᠷᠢᠰ ᠨᠡᠶᠢᠲᠡ ᠶᠢᠨ ᠠᠰᠠᠷᠠᠮᠵᠢ ᠪᠠᠷ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠳᠤ ᠣᠷᠣᠭᠤᠯᠵᠤ᠂ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠵᠡᠮᠳᠡᠭᠴᠦᠳ ᠲᠤ ᠬᠠᠪᠰᠤᠷᠤᠨ ᠲᠡᠳᠬᠦᠵᠦ ᠬᠦᠴᠢᠷᠳᠡᠯ ᠠᠴᠠ ᠠᠩᠭᠢᠵᠢᠷᠠᠭᠤᠯᠬᠤ᠂ ᠠᠮᠢᠳᠤᠷᠠᠯ ᠢ ᠨᠢ ᠬᠠᠷᠠᠭᠠᠯᠵᠠᠬᠤ᠂ ᠰᠤᠷᠭᠠᠨ ᠬᠥᠮᠦᠵᠢᠯ ᠢ ᠲᠡᠮᠵᠢᠵᠦ ᠰᠤᠷᠤᠯᠭ᠎ᠠ ᠶᠢ ᠨᠢ ᠲᠡᠳᠬᠦᠬᠦ᠂ ᠨᠡᠶᠢᠭᠡᠮ ᠲᠣᠭᠤᠷᠢᠭ ᠤᠨ ᠡᠮᠴᠢᠯᠡᠭᠡ ᠶᠢ ᠵᠢᠯᠣᠭᠤᠳᠬᠤ᠂ ᠰᠣᠶᠣᠯ ᠪᠡᠶ᠎ᠡ ᠶᠢᠨ ᠲᠠᠮᠢᠷ᠂ ᠶᠠᠪᠤᠵᠤ ᠰᠠᠭᠤᠬᠤ ᠶᠢ ᠬᠠᠪᠰᠤᠷᠬᠤ ᠵᠡᠷᠭᠡ ᠦᠢᠯᠡᠴᠢᠯᠡᠭᠡ ᠬᠠᠩᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠷᠤᠮᠵᠢᠯᠲᠠ᠂ ᠲᠤᠰᠬᠠᠶᠢᠵᠢᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃    ︵ᠲᠠᠪᠤ︶ ᠪᠥᠬᠦ ᠨᠡᠶᠢᠭᠡᠮ ᠢᠶᠠᠷ ᠢᠶᠠᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾᠂ ︽ᠣᠯᠠᠨ ᠤᠯᠤᠰ ᠤᠨ ᠵᠡᠮᠳᠡᠭᠴᠦᠳ ᠤᠨ ᠡᠳᠦᠷ︾᠂ ︽ᠵᠡᠮᠳᠡᠭᠴᠦᠳ ᠢ ᠰᠡᠷᠭᠡᠶᠢᠯᠡᠬᠦ ᠡᠳᠦᠷ︾᠂ ︽ᠴᠢᠬᠢ ᠪᠠᠨ ᠬᠠᠶᠢᠷᠠᠯᠠᠬᠤ ᠡᠳᠦᠷ︾᠂ ︽ᠨᠢᠳᠦ ᠪᠠᠨ ᠬᠠᠶᠢᠷᠠᠯᠠᠬᠤ ᠡᠳᠦᠷ︾ ᠵᠡᠷᠭᠡ ᠴᠢᠬᠤᠯᠠ ᠵᠠᠩᠭᠢᠯᠠᠭ᠎ᠠ ᠶᠢᠨ  ᠴᠡᠭ ᠪᠠ ᠵᠡᠮᠳᠡᠭᠴᠦᠳ ᠤᠨ ᠠᠵᠢᠯ ᠦᠢᠯᠡᠰ ᠤᠨ ᠴᠢᠬᠤᠯᠠ ᠶᠡᠭᠡ ᠠᠵᠢᠯᠯᠠᠭ᠎ᠠ ᠶᠢᠨ ᠠᠵᠠ ᠲᠣᠬᠢᠶᠠᠯ ᠢ  ᠭᠦᠢᠴᠡᠳ ᠠᠰᠢᠭᠯᠠᠨ᠂ ᠣᠯᠠᠨ ᠬᠡᠯᠪᠡᠷᠢ ᠮᠠᠶ᠋ᠢᠭ ᠤᠨ ᠭᠤᠤᠯ ᠰᠡᠳᠦᠪᠲᠦ ᠤᠬᠠᠭᠤᠯᠭ᠎ᠠ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠪᠦᠯᠦᠭ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠪᠠ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠭᠠᠷᠭᠠᠵᠤ᠂ ᠨᠡᠶᠢᠭᠡᠮ ᠤᠨ ᠬᠢᠨ ᠢ ᠳᠠᠶᠢᠴᠢᠯᠠᠨ ᠵᠡᠮᠳᠡᠭᠴᠦᠳ ᠢ ᠨᠠᠩ ᠢᠯᠡᠭᠦᠤ ᠬᠠᠯᠠᠮᠵᠢᠯᠠᠨ ᠬᠠᠶᠢᠷᠠᠯᠠᠵᠤ᠂ ᠵᠡᠮᠳᠡᠭᠴᠦᠳ ᠤᠨ ᠠᠵᠢᠯ ᠦᠢᠯᠡᠰ ᠢ ᠬᠠᠯᠠᠮᠵᠢᠯᠠᠨ ᠳᠡᠮᠵᠢᠨ᠎ᠡ᠃ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠠᠪᠴᠠᠩ ᠤᠨ  ᠦᠢᠯᠡᠳᠦᠯ ᠢ  ᠭᠦᠢᠴᠡᠳ ᠪᠠᠳᠠᠷᠠᠭᠤᠯᠵᠤ᠂ ᠵᠡᠮᠳᠡᠭᠴᠦᠳ ᠤᠨ ᠠᠵᠢᠯ ᠦᠢᠯᠡᠰ ᠤᠨ ᠰᠦᠯᠵᠢᠶᠡᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠢᠳᠡᠪᠬᠢᠲᠡᠶ ᠴᠣᠭᠴᠠᠯᠠᠨ ᠪᠠᠶᠢᠭᠤᠯᠵᠤ᠂ ᠨᠢᠭᠡ ᠪᠦᠯᠦᠭ ᠵᠡᠮᠳᠡᠭᠴᠦᠳ ᠤᠨ ᠰᠡᠳᠦᠪᠲᠦ ᠪᠠᠷᠢᠮᠲᠠᠲᠤ ᠺᠢᠨᠣ᠋᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠦᠢᠯᠡᠳᠦᠨ ᠨᠡᠪᠲᠡᠷᠡᠭᠦᠯᠵᠦ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠥᠷᠭᠡᠳᠬᠡᠨ ᠤᠬᠠᠭᠤᠯᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ ᠪᠠ ᠨᠡᠶᠢᠭᠡᠮ ᠤᠨ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠤᠨ᠎ᠠ᠃    ︵ᠵᠢᠷᠭᠤᠭ᠎ᠠ︶ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠶ᠃ ᠠᠶᠢᠮᠠᠭ᠂ ᠬᠤᠰᠢᠭᠤ ᠰᠢᠶᠠᠨ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ᠂ ᠵᠡᠮᠳᠡᠭᠴᠦᠳ ᠤᠨ ᠪᠠᠲᠤᠯᠠᠭ᠎ᠠ ᠶᠢᠨ ᠮᠥᠩᠭᠦ ᠪᠠ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠡᠷᠭᠡ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠨ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠪᠠᠯᠠ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ᠂ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠪᠠ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ ᠲᠠᠲᠠᠪᠤᠷᠢᠯᠠᠬᠤ ᠪᠦᠲᠦᠴᠡ ᠶᠢ ᠨᠢᠭᠡᠳᠦᠯᠲᠡᠶ ᠲᠥᠯᠥᠪᠯᠡᠨ ᠲᠡᠭᠦᠯᠳᠡᠷᠵᠢᠭᠦᠯᠵᠦ᠂ ᠰᠢᠰᠲ᠋ᠧᠮ ᠲᠠᠢ ᠪᠠᠷ ᠰᠢᠯᠢᠳᠡᠭᠵᠢᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ ᠲᠦᠷᠢᠮ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号