ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠠᠬᠢ | ᠠᠵᠢᠯ ᠤᠨ ᠡᠷᠭᠢᠴᠡᠭᠦᠯᠦᠯ | ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ | ᠢᠯᠠᠯᠲᠠ ᠣᠯᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠣᠷ᠎ᠠ 2.11 ᠲᠦᠮᠡ ᠭᠠᠷᠤᠶ | ᠮᠠᠯᠵᠢᠬᠤ ᠲᠠᠷᠢᠶᠠᠯᠠᠬᠤ ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ | ᠵᠡᠮᠳᠡᠭᠴᠦᠳ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 3 ᠲᠦᠮᠡ ᠭᠠᠷᠤᠶ ᠶᠠᠳᠠᠭᠤ ᠬᠦᠴᠢᠷᠳᠡᠯᠲᠡᠶ | ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠵᠤ᠂ 2 ᠲᠦᠮᠡ ᠭᠠᠷᠤᠶ ᠬᠦᠨᠳᠦ ᠳᠡᠰ ᠤᠨ ᠵᠡᠮᠳᠡᠭᠴᠦᠳ ᠲᠤ | ᠰᠤᠪᠢᠯᠠᠯᠲᠠ ᠶᠢᠨ ᠨᠥᠬᠦᠪᠥᠷᠢ ᠣᠯᠭᠤᠵᠤ᠂ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 100 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠵᠠᠰᠠᠭ ᠤᠨ ᠣᠷᠳᠣᠨ ᠠᠴᠠ ᠬᠦᠨᠳᠦ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠦᠢᠳᠬᠡᠯ ᠢ ᠬᠥᠮᠦᠨ ᠪᠦᠷᠢ ᠵᠢᠯ ᠳᠤ 200 ᠲᠥᠭᠦᠷᠢᠭ ᠣᠷᠣᠯᠠᠨ ᠲᠤᠰᠢᠶᠠᠵᠤ᠂ | ᠵᠡᠮᠳᠡᠭᠴᠦᠳ ᠤᠨ ᠰᠠᠨᠠᠭᠠᠨ ᠳᠤ ᠦᠭᠡᠶ ᠰᠢᠷᠬᠠᠲᠤᠯ ᠤᠨ ᠳᠠᠭᠠᠳᠬᠠᠯ ᠢ ᠨᠡᠶᠢᠳᠡᠮ ᠬᠡᠷᠡᠭᠵᠢᠭᠦᠯᠵᠦ᠂ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ ᠶᠢᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠬᠦ ᠨᠣᠷᠮ᠎ᠠ 100% ᠳᠤ ᠬᠦᠷᠴᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ | ᠨᠣᠷᠮ᠎ᠠ ᠪᠣᠯᠤᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ ᠦᠢᠯᠡᠴᠢᠯᠡᠭᠡᠨ ᠤ ᠨᠣᠷᠮ᠎ᠠ ᠴᠥᠮ 90% ᠶᠢ | ᠳᠠᠪᠠᠵᠤ᠂ ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠶᠢᠨ ᠰᠠᠭᠠᠳ ᠥᠬᠡᠶ ᠥᠭᠡᠷᠡᠴᠢᠯᠡᠯᠲᠡ ᠶᠢ 4200 | ᠡᠷᠦᠬᠡ ᠳᠤ ᠬᠦᠷᠦᠭᠦᠯᠵᠦ᠂ ᠵᠡᠮᠳᠡᠭ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ | ᠬᠠᠷᠢᠴᠠᠯ ᠢ 95.34% ᠳᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠲᠤ ᠲᠣᠭᠲᠠᠪᠤᠷᠢᠲᠠᠶ | ᠠᠵᠢᠯ ᠣᠯᠭᠤᠭᠰᠠᠨ ᠬᠥᠮᠦᠨ ᠤ ᠲᠤᠭ᠎ᠠ ᠶᠢ 5100 ᠳᠤ ᠬᠦᠷᠦᠭᠦᠯᠵᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ | ᠦᠢᠯᠡᠴᠢᠯᠡᠭᠡᠨ ᠤ ᠬᠥᠮᠦᠨ ᠤ ᠲᠤᠭ᠎ᠠ ᠶᠢ 1850 ᠳᠤ ᠬᠦᠷᠦᠭᠦᠯᠪᠠ᠃ ᠡᠲᠡᠭᠡᠷ ᠠᠮᠵᠢᠯᠲᠠ ᠶᠢ ᠣᠯᠤᠭᠰᠠᠨ ᠨᠢ | ᠵᠡᠮᠳᠡᠭᠴᠦᠳ ᠤᠨ ᠠᠷᠠᠳ ᠤᠨ ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ ᠨᠡᠶᠢᠭᠡᠮ ᠤᠨ ᠪᠣᠯᠪᠠᠰᠤᠨ ᠤ | ᠳᠠᠪᠰᠢᠯᠲᠠ ᠶᠢ ᠬᠦᠴᠦᠲᠡᠶ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ | ᠬᠤᠶᠠᠷ᠂ ᠭᠤᠣᠯ ᠠᠭᠤᠯᠭ᠎ᠠ | ᠨᠢᠭᠡᠳᠦᠭᠡᠷ ᠬᠡᠰᠡᠭ ᠠᠬᠤᠶ ᠪᠠᠶᠢᠳᠠᠯ | ᠭᠤᠣᠯᠳᠠᠭᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠢ ᠳ᠋ᠦᠩᠨᠡᠨ | ᠡᠷᠭᠢᠴᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠲᠤᠯᠭᠠᠷᠠᠵᠤ ᠪᠠᠶᠢᠭ᠎ᠠ ᠠᠵᠠ ᠲᠣᠬᠢᠶᠠᠯ ᠢ ᠵᠠᠳᠠᠯᠪᠠ᠃ | ᠬᠤᠶᠠᠳᠤᠭᠠᠷ ᠬᠡᠰᠡᠭ ᠶᠡᠷᠦᠩᠬᠡᠶ ᠱᠠᠭᠠᠷᠳᠠᠯᠭ᠎ᠠ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠡᠮᠳᠡᠭᠴᠦᠳ ᠤᠨ ᠠᠷᠠᠳ ᠤᠨ | ᠠᠮᠢᠳᠤᠷᠠᠯ ᠢ ᠪᠠᠲᠤᠯᠠᠬᠤ᠂ ᠵᠡᠮᠳᠡᠭᠴᠦᠳ ᠤᠨ ᠬᠥᠭᠵᠢᠯᠲᠡ ᠶᠢ ᠠᠬᠢᠭᠤᠯᠬᠤ ᠰᠢᠨ᠎ᠡ ᠱᠠᠭᠠᠷᠳᠠᠯᠭ᠎ᠠ ᠶᠢ ᠬᠢᠨᠠᠮᠠᠭᠠᠶ | ᠲᠤᠭᠤᠰᠢᠯᠠᠭᠤᠯᠵᠦ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠢ ᠲᠤᠭᠤᠰᠢᠯᠠᠭᠤᠯᠤᠨ᠂ ᠵᠡᠮᠳᠡᠭᠴᠦᠳ ᠤᠨ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ᠂ ᠵᠡᠮᠳᠡᠭᠴᠦᠳ ᠤᠨ ᠪᠥᠬᠦ ᠲᠠᠯ᠎ᠠ ᠪᠠᠷ ᠬᠥᠭᠵᠢᠬᠦ ᠪᠠ ᠬᠠᠮᠲᠤ ᠪᠠᠷ ᠪᠠᠶᠠᠵᠢᠬᠤ ᠶᠢ ᠠᠬᠢᠭᠤᠯᠬᠤ ᠭᠤᠤᠯ | ᠱᠤᠭᠤᠮ ᠢ ᠳᠣᠪᠤᠶᠢᠯᠭᠠᠨ᠂ 2025 ᠣᠨ ᠪᠣᠯᠲᠠᠯᠠᠬᠢ ᠭᠤᠤᠯ ᠬᠠᠷᠠᠯᠲᠠ ᠪᠠ 2035 ᠣᠨ ᠤ ᠠᠯᠤᠰ ᠤᠨ | ᠬᠠᠷᠠᠯᠲᠠ ᠶᠢ ᠲᠣᠳᠣᠷᠬᠠᠶ ᠲᠣᠭᠲᠠᠭᠠᠪᠠ᠃ | ᠭᠤᠷᠪᠠᠳᠤᠭᠠᠷ ᠬᠡᠰᠡᠭ ᠭᠤᠣᠯᠳᠠᠯᠭ᠎ᠠ ᠲᠠᠢ ᠡᠭᠦᠷᠭᠡ | ︵ᠨᠢᠭᠡ︶ ᠣᠯᠠᠨ ᠲᠠᠰ ᠳᠠᠪᠬᠤᠷᠭ᠎ᠠ ᠶᠢᠨ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ ᠲᠤ ᠨᠠᠩ ᠲᠣᠭᠲᠠᠪᠤᠷᠢᠲᠠᠶ ᠪᠥᠭᠡᠳ ᠨᠠᠶᠢᠳᠠᠪᠤᠷᠢᠲᠠᠶ ᠠᠷᠠᠳ ᠤᠨ | ᠠᠮᠢᠳᠤᠷᠠᠯ ᠤᠨ ᠪᠠᠲᠤᠯᠠᠭ᠎ᠠ ᠬᠠᠩᠭᠠᠨ᠎ᠠ᠃ | 1. ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠨ᠎ᠡ᠃ | 2. ᠬᠦᠴᠢᠷᠳᠡᠯᠲᠡᠢ ᠵᠡᠮᠳᠡᠭᠴᠦᠳ ᠤᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠪᠤᠷᠢ ᠶᠢᠨ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠦᠨ᠎ᠡ ᠃ | 3.᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠪᠠᠲᠤᠯᠠᠪᠤᠷᠢ ᠶᠢᠨ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ ᠃ | 4. ᠵᠡᠮᠳᠡᠭᠴᠦᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠦᠨ | ᠲᠡᠭᠦᠯᠳᠡᠷᠵᠢᠭᠦᠯᠦᠨ᠎ᠡ᠃ | 5. ᠵᠡᠮᠳᠡᠭ ᠴᠡᠷᠢᠭ ᠪᠣᠯᠤᠨ ᠵᠡᠮᠳᠡᠭ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠤᠨ | ᠪᠠᠲᠤᠯᠠᠪᠤᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ ᠃ | 6. ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠳᠤᠮᠳᠠᠬᠢ ᠵᠡᠮᠳᠡᠭᠴᠦᠳ ᠤᠨ | ᠬᠠᠮᠠᠭᠠᠯᠠᠯᠲᠠ ᠶᠢ ᠴᠢᠩᠭᠠᠳᠬᠠᠨ᠎ᠠ᠃ | ︵ᠬᠤᠶᠠᠷ︶ ᠣᠯᠠᠨ ᠬᠡᠯᠪᠡᠷᠢ ᠶᠢᠨ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠳᠡᠮᠵᠢᠬᠦ ᠰᠢᠰᠲ᠋ᠧᠮᠵᠢ ᠶᠢ ᠪᠠᠶᠢᠭᠤᠯᠵᠤ᠂ ᠬᠤᠲᠠ ᠬᠥᠳᠡᠭᠡ ᠶᠢᠨ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠠᠬᠢᠭᠤᠯᠤᠨ᠎ᠠ᠃ | 1. ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ ᠃ | 2. ᠵᠡᠮᠳᠡᠭᠴᠦᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠣᠯᠠᠨ ᠠᠷᠭ᠎ᠠ ᠵᠠᠮ ᠢᠶᠠᠷ | ᠠᠬᠢᠭᠤᠯᠤᠨ᠎ᠠ ᠃ | 3. ᠵᠡᠮᠳᠡᠭᠴᠦᠳ ᠤᠨ ᠠᠵᠢᠯ ᠮᠡᠷᠭᠡᠵᠢᠯ ᠤᠨ ᠬᠡᠪ ᠴᠢᠨᠠᠷ ᠪᠣᠯᠤᠨ ᠠᠵᠢᠯ ᠣᠯᠵᠤ ᠦᠢᠯᠡᠰ ᠪᠤᠰᠬᠠᠬᠤ | ᠴᠢᠳᠠᠪᠤᠷᠢ ᠶᠢ ᠤᠯᠠᠨ ᠲᠠᠯ᠎ᠠ ᠪᠠᠷ ᠳᠡᠭᠡᠭᠰᠢᠯᠡᠭᠦᠯᠦᠨ᠎ᠡ᠃ | ︵ᠭᠤᠷᠪᠠ︶ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠨᠠᠷᠢᠯᠢᠭ ᠣᠨᠣᠴᠠᠲᠠᠶ ᠰᠢᠰᠲ᠋ᠧᠮᠵᠢ ᠶᠢ | ᠲᠡᠭᠦᠯᠳᠡᠷᠵᠢᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠪᠠ ᠦᠨᠳᠦᠰᠦᠨ ᠡᠷᠡᠭᠦᠯᠵᠢᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 1.ᠡᠷᠡᠭᠦᠯᠵᠢᠯ ᠤᠨ ᠡᠬᠢ ᠪᠠᠶᠠᠯᠢᠭ ᠢ ᠵᠣᠬᠢᠰᠲᠠᠢ ᠲᠤᠬᠢᠷᠠᠭᠤᠯᠤᠨ᠎ᠠ ᠃ | 2. ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯ ᠢ ᠦᠷᠭᠦᠯᠵᠢᠯᠡᠨ ᠥᠷᠨᠢᠭᠦᠯᠦᠨ᠎ᠡ ᠃ | 3. ᠵᠡᠮᠳᠡᠭ ᠬᠡᠤᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠨᠣᠷᠮ᠎ᠠ ᠶᠢ ᠳᠡᠭᠡᠭᠰᠢᠯᠡᠭᠦᠯᠦᠨ᠎ᠡ ᠃ | 4. ᠨᠡᠶᠢᠭᠡᠮ ᠲᠣᠭᠤᠷᠢᠭ ᠤᠨ ᠡᠷᠡᠭᠦᠯᠵᠢᠯ ᠢ ᠪᠥᠬᠦ ᠬᠦᠴᠦᠨ ᠢᠶᠠᠷ ᠠᠬᠢᠭᠤᠯᠤᠨ᠎ᠠ᠃ | 5. ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ︵ᠳᠥᠷᠪᠡ︶ ᠵᠡᠮᠳᠡᠭᠴᠦᠳ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ | ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ | ᠦᠢᠯᠡᠰ ᠢ ᠬᠥᠭᠵᠢᠭᠦᠯᠦᠨ᠎ᠡ᠃ | 1. ᠵᠡᠮᠳᠡᠭᠴᠦᠳ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ᠎ᠡ᠃ | 2.᠂ ᠵᠡᠮᠳᠡᠭᠴᠦᠳ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ | 3.᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠤᠨ᠎ᠠ᠃ | ︵ᠲᠠᠪᠤ︶ ᠬᠠᠤᠯᠢ ᠪᠠᠷ ᠵᠠᠰᠠᠬᠤ ᠪᠠ ᠬᠠᠷᠰᠢ ᠰᠠᠭᠠᠳ ᠥᠬᠡᠶ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠵᠡᠮᠳᠡᠭᠴᠦᠳ ᠤᠨ ᠡᠷᠬᠡ ᠠᠰᠢᠭ ᠢ ᠦᠨᠡᠨᠬᠦ ᠪᠠᠲᠤᠯᠠᠨ᠎ᠠ᠃ | 1. ᠵᠡᠮᠳᠡᠭᠴᠦᠳ ᠤᠨ ᠦᠢᠯᠡᠰ ᠤᠨ ᠬᠠᠤᠯᠢᠵᠢᠯ ᠤᠨ ᠲᠦᠪᠰᠢᠨ ᠢ ᠲᠡᠭᠡᠭᠰᠢᠯᠡᠭᠦᠯᠦᠨ᠎ᠡ᠃ | 2.ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ | 3.ᠬᠠᠷᠰᠢ ᠰᠠᠭᠠᠳ ᠦᠭᠡᠢ ᠮᠡᠳᠡᠭᠡ ᠵᠠᠩᠭᠢᠵᠢᠯᠲᠠ ᠶᠢᠨ ᠣᠷᠴᠢᠨ ᠨᠥᠬᠦᠴᠡᠯ ᠢ ᠲᠦᠯᠬᠢᠨ ᠠᠬᠢᠭᠤᠯᠤᠨ᠎ᠠ᠃ | ︵ᠵᠢᠷᠭᠤᠭ᠎ᠠ︶ ᠪᠥᠬᠦ ᠬᠦᠷᠢᠶᠡᠨ ᠳᠠᠬᠢ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ | ᠰᠠᠶᠢᠵᠢᠷᠠᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | 1. ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠠᠬᠢᠭᠤᠯᠤᠨ᠎ᠠ᠃ | 2. ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ | 3. ᠵᠡᠮᠳᠡᠭᠴᠦᠳ ᠤᠨ ᠠᠵᠢᠯ ᠦᠢᠯᠡᠰ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ | ᠳᠥᠷᠪᠡᠳᠦᠭᠡᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ | 1.ᠵᠡᠮᠳᠡᠭᠴᠦᠳ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ ᠃ | 2. ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠢ | ᠪᠠᠳᠠᠷᠠᠭᠤᠯᠤᠨ᠎ᠠ᠃ | 3. ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠵᠡᠮᠳᠡᠭᠴᠦᠳ ᠢ ᠲᠡᠳᠬᠦᠨ ᠲᠤᠰᠠᠯᠠᠬᠤ ᠠᠵᠢᠯ ᠤᠨ | ᠬᠦᠴᠦᠨ ᠢ ᠴᠢᠩᠭᠠᠷᠠᠭᠤᠯᠤᠨ᠎ᠠ᠃ | 4. ᠵᠡᠮᠳᠡᠭᠴᠦᠳ ᠤᠨ ᠨᠢᠭᠦᠯᠡᠰᠦᠩᠭᠦᠢ ᠶᠢᠨ ᠦᠢᠯᠡᠰ ᠪᠣᠯᠤᠨ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ | ᠦᠢᠯᠡᠴᠢᠯᠡᠭᠡ ᠶᠢ ᠶᠡᠬᠡᠪᠡᠷ ᠠᠬᠢᠭᠤᠯᠤᠨ᠎ᠠ ᠃ | 5. ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠠᠬᠢᠭᠤᠯᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | 6. ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ | ᠭᠤᠷᠪᠠ᠂ ᠭᠤᠣᠯ ᠣᠨᠴᠠᠯᠢᠭ | 1.ᠬᠠᠷᠠᠯᠲᠠ ᠲᠣᠳᠣᠷᠬᠠᠶ | ︽ᠲᠥᠯᠥᠪᠵᠢᠭᠦᠯᠭᠡ︾ ᠳᠤ ᠤᠷᠤᠭᠤᠯᠬᠤ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ 6 ᠵᠦᠢᠯ ᠂ | ᠵᠢᠱᠢᠯᠲᠡ ᠶᠢᠨ ᠴᠢᠨᠠᠷᠲᠠᠶ ᠭᠦᠢᠴᠡᠳᠭᠡᠯ ᠲᠤᠭ᠎ᠠ 5 ᠵᠦᠢᠯ᠃ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠳᠤ | ᠭᠤᠤᠯᠳᠠᠭᠤ ᠨᠥᠬᠦᠴᠡᠯ ᠳᠤ ᠨᠡᠶᠢᠴᠡᠬᠦ ᠵᠡᠮᠳᠡᠭᠴᠦᠳ ᠢ 100% ᠪᠠᠷ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠳᠤ ᠣᠷᠣᠭᠤᠯᠬᠤ ᠬᠡᠷᠡᠭᠲᠡᠶ᠃ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢᠨ | ᠪᠦᠷᠬᠦᠴᠡ ᠶᠢ 100% ᠳᠤ ᠬᠦᠷᠦᠭᠦᠯᠦᠨ᠎ᠡ ᠃ ᠬᠦᠨᠳᠦ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠥᠷᠢ ᠶᠢᠨ | ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ | ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 90% ᠠᠴᠠ ᠲᠡᠭᠡᠭᠰᠢ᠂ ᠵᠡᠮᠳᠡᠭᠴᠦᠳ ᠤᠨ ᠲᠤᠰᠠᠯᠠᠬᠤ ᠪᠠᠭᠠᠵᠢ | ᠬᠡᠷᠡᠭᠰᠡᠯ ᠢ ᠳᠣᠭᠢᠷᠠᠭᠤᠯᠤᠨ ᠲᠣᠬᠢᠷᠠᠭᠤᠯᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃ | 2500 ᠡᠷᠦᠬᠡ ᠠᠴᠠ ᠳᠡᠭᠡᠭᠰᠢᠬᠢ ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠳᠤ ᠬᠠᠷᠰᠢ ᠰᠠᠭᠠᠳ | ᠥᠬᠡᠶ ᠥᠭᠡᠷᠡᠴᠢᠯᠡᠬᠦ ᠠᠵᠢᠯ ᠢ ᠥᠷᠨᠢᠭᠦᠯᠦᠨ᠎ᠡ᠃ ᠵᠢᠱᠢᠯᠲᠡ ᠶᠢᠨ ᠴᠢᠨᠠᠷᠲᠠᠶ ᠭᠦᠢᠴᠡᠳᠭᠡᠯ ᠲᠤᠭ᠎ᠠ ᠳᠤ ᠭᠤᠤᠯᠳᠠᠭᠤ | ᠵᠡᠮᠳᠡᠭᠴᠦᠳ ᠤᠨ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 6% ᠠᠴᠠ | ᠳᠡᠭᠡᠭᠰᠢ ᠨᠡᠮᠡᠭᠳᠡᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠬᠤᠳᠠ ᠬᠥᠳᠡᠭᠡ ᠶᠢᠨ 2400 ᠠᠴᠠ ᠳᠡᠭᠡᠭᠰᠢᠬᠢ ᠵᠡᠮᠳᠡᠭᠴᠦᠳ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠬᠢᠨ᠎ᠠ᠃ ᠵᠡᠮᠳᠡᠭᠴᠦᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ | ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ ᠃ ᠵᠡᠮᠳᠡᠭᠴᠦᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ ᠃ ᠵᠡᠮᠳᠡᠭ ᠬᠡᠦᠬᠡᠳ | ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠤᠷᠮ᠎ᠠ ᠶᠢ | 97% ᠠᠴᠠ ᠳᠡᠭᠡᠭᠰᠢ ᠳᠤ ᠬᠦᠷᠦᠭᠦᠯᠦᠨ᠎ᠡ᠃ | 2. ᠠᠭᠤᠯᠭ᠎ᠠ ᠪᠦᠬᠦ ᠲᠠᠯ᠎ᠠ ᠶᠢᠨ ᠪᠠᠶᠢᠬᠤ | ︽ᠲᠥᠯᠥᠪᠵᠢᠭᠦᠯᠭᠡ︾ ᠶᠢᠨ 7 ᠲᠠᠯ᠎ᠠ᠂ 29 ᠪᠣᠳᠠᠲᠠᠶ ᠡᠭᠦᠷᠭᠡ᠂ 7 ᠲᠤᠰᠬᠠᠶ ᠪᠤᠯᠤᠩ ᠨᠢ ᠵᠡᠮᠳᠡᠭᠴᠦᠳ ᠤᠨ | ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠦᠢᠯᠡᠰ ᠴᠣᠭᠴᠠᠯᠠᠯᠲᠠ᠂ ᠡᠷᠡᠭᠦᠯᠵᠢᠯ ᠤᠨ ᠬᠡᠷᠡᠭᠴᠡᠭᠡ᠂ ᠰᠣᠶᠣᠯ | ᠪᠡᠶ᠎ᠡ ᠶᠢᠨ ᠲᠠᠮᠢᠷ᠂ ᠬᠠᠤᠯᠢᠵᠢᠭᠤᠯᠤᠯᠲᠠ᠂ ᠬᠠᠷᠰᠢ ᠰᠠᠭᠠᠳ ᠥᠬᠡᠶ ᠪᠥᠲᠥᠭᠡᠨ ᠪᠠᠶᠢᠭᠤᠯᠤᠯᠲᠠ᠂ ᠴᠢᠨᠠᠷ ᠰᠠᠶᠢᠲᠠᠶ | ᠬᠥᠭᠵᠢᠯᠲᠡ ᠵᠡᠷᠭᠡ ᠲᠠᠯ᠎ᠠ ᠶᠢᠨ ᠠᠵᠢᠯ ᠢ ᠨᠠᠷᠢᠯᠢᠬᠵᠢᠭᠤᠯᠪᠠ᠃ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ᠂ | ᠠᠷᠭ᠎ᠠ ᠬᠡᠮᠵᠢᠶ᠎ᠡ ᠪᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠣᠳᠣᠷᠬᠠᠶ᠂ ᠪᠣᠳᠠᠲᠠᠶ᠂ ᠨᠠᠷᠢᠯᠢᠭ᠂ | ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠪᠠ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠡᠯ᠎ᠡ ᠬᠦᠷᠢᠶ᠎ᠡ᠂ ᠡᠯ᠎ᠡ ᠭᠤᠭᠴᠤᠭ᠎ᠠ ᠶᠢ ᠬᠠᠮᠤᠷᠴᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠩᠬᠠᠨ ᠤ ᠲᠠᠪᠤᠨ ᠵᠢᠯ ᠤᠨ | ᠮᠠᠨ ᠤ ᠠᠶᠢᠮᠠᠭ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠡᠭᠡᠳᠦ ᠳᠠᠪᠬᠤᠷᠭ᠎ᠠ ᠶᠢᠨ ᠲᠦᠰᠦᠪ | ᠲᠥᠯᠥᠪᠯᠡᠭᠡ᠂ ᠵᠠᠮ ᠱᠤᠭᠤᠮ ᠤᠨ ᠵᠢᠷᠤᠭ᠂ ᠬᠠᠮᠲᠤ ᠶᠢᠨ ᠠᠵᠢᠯᠯᠠᠭᠠᠨ ᠤ ᠵᠦᠭᠯᠡᠭᠦᠷ ᠪᠣᠯᠤᠨ᠎ᠠ᠃ | 3.ᠤᠳᠤᠷᠢᠳᠤᠯᠭ᠎ᠠ ᠪᠠᠨ ᠴᠢᠩᠭᠠᠳᠬᠠᠨ᠎ᠠ | ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ | ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠬᠢᠭᠤᠯᠬᠤ᠂ ᠵᠡᠮᠳᠡᠭᠴᠦᠳ ᠤᠨ ᠵᠣᠬᠢᠶᠠᠨ | ᠪᠠᠶᠢᠭᠤᠯᠤᠯᠲᠠ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠵᠡᠮᠳᠡᠭᠴᠦᠳ ᠤᠨ ᠦᠢᠯᠡᠰ ᠤᠨ ᠤᠳᠤᠷᠢᠳᠬᠤ | ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠠᠷᠢᠮᠲᠠᠯᠠᠨ᠎ᠠ᠃ ᠵᠡᠮᠳᠡᠭᠴᠦᠳ ᠤᠨ ᠠᠵᠢᠯ ᠤᠨ ᠵᠥᠪᠯᠡᠯ ᠤᠨ ᠠᠵᠢᠯ ᠤᠨ | ᠲᠦᠷᠢᠮ ᠢ ᠲᠡᠭᠦᠯᠳᠡᠷᠵᠢᠭᠦᠯᠵᠦ᠂ ᠡᠯ᠎ᠡ ᠪᠦᠷᠢᠯᠳᠦᠬᠦᠨ ᠨᠢᠭᠡᠴᠢ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠨ᠂ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠪᠠᠨ | ᠲᠣᠳᠣᠷᠬᠠᠶᠢᠯᠠᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠲᠤᠯᠭᠠᠷᠠᠭᠰᠠᠨ ᠴᠢᠬᠤᠯᠠ ᠶᠡᠭᠡ | ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠰᠠᠯᠠᠭ᠎ᠠ ᠮᠥᠴᠢᠷ ᠤᠨ ᠵᠡᠮᠳᠡᠭᠴᠦᠳ ᠤᠨ ᠠᠵᠢᠯ ᠢ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠪᠠ ᠬᠠᠷᠠᠯᠲᠠᠲᠤ ᠬᠠᠮᠢᠶᠠᠷᠤᠯᠲᠠ ᠳᠤ ᠣᠷᠣᠭᠤᠯᠤᠨ᠂ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠮᠠᠨ ᠤ ᠠᠶᠢᠮᠠᠭ ᠤᠨ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠬᠠᠮᠲᠤᠪᠠᠷ ᠠᠬᠢᠭᠤᠯᠬᠤ ᠳᠤ ᠠᠰᠢᠭᠲᠠᠶ ᠶᠤᠮ᠃ |