ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠲᠦᠪ | ᠪᠠ ᠦᠪᠡᠷᠳᠡᠭᠡᠨ ᠵᠠᠰᠠᠬᠤ ᠤᠨᠷᠤᠨ ᠤ ᠰᠢᠭᠤᠳ ᠬᠠᠮᠢᠶᠠᠷᠤᠯᠳᠠ ᠶᠢᠨ ᠨᠢᠭᠡᠴᠢ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠦᠢᠯᠡᠴᠢᠯᠭᠡᠨ ᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵ᠲᠤᠷᠰᠢᠨ | ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠲᠦᠭᠡᠶ᠃ | | 2022 ᠣᠨ ᠤ 5 ᠰᠠᠷ᠎ᠠ ᠶᠢᠨ 16 | | ᠬᠢᠩᠭᠠᠨ ᠠᠶᠢᠮᠠᠭ ᠤᠨ ᠦᠢᠯᠡᠴᠢᠯᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠨᠤᠭᠤᠳ ︵ᠲᠤᠷᠰᠢᠨ ᠬᠡᠷᠡᠭᠵᠢᠭᠦᠯᠬᠦ︶ | ᠪᠦᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠤᠨᠢᠨ ᠳᠡᠭᠡᠷ᠎ᠡ ᠨᠢ | ᠬᠦᠴᠢᠷᠳᠡᠯ ᠢ ᠨᠠᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ︽ᠦᠢᠯᠡᠴᠢᠯᠡᠭᠡᠨ ᠤ ᠦᠢᠯᠡᠰ ᠤᠨ | ᠬᠦᠷᠢᠶᠡᠨ ᠳᠠᠬᠢ ᠬᠦᠴᠢᠷᠳᠡᠯ ᠲᠠᠢ ᠠᠵᠢᠯ ᠲᠥᠷᠥᠯ ᠢ ᠰᠡᠷᠭᠦᠭᠡᠨ ᠬᠥᠭᠵᠢᠭᠦᠯᠬᠦ ᠶᠢ ᠠᠬᠢᠭᠤᠯᠬᠤ ᠲᠤᠬᠠᠶ ᠲᠥᠷᠥ ᠶᠢᠨ | ᠪᠣᠳᠣᠯᠭ᠎ᠠ ᠨᠤᠭᠤᠳ︾ ︽ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠦᠴᠦᠯᠡᠨ ᠲᠡᠳᠬᠦᠵᠦ ᠬᠦᠴᠢᠷᠳᠡᠯ ᠢ ᠨᠢ | ᠰᠢᠢᠳᠪᠦᠷᠢᠯᠡᠵᠦ ᠬᠦᠴᠢᠷᠳᠡᠯ ᠢ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠨᠦᠭᠦᠳ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠠᠶᠢᠮᠠᠭ ᠤᠨ ᠪᠣᠳᠠᠲᠠᠶ ᠲᠠᠢ | ᠤᠶᠠᠯᠳᠤᠭᠤᠯᠤᠨ᠂ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢ ᠳᠤᠷᠠᠳᠪᠠ᠃ | ᠨᠢᠭᠡ᠂ ᠲᠥᠷᠥ ᠶᠢᠨ ᠪᠣᠳᠣᠯᠭ᠎ᠠ ᠶᠢᠨ ᠠᠭᠤᠯᠭ᠎ᠠ | ︵ᠨᠢᠭᠡ︶ ᠵᠤᠭᠠᠴᠠᠯ ᠤᠨ ᠦᠢᠯᠡᠴᠢᠯᠡᠭᠡᠨ ᠤ ᠲᠠᠰ ᠢ ᠳᠡᠭᠡᠭᠰᠢᠯᠡᠭᠦᠯᠬᠦ ᠶᠢ ᠳᠡᠮᠵᠢᠨ᠎ᠡ ᠃ ᠤᠨ ᠤ ᠵᠤᠭᠠᠴᠠᠯ | ᠤᠨ ᠭᠠᠵᠠᠷ ᠤᠨ ᠶᠠᠰᠤ ᠴᠢᠨᠠᠷ ᠤᠨ ᠲᠡᠰ ᠢ ᠦᠨᠡᠯᠡᠨ ᠲᠣᠭᠲᠠᠭᠠᠬᠤ ᠳᠤ᠂ ᠤᠯᠤᠰ ᠤᠨ ᠲᠡᠰ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠬᠥᠬᠢᠭᠦᠯᠦᠯ ᠢ ᠣᠯᠤᠭᠰᠠᠨ ᠵᠤᠭᠠᠴᠠᠯ ᠭᠠᠵᠠᠷ ᠢ ᠱᠠᠩᠨᠠᠨ ᠬᠥᠬᠢᠭᠦᠯᠦᠨ᠎ᠡ᠃ | ᠤᠯᠤᠰ ᠤᠨ ᠲᠠᠰ ᠤᠨ ᠬᠥᠬᠢᠭᠦᠯᠦᠯ ᠭᠥᠷᠳᠡᠭᠰᠡᠨ ᠵᠤᠭᠠᠴᠠᠯ ᠤᠨ ᠭᠠᠵᠠᠷ ᠨᠢᠭᠡ ᠤᠳᠠᠭ᠎ᠠ ᠳᠤ 10 ᠲᠦᠮᠡᠨ | ᠲᠥᠭᠦᠷᠢᠭ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠬᠢᠭᠦᠯᠦᠯ ᠭᠥᠷᠳᠡᠭᠰᠡᠨ ᠵᠤᠭᠠᠴᠠᠯ ᠤᠨ | ᠭᠠᠵᠠᠷ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃ ︵ᠠᠶᠢᠮᠠᠭ ᠤᠨ ᠰᠣᠶᠣᠯ ᠵᠤᠭᠠᠴᠠᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ︵ᠬᠤᠶᠠᠷ︶ ᠵᠤᠭᠠᠴᠠᠯ ᠤᠨ ᠪᠦᠯᠬᠦᠮ ᠳᠤᠭᠤᠶᠢᠯᠠᠩ ᠤᠨ ᠴᠤᠪᠤᠷᠠᠯ ᠤᠨ ᠬᠡᠮᠵᠢᠶ᠎ᠡ ᠶᠢ ᠨᠡᠮᠡᠭᠳᠡᠭᠦᠯᠬᠦ ᠶᠢ | ᠳᠡᠮᠵᠢᠨ᠎ᠡ᠃ ᠵᠤᠭᠠᠴᠠᠯ ᠤᠨ ᠭᠠᠵᠠᠷ ᠪᠦᠯᠬᠦᠮ ᠵᠣᠬᠢᠶᠠᠨ ᠪᠠᠶᠢᠭᠤᠯᠵᠤ ᠬᠢᠩᠭᠠᠨ ᠠᠶᠢᠮᠠᠭ ᠲᠤ ᠵᠤᠭᠠᠴᠠᠬᠤ ᠶᠢᠨ | ᠬᠠᠮᠲᠤ ᠬᠤᠨᠤᠭ ᠤᠨ ᠵᠠᠷᠤᠳᠠᠯ ᠭᠠᠷᠭᠠᠭᠰᠠᠨ ᠵᠤᠭᠠᠴᠠᠭᠰᠠᠳ ᠤᠨ ᠲᠤᠭ᠎ᠠ ᠪᠠᠷ ᠱᠠᠩᠨᠠᠯ ᠤᠨ ᠪᠠᠷᠢᠮᠵᠢᠶ᠎ᠠ ᠪᠣᠯᠭᠠᠵᠤ᠂ | ᠬᠥᠮᠦᠨ ᠪᠦᠷᠢ ᠤᠳᠠᠭ᠎ᠠ ᠳᠤ 20 ᠲᠥᠭᠦᠷᠢᠭ ᠤᠨ ᠪᠠᠷᠢᠮᠵᠢᠶ᠎ᠠ ᠪᠠᠷ ᠵᠤᠭᠠᠴᠠᠯ ᠤᠨ ᠭᠠᠵᠠᠷ ᠲᠤ ᠱᠠᠩᠨᠠᠯ ᠣᠯᠭᠤᠵᠤ᠂ | ᠡᠪᠦᠯ ᠤᠨ ᠤᠯᠠᠷᠢᠯ ︵ᠵᠢᠯ ᠪᠦᠷᠢ ᠶᠢᠨ 12 ᠳ᠋ᠤᠭᠠᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ 3 ᠳ᠋ᠤᠭᠠᠷ | ᠰᠠᠷ᠎ᠠ ᠶᠢᠨ 1 ᠤ ᠡᠳᠦᠷ ᠪᠣᠯᠲᠠᠯ᠎ᠠ︶ ᠤᠨ ᠱᠠᠩᠨᠠᠯ ᠤᠨ ᠪᠠᠷᠢᠮᠵᠢᠶ᠎ᠠ ᠶᠢ ᠬᠥᠮᠦᠨ ᠪᠦᠷᠢ ᠤᠳᠠᠭ᠎ᠠ ᠳᠤ 50 ᠲᠥᠭᠦᠷᠢᠭ | ᠪᠣᠯᠭᠠᠨ ᠳᠡᠭᠡᠭᠰᠢᠯᠡᠭᠦᠯᠦᠨ᠎ᠡ᠃ ᠠᠶᠢᠮᠠᠭ ᠤᠨ ᠳᠣᠲᠣᠷᠠᠬᠢ ᠵᠤᠭᠠᠴᠠᠭᠰᠠᠳ ᠢ ᠵᠣᠬᠢᠶᠠᠨ ᠪᠠᠶᠢᠭᠤᠯᠵᠤ ᠠᠶᠢᠮᠠᠭ ᠤᠨ | ᠳᠣᠲᠣᠷᠠᠬᠢ ᠵᠤᠭᠠᠴᠠᠯ ᠤᠨ ᠭᠠᠵᠠᠷ ᠢ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠱᠠᠩᠨᠠᠨ | ᠬᠥᠬᠢᠭᠦᠯᠦᠨ᠎ᠡ᠃ ᠵᠤᠭᠠᠴᠠᠯ ᠤᠨ ᠦᠢᠯᠡᠴᠢᠯᠡᠭᠡᠨ ᠤ ᠭᠠᠵᠠᠷ ᠤᠨ ᠳᠠᠳᠠᠨ ᠠᠪᠴᠢᠷᠠᠭᠰᠠ ᠵᠤᠭᠠᠴᠠᠭᠰᠠᠳ ᠤᠨ | ᠲᠤᠭ᠎ᠠ ᠪᠠᠷ ᠤᠨ ᠤ ᠨᠡᠷᠡᠰ ᠤᠨ ᠵᠢᠭᠰᠠᠭᠠᠯᠲᠠ ᠬᠢᠵᠦ᠂ ᠳᠠᠳᠠᠨ ᠠᠪᠴᠢᠷᠠᠭᠰᠠ ᠵᠤᠭᠠᠴᠠᠭᠰᠠᠳ ᠤᠨ ᠲᠤᠭ᠎ᠠ ᠨᠢ 1 | ᠲᠦᠮᠡ ᠠᠴᠠ ᠳᠡᠭᠡᠭᠰᠢ ᠪᠣᠯᠤᠭᠰᠠᠨ ᠵᠤᠭᠠᠴᠠᠯ ᠤᠨ ᠭᠠᠵᠠᠷ ᠤᠨ ᠨᠡᠷᠡᠰ ᠤᠨ ᠵᠢᠭᠰᠠᠭᠠᠯᠲᠠ ᠳᠤ ᠡᠮᠦᠨ᠎ᠡ 5 ᠨᠡᠷᠡᠰ ᠲᠤ | ᠤᠷᠤᠭᠰᠠᠨ ᠪᠠᠶᠢᠪᠠᠯ᠂ ᠲᠣᠰ ᠲᠣᠰ 30 ᠲᠦᠮᠡᠨ ᠲᠥᠭᠦᠷᠢᠭ᠂ 25 ᠲᠦᠮᠡᠨ ᠲᠥᠭᠦᠷᠢᠭ᠂ 20 ᠲᠦᠮᠡᠨ | ᠲᠥᠭᠦᠷᠢᠭ᠂ 15 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ | ᠣᠯᠭᠤᠨ᠎ᠠ᠃ ᠤᠯᠤᠰ ᠤᠨ ᠳᠣᠲᠣᠭᠠᠳᠤ ᠶᠢᠨ ᠰᠢᠯᠢᠳᠡᠭ ᠵᠤᠭᠠᠴᠠᠯ ᠤᠨ ᠭᠠᠵᠠᠷ᠂ ᠨᠠᠷᠠᠲᠤ ᠲᠡᠮᠳᠡᠭᠲᠦ ᠵᠤᠭᠠᠴᠠᠯ ᠤᠨ | ᠭᠠᠵᠠᠷ ᠬᠢᠩᠭᠠᠨ ᠠᠶᠢᠮᠠᠭ ᠲᠤ ᠵᠤᠭᠠᠴᠠᠯ ᠤᠨ ᠭᠠᠵᠠᠷ ᠪᠤᠶᠤ ᠰᠠᠯᠪᠤᠷᠢ ᠪᠠᠶᠢᠭᠤᠯᠤᠮᠵᠢ ᠡᠷᠭᠢᠯᠡᠬᠦ ᠳᠤ ᠬᠢᠩᠭᠠᠨ | ᠠᠶᠢᠮᠠᠭ ᠤᠨ ᠲᠣᠰ ᠭᠠᠵᠠᠷ ᠤᠨ ᠵᠤᠭᠠᠴᠠᠯ ᠤᠨ ᠭᠠᠵᠠᠷ ᠲᠠᠢ ᠠᠳᠠᠯᠢᠬᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠭᠥᠷᠳᠡᠬᠦ ᠠᠴᠠ ᠭᠠᠳᠠᠨ᠎ᠠ᠂ ᠠᠶᠢᠮᠠᠭ ᠤᠨ ᠳᠣᠲᠣᠭᠠᠳᠤ ᠳᠤ ᠨᠢᠭᠡ ᠵᠢᠯ ᠠᠴᠠ ᠳᠡᠭᠡᠭᠰᠢ ᠡᠵᠡᠩᠨᠡᠵᠦ ᠪᠠᠶᠢᠬᠤ | ᠮᠥᠷᠲᠡᠭᠡᠨ ᠠᠶᠢᠮᠠᠭ ᠤᠨ ᠭᠠᠳᠠᠨᠠᠬᠢ ᠵᠤᠭᠠᠴᠠᠭᠴᠢ ᠶᠢ 2000 ᠬᠥᠮᠦᠨ ᠠᠴᠠ ᠳᠡᠭᠡᠭᠰᠢ ᠲᠠᠲᠠᠵᠤ ᠠᠪᠴᠢᠷᠠᠭᠰᠠᠨ | ᠵᠤᠭᠠᠴᠠᠯ ᠤᠨ ᠭᠠᠵᠠᠷ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠢᠶᠠᠷ ᠱᠠᠩᠨᠠᠨ᠎ᠠ᠃ ︵ | ᠠᠶᠢᠮᠠᠭ ᠤᠨ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ︵ᠭᠤᠷᠪᠠ︶ ᠵᠤᠭᠠᠴᠠᠯ ᠤᠨ ᠠᠶᠠᠨᠴᠢᠳ ᠤᠨ ᠲᠡᠭᠡᠭᠡᠪᠦᠷᠢ ᠶᠢᠨ ᠣᠯᠠᠨ ᠲᠠᠯ᠎ᠠ ᠪᠠᠷ ᠬᠤᠷᠠᠨ ᠴᠤᠭᠯᠠᠷᠠᠬᠤ ᠶᠢ | ᠳᠡᠮᠵᠢᠨ᠎ᠡ᠃ ᠵᠤᠭᠠᠴᠠᠯ ᠤᠨ ᠲᠤᠰᠬᠠᠶ ᠭᠠᠯᠲᠤ ᠲᠡᠷᠭᠡ ᠪᠠᠷ ᠳᠠᠮᠵᠢᠭᠤᠯᠤᠨ ᠵᠤᠭᠠᠴᠠᠭᠰᠠᠳ ᠢ ᠵᠣᠬᠢᠶᠠᠨ ᠪᠠᠶᠢᠭᠤᠯᠵᠤ | ᠬᠢᠩᠭᠠᠨ ᠠᠶᠢᠮᠠᠭ ᠲᠤ ᠵᠤᠭᠠᠴᠠᠬᠤ ᠶᠢᠨ ᠬᠠᠮᠲᠤ ᠬᠤᠨᠤᠭ ᠤᠨ ᠵᠠᠷᠤᠳᠠᠯ ᠭᠠᠷᠭᠠᠭᠰᠠᠨ ᠵᠤᠭᠠᠴᠠᠯ ᠤᠨ ᠺᠣᠮᠫᠠᠨᠢ ᠶᠢ | ᠱᠠᠩᠨᠠᠨ ᠬᠥᠬᠢᠭᠦᠯᠦᠨ᠎ᠡ᠃ ᠠᠶᠠᠯᠠᠯ ᠤᠨ ᠵᠠᠶ ᠨᠢ 800 ᠺᠢᠯᠣᠮᠧᠲᠷ ᠤᠨ ᠳᠣᠲᠣᠷ᠎ᠠ ᠪᠠᠶᠢᠪᠠᠯ ᠬᠥᠮᠦᠨ ᠪᠦᠷᠢ ᠳᠤ 80 | ᠲᠥᠭᠦᠷᠢᠭ ᠢᠶᠠᠷ ᠱᠠᠩᠨᠠᠵᠤ ᠬᠥᠬᠢᠭᠦᠯᠦᠨ᠎ᠡ ᠠᠶᠠᠯᠠᠯ ᠤᠨ ᠵᠠᠶ ᠨᠢ 800 ᠺᠢᠯᠣᠮᠧᠲᠷ ᠠᠴᠠ ᠳᠡᠭᠡᠭᠰᠢ ᠪᠠᠶᠢᠪᠠᠯ᠂ | ᠬᠥᠮᠦᠨ ᠪᠦᠷᠢ ᠳᠤ 100 ᠲᠥᠭᠦᠷᠢᠭ ᠢᠶᠠᠷ ᠱᠠᠩᠨᠠᠨ᠎ᠠ᠃ ᠨᠢᠰᠬᠡᠯ ᠳᠠᠭᠠᠭᠠᠴᠢᠯᠠᠬᠤ ᠪᠤᠶᠤ ᠣᠷᠣ ᠬᠡᠷᠴᠢᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠵᠤᠭᠠᠴᠠᠭᠰᠠᠳ ᠢ ᠵᠣᠬᠢᠶᠠᠨ ᠪᠠᠶᠢᠭᠤᠯᠵᠤ ︵20 ᠬᠥᠮᠦᠨ / ᠪᠦᠯᠬᠦᠮ ᠠᠴᠠ | ᠳᠣᠤᠷ᠎ᠠ ᠥᠬᠡᠶ︶᠂ ᠲᠣᠮᠣ ᠰᠠᠭᠤᠳᠠᠯ ᠤᠨ ᠮᠠᠰᠢᠨ ᠢᠶᠠᠷ ᠳᠠᠮᠵᠢᠭᠤᠯᠤᠨ ᠵᠢᠭᠤᠯᠴᠢᠯᠠᠭᠴᠢᠳ ᠢ ᠵᠣᠬᠢᠶᠠᠨ ᠪᠠᠶᠢᠭᠤᠯᠵᠤ | ︵180 ᠬᠥᠮᠦᠨ / ᠪᠦᠯᠬᠦᠮ ᠠᠴᠠ ᠳᠣᠤᠷ᠎ᠠ ᠥᠬᠡᠶ︶ ᠬᠢᠩᠭᠠᠨ ᠠᠶᠢᠮᠠᠭ ᠲᠤ ᠣᠷᠣᠬᠤ ᠶᠢᠨ ᠬᠠᠮᠲᠤ ᠬᠤᠨᠤᠭ ᠤᠨ | ᠵᠠᠷᠤᠳᠠᠯ ᠭᠠᠷᠭᠠᠭᠰᠠᠨ ᠵᠤᠭᠠᠴᠠᠯ ᠤᠨ ᠦᠢᠯᠡᠴᠢᠯᠡᠭᠡᠨ ᠤ ᠭᠠᠵᠠᠷ ᠢ ᠲᠤᠰᠬᠠᠶ ᠭᠠᠯᠲᠤ ᠲᠡᠷᠭᠡᠨ ᠤ ᠠᠷᠭ᠎ᠠ | ᠮᠠᠶ᠋ᠢᠭ ᠢᠶᠠᠷ ᠯᠠᠪᠯᠠᠯᠲᠠ ᠪᠣᠯᠭᠠᠵᠤ ᠱᠠᠩᠨᠠᠨ ᠬᠥᠬᠢᠭᠦᠯᠦᠨ᠎ᠡ᠃ ︵ᠠᠶᠢᠮᠠᠭ ᠤᠨ ᠰᠣᠶᠣᠯ ᠵᠤᠭᠠᠴᠠᠯ ᠤᠨ ᠪᠡᠶ᠎ᠡ ᠶᠢᠨ | ᠲᠠᠮᠢᠷ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ︵ᠳᠥᠷᠪᠡ︶ ᠬᠡᠷᠡᠭᠯᠡᠭᠡᠨ ᠤ ᠲᠠᠰ ᠳᠡᠪᠰᠢᠵᠦ ᠠᠷᠠᠳ ᠲᠤ ᠠᠰᠢᠭ ᠬᠦᠷᠲᠡᠭᠡᠬᠦ ᠶᠢ ᠳᠡᠮᠵᠢᠨ᠎ᠡ᠃ ᠬᠡᠷᠡᠭᠯᠡᠭᠡᠨ ᠤ | ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠳᠠᠯᠳᠤᠭᠠᠨ ᠤ ᠬᠡᠲᠦ ᠳᠡᠯᠭᠡᠭᠦᠷ᠂ ᠬᠡᠷ ᠤᠨ | ᠴᠠᠬᠢᠯᠭᠠᠨ ᠬᠡᠷᠡᠭᠰᠡᠯ᠂ ᠮᠠᠰᠢᠨ ᠲᠡᠷᠭᠡ᠂ ᠢᠳᠡᠭᠡᠨ ᠤᠮᠳᠠᠭᠠᠨ᠂ ᠲᠣᠰᠣ ᠨᠡᠮᠡᠬᠦ ᠵᠡᠷᠭᠡ ᠬᠦᠷᠢᠶ᠎ᠡ ᠴᠠᠷᠠᠭ᠎ᠠ ᠳᠤ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ᠪᠥᠬᠦ ᠠᠶᠢᠮᠠᠭ ᠤᠨ ᠮᠠᠰᠢᠨ ᠲᠡᠷᠭᠡᠨ ᠤ | ᠬᠡᠷᠡᠭᠯᠡᠭᠡᠨ ᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠬᠤᠭᠤᠴᠠᠭᠠᠨ ᠳᠤ᠂ 10 ᠲᠦᠮᠡᠨ ᠲᠥᠭᠦᠷᠢᠭ ︵ᠪᠠᠭᠲᠠᠨ᠎ᠠ︶ | ᠠᠴᠠ ᠳᠡᠭᠡᠭᠰᠢᠬᠢ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠪᠠ ᠰᠢᠨ᠎ᠡ ᠡᠨᠧᠷᠭᠢ ᠶᠢᠨ ᠮᠠᠰᠢᠨ ᠲᠡᠷᠭᠡ | ᠬᠤᠳᠠᠯᠳᠤᠨ ᠠᠪᠤᠭᠰᠠᠨ ᠬᠡᠷᠡᠭᠯᠡᠭᠴᠢᠳ ᠲᠤ ᠲᠣᠰ ᠲᠣᠰ 1000 ᠲᠥᠭᠦᠷᠢᠭ ᠪᠠ 1500 ᠲᠥᠭᠦᠷᠢᠭ ᠤᠨ | ᠲᠡᠩᠴᠡᠭᠦᠤ ᠥᠷᠲᠡᠭᠲᠦ ᠨᠥᠬᠦᠪᠥᠷᠢ ᠣᠯᠭᠤᠨ᠎ᠠ᠃ ᠪᠣᠷᠣᠯᠠᠭᠤᠯᠤᠯᠲᠠ ᠶᠢᠨ ᠬᠡᠮᠵᠢᠶ᠎ᠡ ᠨᠢ 1 ᠳ᠋ᠦᠩᠰᠢᠭᠤᠷ | ᠲᠥᠭᠦᠷᠢᠭ ᠢ ᠳᠠᠪᠠᠭᠰᠠᠨ ᠮᠥᠷᠲᠡᠭᠡᠨ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ ᠠᠳᠠᠯᠢ | ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠭᠰᠡᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ | ᠵᠢᠴᠢ ︽ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ︾ ᠠᠵᠢᠯᠯᠠᠭ᠎ᠠ | ᠥᠷᠨᠢᠭᠦᠯᠦᠭᠰᠡᠨ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ | ᠪᠣᠷᠣᠯᠠᠭᠤᠯᠤᠯᠲᠠ ᠶᠢᠨ ᠬᠡᠮᠵᠢᠶ᠎ᠡ ᠨᠢ 2000 ᠲᠦᠮᠡᠨ ᠲᠥᠭᠦᠷᠢᠭ ᠠᠴᠠ ᠳᠡᠭᠡᠭᠰᠢ ᠪᠣᠯᠤᠭᠰᠠᠨ ᠬᠡᠷ ᠤᠨ ᠴᠠᠬᠢᠯᠭᠠᠨ | ᠬᠡᠷᠡᠭᠰᠡᠯ ᠤᠨ ᠬᠡᠯᠬᠢᠶᠡᠵᠢᠭᠰᠡᠨ ᠠᠵᠤ ᠠᠬᠤᠶᠢᠯᠠᠯ ᠪᠤᠶᠤ ᠲᠣᠰ ᠭᠠᠵᠠᠷ ᠤᠨ ᠬᠡᠷ ᠤᠨ ᠴᠠᠬᠢᠯᠭᠠᠨ ᠬᠡᠷᠡᠭᠰᠡᠯ ᠢ ᠡᠵᠡᠩᠨᠡᠨ | ᠪᠣᠷᠣᠯᠠᠭᠤᠯᠬᠤ ᠠᠵᠤ ᠠᠬᠤᠶᠢᠯᠠᠯ ᠳᠤ ᠲᠣᠰ ᠲᠣᠰ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠤᠬᠠᠭᠤᠯᠬᠤ ᠵᠡᠷᠭᠡ | ᠲᠠᠯ᠎ᠠ ᠪᠠᠷ 2 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠪᠥᠬᠦ ᠠᠶᠢᠮᠠᠭ ᠤᠨ ᠬᠡᠷ ᠤᠨ ᠴᠠᠬᠢᠯᠭᠠᠨ | ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠬᠤᠭᠤᠴᠠᠭᠠᠨ ᠳᠤ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ | ᠭᠠᠷᠭᠠᠭᠰᠠᠨ ᠣᠨᠴᠠ ᠲᠣᠭᠲᠠᠭᠰᠠᠨ ᠮᠠᠰᠢᠨ ᠤ ᠬᠡᠯᠪᠡᠷᠢ ᠳᠤ ᠵᠣᠬᠢᠬᠤ ᠬᠡᠮᠵᠢᠶᠡᠨ ᠤ ᠨᠥᠬᠦᠪᠥᠷᠢ ᠣᠯᠭᠤᠨ᠎ᠠ᠃ | ᠨᠥᠬᠦᠴᠡᠯ ᠲᠠᠢ ᠬᠡᠯᠬᠢᠶᠡᠵᠢᠭᠰᠡᠨ ᠠᠵᠤ ᠠᠬᠤᠶᠢᠯᠠᠯ᠂ ᠬᠤᠳᠠᠯᠳᠤᠭᠠᠨ ᠤ ᠲᠥᠪ᠂ ᠲᠠᠷᠢᠶᠠᠯᠠᠩ ᠤᠨ ᠪᠥᠭᠡᠮ ᠤᠨ ᠵᠠᠬ᠎ᠠ | ᠳᠡᠯᠭᠡᠭᠦᠷ ᠲᠤ ᠨᠢᠭᠡᠳᠦᠯᠲᠡᠶ ᠲᠣᠭᠠᠴᠠᠭ᠎ᠠ ᠬᠢᠵᠦ ᠮᠥᠩᠭᠦ ᠬᠤᠷᠢᠶᠠᠬᠤ ᠶᠢ ᠨᠢᠭᠡᠳᠬᠡᠬᠦ ᠶᠢ ᠬᠡᠷᠡᠭᠵᠢᠭᠦᠯᠬᠦ ᠶᠢ | ᠵᠣᠷᠢᠭᠵᠢᠭᠤᠯᠵᠤ᠂ ᠠᠩᠬ᠎ᠠ ᠤᠳᠠᠭ᠎ᠠ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ | ᠪᠦᠷᠢᠳᠬᠡᠯ ᠳᠤ ᠣᠷᠣᠭᠤᠯᠬᠤ ᠶᠢᠨ ᠬᠠᠮᠲᠤ ᠦᠷᠭᠦᠯᠵᠢᠯᠡᠨ ᠲᠣᠭᠲᠠᠭᠤᠨ ᠢᠶᠠᠷ ᠠᠵᠢᠯᠯᠠᠵᠤ ᠪᠠᠶᠢᠭ᠎ᠠ ᠵᠢᠵᠢᠭᠯᠡᠨ | ᠬᠤᠳᠠᠯᠳᠤᠬᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠢ ᠨᠢᠭᠡ ᠤᠳᠠᠭ᠎ᠠ ᠶᠢᠨ ᠴᠢᠨᠠᠷᠲᠠᠶ ᠪᠠᠷ 2 ᠲᠦᠮᠡᠨ | ᠲᠥᠭᠦᠷᠢᠭ ᠢᠶᠠᠷ ᠱᠠᠩᠨᠠᠨ᠎ᠠ︔ ᠨᠢᠭᠡᠳᠬᠡᠬᠦ ᠪᠠᠷ ᠲᠤᠰᠢᠶᠠᠭᠰᠠᠨ ᠤ ᠳᠠᠷᠠᠭᠠᠬᠢ ᠵᠢᠵᠢᠭᠯᠡᠨ ᠬᠤᠳᠠᠯᠳᠤᠭᠰᠠᠨ ᠲᠤᠭ᠎ᠠ ᠨᠢ | ᠠᠳᠠᠯᠢ ᠬᠤᠭᠤᠴᠠᠭᠠᠨ ᠤ ᠬᠢ ᠠᠴᠠ 20% ᠪᠠ 30% ᠠᠴᠠ ᠥᠨᠳᠥᠷ ᠨᠡᠮᠡᠭᠳᠡᠭᠰᠡᠨ ᠠᠵᠤ ᠠᠬᠤᠶᠢᠯᠠᠯ ᠳᠤ ᠲᠣᠰ | ᠲᠣᠰ ᠨᠢᠭᠡ ᠤᠳᠠᠭ᠎ᠠ ᠶᠢᠨ ᠴᠢᠨᠠᠷᠲᠠᠶ 1 ᠲᠦᠮᠡᠨ ᠲᠥᠭᠦᠷᠢᠭ ᠪᠠ 2 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ︵ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ︵ᠲᠠᠪᠤ︶ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠨᠡᠮᠡᠭᠳᠡᠭᠦᠯᠬᠦ ᠶᠢ | ᠳᠡᠮᠵᠢᠨ᠎ᠡ᠃ ᠲᠣᠰ ᠵᠢᠯ ᠤᠨ ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠸ᠊ ᠴᠡᠭ ᠲᠤ ᠣᠷᠣᠭᠤᠯᠤᠭᠰᠠᠨ ᠨᠡᠶᠢᠭᠡᠮ ᠲᠣᠭᠤᠷᠢᠭ ᠲᠤ ᠢᠵᠢ | ᠪᠥᠷᠢᠳᠦᠭᠦᠯᠬᠦ ᠱᠠᠩᠨᠠᠯ ᠤᠨ ᠨᠥᠬᠦᠪᠥᠷᠢ 20 ᠲᠦᠮᠡᠨ ᠲᠥᠭᠦᠷᠢᠭ ︵ᠡᠭᠦᠨ ᠳᠤ ᠠᠶᠢᠮᠠᠭ᠂ ᠬᠤᠰᠢᠭᠤ ᠬᠤᠶᠠᠷ | ᠱᠠᠲᠤᠨ ᠤ ᠡᠳ᠋ ᠤᠨ ᠵᠠᠰᠠᠭ ᠠᠴᠠ ᠲᠣᠰ ᠲᠣᠰ 10 ᠲᠦᠮᠡᠨ ᠲᠥᠭᠦᠷᠢᠭ ᠳᠣᠭᠢᠷᠠᠭᠤᠯᠤᠨ᠎ᠠ︶ ᠣᠯᠭᠤᠵᠤ᠂ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠳᠤ ᠬᠡᠷᠡᠭᠯᠡᠨ᠎ᠡ᠃ ᠲᠣᠰ | ᠵᠢᠯ ᠤᠨ ᠰᠢᠨ᠎ᠡ ᠪᠠᠷ ᠨᠡᠭᠡᠭᠡᠨ ᠬᠥᠭᠵᠢᠭᠦᠯᠬᠦ ᠡᠷᠲᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ | ᠠᠷᠠᠳ ᠲᠤ ᠠᠰᠢᠭᠲᠠᠶ ᠡᠳ᠋ ᠪᠣᠳᠠᠰ ᠢ ᠬᠤᠪᠢᠳᠠᠨ ᠡᠳ᠋ᠯᠡᠬᠦ ᠴᠤᠭᠯᠠᠭ᠎ᠠ ᠮᠠᠶᠢᠮᠠᠶ ᠪᠤᠶᠤ ᠬᠦᠷᠢ ᠬᠤᠷᠣᠬᠠᠶ ᠶᠢᠨ ᠵᠠᠬ᠎ᠠ | ᠳᠡᠯᠭᠡᠭᠦᠷ ᠤᠨ ᠶᠡᠷᠦᠩᠬᠡᠶ ᠲᠤᠭ᠎ᠠ ᠬᠡᠮᠵᠢᠶ᠎ᠡ ᠨᠢ 3 ᠠᠴᠠ ᠳᠡᠭᠡᠭᠰᠢ ᠳᠤ ᠬᠦᠷᠦᠭᠰᠡᠨ ᠬᠤᠰᠢᠭᠤ ᠰᠢᠶᠠᠨ ᠬᠤᠲᠠ ᠶᠢᠨ | ᠰᠢᠨ᠎ᠡ ᠪᠠᠷ ᠨᠡᠭᠡᠭᠡᠨ ᠬᠥᠭᠵᠢᠭᠦᠯᠬᠦ ᠶᠢᠨ ᠬᠠᠮᠲᠤ ᠪᠥᠲᠥᠭᠡᠨ ᠪᠠᠶᠢᠭᠤᠯᠬᠤ ᠪᠠᠷᠢᠮᠵᠢᠶ᠎ᠠ ᠳᠤ ᠬᠦᠷᠦᠭᠰᠡᠨ ᠵᠠᠬ᠎ᠠ | ᠳᠡᠯᠭᠡᠭᠦᠷ ᠲᠤ ᠪᠥᠲᠥᠭᠡᠨ ᠪᠠᠶᠢᠭᠤᠯᠬᠤ ᠭᠤᠤᠯ ᠴᠣᠭᠴᠠ ᠳᠤ 5 ᠲᠦᠮᠡᠨ ᠲᠥᠭᠦᠷᠢᠭ ᠤᠨ ᠱᠠᠩᠨᠠᠯ ᠨᠥᠬᠦᠪᠥᠷᠢ | ᠣᠯᠭᠤᠨ᠎ᠠ᠃ ᠬᠡᠷ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ | ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠷ ᠤᠨ ᠶᠠᠪᠤᠳᠠᠯ ᠤᠨ ᠦᠢᠯᠡᠴᠢᠯᠡᠭᠡᠨ ᠤ ᠣᠷᠣᠨ ᠨᠤᠲᠤᠭ ᠤᠨ | ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ ᠳᠡᠯᠭᠡᠷᠡᠭᠦᠯᠬᠦ ᠪᠠᠷ ᠦᠨᠡᠮᠰᠢᠭᠰᠡᠨ ᠠᠵᠤ ᠠᠬᠤᠶᠢᠯᠠᠯ ᠳᠤ ᠨᠢᠭᠡ | ᠤᠳᠠᠭ᠎ᠠ ᠶᠢᠨ ᠴᠢᠨᠠᠷᠲᠠᠶ ᠪᠠᠷ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠣᠨᠴᠠᠯᠢᠠᠠᠳᠣ ᠠᠮᠲᠠᠲᠤ | ᠢᠳᠡᠭᠡᠨ ᠤ ᠰᠢᠷᠢᠰ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ | ᠣᠷᠣᠨ ᠤ ᠱᠠᠲᠤᠨ ᠤ ᠠᠵᠢᠯ ᠲᠥᠷᠥᠯ ᠤᠨ ᠨᠡᠶᠢᠭᠡᠮᠯᠢᠭ ᠤᠨ ᠦᠨᠡᠯᠡᠨ ᠲᠣᠭᠲᠠᠭᠠᠯᠲᠠ ᠶᠢ ᠭᠥᠷᠳᠡᠬᠦ ᠶᠢᠨ ᠬᠠᠮᠲᠤ | ᠠᠶᠢᠮᠠᠭ ᠤᠨ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠦᠨᠡᠮᠰᠢᠭᠦᠯᠦᠭᠰᠡᠨ | ᠣᠨᠴᠠᠯᠢᠠᠳᠣ ᠠᠮᠲᠠᠲᠤ ᠢᠳᠡᠭᠡᠨ ᠤ ᠰᠢᠷᠢᠰ ᠨᠠᠷᠠᠲᠤ ᠲᠥᠷᠥᠯ ᠲᠡᠮᠳᠡᠭᠲᠦ ᠳᠤ ᠨᠠᠷᠠᠲᠤ ᠲᠥᠷᠥᠯ ᠲᠡᠮᠳᠡᠭᠲᠦ ᠶᠢ | ᠡᠭᠦᠳᠦᠨ ᠪᠠᠶᠢᠭᠤᠯᠬᠤ ᠭᠤᠤᠯ ᠴᠣᠭᠴᠠ ᠳᠤ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ | ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ︵ᠵᠢᠷᠭᠤᠭ᠎ᠠ︶ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠲᠤᠯᠠᠭᠠᠲᠤ ᠬᠠᠩᠭᠠᠯᠭ᠎ᠠ ᠶᠢ ᠳᠡᠮᠵᠢᠨ᠎ᠡ᠃ | ᠠᠶᠢᠮᠠᠭ ᠤᠨ ᠱᠠᠲᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠭᠤᠤᠯᠳᠠᠯᠭ᠎ᠠ ᠲᠠᠢ ᠠᠵᠤ | ᠠᠬᠤᠶᠢᠯᠠᠯ ᠤᠨ ᠨᠠᠷᠢᠨ ᠬᠠᠭᠤᠳᠠᠰᠤᠨ ᠳᠤ ᠵᠢᠭᠰᠠᠭᠠᠨ ᠣᠷᠣᠭᠤᠯᠬᠤ ᠶᠢᠨ ᠬᠠᠮᠲᠤ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠤᠨ ᠪᠠᠲᠤᠯᠠᠭ᠎ᠠ ᠬᠠᠩᠭᠠᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 2 | ᠲᠦᠮᠡᠨ ᠲᠥᠭᠦᠷᠢᠭ ᠤᠨ ᠱᠠᠩᠨᠠᠯ ᠣᠯᠭᠤᠵᠤ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠥᠪᠡᠷ ᠤᠨ ᠥᠷᠲᠡᠭ ᠢ | ᠨᠡᠮᠡᠭᠳᠡᠭᠦᠯᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ︵ᠠᠶᠢᠮᠠᠭ ᠤᠨ ᠬᠤᠳᠠᠯᠳᠤᠭᠠᠨ ᠤ ᠶᠠᠪᠤᠳᠠᠯ | ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ︵ᠳᠣᠯᠤᠭ᠎ᠠ︶ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ᠎ᠡ | ᠃ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠨᠢ 2000 ᠲᠦᠮᠡᠨ | ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ ᠳᠡᠭᠡᠭᠰᠢ ᠪᠣᠯᠤᠭᠰᠠᠨ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢᠨ ᠠᠷᠠᠳ ᠤᠨ | ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ ᠪᠠᠷᠠᠭᠠᠨ ᠤ ᠭᠦᠢᠯᠭᠡᠭᠡᠨ ᠤ ᠨᠥᠬᠦᠪᠥᠷᠢ ᠣᠯᠭᠤᠵᠤ᠂ ᠲᠠᠩ ᠭᠠᠭᠴᠠ ᠠᠵᠤ | ᠠᠬᠤᠶᠢᠯᠠᠯ ᠤᠨ ᠨᠥᠬᠦᠪᠥᠷᠢ ᠶᠢᠨ ᠳᠡᠭᠡᠳᠦ ᠬᠢᠵᠠᠭᠠᠷ ᠢ 50 ᠮᠠᠨ ᠤ ᠠᠶᠢᠮᠠᠭ ᠲᠤ ᠳᠠᠩᠰᠠᠯᠠᠭᠤᠯᠤᠭᠰᠠᠨ ᠪᠥᠭᠡᠳ | ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠡᠭᠦᠰᠴᠦ᠂ | ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠨᠢ 5000 ᠲᠦᠮᠡ ᠪᠠ 1 | ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠬᠦᠷᠦᠭᠰᠡᠨ ᠦᠢᠯᠡᠳᠪᠦᠷᠢᠯᠡᠯ ᠤᠨ ᠬᠡᠯᠪᠡᠷᠢ ᠶᠢᠨ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 20 ᠲᠦᠮᠡᠨ ᠲᠥᠭᠦᠷᠢᠭ ᠪᠠ | 40 ᠲᠦᠮᠡᠨ ᠲᠥᠭᠦᠷᠢᠭ ︵ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠳ ᠠᠷᠠᠳ ᠤᠨ ᠵᠣᠭᠤᠰ / ᠳ᠋ᠣᠯᠯᠠᠷ ᠤᠨ | ᠪᠠᠷᠢᠮᠵᠢᠶ᠎ᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ 0.05 ᠲᠥᠭᠦᠷᠢᠭ ᠳᠠᠪᠬᠤᠴᠠᠭᠤᠯᠤᠨ ᠭᠥᠷᠳᠡᠵᠦ | ᠪᠣᠯᠤᠨ᠎ᠠ︶ ᠱᠠᠩᠨᠠᠨ᠎ᠠ᠃ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠨᠢ 2000 | ᠲᠦᠮᠡᠨ ᠲᠥᠭᠦᠷᠢᠭ ᠠᠷᠠᠳ ᠤᠨ ᠵᠣᠭᠤᠰ ᠲᠤ ᠬᠦᠷᠦᠭᠰᠡᠨ ᠥᠬᠡᠶ ᠳᠤᠮᠳᠠ ᠵᠢᠵᠢᠭ ᠪᠢᠴᠢᠯ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠨᠢ | ᠠᠩᠬ᠎ᠠ ᠤᠳᠠᠭ᠎ᠠ 500 ᠲᠦᠮᠡᠨ ᠲᠥᠭᠦᠷᠢᠭ᠂ 1000 ᠲᠦᠮᠡᠨ ᠲᠥᠭᠦᠷᠢᠭ᠂ 1500 ᠲᠦᠮᠡᠨ ᠲᠥᠭᠦᠷᠢᠭ ᠲᠤ | ᠬᠦᠷᠴᠦ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 5 ᠲᠦᠮᠡᠨ ᠲᠥᠭᠦᠷᠢᠭ᠂ 10 ᠲᠦᠮᠡᠨ ᠲᠥᠭᠦᠷᠢᠭ᠂ | 15 ᠲᠦᠮᠡᠨ ᠲᠥᠭᠦᠷᠢᠭ ᠢᠶᠠᠷ ᠱᠠᠩᠨᠠᠨ᠎ᠠ᠃ ᠥᠪᠡᠷᠲᠡᠭᠡᠨ ᠵᠠᠰᠠᠬᠤ ᠣᠷᠣᠨ ᠤ ᠪᠤᠶᠢᠵᠢᠭᠤᠯᠬᠤ ᠡᠲᠡᠭᠡᠳ ᠲᠤ | ᠵᠢᠭᠰᠠᠭᠠᠭᠳᠠᠭᠰᠠᠨ ᠪᠠ ᠵᠢᠩᠬᠢᠨᠢ ᠪᠠᠷ ᠦᠨᠡᠮᠰᠢᠭᠰᠡᠨ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 5 ᠲᠦᠮᠡᠨ ᠲᠥᠭᠦᠷᠢᠭ | ᠪᠠ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ | ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ︵ᠨᠠᠢᠮᠠ︶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠳᠬᠡᠨ ᠬᠥᠭᠵᠢᠭᠦᠯᠬᠦ ᠶᠢ ᠳᠡᠮᠵᠢᠨ᠎ᠡ᠃ | ᠨᠥᠯᠥᠭᠡᠯᠡᠬᠦ ᠬᠦᠴᠦᠨ ᠲᠠᠢ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠰᠦᠯᠵᠢᠶᠡᠨ ᠳᠡᠭᠡᠷ᠎ᠡ ᠡᠵᠡᠩᠨᠡᠨ | ᠪᠣᠷᠣᠯᠠᠭᠤᠯᠬᠤ ᠵᠢᠴᠢ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠶᠢ | ᠳᠡᠮᠵᠢᠵᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠭᠠᠳ᠂ | ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠨᠢ 700 ᠲᠦᠮᠡᠨ ᠲᠥᠭᠦᠷᠢᠭ ᠠᠴᠠ ᠳᠡᠭᠡᠭᠰᠢ ᠪᠣᠯᠤᠭᠰᠠᠨ ᠠᠵᠤ | ᠠᠬᠤᠶᠢᠯᠠᠯ ᠳᠤ ᠳᠡᠯᠭᠡᠷᠡᠭᠦᠯᠬᠦ ᠠᠵᠢᠯᠯᠠᠭ᠎ᠠ ᠶᠢᠨ ᠥᠪᠡᠷ ᠤᠨ ᠥᠷᠲᠡᠭ ᠨᠢ 20%᠂ ᠬᠠᠮᠤᠭ ᠤᠨ ᠥᠨᠳᠥᠷ ᠲᠡᠭᠡᠨ | 10 ᠲᠦᠮᠡᠨ ᠲᠥᠭᠦᠷᠢᠭ ᠠᠴᠠ ᠬᠡᠲᠦᠷᠡᠬᠦ ᠥᠬᠡᠶ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠤᠭ᠎ᠠ ᠨᠢ 500 ᠲᠦᠮᠡᠨ ᠲᠥᠭᠦᠷᠢᠭ ᠲᠤ ᠬᠦᠷᠦᠭᠰᠡᠨ ᠠᠷᠠᠳ ᠤᠨ ᠬᠤᠲᠠ ᠳᠤ 5 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠲᠤᠭ᠎ᠠ ᠨᠢ 500 ᠲᠦᠮᠡᠨ ᠲᠥᠭᠦᠷᠢᠭ ᠨᠡᠮᠡᠭᠳᠡᠬᠦ ᠪᠦᠷᠢ ᠳᠠᠬᠢᠨ 3 ᠲᠦᠮᠡᠨ ᠲᠥᠭᠦᠷᠢᠭ ᠤᠨ ᠱᠠᠩᠨᠠᠯ ᠨᠥᠬᠦᠪᠥᠷᠢ | ᠣᠯᠭᠤᠵᠤ᠂ ᠭᠠᠭᠴᠠ ᠭᠠᠭᠴᠠ ᠠᠵᠤ ᠠᠬᠤᠶᠢᠯᠠᠯ ᠤᠨ ᠨᠥᠬᠦᠪᠥᠷᠢ ᠶᠢᠨ ᠳᠡᠭᠡᠳᠦ ᠬᠢᠵᠠᠭᠠᠷ ᠢ 50 ᠲᠦᠮᠡᠨ | ᠲᠥᠭᠦᠷᠢᠭ ᠢᠶᠠᠷ ᠬᠢᠵᠠᠭᠠᠷᠯᠠᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ | ᠲᠦᠷᠦᠭᠦᠯᠡᠨ ᠬᠠᠷᠢᠭᠤᠴᠠᠨ᠎ᠠ︶ | ︵ᠶᠢᠰᠦ︶ ᠪᠠᠷᠠᠭᠠᠨ ᠤ ᠭᠦᠢᠯᠭᠡᠭᠡᠨ ᠤ ᠦᠢᠯᠡᠰ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢ ᠳᠡᠮᠵᠢᠨ᠎ᠡ᠃ | ᠪᠠᠷᠠᠭᠠᠨ ᠤ ᠭᠦᠢᠯᠭᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠰᠦᠯᠵᠢᠶ᠎ᠡ ᠪᠠᠷ | ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠢ ᠥᠷᠲᠡᠭ ᠨᠡᠮᠡᠭᠳᠡᠯ ᠤᠨ ᠭᠠᠶᠢᠯᠢ ᠲᠤᠰᠢᠶᠠᠬᠤ ᠣᠷᠣᠨ ᠨᠤᠲᠤᠭ ᠤᠨ | ᠬᠤᠪᠢᠳᠠᠨ ᠦᠯᠡᠳᠡᠭᠡᠬᠦ ᠬᠡᠰᠡᠭ ᠤᠨ ᠪᠠᠷᠢᠮᠵᠢᠶ᠎ᠠ ᠲᠠᠢ ᠬᠠᠷᠢᠴᠠᠭᠤᠯᠵᠤ ᠪᠠᠶᠢᠭᠠᠳ ᠠᠶᠢᠮᠠᠭ ᠬᠤᠰᠢᠭᠤ ᠬᠤᠶᠠᠷ | ᠱᠠᠲᠤᠨ ᠤ ᠡᠳ᠋ ᠤᠨ ᠵᠠᠰᠠᠭ ᠠᠴᠠ ᠱᠠᠩᠨᠠᠨ ᠬᠥᠬᠢᠭᠦᠯᠦᠨ᠎ᠡ᠃ ᠮᠠᠨ ᠤ ᠠᠶᠢᠮᠠᠭ ᠤᠨ ᠲᠤᠬᠠᠶ ᠶᠢᠨ ᠭᠠᠵᠠᠷ ᠤᠨ ︽ | ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠯᠭᠠᠨ | ᠠᠪᠬᠤ ᠳᠤ ᠬᠢᠷᠢ ᠲᠡᠩᠴᠡᠭᠰᠡᠨ ︽ᠵᠢᠯᠣᠭᠤᠴᠢ ᠶᠢᠨ ᠬᠡᠷ︾ ᠨᠢᠭᠡᠪᠦᠷᠢ ᠳᠤ 20 ᠲᠦᠮᠡᠨ ᠲᠥᠭᠦᠷᠢᠭ ᠤᠨ ᠨᠥᠬᠦᠪᠥᠷᠢ | ᠥᠭᠭᠦᠨ᠎ᠡ ︵ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶᠃ ︽ | ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠲᠦᠷᠭᠡᠨ | ᠬᠦᠷᠭᠡᠯᠲᠡ ᠶᠢ ᠲᠣᠰᠬᠤᠨ ᠳᠤ ᠣᠷᠣᠭᠤᠯᠬᠤ ᠲᠠᠩ ᠲᠤᠭ᠎ᠠ᠂ ᠲᠠᠩ ᠵᠦᠢᠯ ᠤᠨ ᠥᠪᠡᠷ ᠤᠨ ᠥᠷᠲᠡᠭ ᠪᠠ | ᠦᠢᠯᠡᠴᠢᠯᠭᠡ ᠡᠭᠦᠰᠦᠭᠰᠡᠨ ᠣᠷᠣᠨ ᠪᠦᠰᠡ ᠵᠡᠷᠭᠡ ᠪᠠᠷ ᠦᠨᠳᠦᠰᠦᠯᠡᠯ ᠪᠣᠯᠭᠠᠵᠤ᠂ ᠬᠠᠭᠤᠳᠠᠰᠤ ᠪᠦᠷᠢ ᠳᠤ 0.2 | ᠲᠥᠭᠦᠷᠢᠭ ᠤᠨ ᠨᠥᠬᠦᠪᠥᠷᠢ ᠥᠭᠬᠦ ᠪᠠᠷᠢᠮᠵᠢᠶ᠎ᠠ ᠪᠠᠷ ᠪᠥᠬᠦ ᠠᠶᠢᠮᠠᠭ ᠤᠨ ᠪᠣᠳᠠᠲᠠᠶ ᠡᠭᠦᠰᠦᠭᠰᠡᠨ ᠲᠦᠷᠭᠡᠨ | ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠳᠤ ᠨᠥᠬᠦᠪᠥᠷᠢ ᠥᠭᠭᠦᠨ᠎ᠡ | ᠃ 2021 ᠣᠨ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠦᠭᠰᠡᠨ 3 ᠡᠷᠦᠬᠡ ᠠᠴᠠ | ᠳᠡᠭᠡᠭᠰᠢᠬᠢ ᠲᠦᠷᠭᠡᠨ ᠬᠦᠷᠭᠡᠯᠲᠡ ᠶᠢᠨ ᠺᠣᠮᠫᠠᠨᠢ ᠳᠤ ᠣᠷᠣᠵᠤ ᠰᠠᠭᠤᠭᠠᠳ ᠬᠠᠮᠲᠤ ᠪᠠᠷ ᠬᠡᠷᠡᠭᠯᠡᠬᠦ ᠮᠥᠷᠲᠡᠭᠡᠨ 1 | ᠵᠢᠯ ᠠᠴᠠ ᠳᠡᠭᠡᠭᠰᠢ ᠦᠷᠭᠦᠯᠵᠢᠯᠡᠨ ᠲᠣᠭᠲᠠᠭᠤᠨ ᠢᠶᠠᠷ ᠡᠵᠡᠩᠨᠡᠵᠦ ᠳᠡᠶᠢᠯᠬᠦ ᠲᠣᠰᠬᠤᠨ ᠤ ᠲᠠᠰ ᠤᠨ ᠪᠠᠷᠠᠭᠠᠨ ᠤ | ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ᠂ ᠥᠷᠲᠡᠭᠡ ᠪᠠᠶᠢᠭᠤᠯᠬᠤ ᠳᠤ ᠰᠢᠨ᠎ᠡ ᠪᠠᠷ | ᠣᠷᠣᠭᠤᠯᠤᠭᠰᠠᠨ ᠣᠷᠣᠭᠤᠯᠤᠯᠲᠠ ᠶᠢ ᠬᠢᠨᠠᠨ ᠡᠵᠡᠮᠳᠡᠬᠦ ᠪᠠ ᠮᠡᠳᠡᠭᠡ ᠵᠠᠩᠭᠢ ᠣᠷᠣᠭᠤᠯᠬᠤ ᠲᠥᠬᠦᠭᠡᠷᠦᠮᠵᠢ ᠶᠢᠨ | ᠵᠠᠷᠤᠳᠠᠯ ᠵᠡᠷᠭᠡ ᠳᠤ ᠱᠠᠩᠨᠠᠯ ᠨᠥᠬᠦᠪᠥᠷᠢ ᠣᠯᠭᠤᠵᠤ᠂ ᠥᠷᠲᠡᠭᠡ ᠨᠢᠭᠡᠪᠦᠷᠢ ᠶᠢᠨ ᠨᠥᠬᠦᠪᠥᠷᠢ ᠶᠢ ᠵᠠᠷᠴᠢᠮ | ᠳᠡᠭᠡᠷ᠎ᠡ ᠪᠠᠨ 2000 ᠲᠥᠭᠦᠷᠢᠭ ᠠᠴᠠ ᠳᠠᠪᠠᠭᠤᠯᠬᠤ ᠥᠬᠡᠶ ︵ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶᠃ ᠡᠬᠢ ᠪᠠᠶᠠᠯᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ ᠬᠤᠲᠠ | ᠬᠥᠳᠡᠭᠡ ᠶᠢᠨ ᠬᠥᠯᠳᠡᠭᠡᠵᠦ ᠬᠡᠯᠬᠢᠶᠡᠵᠢᠭᠦᠯᠦᠨ ᠳᠣᠭᠢᠷᠠᠭᠤᠯᠤᠨ ᠬᠦᠷᠭᠡᠬᠦ ᠶᠢ ᠥᠷᠨᠢᠭᠦᠯᠵᠦ᠂ ᠥᠪᠡᠷ ᠤᠨ ᠪᠠᠶᠢᠭ᠎ᠠ | ᠬᠥᠯᠳᠡᠭᠡᠵᠦ ᠲᠡᠭᠡᠭᠡᠪᠦᠷᠢᠯᠡᠬᠦ ᠲᠡᠷᠭᠡ ᠨᠢ 5 ᠠᠴᠠ ᠳᠡᠭᠡᠭᠰᠢ ᠮᠥᠷᠲᠡᠭᠡᠨ ᠳᠣᠭᠢᠷᠠᠭᠤᠯᠤᠨ ᠬᠦᠷᠭᠡᠬᠦ ᠬᠡᠪᠴᠢᠶ᠎ᠡ ᠨᠢ | ᠬᠤᠰᠢᠭᠤ ᠰᠢᠶᠠᠨ ᠬᠤᠲᠠ ᠶᠢ ᠬᠠᠮᠤᠷᠤᠭᠰᠠᠨ 3 ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭ᠎ᠠ ᠪᠠ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠲᠦᠷᠦᠭᠦᠯᠡᠨ | ᠬᠠᠷᠢᠭᠤᠴᠠᠨ᠎ᠠ︶ | ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠨᠠᠷᠢᠯᠢᠭ ᠣᠨᠣᠴᠠᠲᠠᠶ ᠪᠠᠷ ᠬᠦᠴᠦᠨ | ᠨᠡᠮᠡᠷᠢᠯᠡᠬᠦ ᠶᠢ ᠳᠡᠮᠵᠢᠨ᠎ᠡ᠃ ᠠᠵᠢᠯᠯᠠᠭᠠᠨ ᠤ ᠪᠠᠶᠢᠳᠠᠯ ᠢᠶᠠᠷ ᠰᠠᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠦᠷ᠎ᠡ ᠪᠦᠲᠦᠮᠵᠢ ᠪᠠᠷ ᠢᠯᠡᠳᠲᠡ ᠪᠠᠶᠢᠭ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠳᠤ ᠵᠢᠯ ᠪᠦᠷᠢ 10 ᠲᠦᠮᠡᠨ | ᠲᠥᠭᠦᠷᠢᠭ ᠤᠨ ᠨᠥᠬᠦᠪᠥᠷᠢ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠰᠠᠶᠢᠨ | ᠥᠷᠨᠢᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠤ ᠵᠢᠯ ᠪᠦᠷᠢ 2000 | ᠲᠥᠭᠦᠷᠢᠭ ᠤᠨ ᠨᠥᠬᠦᠪᠥᠷᠢ ᠳᠡᠮᠵᠢᠯᠭᠡ ᠣᠯᠭᠤᠨ᠎ᠠ᠃ ︵ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ᠬᠤᠶᠠᠷ᠂ ᠳᠠᠭᠠᠯᠳᠤᠭᠤᠯᠤᠭᠰᠠᠨ ᠲᠦᠷᠢᠮ | 1. ᠡᠳ᠋ ᠤᠨ ᠵᠠᠰᠠᠭ ᠠᠴᠠ ᠵᠢᠯ ᠪᠦᠷᠢ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ᠂ | ᠲᠦᠷᠭᠡᠨ ᠬᠥᠭᠵᠢᠬᠦ ᠶᠢ ᠲᠡᠮᠵᠢᠨ᠎ᠡ᠃ ᠪᠡᠯᠡ ᠮᠥᠩᠭᠦ ᠳᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ | ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃ | 2. ᠳᠡᠭᠡᠷᠡᠬᠢ ᠳᠡᠮᠵᠢᠬᠦ ᠬᠦᠷᠢᠶ᠎ᠡ ᠴᠠᠷᠠᠭ᠎ᠠ ᠳᠤ ᠨᠡᠶᠢᠴᠡᠬᠦ ᠦᠢᠯᠡᠴᠢᠯᠡᠭᠡᠨ ᠤ ᠦᠢᠯᠡᠰ ᠤᠨ ᠭᠤᠤᠯ ᠴᠣᠭᠴᠠ | ᠪᠦᠬᠦᠨ ᠢ ᠴᠥᠮ ᠪᠠᠯᠠ ᠮᠥᠩᠭᠦ ᠶᠢᠨ ᠳᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ | 3. ᠡᠭᠦᠨ ᠤ ᠵᠡᠷᠭᠡᠴᠡᠪᠡᠷ ᠠᠶᠢᠮᠠᠭ ᠤᠨ ᠲᠤᠰ ᠱᠠᠲᠤᠨ ᠤ ᠤᠯᠠᠨ ᠵᠦᠢᠯ ᠤᠨ ᠲᠤᠰᠠᠯᠠᠮᠵᠢ ᠶᠢᠨ ᠲᠥᠷᠥ ᠶᠢᠨ | ᠪᠤᠳᠤᠯᠭ᠎ᠠ ᠶᠢᠨ ᠨᠥᠬᠦᠴᠡᠯ ᠳᠤ ᠨᠡᠶᠢᠴᠡᠬᠦ ᠦᠢᠯᠡᠴᠢᠯᠡᠭᠡᠨ ᠤ ᠭᠤᠣᠯ ᠴᠣᠭᠴᠠ ᠨᠢ ᠬᠠᠮᠤᠭ ᠤᠨ ᠥᠨᠳᠥᠷ ᠨᠢᠭᠡ | ᠯᠡ ᠵᠦᠢᠯ ᠤᠨ ᠲᠤᠰᠠᠯᠠᠮᠵᠢ ᠶᠢ ᠬᠥᠷᠳᠡᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠡᠰᠡᠭ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠥᠬᠦᠴᠡᠯ ᠢ ᠬᠠᠩᠭᠠᠭᠰᠠᠨ ᠦᠢᠯᠡᠴᠢᠯᠡᠭᠡᠨ ᠤ ᠭᠤᠤᠯ ᠴᠣᠭᠴᠠ ᠨᠢ | ᠠᠶᠢᠮᠠᠭ ᠤᠨ ᠱᠠᠲᠤᠨ ᠤ ᠲᠥᠬᠦᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠥᠷᠳᠡᠵᠦ ᠪᠣᠯᠤᠨ᠎ᠠ ᠃ | 4. ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠠᠴᠠ ᠬᠡᠷᠡᠭᠵᠢᠭᠦᠯᠬᠦ ᠨᠠᠷᠢᠨ | ᠲᠦᠷᠢᠮ ᠲᠣᠭᠲᠠᠭᠠᠵᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠠᠶᠢᠮᠠᠭ ᠤᠨ ᠵᠠᠬᠢᠷᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠠᠶᠢᠮᠠᠭ ᠤᠨ ᠵᠠᠬᠢᠷᠭ᠎ᠠ ᠪᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠪᠡᠯᠡᠨ ᠵᠣᠭᠤᠰ ᠪᠣᠯᠭᠠᠨ᠎ᠠ᠃ | 5. ᠡᠯ᠎ᠡ ᠮᠡᠳᠡᠭᠦᠯᠬᠦ ᠨᠢᠭᠡᠴᠢ ᠨᠦᠭᠦᠳ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠮᠡᠳᠡᠭᠦᠯᠬᠦ | ᠮᠠᠲ᠋ᠧᠷᠢᠶᠠᠯ ᠤᠨ ᠠᠭᠤᠯᠭ᠎ᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠡᠷᠪᠡ ᠬᠤᠳᠠᠯ ᠬᠠᠭᠤᠷᠮᠠᠭ ᠲᠤᠭ᠎ᠠ ᠪᠠᠷᠢᠮᠲᠠ ᠶᠢ | ᠥᠭᠡᠷᠡᠲᠦᠭᠦᠯᠦᠭᠰᠡᠨ᠂ ᠬᠤᠳᠠᠯ ᠢᠶᠠᠷ ᠵᠣᠬᠢᠶᠠᠭᠰᠠᠨ ᠵᠡᠷᠭᠡ ᠪᠠᠶᠢᠳᠠᠯ ᠢ ᠣᠯᠵᠤ ᠮᠡᠳᠡᠪᠡᠯ᠂ ᠨᠥᠬᠦᠪᠥᠷᠢ ᠥᠭᠬᠦ ᠬᠢᠷᠢ | ᠬᠡᠮ ᠢ ᠨᠢ ᠬᠦᠴᠦᠨ ᠥᠬᠡᠶ ᠪᠣᠯᠭᠠᠨ᠎ᠠ︔ ᠨᠥᠬᠦᠪᠥᠷᠢ ᠶᠢᠨ ᠪᠠᠯᠠ ᠮᠥᠩᠭᠦ ᠶᠢ ᠨᠢᠭᠡᠨᠲᠡ ᠠᠪᠤᠭᠰᠠᠨ ᠪᠠᠶᠢᠪᠠᠯ᠂ ᠪᠥᠬᠦ | ᠲᠤᠭ᠎ᠠ ᠪᠠᠷ ᠨᠢ ᠠᠯᠪᠠᠲᠠᠨ ᠪᠤᠴᠠᠭᠠᠬᠤ ᠶᠢᠨ ᠬᠠᠮᠲᠤ ᠬᠤᠯᠪᠣᠭᠳᠠᠯ ᠪᠥᠬᠦᠶ ᠬᠥᠮᠦᠰ ᠤᠨ ᠬᠠᠷᠢᠭᠤᠴᠠᠯᠭ᠎ᠠ ᠶᠢ | ᠨᠡᠬᠡᠮᠵᠢᠯᠡᠨ᠎ᠡ᠃ | 6. ᠲᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠲᠦᠷ 2022 ᠣᠨ ᠠᠴᠠ 2023 ᠣᠨ | ᠪᠣᠯᠲᠠᠯ᠎ᠠ ᠲᠣᠭᠲᠠᠭᠠᠨ᠎ᠠ᠃ | 7. ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠲᠦᠷᠦᠭᠦᠯᠡᠨ ᠭᠦᠶ᠋ᠴᠡᠳᠬᠡᠬᠦ ᠰᠠᠯᠠᠭ᠎ᠠ ᠮᠥᠴᠢᠷ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ | 2022 ᠣᠨ ᠤ 5 ᠰᠠᠷ᠎ᠠ ᠶᠢᠨ 16 ᠤ ᠡᠳᠦᠷ |