ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ  ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/6/24
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ  ᠦᠢᠯᠡᠰ   ᠤᠨ ᠨᠢᠭᠡᠴᠢ᠂  ᠡᠭᠴᠡ ᠬᠠᠮᠢᠶᠠᠷᠬᠤ  ᠨᠢᠭᠡᠴᠢ ᠳᠤ᠄    ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠦᠢᠯᠡᠴᠢᠯᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵ᠲᠤᠷᠰᠢᠨ ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ  ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠬᠡᠷᠡᠭᠵᠢᠭᠦᠯᠲᠦᠭᠡᠶ᠃                                              2022 ᠣᠨ ᠤ 5 ᠰᠠᠷ᠎ᠠ ᠶᠢᠨ 16      ᠬᠢᠩᠭᠠᠨ ᠠᠶᠢᠮᠠᠭ ᠤᠨ ᠦᠢᠯᠡᠴᠢᠯᠭᠡᠨ ᠤ ᠦᠢᠯᠡᠰ  ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵ᠲᠤᠷᠰᠢᠨ ᠬᠡᠷᠡᠭᠵᠢᠭᠦᠯᠬᠦ︶    ᠪᠦᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠤᠨᠢᠨ ᠳᠡᠭᠡᠷ᠎ᠡ ᠨᠢ ᠬᠦᠴᠢᠷᠳᠡᠯ ᠢ ᠨᠠᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ︽ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠬᠦᠴᠢᠷᠳᠡᠯ ᠲᠠᠢ ᠠᠵᠢᠯ ᠲᠥᠷᠥᠯ ᠢ ᠰᠡᠷᠭᠦᠭᠡᠨ ᠬᠥᠭᠵᠢᠭᠦᠯᠬᠦ ᠶᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠨᠤᠭᠤᠳ︾ ︽ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠦᠴᠦᠯᠡᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠵᠦ ᠬᠦᠴᠢᠷᠳᠡᠯ ᠢ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠨᠦᠭᠦᠳ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢ ᠳᠤᠷᠠᠳᠪᠠ᠃    ᠨᠢᠭᠡ᠂ ᠲᠥᠷᠥ ᠶᠢᠨ ᠪᠣᠳᠣᠯᠭ᠎ᠠ ᠶᠢᠨ ᠠᠭᠤᠯᠭ᠎ᠠ    ︵ᠨᠢᠭᠡ︶  ᠵᠤᠭᠠᠴᠠᠯ ᠤᠨ ᠦᠢᠯᠡᠴᠢᠯᠡᠭᠡᠨ ᠤ  ᠲᠠᠰ ᠢ ᠳᠡᠭᠡᠭᠰᠢᠯᠡᠭᠦᠯᠬᠦ ᠶᠢ ᠳᠡᠮᠵᠢᠨ᠎ᠡ  ᠃  ᠤᠨ ᠤ  ᠵᠤᠭᠠᠴᠠᠯ  ᠤᠨ  ᠭᠠᠵᠠᠷ   ᠤᠨ ᠶᠠᠰᠤ ᠴᠢᠨᠠᠷ   ᠤᠨ ᠲᠡᠰ   ᠢ ᠦᠨᠡᠯᠡᠨ ᠲᠣᠭᠲᠠᠭᠠᠬᠤ   ᠳᠤ᠂ ᠤᠯᠤᠰ   ᠤᠨ ᠲᠡᠰ᠂ ᠥᠪᠡᠷᠲᠡᠭᠡᠨ ᠵᠠᠰᠠᠬᠤ ᠣᠷᠣᠨ   ᠤ ᠲᠡᠰ   ᠤᠨ ᠬᠥᠬᠢᠭᠦᠯᠦᠯ   ᠢ ᠣᠯᠤᠭᠰᠠᠨ ᠵᠤᠭᠠᠴᠠᠯ ᠭᠠᠵᠠᠷ ᠢ ᠱᠠᠩᠨᠠᠨ ᠬᠥᠬᠢᠭᠦᠯᠦᠨ᠎ᠡ᠃ ᠤᠯᠤᠰ ᠤᠨ ᠲᠠᠰ ᠤᠨ ᠬᠥᠬᠢᠭᠦᠯᠦᠯ ᠭᠥᠷᠳᠡᠭᠰᠡᠨ ᠵᠤᠭᠠᠴᠠᠯ ᠤᠨ ᠭᠠᠵᠠᠷ ᠨᠢᠭᠡ ᠤᠳᠠᠭ᠎ᠠ ᠳᠤ 10 ᠲᠦᠮᠡᠨ ᠲᠥᠭᠦᠷᠢᠭ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠬᠢᠭᠦᠯᠦᠯ ᠭᠥᠷᠳᠡᠭᠰᠡᠨ ᠵᠤᠭᠠᠴᠠᠯ ᠤᠨ ᠭᠠᠵᠠᠷ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃ ︵ᠠᠶᠢᠮᠠᠭ ᠤᠨ ᠰᠣᠶᠣᠯ  ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠬᠤᠶᠠᠷ︶  ᠵᠤᠭᠠᠴᠠᠯ ᠤᠨ ᠪᠦᠯᠬᠦᠮ ᠳᠤᠭᠤᠶᠢᠯᠠᠩ ᠤᠨ ᠴᠤᠪᠤᠷᠠᠯ ᠤᠨ ᠬᠡᠮᠵᠢᠶ᠎ᠡ ᠶᠢ ᠨᠡᠮᠡᠭᠳᠡᠭᠦᠯᠬᠦ ᠶᠢ ᠳᠡᠮᠵᠢᠨ᠎ᠡ᠃  ᠵᠤᠭᠠᠴᠠᠯ ᠤᠨ ᠭᠠᠵᠠᠷ ᠪᠦᠯᠬᠦᠮ ᠵᠣᠬᠢᠶᠠᠨ ᠪᠠᠶᠢᠭᠤᠯᠵᠤ ᠬᠢᠩᠭᠠᠨ ᠠᠶᠢᠮᠠᠭ ᠲᠤ  ᠵᠤᠭᠠᠴᠠᠬᠤ  ᠶᠢᠨ ᠬᠠᠮᠲᠤ ᠬᠤᠨᠤᠭ ᠤᠨ ᠵᠠᠷᠤᠳᠠᠯ ᠭᠠᠷᠭᠠᠭᠰᠠᠨ ᠵᠤᠭᠠᠴᠠᠭᠰᠠᠳ ᠤᠨ ᠲᠤᠭ᠎ᠠ ᠪᠠᠷ ᠱᠠᠩᠨᠠᠯ ᠤᠨ ᠪᠠᠷᠢᠮᠵᠢᠶ᠎ᠠ ᠪᠣᠯᠭᠠᠵᠤ᠂ ᠬᠥᠮᠦᠨ ᠪᠦᠷᠢ ᠤᠳᠠᠭ᠎ᠠ ᠳᠤ 20 ᠲᠥᠭᠦᠷᠢᠭ ᠤᠨ ᠪᠠᠷᠢᠮᠵᠢᠶ᠎ᠠ ᠪᠠᠷ ᠵᠤᠭᠠᠴᠠᠯ ᠤᠨ ᠭᠠᠵᠠᠷ ᠲᠤ ᠱᠠᠩᠨᠠᠯ ᠣᠯᠭᠤᠵᠤ᠂ ᠡᠪᠦᠯ ᠤᠨ ᠤᠯᠠᠷᠢᠯ ︵ᠵᠢᠯ ᠪᠦᠷᠢ ᠶᠢᠨ 12 ᠳ᠋ᠤᠭᠠᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ 3 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ︶ ᠤᠨ ᠱᠠᠩᠨᠠᠯ ᠤᠨ ᠪᠠᠷᠢᠮᠵᠢᠶ᠎ᠠ ᠶᠢ ᠬᠥᠮᠦᠨ ᠪᠦᠷᠢ ᠤᠳᠠᠭ᠎ᠠ ᠳᠤ 50 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠠᠶᠢᠮᠠᠭ ᠤᠨ ᠳᠣᠲᠣᠷᠠᠬᠢ  ᠵᠤᠭᠠᠴᠠᠭᠰᠠᠳ ᠢ ᠵᠣᠬᠢᠶᠠᠨ ᠪᠠᠶᠢᠭᠤᠯᠵᠤ ᠠᠶᠢᠮᠠᠭ ᠤᠨ ᠳᠣᠲᠣᠷᠠᠬᠢ  ᠵᠤᠭᠠᠴᠠᠯ ᠤᠨ ᠭᠠᠵᠠᠷ ᠢ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠱᠠᠩᠨᠠᠨ ᠬᠥᠬᠢᠭᠦᠯᠦᠨ᠎ᠡ᠃  ᠵᠤᠭᠠᠴᠠᠯ ᠤᠨ  ᠦᠢᠯᠡᠴᠢᠯᠡᠭᠡᠨ ᠤ  ᠭᠠᠵᠠᠷ ᠤᠨ ᠳᠠᠳᠠᠨ ᠠᠪᠴᠢᠷᠠᠭᠰᠠ ᠵᠤᠭᠠᠴᠠᠭᠰᠠᠳ ᠤᠨ ᠲᠤᠭ᠎ᠠ ᠪᠠᠷ ᠤᠨ ᠤ ᠨᠡᠷᠡᠰ ᠤᠨ ᠵᠢᠭᠰᠠᠭᠠᠯᠲᠠ ᠬᠢᠵᠦ᠂  ᠳᠠᠳᠠᠨ ᠠᠪᠴᠢᠷᠠᠭᠰᠠ ᠵᠤᠭᠠᠴᠠᠭᠰᠠᠳ ᠤᠨ ᠲᠤᠭ᠎ᠠ ᠨᠢ 1 ᠲᠦᠮᠡ ᠠᠴᠠ ᠳᠡᠭᠡᠭᠰᠢ ᠪᠣᠯᠤᠭᠰᠠᠨ ᠵᠤᠭᠠᠴᠠᠯ ᠤᠨ ᠭᠠᠵᠠᠷ ᠤᠨ ᠨᠡᠷᠡᠰ ᠤᠨ ᠵᠢᠭᠰᠠᠭᠠᠯᠲᠠ ᠳᠤ ᠡᠮᠦᠨ᠎ᠡ 5 ᠨᠡᠷᠡᠰ ᠲᠤ ᠤᠷᠤᠭᠰᠠᠨ ᠪᠠᠶᠢᠪᠠᠯ᠂ ᠲᠣᠰ ᠲᠣᠰ 30 ᠲᠦᠮᠡᠨ ᠲᠥᠭᠦᠷᠢᠭ᠂ 25 ᠲᠦᠮᠡᠨ ᠲᠥᠭᠦᠷᠢᠭ᠂ 20 ᠲᠦᠮᠡᠨ ᠲᠥᠭᠦᠷᠢᠭ᠂ 15 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ᠤᠯᠤᠰ ᠤᠨ ᠳᠣᠲᠣᠭᠠᠳᠤ ᠶᠢᠨ ᠰᠢᠯᠢᠳᠡᠭ ᠵᠤᠭᠠᠴᠠᠯ ᠤᠨ ᠭᠠᠵᠠᠷ᠂ ᠨᠠᠷᠠᠲᠤ ᠲᠡᠮᠳᠡᠭᠲᠦ ᠵᠤᠭᠠᠴᠠᠯ ᠤᠨ ᠭᠠᠵᠠᠷ ᠬᠢᠩᠭᠠᠨ ᠠᠶᠢᠮᠠᠭ ᠲᠤ  ᠵᠤᠭᠠᠴᠠᠯ ᠤᠨ ᠭᠠᠵᠠᠷ ᠪᠤᠶᠤ ᠰᠠᠯᠪᠤᠷᠢ ᠪᠠᠶᠢᠭᠤᠯᠤᠮᠵᠢ ᠡᠷᠭᠢᠯᠡᠬᠦ ᠳᠤ ᠬᠢᠩᠭᠠᠨ ᠠᠶᠢᠮᠠᠭ ᠤᠨ ᠲᠣᠰ ᠭᠠᠵᠠᠷ ᠤᠨ ᠵᠤᠭᠠᠴᠠᠯ ᠤᠨ ᠭᠠᠵᠠᠷ ᠲᠠᠢ ᠠᠳᠠᠯᠢᠬᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠠᠴᠠ ᠭᠠᠳᠠᠨ᠎ᠠ᠂ ᠠᠶᠢᠮᠠᠭ ᠤᠨ ᠳᠣᠲᠣᠭᠠᠳᠤ ᠳᠤ ᠨᠢᠭᠡ ᠵᠢᠯ ᠠᠴᠠ ᠳᠡᠭᠡᠭᠰᠢ ᠡᠵᠡᠩᠨᠡᠵᠦ ᠪᠠᠶᠢᠬᠤ ᠮᠥᠷᠲᠡᠭᠡᠨ ᠠᠶᠢᠮᠠᠭ ᠤᠨ ᠭᠠᠳᠠᠨᠠᠬᠢ ᠵᠤᠭᠠᠴᠠᠭᠴᠢ ᠶᠢ 2000 ᠬᠥᠮᠦᠨ ᠠᠴᠠ ᠳᠡᠭᠡᠭᠰᠢ ᠲᠠᠲᠠᠵᠤ ᠠᠪᠴᠢᠷᠠᠭᠰᠠᠨ  ᠵᠤᠭᠠᠴᠠᠯ ᠤᠨ ᠭᠠᠵᠠᠷ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠢᠶᠠᠷ ᠱᠠᠩᠨᠠᠨ᠎ᠠ᠃ ︵ᠠᠶᠢᠮᠠᠭ ᠤᠨ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠭᠤᠷᠪᠠ︶ ᠵᠤᠭᠠᠴᠠᠯ ᠤᠨ ᠠᠶᠠᠨᠴᠢᠳ ᠤᠨ ᠲᠡᠭᠡᠭᠡᠪᠦᠷᠢ ᠶᠢᠨ ᠣᠯᠠᠨ ᠲᠠᠯ᠎ᠠ ᠪᠠᠷ ᠬᠤᠷᠠᠨ ᠴᠤᠭᠯᠠᠷᠠᠬᠤ ᠶᠢ ᠳᠡᠮᠵᠢᠨ᠎ᠡ᠃  ᠵᠤᠭᠠᠴᠠᠯ ᠤᠨ ᠲᠤᠰᠬᠠᠶ ᠭᠠᠯᠲᠤ ᠲᠡᠷᠭᠡ ᠪᠠᠷ ᠳᠠᠮᠵᠢᠭᠤᠯᠤᠨ  ᠵᠤᠭᠠᠴᠠᠭᠰᠠᠳ ᠢ ᠵᠣᠬᠢᠶᠠᠨ ᠪᠠᠶᠢᠭᠤᠯᠵᠤ ᠬᠢᠩᠭᠠᠨ ᠠᠶᠢᠮᠠᠭ ᠲᠤ ᠵᠤᠭᠠᠴᠠᠬᠤ ᠶᠢᠨ ᠬᠠᠮᠲᠤ ᠬᠤᠨᠤᠭ ᠤᠨ ᠵᠠᠷᠤᠳᠠᠯ ᠭᠠᠷᠭᠠᠭᠰᠠᠨ  ᠵᠤᠭᠠᠴᠠᠯ  ᠤᠨ ᠺᠣᠮᠫᠠᠨᠢ ᠶᠢ ᠱᠠᠩᠨᠠᠨ ᠬᠥᠬᠢᠭᠦᠯᠦᠨ᠎ᠡ᠃ ᠠᠶᠠᠯᠠᠯ ᠤᠨ ᠵᠠᠶ ᠨᠢ 800 ᠺᠢᠯᠣᠮᠧᠲᠷ ᠤᠨ ᠳᠣᠲᠣᠷ᠎ᠠ ᠪᠠᠶᠢᠪᠠᠯ ᠬᠥᠮᠦᠨ ᠪᠦᠷᠢ ᠳᠤ 80 ᠲᠥᠭᠦᠷᠢᠭ ᠢᠶᠠᠷ ᠱᠠᠩᠨᠠᠵᠤ ᠬᠥᠬᠢᠭᠦᠯᠦᠨ᠎ᠡ ᡽ᠠᠶᠠᠯᠠᠯ ᠤᠨ ᠵᠠᠶ ᠨᠢ 800 ᠺᠢᠯᠣᠮᠧᠲᠷ ᠠᠴᠠ ᠳᠡᠭᠡᠭᠰᠢ ᠪᠠᠶᠢᠪᠠᠯ᠂ ᠬᠥᠮᠦᠨ ᠪᠦᠷᠢ ᠳᠤ 100 ᠲᠥᠭᠦᠷᠢᠭ ᠢᠶᠠᠷ ᠱᠠᠩᠨᠠᠨ᠎ᠠ᠃ ᠨᠢᠰᠬᠡᠯ ᠳᠠᠭᠠᠭᠠᠴᠢᠯᠠᠬᠤ ᠪᠤᠶᠤ ᠣᠷᠣ ᠬᠡᠷᠴᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ  ᠵᠤᠭᠠᠴᠠᠭᠰᠠᠳ ᠢ ᠵᠣᠬᠢᠶᠠᠨ ᠪᠠᠶᠢᠭᠤᠯᠵᠤ ︵20 ᠬᠥᠮᠦᠨ / ᠪᠦᠯᠬᠦᠮ ᠠᠴᠠ ᠳᠣᠤᠷ᠎ᠠ ᠥᠬᠡᠶ︶᠂ ᠲᠣᠮᠣ ᠰᠠᠭᠤᠳᠠᠯ ᠤᠨ ᠮᠠᠰᠢᠨ ᠢᠶᠠᠷ ᠳᠠᠮᠵᠢᠭᠤᠯᠤᠨ ᠵᠢᠭᠤᠯᠴᠢᠯᠠᠭᠴᠢᠳ ᠢ ᠵᠣᠬᠢᠶᠠᠨ ᠪᠠᠶᠢᠭᠤᠯᠵᠤ ︵180 ᠬᠥᠮᠦᠨ / ᠪᠦᠯᠬᠦᠮ ᠠᠴᠠ ᠳᠣᠤᠷ᠎ᠠ ᠥᠬᠡᠶ︶ ᠬᠢᠩᠭᠠᠨ ᠠᠶᠢᠮᠠᠭ ᠲᠤ ᠣᠷᠣᠬᠤ ᠶᠢᠨ ᠬᠠᠮᠲᠤ ᠬᠤᠨᠤᠭ ᠤᠨ ᠵᠠᠷᠤᠳᠠᠯ ᠭᠠᠷᠭᠠᠭᠰᠠᠨ  ᠵᠤᠭᠠᠴᠠᠯ ᠤᠨ  ᠦᠢᠯᠡᠴᠢᠯᠡᠭᠡᠨ ᠤ ᠭᠠᠵᠠᠷ ᠢ ᠲᠤᠰᠬᠠᠶ ᠭᠠᠯᠲᠤ ᠲᠡᠷᠭᠡᠨ ᠤ ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠵᠤ ᠱᠠᠩᠨᠠᠨ ᠬᠥᠬᠢᠭᠦᠯᠦᠨ᠎ᠡ᠃ ︵ᠠᠶᠢᠮᠠᠭ ᠤᠨ ᠰᠣᠶᠣᠯ  ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠳᠥᠷᠪᠡ︶ ᠬᠡᠷᠡᠭᠯᠡᠭᠡᠨ ᠤ ᠲᠠᠰ ᠳᠡᠪᠰᠢᠵᠦ ᠠᠷᠠᠳ ᠲᠤ ᠠᠰᠢᠭ ᠬᠦᠷᠲᠡᠭᠡᠬᠦ ᠶᠢ ᠳᠡᠮᠵᠢᠨ᠎ᠡ᠃ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠳᠠᠯᠳᠤᠭᠠᠨ ᠤ ᠬᠡᠲᠦ ᠳᠡᠯᠭᠡᠭᠦᠷ᠂ ᠬᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ᠂ ᠢᠳᠡᠭᠡᠨ ᠤᠮᠳᠠᠭᠠᠨ᠂ ᠲᠣᠰᠣ ᠨᠡᠮᠡᠬᠦ ᠵᠡᠷᠭᠡ ᠬᠦᠷᠢᠶ᠎ᠡ ᠴᠠᠷᠠᠭ᠎ᠠ ᠳᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ᠪᠥᠬᠦ ᠠᠶᠢᠮᠠᠭ ᠤᠨ ᠮᠠᠰᠢᠨ ᠲᠡᠷᠭᠡᠨ ᠤ ᠬᠡᠷᠡᠭᠯᠡᠭᠡᠨ ᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠬᠤᠭᠤᠴᠠᠭᠠᠨ ᠳᠤ᠂ 10 ᠲᠦᠮᠡᠨ ᠲᠥᠭᠦᠷᠢᠭ ︵ᠪᠠᠭᠲᠠᠨ᠎ᠠ︶ ᠠᠴᠠ ᠳᠡᠭᠡᠭᠰᠢᠬᠢ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠤᠭᠰᠠᠨ ᠬᠡᠷᠡᠭᠯᠡᠭᠴᠢᠳ ᠲᠤ ᠲᠣᠰ ᠲᠣᠰ 1000 ᠲᠥᠭᠦᠷᠢᠭ ᠪᠠ 1500 ᠲᠥᠭᠦᠷᠢᠭ ᠤᠨ ᠲᠡᠩᠴᠡᠭᠦᠤ ᠥᠷᠲᠡᠭᠲᠦ ᠨᠥᠬᠦᠪᠥᠷᠢ ᠣᠯᠭᠤᠨ᠎ᠠ᠃ ᠪᠣᠷᠣᠯᠠᠭᠤᠯᠤᠯᠲᠠ ᠶᠢᠨ ᠬᠡᠮᠵᠢᠶ᠎ᠡ ᠨᠢ 1 ᠳ᠋ᠦᠩᠰᠢᠭᠤᠷ ᠲᠥᠭᠦᠷᠢᠭ ᠢ ᠳᠠᠪᠠᠭᠰᠠᠨ ᠮᠥᠷᠲᠡᠭᠡᠨ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠭᠰᠡᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠵᠢᠴᠢ ︽ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ︾ ᠠᠵᠢᠯᠯᠠᠭ᠎ᠠ ᠥᠷᠨᠢᠭᠦᠯᠦᠭᠰᠡᠨ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 2000 ᠲᠦᠮᠡᠨ ᠲᠥᠭᠦᠷᠢᠭ ᠠᠴᠠ ᠳᠡᠭᠡᠭᠰᠢ ᠪᠣᠯᠤᠭᠰᠠᠨ ᠬᠡᠷ ᠤᠨ ᠴᠠᠬᠢᠯᠭᠠᠨ ᠬᠡᠷᠡᠭᠰᠡᠯ ᠤᠨ ᠬᠡᠯᠬᠢᠶᠡᠵᠢᠭᠰᠡᠨ ᠠᠵᠤ ᠠᠬᠤᠶᠢᠯᠠᠯ ᠪᠤᠶᠤ ᠲᠣᠰ ᠭᠠᠵᠠᠷ ᠤᠨ ᠬᠡᠷ ᠤᠨ ᠴᠠᠬᠢᠯᠭᠠᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠳᠤ ᠲᠣᠰ ᠲᠣᠰ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠤᠬᠠᠭᠤᠯᠬᠤ ᠵᠡᠷᠭᠡ ᠲᠠᠯ᠎ᠠ ᠪᠠᠷ 2 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠪᠥᠬᠦ ᠠᠶᠢᠮᠠᠭ ᠤᠨ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠬᠤᠭᠤᠴᠠᠭᠠᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ ᠭᠠᠷᠭᠠᠭᠰᠠᠨ ᠣᠨᠴᠠ ᠲᠣᠭᠲᠠᠭᠰᠠᠨ ᠮᠠᠰᠢᠨ ᠤ ᠬᠡᠯᠪᠡᠷᠢ ᠳᠤ ᠵᠣᠬᠢᠬᠤ ᠬᠡᠮᠵᠢᠶᠡᠨ ᠤ ᠨᠥᠬᠦᠪᠥᠷᠢ ᠣᠯᠭᠤᠨ᠎ᠠ᠃ ᠨᠥᠬᠦᠴᠡᠯ ᠲᠠᠢ ᠬᠡᠯᠬᠢᠶᠡᠵᠢᠭᠰᠡᠨ ᠠᠵᠤ ᠠᠬᠤᠶᠢᠯᠠᠯ᠂ ᠬᠤᠳᠠᠯᠳᠤᠭᠠᠨ ᠤ ᠲᠥᠪ᠂ ᠲᠠᠷᠢᠶᠠᠯᠠᠩ ᠤᠨ ᠪᠥᠭᠡᠮ ᠤᠨ ᠵᠠᠬ᠎ᠠ ᠳᠡᠯᠭᠡᠭᠦᠷ ᠲᠤ ᠨᠢᠭᠡᠳᠦᠯᠲᠡᠶ ᠲᠣᠭᠠᠴᠠᠭ᠎ᠠ ᠬᠢᠵᠦ ᠮᠥᠩᠭᠦ ᠬᠤᠷᠢᠶᠠᠬᠤ ᠶᠢ ᠨᠢᠭᠡᠳᠬᠡᠬᠦ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠠᠩᠬ᠎ᠠ ᠤᠳᠠᠭ᠎ᠠ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢᠨ ᠬᠠᠮᠲᠤ ᠦᠷᠭᠦᠯᠵᠢᠯᠡᠨ ᠲᠣᠭᠲᠠᠭᠤᠨ ᠢᠶᠠᠷ ᠠᠵᠢᠯᠯᠠᠵᠤ ᠪᠠᠶᠢᠭ᠎ᠠ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠢ ᠨᠢᠭᠡ ᠤᠳᠠᠭ᠎ᠠ ᠶᠢᠨ ᠴᠢᠨᠠᠷᠲᠠᠶ ᠪᠠᠷ 2 ᠲᠦᠮᠡᠨ ᠲᠥᠭᠦᠷᠢᠭ ᠢᠶᠠᠷ ᠱᠠᠩᠨᠠᠨ᠎ᠠ︔ ᠨᠢᠭᠡᠳᠬᠡᠬᠦ ᠪᠠᠷ ᠲᠤᠰᠢᠶᠠᠭᠰᠠᠨ ᠤ ᠳᠠᠷᠠᠭᠠᠬᠢ ᠵᠢᠵᠢᠭᠯᠡᠨ ᠬᠤᠳᠠᠯᠳᠤᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 20% ᠪᠠ 30% ᠠᠴᠠ ᠥᠨᠳᠥᠷ ᠨᠡᠮᠡᠭᠳᠡᠭᠰᠡᠨ ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 1 ᠲᠦᠮᠡᠨ ᠲᠥᠭᠦᠷᠢᠭ ᠪᠠ 2 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ  ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠲᠠᠪᠤ︶ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠨᠡᠮᠡᠭᠳᠡᠭᠦᠯᠬᠦ ᠶᠢ ᠳᠡᠮᠵᠢᠨ᠎ᠡ᠃ ᠲᠣᠰ ᠵᠢᠯ ᠤᠨ ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ  ᠸ᠊ ᠴᠡᠭ ᠲᠤ ᠣᠷᠣᠭᠤᠯᠤᠭᠰᠠᠨ ᠨᠡᠶᠢᠭᠡᠮ ᠲᠣᠭᠤᠷᠢᠭ ᠲᠤ ᠢᠵᠢ ᠪᠥᠷᠢᠳᠦᠭᠦᠯᠬᠦ ᠱᠠᠩᠨᠠᠯ ᠤᠨ ᠨᠥᠬᠦᠪᠥᠷᠢ 20 ᠲᠦᠮᠡᠨ ᠲᠥᠭᠦᠷᠢᠭ ︵ᠡᠭᠦᠨ ᠳᠤ ᠠᠶᠢᠮᠠᠭ᠂ ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ ᠠᠴᠠ ᠲᠣᠰ ᠲᠣᠰ 10 ᠲᠦᠮᠡᠨ ᠲᠥᠭᠦᠷᠢᠭ ᠳᠣᠭᠢᠷᠠᠭᠤᠯᠤᠨ᠎ᠠ︶ ᠣᠯᠭᠤᠵᠤ᠂ ᠨᠡᠶᠢᠭᠡᠮ ᠲᠣᠭᠤᠷᠢᠭ ᠤᠨ  ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠳᠤ ᠬᠡᠷᠡᠭᠯᠡᠨ᠎ᠡ᠃ ᠲᠣᠰ ᠵᠢᠯ ᠤᠨ ᠰᠢᠨ᠎ᠡ ᠪᠠᠷ ᠨᠡᠭᠡᠭᠡᠨ ᠬᠥᠭᠵᠢᠭᠦᠯᠬᠦ ᠡᠷᠲᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ ᠠᠷᠠᠳ ᠲᠤ ᠠᠰᠢᠭᠲᠠᠶ ᠡᠳ᠋ ᠪᠣᠳᠠᠰ ᠢ ᠬᠤᠪᠢᠳᠠᠨ ᠡᠳ᠋ᠯᠡᠬᠦ ᠴᠤᠭᠯᠠᠭ᠎ᠠ ᠮᠠᠶᠢᠮᠠᠶ ᠪᠤᠶᠤ ᠬᠦᠷᠢ ᠬᠤᠷᠣᠬᠠᠶ ᠶᠢᠨ ᠵᠠᠬ᠎ᠠ ᠳᠡᠯᠭᠡᠭᠦᠷ ᠤᠨ ᠶᠡᠷᠦᠩᠬᠡᠶ ᠲᠤᠭ᠎ᠠ ᠬᠡᠮᠵᠢᠶ᠎ᠡ ᠨᠢ 3 ᠠᠴᠠ ᠳᠡᠭᠡᠭᠰᠢ ᠳᠤ ᠬᠦᠷᠦᠭᠰᠡᠨ ᠬᠤᠰᠢᠭᠤ ᠰᠢᠶᠠᠨ ᠬᠤᠲᠠ ᠶᠢᠨ ᠰᠢᠨ᠎ᠡ ᠪᠠᠷ ᠨᠡᠭᠡᠭᠡᠨ ᠬᠥᠭᠵᠢᠭᠦᠯᠬᠦ ᠶᠢᠨ ᠬᠠᠮᠲᠤ ᠪᠥᠲᠥᠭᠡᠨ ᠪᠠᠶᠢᠭᠤᠯᠬᠤ ᠪᠠᠷᠢᠮᠵᠢᠶ᠎ᠠ ᠳᠤ ᠬᠦᠷᠦᠭᠰᠡᠨ ᠵᠠᠬ᠎ᠠ ᠳᠡᠯᠭᠡᠭᠦᠷ ᠲᠤ ᠪᠥᠲᠥᠭᠡᠨ ᠪᠠᠶᠢᠭᠤᠯᠬᠤ ᠭᠤᠤᠯ ᠴᠣᠭᠴᠠ ᠳᠤ 5 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠬᠡᠷ ᠤᠨ ᠶᠠᠪᠤᠳᠠᠯ ᠤᠨ  ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠷ ᠤᠨ ᠶᠠᠪᠤᠳᠠᠯ ᠤᠨ ᠦᠢᠯᠡᠴᠢᠯᠡᠭᠡᠨ ᠤ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ ᠳᠡᠯᠭᠡᠷᠡᠭᠦᠯᠬᠦ ᠪᠠᠷ ᠦᠨᠡᠮᠰᠢᠭᠰᠡᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠣᠨᠴᠠᠯᠢᠠᠠᠳᠣ ᠠᠮᠲᠠᠲᠤ ᠢᠳᠡᠭᠡᠨ ᠤ ᠰᠢᠷᠢᠰ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠨᠡᠶᠢᠭᠡᠮᠯᠢᠭ ᠤᠨ ᠦᠨᠡᠯᠡᠨ ᠲᠣᠭᠲᠠᠭᠠᠯᠲᠠ ᠶᠢ ᠭᠥᠷᠳᠡᠬᠦ ᠶᠢᠨ ᠬᠠᠮᠲᠤ ᠠᠶᠢᠮᠠᠭ ᠤᠨ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠦᠨᠡᠮᠰᠢᠭᠦᠯᠦᠭᠰᠡᠨ ᠣᠨᠴᠠᠯᠢᠠᠳᠣ ᠠᠮᠲᠠᠲᠤ ᠢᠳᠡᠭᠡᠨ ᠤ ᠰᠢᠷᠢᠰ ᠨᠠᠷᠠᠲᠤ ᠲᠥᠷᠥᠯ ᠲᠡᠮᠳᠡᠭᠲᠦ ᠳᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠭᠤᠤᠯ ᠴᠣᠭᠴᠠ ᠳᠤ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ  ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠵᠢᠷᠭᠤᠭ᠎ᠠ︶ ᠠᠮᠢᠳᠤᠷᠠᠯ ᠤᠨ ᠴᠢᠬᠤᠯᠠ ᠬᠡᠷᠡᠭᠯᠡᠭᠡᠨ ᠤ  ᠵᠦᠢᠯ ᠤᠨ ᠪᠠᠲᠤᠯᠠᠭᠠᠲᠤ ᠬᠠᠩᠭᠠᠯᠭ᠎ᠠ ᠶᠢ ᠳᠡᠮᠵᠢᠨ᠎ᠡ᠃ ᠠᠶᠢᠮᠠᠭ ᠤᠨ ᠱᠠᠲᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠠᠷᠢᠨ ᠬᠠᠭᠤᠳᠠᠰᠤᠨ ᠳᠤ ᠵᠢᠭᠰᠠᠭᠠᠨ ᠣᠷᠣᠭᠤᠯᠬᠤ ᠶᠢᠨ ᠬᠠᠮᠲᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠲᠤᠯᠠᠭ᠎ᠠ ᠬᠠᠩᠭᠠᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 2 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠥᠪᠡᠷ ᠤᠨ ᠥᠷᠲᠡᠭ ᠢ ᠨᠡᠮᠡᠭᠳᠡᠭᠦᠯᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ︵ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠳᠣᠯᠤᠭ᠎ᠠ︶ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ᠎ᠡ ᠃ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠨᠢ 2000 ᠲᠦᠮᠡᠨ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ ᠳᠡᠭᠡᠭᠰᠢ ᠪᠣᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢᠨ ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ ᠪᠠᠷᠠᠭᠠᠨ ᠤ  ᠭᠦᠢᠯᠭᠡᠭᠡᠨ ᠤ ᠨᠥᠬᠦᠪᠥᠷᠢ ᠣᠯᠭᠤᠵᠤ᠂ ᠲᠠᠩ ᠭᠠᠭᠴᠠ ᠠᠵᠤ ᠠᠬᠤᠶᠢᠯᠠᠯ ᠤᠨ ᠨᠥᠬᠦᠪᠥᠷᠢ ᠶᠢᠨ ᠳᠡᠭᠡᠳᠦ ᠬᠢᠵᠠᠭᠠᠷ ᠢ 50 ᠮᠠᠨ ᠤ ᠠᠶᠢᠮᠠᠭ ᠲᠤ ᠳᠠᠩᠰᠠᠯᠠᠭᠤᠯᠤᠭᠰᠠᠨ ᠪᠥᠭᠡᠳ ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠡᠭᠦᠰᠴᠦ᠂ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠨᠢ 5000 ᠲᠦᠮᠡ ᠪᠠ 1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠬᠦᠷᠦᠭᠰᠡᠨ  ᠦᠢᠯᠡᠳᠪᠦᠷᠢᠯᠡᠯ ᠤᠨ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 20 ᠲᠦᠮᠡᠨ ᠲᠥᠭᠦᠷᠢᠭ ᠪᠠ 40 ᠲᠦᠮᠡᠨ ᠲᠥᠭᠦᠷᠢᠭ ︵ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠳ ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ 0.05 ᠲᠥᠭᠦᠷᠢᠭ ᠳᠠᠪᠬᠤᠴᠠᠭᠤᠯᠤᠨ ᠭᠥᠷᠳᠡᠵᠦ ᠪᠣᠯᠤᠨ᠎ᠠ︶ ᠱᠠᠩᠨᠠᠨ᠎ᠠ᠃ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠨᠢ 2000 ᠲᠦᠮᠡᠨ ᠲᠥᠭᠦᠷᠢᠭ ᠠᠷᠠᠳ ᠤᠨ ᠵᠣᠭᠤᠰ ᠲᠤ ᠬᠦᠷᠦᠭᠰᠡᠨ ᠥᠬᠡᠶ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠨᠢ ᠠᠩᠬ᠎ᠠ ᠤᠳᠠᠭ᠎ᠠ 500 ᠲᠦᠮᠡᠨ ᠲᠥᠭᠦᠷᠢᠭ᠂ 1000 ᠲᠦᠮᠡᠨ ᠲᠥᠭᠦᠷᠢᠭ᠂ 1500 ᠲᠦᠮᠡᠨ ᠲᠥᠭᠦᠷᠢᠭ ᠲᠤ ᠬᠦᠷᠴᠦ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 15 ᠲᠦᠮᠡᠨ ᠲᠥᠭᠦᠷᠢᠭ ᠢᠶᠠᠷ ᠱᠠᠩᠨᠠᠨ᠎ᠠ᠃ ᠥᠪᠡᠷᠲᠡᠭᠡᠨ ᠵᠠᠰᠠᠬᠤ ᠣᠷᠣᠨ ᠤ ᠪᠤᠶᠢᠵᠢᠭᠤᠯᠬᠤ ᠡᠲᠡᠭᠡᠳ ᠲᠤ ᠵᠢᠭᠰᠠᠭᠠᠭᠳᠠᠭᠰᠠᠨ ᠪᠠ ᠵᠢᠩᠬᠢᠨᠢ ᠪᠠᠷ ᠦᠨᠡᠮᠰᠢᠭᠰᠡᠨ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ  ᠦᠢᠯᠡᠴᠢᠯᠡᠭᠡᠨ ᠤ ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 5 ᠲᠦᠮᠡᠨ ᠲᠥᠭᠦᠷᠢᠭ ᠪᠠ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠨᠠᠢᠮᠠ︶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠳᠬᠡᠨ ᠬᠥᠭᠵᠢᠭᠦᠯᠬᠦ ᠶᠢ ᠳᠡᠮᠵᠢᠨ᠎ᠡ᠃ ᠨᠥᠯᠥᠭᠡᠯᠡᠬᠦ ᠬᠦᠴᠦᠨ ᠲᠠᠢ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ ᠵᠢᠴᠢ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠶᠢ ᠳᠡᠮᠵᠢᠵᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠭᠠᠳ᠂ ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠨᠢ 700 ᠲᠦᠮᠡᠨ ᠲᠥᠭᠦᠷᠢᠭ ᠠᠴᠠ ᠳᠡᠭᠡᠭᠰᠢ ᠪᠣᠯᠤᠭᠰᠠᠨ ᠠᠵᠤ ᠠᠬᠤᠶᠢᠯᠠᠯ ᠳᠤ ᠳᠡᠯᠭᠡᠷᠡᠭᠦᠯᠬᠦ ᠠᠵᠢᠯᠯᠠᠭ᠎ᠠ ᠶᠢᠨ ᠥᠪᠡᠷ ᠤᠨ ᠥᠷᠲᠡᠭ ᠨᠢ 20%᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠬᠦ ᠥᠬᠡᠶ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠨᠢ 500 ᠲᠦᠮᠡᠨ ᠲᠥᠭᠦᠷᠢᠭ ᠲᠤ ᠬᠦᠷᠦᠭᠰᠡᠨ ᠠᠷᠠᠳ ᠤᠨ ᠬᠤᠲᠠ ᠳᠤ 5 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠨᠢ 500 ᠲᠦᠮᠡᠨ ᠲᠥᠭᠦᠷᠢᠭ ᠨᠡᠮᠡᠭᠳᠡᠬᠦ ᠪᠦᠷᠢ ᠳᠠᠬᠢᠨ 3 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠭᠠᠭᠴᠠ ᠭᠠᠭᠴᠠ ᠠᠵᠤ ᠠᠬᠤᠶᠢᠯᠠᠯ ᠤᠨ ᠨᠥᠬᠦᠪᠥᠷᠢ ᠶᠢᠨ ᠳᠡᠭᠡᠳᠦ ᠬᠢᠵᠠᠭᠠᠷ ᠢ 50 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ  ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠶᠢᠰᠦ︶ ᠪᠠᠷᠠᠭᠠᠨ ᠤ ᠭᠦᠢᠯᠭᠡᠭᠡᠨ ᠤ ᠦᠢᠯᠡᠰ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢ ᠳᠡᠮᠵᠢᠨ᠎ᠡ᠃ ᠪᠠᠷᠠᠭᠠᠨ ᠤ  ᠭᠦᠢᠯᠭᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠢ ᠥᠷᠲᠡᠭ ᠨᠡᠮᠡᠭᠳᠡᠯ ᠤᠨ ᠭᠠᠶᠢᠯᠢ ᠲᠤᠰᠢᠶᠠᠬᠤ ᠣᠷᠣᠨ ᠨᠤᠲᠤᠭ ᠤᠨ ᠬᠤᠪᠢᠳᠠᠨ ᠦᠯᠡᠳᠡᠭᠡᠬᠦ ᠬᠡᠰᠡᠭ ᠤᠨ ᠪᠠᠷᠢᠮᠵᠢᠶ᠎ᠠ ᠲᠠᠢ ᠬᠠᠷᠢᠴᠠᠭᠤᠯᠵᠤ ᠪᠠᠶᠢᠭᠠᠳ ᠠᠶᠢᠮᠠᠭ ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ ᠠᠴᠠ ᠱᠠᠩᠨᠠᠨ ᠬᠥᠬᠢᠭᠦᠯᠦᠨ᠎ᠡ᠃ ᠮᠠᠨ ᠤ ᠠᠶᠢᠮᠠᠭ ᠤᠨ ᠲᠤᠬᠠᠶ ᠶᠢᠨ ᠭᠠᠵᠠᠷ ᠤᠨ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠯᠭᠠᠨ ᠠᠪᠬᠤ ᠳᠤ ᠬᠢᠷᠢ ᠲᠡᠩᠴᠡᠭᠰᠡᠨ ︽ᠵᠢᠯᠣᠭᠤᠴᠢ ᠶᠢᠨ ᠬᠡᠷ︾ ᠨᠢᠭᠡᠪᠦᠷᠢ ᠳᠤ 20 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ ︵ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶᠃ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠠᠩ ᠲᠤᠭ᠎ᠠ᠂ ᠲᠠᠩ  ᠵᠦᠢᠯ ᠤᠨ ᠥᠪᠡᠷ ᠤᠨ ᠥᠷᠲᠡᠭ ᠪᠠ  ᠦᠢᠯᠡᠴᠢᠯᠭᠡ ᠡᠭᠦᠰᠦᠭᠰᠡᠨ ᠣᠷᠣᠨ ᠪᠦᠰᠡ ᠵᠡᠷᠭᠡ ᠪᠠᠷ ᠦᠨᠳᠦᠰᠦᠯᠡᠯ ᠪᠣᠯᠭᠠᠵᠤ᠂ ᠬᠠᠭᠤᠳᠠᠰᠤ ᠪᠦᠷᠢ ᠳᠤ 0.2 ᠲᠥᠭᠦᠷᠢᠭ ᠤᠨ ᠨᠥᠬᠦᠪᠥᠷᠢ ᠥᠭᠬᠦ ᠪᠠᠷᠢᠮᠵᠢᠶ᠎ᠠ ᠪᠠᠷ ᠪᠥᠬᠦ ᠠᠶᠢᠮᠠᠭ ᠤᠨ ᠪᠣᠳᠠᠲᠠᠶ ᠡᠭᠦᠰᠦᠭᠰᠡᠨ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ  ᠦᠢᠯᠡᠴᠢᠯᠡᠭᠡ ᠳᠤ ᠨᠥᠬᠦᠪᠥᠷᠢ ᠥᠭᠭᠦᠨ᠎ᠡ ᠃ 2021 ᠣᠨ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠦᠭᠰᠡᠨ 3 ᠡᠷᠦᠬᠡ ᠠᠴᠠ ᠳᠡᠭᠡᠭᠰᠢᠬᠢ ᠲᠦᠷᠭᠡᠨ ᠬᠦᠷᠭᠡᠯᠲᠡ ᠶᠢᠨ ᠺᠣᠮᠫᠠᠨᠢ ᠳᠤ ᠣᠷᠣᠵᠤ ᠰᠠᠭᠤᠭᠠᠳ ᠬᠠᠮᠲᠤ ᠪᠠᠷ ᠬᠡᠷᠡᠭᠯᠡᠬᠦ ᠮᠥᠷᠲᠡᠭᠡᠨ 1 ᠵᠢᠯ ᠠᠴᠠ ᠳᠡᠭᠡᠭᠰᠢ ᠦᠷᠭᠦᠯᠵᠢᠯᠡᠨ ᠲᠣᠭᠲᠠᠭᠤᠨ ᠢᠶᠠᠷ ᠡᠵᠡᠩᠨᠡᠵᠦ ᠳᠡᠶᠢᠯᠬᠦ ᠲᠣᠰᠬᠤᠨ ᠤ ᠲᠠᠰ ᠤᠨ ᠪᠠᠷᠠᠭᠠᠨ ᠤ  ᠭᠦᠢᠯᠭᠡᠭᠡᠨ ᠤ ᠶᠡᠷᠦᠩᠬᠡᠶᠢᠯᠡᠭᠰᠡᠨ  ᠦᠢᠯᠡᠴᠢᠯᠡᠭᠡᠨ ᠤ ᠥᠷᠲᠡᠭᠡ ᠳᠤ᠂ ᠥᠷᠲᠡᠭᠡ ᠪᠠᠶᠢᠭᠤᠯᠬᠤ ᠳᠤ ᠰᠢᠨ᠎ᠡ ᠪᠠᠷ ᠣᠷᠣᠭᠤᠯᠤᠭᠰᠠᠨ ᠣᠷᠣᠭᠤᠯᠤᠯᠲᠠ ᠶᠢ ᠬᠢᠨᠠᠨ ᠡᠵᠡᠮᠳᠡᠬᠦ ᠪᠠ ᠮᠡᠳᠡᠭᠡ ᠵᠠᠩᠭᠢ ᠣᠷᠣᠭᠤᠯᠬᠤ ᠲᠥᠬᠦᠭᠡᠷᠦᠮᠵᠢ ᠶᠢᠨ ᠵᠠᠷᠤᠳᠠᠯ ᠵᠡᠷᠭᠡ ᠳᠤ ᠱᠠᠩᠨᠠᠯ ᠨᠥᠬᠦᠪᠥᠷᠢ ᠣᠯᠭᠤᠵᠤ᠂ ᠥᠷᠲᠡᠭᠡ ᠨᠢᠭᠡᠪᠦᠷᠢ ᠶᠢᠨ ᠨᠥᠬᠦᠪᠥᠷᠢ ᠶᠢ ᠵᠠᠷᠴᠢᠮ ᠳᠡᠭᠡᠷ᠎ᠡ ᠪᠠᠨ 2000 ᠲᠥᠭᠦᠷᠢᠭ ᠠᠴᠠ ᠳᠠᠪᠠᠭᠤᠯᠬᠤ ᠥᠬᠡᠶ ︵ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶᠃ ᠡᠬᠢ ᠪᠠᠶᠠᠯᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ ᠬᠤᠲᠠ ᠬᠥᠳᠡᠭᠡ ᠶᠢᠨ ᠬᠥᠯᠳᠡᠭᠡᠵᠦ ᠬᠡᠯᠬᠢᠶᠡᠵᠢᠭᠦᠯᠦᠨ ᠳᠣᠭᠢᠷᠠᠭᠤᠯᠤᠨ ᠬᠦᠷᠭᠡᠬᠦ ᠶᠢ ᠥᠷᠨᠢᠭᠦᠯᠵᠦ᠂ ᠥᠪᠡᠷ ᠤᠨ ᠪᠠᠶᠢᠭ᠎ᠠ ᠬᠥᠯᠳᠡᠭᠡᠵᠦ ᠲᠡᠭᠡᠭᠡᠪᠦᠷᠢᠯᠡᠬᠦ ᠲᠡᠷᠭᠡ ᠨᠢ 5 ᠠᠴᠠ ᠳᠡᠭᠡᠭᠰᠢ ᠮᠥᠷᠲᠡᠭᠡᠨ ᠳᠣᠭᠢᠷᠠᠭᠤᠯᠤᠨ ᠬᠦᠷᠭᠡᠬᠦ ᠬᠡᠪᠴᠢᠶ᠎ᠡ ᠨᠢ ᠬᠤᠰᠢᠭᠤ ᠰᠢᠶᠠᠨ ᠬᠤᠲᠠ ᠶᠢ ᠬᠠᠮᠤᠷᠤᠭᠰᠠᠨ 3 ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭ᠎ᠠ ᠪᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠨᠠᠷᠢᠯᠢᠭ ᠣᠨᠣᠴᠠᠲᠠᠶ ᠪᠠᠷ ᠬᠦᠴᠦᠨ ᠨᠡᠮᠡᠷᠢᠯᠡᠬᠦ ᠶᠢ ᠳᠡᠮᠵᠢᠨ᠎ᠡ᠃ ᠠᠵᠢᠯᠯᠠᠭᠠᠨ ᠤ ᠪᠠᠶᠢᠳᠠᠯ ᠢᠶᠠᠷ ᠰᠠᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠦᠷ᠎ᠡ ᠪᠦᠲᠦᠮᠵᠢ ᠪᠠᠷ ᠢᠯᠡᠳᠲᠡ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠳᠤ ᠵᠢᠯ ᠪᠦᠷᠢ 10 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ  ᠦᠢᠯᠡᠴᠢᠯᠡᠭᠡᠨ ᠤ ᠠᠵᠢᠯ ᠢ ᠰᠠᠶᠢᠨ ᠥᠷᠨᠢᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠤ ᠵᠢᠯ ᠪᠦᠷᠢ 2000 ᠲᠥᠭᠦᠷᠢᠭ ᠤᠨ ᠨᠥᠬᠦᠪᠥᠷᠢ ᠳᠡᠮᠵᠢᠯᠭᠡ ᠣᠯᠭᠤᠨ᠎ᠠ᠃ ︵ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶    ᠬᠤᠶᠠᠷ᠂ ᠳᠠᠭᠠᠯᠳᠤᠭᠤᠯᠤᠭᠰᠠᠨ ᠲᠦᠷᠢᠮ 1. ᠡᠳ᠋ ᠤᠨ ᠵᠠᠰᠠᠭ ᠠᠴᠠ ᠵᠢᠯ ᠪᠦᠷᠢ ᠲᠤᠰᠬᠠᠶ ᠵᠦᠢᠯ   ᠤᠨ ᠪᠡᠯᠡ ᠮᠥᠩᠭᠦ ᠲᠣᠬᠢᠷᠠᠭᠤᠯᠵᠤ᠂ ᠦᠢᠯᠡᠴᠢᠯᠡᠭᠡᠨ   ᠤ ᠦᠢᠯᠡᠰ ᠤᠨ ᠠᠵᠤ ᠠᠬᠤᠶᠢᠯᠠᠯ   ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ᠂ ᠲᠦᠷᠭᠡᠨ ᠬᠥᠭᠵᠢᠬᠦ ᠶᠢ ᠲᠡᠮᠵᠢᠨ᠎ᠡ᠃ ᠪᠡᠯᠡ ᠮᠥᠩᠭᠦ ᠳᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃ 2. ᠳᠡᠭᠡᠷᠡᠬᠢ ᠳᠡᠮᠵᠢᠬᠦ ᠬᠦᠷᠢᠶ᠎ᠡ ᠴᠠᠷᠠᠭ᠎ᠠ ᠳᠤ ᠨᠡᠶᠢᠴᠡᠬᠦ ᠦᠢᠯᠡᠴᠢᠯᠡᠭᠡᠨ ᠤ  ᠦᠢᠯᠡᠰ ᠤᠨ ᠭᠤᠤᠯ ᠴᠣᠭᠴᠠ ᠪᠦᠬᠦᠨ ᠢ ᠴᠥᠮ ᠪᠠᠯᠠ ᠮᠥᠩᠭᠦ ᠶᠢᠨ ᠳᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ 3. ᠡᠭᠦᠨ ᠤ ᠵᠡᠷᠭᠡᠴᠡᠪᠡᠷ ᠠᠶᠢᠮᠠᠭ   ᠤᠨ ᠲᠤᠰ ᠱᠠᠲᠤᠨ ᠤ ᠤᠯᠠᠨ ᠵᠦᠢᠯ ᠤᠨ ᠲᠤᠰᠠᠯᠠᠮᠵᠢ ᠶᠢᠨ ᠲᠥᠷᠥ ᠶᠢᠨ ᠪᠤᠳᠤᠯᠭ᠎ᠠ ᠶᠢᠨ ᠨᠥᠬᠦᠴᠡᠯ   ᠳᠤ ᠨᠡᠶᠢᠴᠡᠬᠦ ᠦᠢᠯᠡᠴᠢᠯᠡᠭᠡᠨ   ᠤ ᠭᠤᠣᠯ ᠴᠣᠭᠴᠠ ᠨᠢ ᠬᠠᠮᠤᠭ   ᠤᠨ ᠥᠨᠳᠥᠷ ᠨᠢᠭᠡ ᠯᠡ ᠵᠦᠢᠯ   ᠤᠨ ᠲᠤᠰᠠᠯᠠᠮᠵᠢ ᠶᠢ ᠬᠥᠷᠳᠡᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠡᠰᠡᠭ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠥᠬᠦᠴᠡᠯ ᠢ ᠬᠠᠩᠭᠠᠭᠰᠠᠨ  ᠦᠢᠯᠡᠴᠢᠯᠡᠭᠡᠨ ᠤ ᠭᠤᠤᠯ ᠴᠣᠭᠴᠠ ᠨᠢ ᠠᠶᠢᠮᠠᠭ ᠤᠨ ᠱᠠᠲᠤᠨ ᠤ ᠲᠥᠬᠦᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠥᠷᠳᠡᠵᠦ ᠪᠣᠯᠤᠨ᠎ᠠ  ᠃4. ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠠᠴᠠ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠵᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠪᠡᠯᠡᠨ ᠵᠣᠭᠤᠰ ᠪᠣᠯᠭᠠᠨ᠎ᠠ᠃ 5. ᠡᠯ᠎ᠡ ᠮᠡᠳᠡᠭᠦᠯᠬᠦ ᠨᠢᠭᠡᠴᠢ ᠨᠦᠭᠦᠳ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠮᠡᠳᠡᠭᠦᠯᠬᠦ ᠮᠠᠲ᠋ᠧᠷᠢᠶᠠᠯ ᠤᠨ ᠠᠭᠤᠯᠭ᠎ᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠡᠷᠪᠡ ᠬᠤᠳᠠᠯ ᠬᠠᠭᠤᠷᠮᠠᠭ ᠲᠤᠭ᠎ᠠ ᠪᠠᠷᠢᠮᠲᠠ ᠶᠢ ᠥᠭᠡᠷᠡᠲᠦᠭᠦᠯᠦᠭᠰᠡᠨ᠂ ᠬᠤᠳᠠᠯ ᠢᠶᠠᠷ ᠵᠣᠬᠢᠶᠠᠭᠰᠠᠨ ᠵᠡᠷᠭᠡ ᠪᠠᠶᠢᠳᠠᠯ ᠢ ᠣᠯᠵᠤ ᠮᠡᠳᠡᠪᠡᠯ᠂ ᠨᠥᠬᠦᠪᠥᠷᠢ ᠥᠭᠬᠦ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ︔ ᠨᠥᠬᠦᠪᠥᠷᠢ ᠶᠢᠨ ᠪᠠᠯᠠ ᠮᠥᠩᠭᠦ ᠶᠢ ᠨᠢᠭᠡᠨᠲᠡ ᠠᠪᠤᠭᠰᠠᠨ ᠪᠠᠶᠢᠪᠠᠯ᠂ ᠪᠥᠬᠦ ᠲᠤᠭ᠎ᠠ ᠪᠠᠷ ᠨᠢ ᠠᠯᠪᠠᠲᠠᠨ ᠪᠤᠴᠠᠭᠠᠬᠤ ᠶᠢᠨ ᠬᠠᠮᠲᠤ ᠬᠤᠯᠪᠣᠭᠳᠠᠯ ᠪᠥᠬᠦᠶ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ 6. ᠲᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠲᠦᠷ 2022 ᠣᠨ ᠠᠴᠠ 2023 ᠣᠨ ᠪᠣᠯᠲᠠᠯ᠎ᠠ ᠲᠣᠭᠲᠠᠭᠠᠨ᠎ᠠ᠃ 7. ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠲᠦᠷᠦᠭᠦᠯᠡᠨ ᠭᠦᠶ᠋ᠴᠡᠳᠬᠡᠬᠦ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃             ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ  ᠴᠠᠬᠢᠯᠭᠠᠨ ᠮᠡᠳᠡᠭᠡ ᠶᠢᠨ  ᠰᠠᠯᠠᠭ᠎ᠠ                                 2022 ᠣᠨ ᠤ 5 ᠰᠠᠷ᠎ᠠ ᠶᠢᠨ 16 ᠤ ᠡᠳᠦᠷ
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号