︽ᠬᠢᠩᠭᠠᠨ ᠠᠶᠢᠮᠠᠭ ᠤᠨ ᠵᠠᠬᠢᠷᠭ᠎ᠠ ᠶᠢᠨ ︿ᠶᠡᠭᠡ ᠲᠤᠭ᠎ᠠ ᠪᠦᠷᠢᠳᠬᠡᠯ﹀ ᠤᠨ ᠪᠠᠶᠢᠷᠢᠰᠢᠯ ᠢ ᠪᠠᠶᠢᠭᠤᠯᠵᠤ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ 
ᠨᠡᠶᠢᠲᠡᠯᠡᠭᠰᠡᠨ ᠴᠠᠭ᠄
2022/6/27
     ᠨᠢᠭᠡ᠂  ᠠᠬᠤᠶ ᠪᠠᠶᠢᠳᠠᠯ       ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠲᠤᠭ᠎ᠠ ᠪᠦᠷᠢᠳᠬᠡᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠷᠢ ᠲᠣᠭᠲᠠᠭᠠᠯᠲᠠ ᠰᠢᠨ᠎ᠡ ᠱᠠᠭᠠᠷᠳᠠᠯᠭ᠎ᠠ ᠳᠤ ᠨᠡᠩ ᠰᠠᠶᠢᠲᠤᠷ ᠵᠣᠬᠢᠴᠠᠵᠤ᠂ ᠣᠶᠢᠷ᠎ᠠ ᠶᠢᠨ ᠵᠢᠯ ᠳᠤ᠂ ᠬᠢᠩᠭᠠᠨ ᠠᠶᠢᠮᠠᠭ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠢᠨ ᠲᠣᠭᠤᠷᠢᠨ ᠳᠤ ᠪᠠᠶᠢᠷᠢᠯᠠᠭᠤᠯᠤᠯᠲᠠ ᠬᠢᠵᠦ᠂ ᠲᠤᠭ᠎ᠠ ᠪᠦᠷᠢᠳᠬᠡᠯ ᠤᠨ ᠠᠵᠢᠯ ᠢ ᠬᠠᠤᠯᠢ ᠪᠠᠷ ᠨᠢᠭᠡᠳᠦᠯᠲᠡᠢ ᠪᠠᠶᠢᠬᠤ ᠶᠢ ᠵᠠᠰᠠᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠢ ᠬᠠᠮᠵᠢᠯᠴᠠᠨ ᠪᠠᠶᠢᠯᠳᠤᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠢ ᠤᠨᠢᠨ ᠳᠡᠭᠡᠷ᠎ᠡ ᠨᠢ ᠠᠵᠢᠯ ᠢᠶᠠᠨ ᠬᠤᠪᠢᠶᠠᠷᠢᠯᠠᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠢ ᠨᠢᠭᠡᠳᠦᠯᠲᠡᠢ ᠪᠣᠯᠭᠠᠬᠤ ᠶᠣᠰᠣᠲᠠᠢ ᠶᠢ ᠨᠢ ᠪᠦᠬᠦᠨ ᠢ ᠨᠢᠭᠡᠳᠦᠯᠲᠡᠢ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠢ ᠬᠡᠷᠡᠭ ᠤᠨ ᠡᠮᠦᠨᠡᠬᠢ ᠦᠢᠯᠡᠴᠢᠯᠡᠭᠡ ᠲᠡᠰᠢ ᠬᠤᠪᠢᠷᠠᠭᠤᠯᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠢᠷᠤᠮᠵᠢᠭᠤᠯᠤᠨ ᠪᠦᠷᠢᠨᠰᠢᠬᠦᠯᠬᠦ ᠲᠡᠰᠢ ᠬᠤᠪᠢᠷᠠᠭᠤᠯᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠢ ᠤᠳᠤ ᠦᠶ᠎ᠡ ᠶᠢᠨ ᠤᠶᠤᠨ ᠴᠢᠳᠠᠪᠤᠷᠢ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠲᠤᠭ᠎ᠠ ᠪᠦᠷᠢᠳᠬᠡᠯ ᠤᠨ ᠠᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ︽ᠴᠠᠭ ᠠᠭᠤᠷ ᠤᠨ ᠬᠡᠮᠵᠢᠭᠦᠷ︾ ᠪᠠ ︽ᠬᠤᠷᠳᠤᠳᠬᠠᠭᠤᠷ︾ ᠤᠨ  ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃ ᠡᠶᠢᠮᠦ ᠠᠴᠠ᠂ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ  ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠰᠠᠨᠠᠯ︾ ᠢ ᠦᠨᠳᠦᠰᠦᠯᠡᠨ ︽ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ︽ᠳᠡᠭᠡᠷ᠎ᠡ ᠳᠣᠤᠷ᠎ᠠ ᠨᠢᠭᠡ ᠱᠤᠭᠤᠮ᠂ ᠳᠡᠭᠡᠷ᠎ᠡ ᠳᠣᠤᠷ᠎ᠠ ᠨᠢᠭᠡ ᠰᠦᠯᠵᠢᠶ᠎ᠡ᠂ ᠵᠠᠰᠠᠭ ᠠᠵᠤ ᠠᠬᠤᠶᠢᠯᠠᠯ ᠨᠢᠭᠡ ᠬᠥᠯᠭᠡ ᠰᠢᠲᠠᠷ᠎ᠠ︾ ᠶᠢᠨ ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠴᠢᠬᠤᠯᠠᠲᠠᠶ ᠪᠠᠶᠢᠨ᠎ᠠ    ᠬᠤᠶᠠᠷ᠂ ᠲᠤᠭᠤᠷᠪᠢᠨ ᠪᠢᠴᠢᠭᠰᠡᠨ ᠶᠠᠪᠤᠴᠠ    ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠦᠷᠦᠭᠦᠯᠡᠨ ︽ᠬᠡᠷᠡᠭᠵᠢᠭᠦᠯᠬᠦ ᠲᠥᠰᠦᠯ︾ ᠢ ᠲᠤᠭᠤᠷᠪᠢᠵᠤ᠂ ︽ᠬᠢᠩᠭᠠᠨ ᠠᠶᠢᠮᠠᠭ ᠤᠨ ︿ᠶᠡᠭᠡ ᠲᠤᠭ᠎ᠠ ᠪᠦᠷᠢᠳᠬᠡᠯ﹀ ᠤᠨ ᠪᠠᠶᠢᠷᠢᠰᠢᠯ ᠢ ᠪᠠᠶᠢᠭᠤᠯᠬᠤ᠂ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ︾ ᠤᠨ ᠡᠯ᠎ᠡ ᠪᠦᠷᠢᠯᠳᠦᠬᠦᠨ  ᠨᠢᠭᠡᠴᠢ᠂ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠰᠠᠨᠠᠯ ᠰᠠᠨᠠᠭᠤᠯᠭ᠎ᠠ ᠶᠢ ᠣᠯᠠᠨ ᠤᠳᠠᠭ᠎ᠠ ᠬᠤᠷᠢᠶᠠᠬᠤ ᠶᠢᠨ ᠬᠠᠮᠲᠤ  ᠭᠦᠢᠴᠡᠳ ᠰᠢᠩᠭᠡᠭᠡᠨ ᠠᠪᠬᠤ ᠶᠢᠨ ᠬᠠᠮᠲᠤ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠᠷ ᠳᠡᠮᠵᠢᠨ᠂ ᠵᠠᠬᠢᠷᠭ᠎ᠠ ᠶᠢᠨ ᠭᠤᠤᠯ ᠤᠳᠤᠷᠢᠳᠤᠯᠭ᠎ᠠ ᠵᠢᠴᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠵᠥᠪᠰᠢᠶᠡᠷᠡᠭᠦᠯᠦᠭᠡᠳ᠂ ᠬᠢᠩᠭᠠᠨ ᠠᠶᠢᠮᠠᠭ ᠤᠨ ᠵᠠᠬᠢᠷᠭ᠎ᠠ ᠶᠢᠨ ᠨᠡᠷ᠎ᠡ ᠪᠠᠷ ᠵᠢᠩᠬᠢᠨᠢ ᠪᠠᠷ ᠳᠠᠷᠤᠮᠠᠯᠯᠠᠨ ᠲᠠᠷᠬᠠᠭᠠᠨ᠎ᠠ᠃    ᠭᠤᠷᠪᠠ᠂ ᠠᠵᠢᠯ ᠤᠨ ᠬᠠᠷᠠᠯᠲᠠ    ︽ᠬᠡᠷᠡᠭᠵᠢᠭᠦᠯᠬᠦ ᠰᠠᠨᠠᠯ︾ ᠨᠢ ᠬᠠᠤᠯᠢ ᠶᠣᠰᠣᠭᠠᠷ ᠨᠢᠭᠡᠳᠦᠯᠲᠡᠢ ᠪᠠᠶᠢᠬᠤ ᠶᠢ ᠵᠠᠰᠠᠬᠤ ᠵᠢᠱᠢᠶᠡᠴᠢ ᠣᠷᠣᠨ ᠢ ᠪᠠᠶᠢᠭᠤᠯᠬᠤ᠂ ᠥᠭᠡᠷᠡᠴᠢᠯᠡᠯᠲᠡ ᠬᠢᠵᠦ ᠨᠢᠭᠡᠳᠦᠯᠲᠡᠢ ᠪᠠᠶᠢᠬᠤ ᠶᠢ ᠬᠥᠭᠵᠢᠭᠦᠯᠬᠦ ᠲᠤᠷᠰᠢᠯᠲᠠ ᠶᠢᠨ ᠣᠷᠣᠨ ᠢ ᠪᠠᠶᠢᠭᠤᠯᠬᠤ᠂ ᠨᠢᠭᠡᠳᠦᠯᠲᠡᠢ ᠪᠣᠯᠭᠠᠬᠤ ᠶᠣᠰᠣᠲᠠᠢ ᠶᠢ ᠪᠦᠬᠦᠨ ᠢ ᠨᠢᠭᠡᠳᠦᠯᠲᠡᠢ ᠪᠣᠯᠭᠠᠬᠤ ᠦᠯᠢᠭᠡᠷ ᠳᠠᠭᠤᠷᠢᠶᠠᠯ ᠣᠷᠣᠨ ᠢ ᠪᠠᠶᠢᠭᠤᠯᠬᠤ ᠪᠠᠷ ᠶᠡᠷᠦᠩᠬᠡᠢ ᠬᠠᠷᠠᠯᠲᠠ ᠪᠣᠯᠭᠠᠵᠤ᠂ 2022 ᠣᠨ ᠪᠠ 2025 ᠣᠨ ᠪᠣᠯᠲᠠᠯᠠᠬᠢ ᠬᠤᠶᠠᠷ ᠱᠠᠲᠤᠨ ᠤ ᠬᠠᠷᠠᠯᠲᠠ ᠶᠢ ᠳᠤᠷᠠᠳᠴᠠᠢ᠃ 2022 ᠣᠨ ᠳᠤ᠂ ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠤᠨ ᠪᠣᠷᠣ ᠲᠥᠯᠥᠪ ᠢ ᠠᠩᠬ᠎ᠠ ᠠᠯᠬᠤᠮ ᠪᠠᠶᠢᠭᠤᠯᠵᠤ᠂ ᠲᠤᠰᠬᠠᠶ ᠵᠦᠢᠯ ᠢᠶᠠᠷ ᠳᠥᠯᠭᠢᠨ ᠠᠬᠢᠭᠤᠯᠬᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠥᠬᠦ ᠲᠠᠯ᠎ᠠ ᠪᠠᠷ ᠡᠬᠢᠯᠡᠭᠦᠯᠵᠦ᠂ ᠬᠥᠨᠳᠡᠯᠡᠨ ᠴᠢᠭᠯᠡᠯ ᠢᠶᠠᠷ ᠬᠢᠵᠠᠭᠠᠷ ᠣᠷᠣᠨ ᠳᠤ ᠬᠦᠷᠭᠡᠬᠦ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ ᠲᠤᠭ᠎ᠠ ᠪᠦᠷᠢᠳᠬᠡᠯ ᠤᠨ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠨᠠᠩ ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠵᠠᠳᠠᠯᠤᠯᠲᠠ ᠪᠠ ᠤᠷᠢᠳᠴᠢᠯᠠᠨ ᠰᠡᠷᠡᠮᠵᠢᠯᠡᠭᠦᠯᠬᠦ ᠡᠭᠦᠷᠭᠡ ᠴᠢᠳᠠᠪᠤᠷᠢ ᠶᠢᠨ  ᠦᠢᠯᠡᠳᠦᠯ ᠢ ᠨᠠᠩ ᠲᠣᠪᠤᠶᠢᠮ᠎ᠠ ᠪᠣᠯᠭᠠᠵᠤ᠂ ᠲᠤᠭ᠎ᠠ ᠪᠦᠷᠢᠳᠬᠡᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ  ᠦᠢᠯᠡᠳᠦᠯ ᠢ ᠨᠠᠩ ᠢᠯᠡᠷᠬᠡᠶ ᠪᠣᠯᠭᠠᠨ᠎ᠠ᠃ 2025 ᠣᠨ ᠪᠣᠯᠬᠤ ᠳᠤ᠂ ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠢ ᠪᠦᠬᠦ ᠲᠠᠯ᠎ᠠ ᠪᠠᠷ ᠪᠠᠶᠢᠭᠤᠯᠵᠤ᠂ ᠬᠠᠤᠯᠢ ᠶᠣᠰᠣᠭᠠᠷ ᠨᠢᠭᠡᠳᠦᠯᠲᠡᠢ ᠪᠦᠷᠢᠳᠬᠡᠬᠦ ᠶᠢ ᠵᠠᠰᠠᠬᠤ ᠤᠢᠢᠯᠠᠭᠠᠭᠳᠠᠬᠤᠨ ᠬᠥᠮᠦᠰ ᠤᠨ ᠰᠡᠳᠬᠢᠯ ᠳᠤ ᠬᠠᠳᠠᠩᠰᠢᠵᠤ᠂ ᠪᠦᠬᠦ ᠨᠡᠶᠢᠭᠡᠮ ᠢᠶᠠᠷ ᠢᠶᠠᠨ ᠤᠬᠠᠮᠰᠠᠷ ᠠᠴᠠ ᠪᠠᠨ ᠨᠢᠭᠡᠳᠦᠯᠲᠡᠢ ᠪᠦᠷᠢᠳᠬᠡᠬᠦ ᠳᠤ ᠣᠷᠣᠯᠴᠠᠬᠤ ᠶᠢ ᠬᠡᠪ ᠤᠨ ᠪᠠᠶᠢᠳᠠᠯ ᠪᠣᠯᠭᠠᠵᠤ᠂ ᠲᠤᠭ᠎ᠠ ᠪᠦᠷᠢᠳᠬᠡᠯ ᠤᠨ ᠠᠵᠢᠯ ᠢ ᠦᠨᠡᠨᠬᠦ ᠠᠵᠤ ᠠᠬᠤᠢ ᠶᠢᠨ ᠠᠵᠢᠯᠯᠠᠭᠠᠨ ᠤ ︽ᠴᠠᠭ ᠠᠭᠤᠷ ᠤᠨ ᠬᠡᠮᠵᠢᠭᠦᠷ︾᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ︽ᠤᠷᠢᠳᠴᠢᠯᠠᠨ ᠰᠡᠷᠡᠮᠵᠢᠯᠡᠭᠦᠯᠬᠦ ᠨᠢᠰᠬᠡᠯ︾᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠵᠠᠮᠴᠢᠯᠠᠭᠤᠷ︾ ᠪᠠ ︽ᠬᠤᠷᠳᠤᠳᠬᠠᠭᠤᠷ︾ ᠪᠣᠯᠭᠠᠨ᠎ᠠ᠃    ᠳᠥᠷᠪᠡ᠂ ᠭᠤᠤᠯ ᠠᠭᠤᠯᠭ᠎ᠠ    ᠨᠢᠭᠡᠳᠦᠭᠡᠷ ᠬᠡᠰᠡᠭ᠄ ᠲᠤᠭ᠎ᠠ ᠪᠦᠷᠢᠳᠬᠡᠯ ᠤᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠤᠨ᠎ᠠ᠃ ᠡᠭᠦᠨ ᠳᠤ ᠲᠤᠭ᠎ᠠ ᠪᠦᠷᠢᠳᠬᠡᠯ ᠤᠨ ᠡᠷᠬᠡ ᠰᠦᠷ ᠢ ᠬᠠᠮᠠᠭᠠᠯᠠᠬᠤ᠂ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠶᠢ ᠠᠬᠢᠭᠤᠯᠬᠤ ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ᠂ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠳᠥᠷᠪᠡᠨ ᠲᠠᠯ᠎ᠠ ᠶᠢᠨ ᠠᠭᠤᠯᠭ᠎ᠠ ᠪᠠᠭᠲᠠᠨ᠎ᠠ᠃    ᠬᠤᠶᠠᠳᠤᠭᠠᠷ ᠬᠡᠰᠡᠭ᠄ ᠲᠤᠭ᠎ᠠ ᠪᠦᠷᠢᠳᠬᠡᠯ ᠤᠨ ᠰᠢᠰᠲ᠋ᠧᠮᠵᠢ ᠶᠢᠨ ᠵᠣᠬᠢᠴᠠᠯᠳᠤᠬᠤ ᠶᠢ ᠠᠬᠢᠭᠤᠯᠤᠨ᠎ᠠ᠃ ᠡᠭᠦᠨ ᠳᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ᠂ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢ ᠪᠠᠶᠢᠭᠤᠯᠬᠤ᠂ ᠬᠠᠮᠲᠤᠷᠠᠨ ᠬᠢᠨᠠᠵᠤ ᠬᠠᠮᠲᠤᠷᠠᠨ ᠮᠡᠳᠡᠭᠦᠯᠬᠦ ᠲᠣᠭᠲᠠᠴᠠ ᠶᠢ ᠪᠠᠶᠢᠭᠤᠯᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃    ᠭᠤᠷᠪᠠᠳᠤᠭᠠᠷ ᠬᠡᠰᠡᠭ᠄ ᠲᠤᠭ᠎ᠠ ᠪᠦᠷᠢᠳᠬᠡᠯ ᠤᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠬᠤ ᠶᠢ ᠠᠬᠢᠭᠤᠯᠤᠨ᠎ᠠ᠃ ᠡᠭᠦᠨ ᠳᠤ GDP ᠶᠢᠨ ᠲᠣᠭᠠᠴᠠᠭ᠎ᠠ ᠬᠢᠬᠦ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ᠂ ᠨᠡᠶᠢᠭᠡᠮ ᠤᠨ ᠬᠡᠷᠡᠭᠯᠡᠭᠡᠨ ᠤ  ᠵᠦᠢᠯ‌‍ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ᠂ R& D ᠵᠠᠷᠤᠳᠠᠯ ᠤᠨ ᠵᠠᠷᠤᠯᠭ᠎ᠠ ᠶᠢᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ ᠵᠡᠷᠭᠡ ᠵᠢᠷᠭᠤᠭᠠᠨ ᠲᠠᠯ᠎ᠠ ᠶᠢᠨ ᠠᠭᠤᠯᠭ᠎ᠠ ᠪᠠᠭᠲᠠᠨ᠎ᠠ᠃    ᠳᠥᠷᠪᠡᠳᠦᠭᠡᠷ ᠬᠡᠰᠡᠭ᠄ ᠲᠤᠭ᠎ᠠ ᠪᠦᠷᠢᠳᠬᠡᠯ ᠤᠨ ᠠᠷᠭ᠎ᠠ ᠶᠢ ᠨᠠᠷᠢᠯᠢᠭ ᠣᠨᠣᠴᠠᠲᠠᠶ ᠪᠣᠯᠭᠠᠬᠤ ᠶᠢ ᠠᠬᠢᠭᠤᠯᠤᠨ᠎ᠠ᠃ ᠡᠩ ᠤᠨ ᠠᠵᠢᠯ ᠤᠨ ᠪᠦᠷᠢᠳᠬᠡᠯ ᠢ ᠴᠢᠩᠭᠠᠳᠬᠠᠬᠤ᠂ ᠰᠢᠨ᠎ᠡ ᠪᠠᠷ ᠬᠥᠭᠵᠢᠭᠰᠡᠨ ᠠᠵᠤ ᠠᠬᠤᠶ ᠶᠢᠨ ᠪᠦᠷᠢᠳᠬᠡᠯ ᠢ ᠴᠢᠩᠭᠠᠳᠬᠠᠬᠤ᠂ ᠳᠥᠷᠪᠡ ᠶᠢ ᠳᠡᠭᠡᠭᠰᠢᠯᠡᠭᠦᠯᠬᠦ ᠠᠵᠤ ᠠᠬᠤᠶᠢᠯᠠᠯ ᠤᠨ ᠪᠤᠶᠢᠵᠢᠯᠲᠠ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ    ᠲᠠᠪᠤᠳᠤᠭᠠᠷ ᠬᠡᠰᠡᠭ᠄ ᠲᠤᠭ᠎ᠠ ᠪᠦᠷᠢᠳᠬᠡᠯ ᠤᠨ ᠵᠠᠳᠠᠯᠤᠯᠲᠠ ᠶᠢ ᠢᠷᠡᠭᠡᠳᠦ᠋ᠢᠴᠢᠯᠡᠬᠦ ᠶᠢ ᠠᠬᠢᠭᠤᠯᠤᠨ᠎ᠠ᠃ ᠡᠭᠦᠨ ᠳᠤ ᠦᠢᠯᠡᠴᠢᠯᠡᠭᠡᠨ ᠤ ᠵᠠᠳᠠᠯᠤᠯᠲᠠ ᠶᠢ ᠴᠢᠩᠭᠠᠳᠬᠠᠬᠤ᠂ ᠲᠤᠰᠬᠠᠢ ᠰᠡᠳᠦᠪᠲᠦ ᠦᠢᠯᠡᠴᠢᠯᠡᠭᠡ ᠶᠢ ᠴᠢᠩᠭᠠᠳᠬᠠᠬᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭᠠᠳᠯᠠᠬᠤ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃    ᠵᠢᠷᠭᠤᠳᠤᠭᠠᠷ ᠬᠡᠰᠡᠭ᠄ ᠲᠤᠭ᠎ᠠ ᠪᠦᠷᠢᠳᠬᠡᠯ ᠤᠨ ᠰᠠᠭᠤᠷᠢ ᠠᠵᠢᠯ ᠤᠨ ᠵᠢᠷᠤᠮᠵᠢᠯᠲᠠ ᠶᠢ ᠠᠬᠢᠭᠤᠯᠤᠨ᠎ᠠ᠃ ᠡᠭᠦᠨ ᠳᠤ ᠦᠨᠳᠦᠰᠦᠨ ᠱᠠᠲᠤᠨ ᠤ ᠨᠥᠬᠦᠴᠡᠯ ᠢ ᠰᠠᠶᠢᠵᠢᠷᠠᠭᠤᠯᠬᠤ᠂ ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠦᠶᠢᠯᠡᠴᠢᠯᠡᠭᠡ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃    ᠳᠣᠯᠣᠳᠤᠭᠠᠷ ᠬᠡᠰᠡᠭ᠄ ᠲᠤᠭ᠎ᠠ ᠪᠦᠷᠢᠳᠬᠡᠯ ᠤᠨ ᠠᠷᠭ᠎ᠠ ᠪᠠᠷᠢᠯ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠡᠭᠦᠨ ᠳᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ ᠴᠢᠩᠭ᠎ᠠ ᠠᠳᠬᠤᠬᠤ᠂ ᠲᠤᠮᠤ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠳᠬᠠᠬᠤ᠂ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠱᠠᠲᠤᠨ ᠳᠤ ᠵᠠᠬᠢᠷᠭ᠎ᠠ ᠶᠢᠨ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠠᠶᠢᠮᠠᠭ ᠤᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤ ᠰᠢᠶᠠᠨ ᠬᠤᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠭᠰᠠᠨ ᠪᠥᠬᠦ ᠠᠶᠢᠮᠠᠭ ᠤᠨ ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠢ ᠪᠠᠶᠢᠭᠤᠯᠵᠤ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠳᠣᠤᠷ᠎ᠠ ᠨᠢ GDP ᠶᠢᠨ ᠲᠣᠭᠠᠴᠠᠭ᠎ᠠ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ᠂ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾᠂ R&D ᠵᠠᠷᠤᠳᠠᠯ ᠤᠨ ᠵᠠᠷᠤᠯᠭ᠎ᠠ ᠵᠡᠷᠭᠡ 6 ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠵᠤ᠂ ᠡᠯ᠎ᠡ  ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠪᠥᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠪᠡᠶᠡᠯᠡᠭᠦᠯᠬᠦ ᠶᠢ ᠠᠬᠢᠭᠤᠯᠤᠨ᠎ᠠ᠃    ︵ᠬᠤᠶᠠᠷ︶ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠥᠬᠦ ᠠᠶᠢᠮᠠᠭ ᠤᠨ ᠲᠤᠭ᠎ᠠ ᠪᠦᠷᠢᠳᠬᠡᠯ ᠢ ᠨᠢᠭᠡ ᠬᠥᠯᠭᠡ ᠰᠢᠲᠠᠷ᠎ᠠ ᠮᠡᠲᠦ ᠪᠠᠶᠢᠯᠭᠠᠬᠤ ᠦᠵᠡᠯ ᠰᠠᠨᠠᠭ᠎ᠠ ᠶᠢ ᠪᠣᠶ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ᠂ ᠳᠣᠲᠣᠨ᠎ᠠ ᠭᠠᠳᠠᠨᠠᠬᠢ ᠲᠠᠢ ᠬᠠᠷᠢᠯᠴᠠᠬᠤ᠂ ᠵᠡᠭᠦᠨ ᠪᠠᠷᠠᠭᠤᠨ ᠲᠠᠯ᠎ᠠ ᠪᠠᠨ ᠵᠣᠬᠢᠴᠠᠭᠤᠯᠬᠤ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠦᠷᠦᠭᠦᠯᠡᠬᠦ  ᠦᠢᠯᠡᠳᠦᠯ ᠢᠶᠠᠨ ᠪᠠᠳᠠᠷᠠᠭᠤᠯᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠴᠤᠭᠯᠠᠭᠤᠯᠤᠯᠲᠠ ᠶᠢ ᠬᠢᠨᠠᠮᠠᠭᠠᠶ ᠰᠠᠶᠢᠲᠤᠷ ᠬᠢᠵᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠬᠢᠨᠠᠮᠠᠭᠠᠶ ᠰᠠᠶᠢᠲᠤᠷ ᠠᠳᠬᠤᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠬᠨ᠎ᠠ᠃    ︵ᠭᠤᠷᠪᠠ︶ ᠳᠣᠭᠢᠷᠠᠭᠤᠯᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠰᠢᠯᠭᠠᠨ ᠬᠢᠨᠠᠬᠤ ᠵᠢᠯᠣᠭᠤᠳᠬᠤ ᠳᠣᠬᠢᠭᠤᠷ ᠤᠨ ᠦᠢᠯᠡᠳᠦᠯ ᠢ  ᠭᠦᠢᠴᠡᠳ ᠪᠠᠳᠠᠷᠠᠭᠤᠯᠵᠤ᠂ ᠰᠢᠯᠭᠠᠨ ᠬᠢᠨᠠᠵᠤ ᠦᠨᠡᠯᠡᠬᠦ ᠪᠠ ᠪᠦᠷᠢᠳᠬᠡᠨ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠡᠬᠡ ᠲᠠᠩᠰᠠᠴᠢᠯᠠᠭᠰᠠᠨ᠂ ᠨᠠᠷᠢᠨ ᠲᠠᠩᠰᠠ ᠶᠢᠨ ᠲᠦᠷᠢᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠭᠠᠷᠠᠭ ᠢᠶᠠᠷ ᠳ᠋ᠦᠩᠨᠡᠨ ᠪᠤᠳᠤᠬᠤ᠂ ᠰᠠᠷ᠎ᠠ ᠪᠠᠷ ᠮᠡᠳᠡᠭᠡᠯᠡᠬᠦ᠂ ᠤᠯᠠᠷᠢᠯ ᠢᠶᠠᠷ ᠳᠣᠭᠢᠷᠠᠭᠤᠯᠬᠤ᠂ ᠵᠢᠯ ᠢᠶᠠᠷ ᠰᠢᠯᠭᠠᠨ ᠦᠨᠡᠯᠡᠬᠦ︾ ᠲᠦᠷᠢᠮ ᠢ ᠬᠡᠷᠡᠭᠵᠢᠭᠦᠯᠵᠦ ᠂ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠢᠴᠡᠳᠭᠡᠵᠦ᠂ ᠬᠢᠨᠠᠯᠲᠠ ᠲᠠᠯᠪᠢᠬᠤ ᠲᠣᠭᠲᠠᠴᠠ ᠪᠠᠨ ᠲᠡᠭᠦᠯᠳᠡᠷᠵᠢᠭᠦᠯᠦᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号