ᠵᠠᠩ ᠰᠢᠶᠤᠤ ᠪᠢᠩ ᠮᠧᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠣᠣ ᠵᠢᠶᠦ᠋ᠨ ᠴᠢᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2022/7/11
      7 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠮᠧᠶ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ᠂ ᠱᠠᠨ ᠰᠢ ᠶᠢᠨ ᠮᠧᠶ ᠶᠢᠨ ᠡᠨᠧᠷᠭᠢ ᠶᠢᠨ ᠰᠤᠷᠪᠤᠯᠵᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠣᠣ ᠵᠢᠶᠦ᠋ᠨ ᠴᠢᠩ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠰᠤᠷᠪᠤᠯᠵᠢ ᠶᠢᠨ ᠪᠥᠬᠦ ᠠᠵᠤ  ᠦᠢᠯᠡᠰ ᠤᠨ ᠬᠡᠯᠬᠢᠶ᠎ᠡ ᠶᠢᠨ ᠬᠥᠭᠵᠢᠯᠲᠡ᠂ ᠵᠤᠭᠠᠴᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠤᠯᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃    ᠠᠶᠢᠮᠠᠭ ᠤᠨ ᠤᠳᠤᠷᠢᠳᠤᠯᠭ᠎ᠠ ᠯᠢᠦ  ᠱᠦ ᠴᠧᠩ᠂ ᠰᠢᠤᠢ ᠪᠦᠦ ᠴᠢᠤᠸᠠᠨ᠂ ᠶᠠᠩ ᠵᠢᠶ ᠫᠧᠩ᠂ ᠴᠢᠦᠶ ᠵᠧᠨ ᠨᠢᠶᠠᠨ᠂ ᠯᠢᠶᠠᠩ ᠶᠠᠨ ᠵᠢᠶᠦ᠋ᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号