ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ  ︽ᠬᠢᠩᠭᠠᠨ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/7/12
          ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2022﹈ 12 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂  ᠲᠦᠪ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄    ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ  ᠬᠡᠷᠡᠭᠵᠢᠭᠦᠯᠲᠦᠭᠡᠶ᠃                                 2022 ᠣᠨ ᠤ 4 ᠰᠠᠷ᠎ᠠ ᠶᠢᠨ 2 ᠤᠨ  ᠡᠳᠦᠷ    ᠬᠢᠩᠭᠠᠨ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ    ᠲᠣᠰ ᠲᠥᠷᠥ ᠶᠢᠨ ᠪᠣᠳᠣᠯᠭ᠎ᠠ ᠶᠢᠨ ᠲᠡᠳᠬᠦᠨ ᠳᠡᠮᠵᠢᠵᠦ ᠪᠠᠶᠢᠭ᠎ᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ  ᠵᠦᠢᠯ ᠪᠣᠯ ᠰᠢᠨ᠎ᠡ ᠪᠠᠷ ᠪᠠᠶᠢᠭᠤᠯᠤᠭᠰᠠᠨ ᠲᠣᠭᠲᠠᠮᠠᠯ ᠬᠥᠷᠥᠩᠭᠡ ᠳᠤ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠭᠰᠠᠨ ᠲᠥᠷᠥᠯ  ᠵᠦᠢᠯ ︵ᠰᠠᠯᠬᠢᠨ ᠤ ᠬᠦᠴᠦᠨ ᠤ ᠴᠠᠬᠢᠯᠭᠠᠨ᠂ ᠬᠡᠷᠡᠯ ᠸᠣᠯᠲ᠂ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ  ᠵᠦᠢᠯ ᠪᠠᠭᠲᠠᠬᠤ ᠥᠬᠡᠶ︔  ᠵᠤᠭᠠᠴᠠᠯ᠂ ᠳᠡᠭᠡᠳᠦ ᠰᠢᠨ᠎ᠡ ᠮᠡᠷᠭᠡᠵᠢᠯ᠂ ᠠᠮᠢᠳᠤ ᠪᠣᠳᠠᠰ ᠤᠨ ᠡᠮ ᠡᠮᠨᠡᠯᠭᠡ᠂ ᠣᠶᠤᠨᠴᠢ  ᠦᠢᠯᠡᠳᠬᠦ᠂ ᠢᠳᠡᠭᠡᠨ ᠤ ᠠᠵᠤ  ᠦᠢᠯᠡᠳᠪᠦᠷᠢ ᠶᠢᠨ ᠲᠥᠷᠥᠯ  ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 3000 ᠲᠦᠮᠡᠨ ᠲᠥᠭᠦᠷᠢᠭ ᠠᠴᠠ ᠳᠡᠭᠡᠭᠰᠢ ᠪᠣᠯᠭᠠᠨ᠎ᠠ︶ ᠠᠶᠢᠮᠠᠭ ᠤᠨ ᠲᠣᠰ ᠱᠠᠲᠤ ᠪᠠ ᠬᠤᠰᠢᠭᠤ ᠰᠢᠶᠠᠨ ᠬᠤᠲᠠ ︵ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠪᠠᠯᠠ ᠮᠥᠩᠭᠦ ᠶᠢ ᠲᠣᠰ ᠲᠣᠰ ᠳᠠᠷᠠᠭ᠎ᠠ ᠵᠢᠯ ᠤᠨ ᠲᠥᠰᠦᠪ ᠲᠡᠭᠡᠨ ᠣᠷᠣᠭᠤᠯᠤᠨ᠎ᠠ᠃    ᠨᠢᠭᠡ᠂ ᠭᠠᠵᠠᠷ ᠬᠡᠷᠡᠭᠯᠡᠬᠦ ᠳᠤ ᠬᠠᠷᠠᠭᠠᠯᠵᠠᠯ ᠦᠵᠡᠭᠦᠯᠦᠨ᠎ᠡ᠃ ᠠᠵᠤ ᠠᠬᠤᠶᠢᠯᠠᠯ ᠤᠨ ᠬᠦᠰᠡᠯ ᠰᠠᠨᠠᠭ᠎ᠠ ᠶᠢ ᠦᠨᠳᠦᠰᠦᠯᠡᠨ᠂ ᠠᠵᠤ  ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ︽ᠣᠷᠳᠣ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ︾ ᠪᠠᠷᠢᠮᠵᠢᠶᠠᠲᠤ ᠭᠠᠵᠠᠷ ᠰᠢᠷᠣᠶ ᠶᠢᠨ ᠬᠠᠩᠭᠠᠯᠭ᠎ᠠ ᠶᠢᠨ ᠠᠷᠭ᠎ᠠ ᠮᠠᠶ᠋ᠢᠭ ᠵᠢᠴᠢ ︽ᠬᠠᠷᠢᠮᠠᠬᠠᠶ ᠴᠢᠨᠠᠷᠲᠠᠶ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠵᠢᠯ ᠬᠤᠭᠤᠴᠠᠭ᠎ᠠ︾ ᠶᠢᠨ ᠭᠠᠵᠠᠷ ᠰᠢᠷᠣᠶ ᠬᠠᠩᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠦᠨ᠎ᠡ ᠬᠠᠩᠰᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠨᠠᠭᠠᠳᠤ ᠵᠠᠬ᠎ᠠ ᠶᠢᠨ ᠪᠠᠷᠢᠮᠵᠢᠶ᠎ᠠ︾ ᠶᠣᠰᠣᠭᠠᠷ ᠲᠤᠰᠢᠶᠠᠵᠤ ᠪᠣᠯᠤᠨ᠎ᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠠᠯᠠ ᠣᠷᠣᠭᠤᠯᠤᠯᠲᠠ ᠶᠢᠨ ᠡᠷᠴᠢᠮ ᠨᠢ 100 ᠲᠦᠮᠡᠨ ᠲᠥᠭᠦᠷᠢᠭ / ᠮᠥ ᠳᠤ ᠬᠦᠷᠴᠦ᠂ ᠪᠠᠭᠲᠠᠭᠠᠮᠵᠢ ᠶᠢᠨ ᠨᠣᠷᠮ᠎ᠠ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠰᠡᠨ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠬᠤ ᠰᠢᠨ᠎ᠡ ᠪᠠᠷ ᠨᠡᠮᠡᠭᠳᠡᠭᠦᠯᠬᠦ ᠭᠠᠵᠠᠷ ᠰᠢᠷᠣᠶ ᠳᠤ᠂ ᠠᠵᠤ ᠠᠬᠤᠶᠢᠯᠠᠯ ᠤᠨ  ᠦᠢᠯᠡᠳᠪᠦᠷᠢ ᠶᠢᠨ ᠲᠣᠭᠤᠷᠢᠭ ᠲᠠᠬᠢ ᠰᠠᠭᠤᠷᠢ ᠪᠡᠯᠡᠳᠬᠡᠮᠵᠢ ᠪᠠ ᠳᠠᠭᠠᠯᠲᠠ ᠪᠡᠯᠡᠳᠬᠡᠮᠵᠢ ᠨᠢ ᠵᠠᠰᠠᠭ ᠤᠨ ᠣᠷᠳᠣᠨ ᠠᠴᠠ ᠣᠷᠣᠭᠤᠯᠤᠯᠲᠠ ᠪᠠᠷ ᠱᠠᠩᠨᠠᠯ ᠢ ᠣᠷᠣᠯᠠᠭᠤᠯᠬᠤ ᠶᠢ ᠬᠡᠷᠡᠭᠵᠢᠭᠦᠯᠵᠦ᠂ ᠱᠠᠩᠨᠠᠯ ᠤᠨ ᠮᠥᠩᠭᠦ ᠶᠢᠨ ᠲᠤᠭ᠎ᠠ ᠬᠡᠮᠵᠢᠶ᠎ᠡ ᠶᠢ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠪᠠᠷ ᠥᠪᠡᠷ ᠤᠨ ᠥᠷᠲᠡᠭ ᠢ ᠨᠢ ᠬᠠᠰᠤᠭᠰᠠᠨ ᠤ ᠳᠠᠷᠠᠭᠠᠬᠢ 70% ᠶᠢᠨ ᠣᠷᠣᠭᠤᠯᠤᠯᠲᠠ ᠶᠢ ᠬᠡᠷᠡᠭᠵᠢᠭᠦᠯᠵᠦ᠂ ᠱᠠᠩᠨᠠᠯ ᠤᠨ ᠪᠠᠯᠠ ᠮᠥᠩᠭᠦ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃    ᠬᠤᠶᠠᠷ᠂ ᠴᠠᠬᠢᠯᠭᠠᠨ ᠬᠡᠷᠡᠭᠯᠡᠬᠦ ᠳᠤ ᠬᠠᠷᠠᠭᠠᠯᠵᠠᠯ ᠦᠵᠡᠭᠦᠯᠦᠨ᠎ᠡ᠃ ᠲᠣᠰ ᠲᠥᠷᠥ ᠶᠢᠨ ᠪᠣᠳᠣᠯᠭ᠎ᠠ ᠳᠤ ᠨᠡᠶᠢᠴᠡᠬᠦ ᠲᠣᠮᠣ ᠠᠵᠤ  ᠦᠢᠯᠡᠳᠪᠦᠷᠢ ᠶᠢᠨ ᠬᠡᠷᠡᠭᠯᠡᠭᠴᠢ ᠳᠤ ᠱᠠᠲᠤ ᠲᠣᠩᠭᠤᠷᠠᠭᠤᠯᠤᠨ ᠴᠠᠬᠢᠯᠭᠠᠨ ᠬᠦᠷᠭᠡᠬᠦ ᠦᠨ᠎ᠡ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠣᠲᠣ ᠶᠢᠨ ᠬᠡᠷᠡᠭᠵᠢᠭᠦᠯᠵᠦ ᠪᠠᠶᠢᠭ᠎ᠠ ᠴᠠᠬᠢᠯᠭᠠᠨ ᠬᠦᠴᠦᠳᠡᠯ ᠤᠨ ᠲᠠᠰ ᠤᠨ ᠴᠠᠬᠢᠯᠭᠠᠨ ᠬᠦᠷᠭᠡᠬᠦ ᠦᠨ᠎ᠡ ᠶᠢᠨ ᠬᠢᠷᠢ ᠲᠦᠪᠰᠢᠨ ᠳᠡᠭᠡᠷ᠎ᠡ᠂ ᠣᠨ ᠤ ᠪᠣᠳᠠᠲᠠᠶ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠬᠡᠲᠦᠷᠡᠭᠰᠡᠨ ᠬᠡᠮᠵᠢᠶ᠎ᠡ ᠶᠢ ᠦᠨᠳᠦᠰᠦᠯᠡᠨ ᠠᠬᠢᠭᠤᠯᠤᠨ ᠪᠤᠳᠤᠵᠤ ᠴᠠᠬᠢᠯᠭᠠᠨ ᠬᠦᠷᠭᠡᠬᠦ ᠦᠨ᠎ᠡ ᠶᠢ ᠪᠠᠭᠤᠷᠠᠭᠤᠯᠤᠨ᠎ᠠ᠂ ᠵᠢᠱᠢᠶᠡᠯᠡᠪᠡᠯ ᠤᠯᠤᠰ᠂ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠤ ᠦᠨ᠎ᠡ ᠳᠤ ᠲᠣᠬᠢᠷᠠᠭᠤᠯᠤᠯᠲᠠ ᠬᠢᠬᠦ ᠳᠤ᠂ ᠰᠢᠨ᠎ᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠭᠤᠷᠪᠠ᠂ ᠦᠢᠯᠡᠳᠪᠦᠷᠢ ᠶᠢᠨ ᠭᠡᠷ ᠪᠠᠶᠢᠰᠢᠩ ᠢ ᠣᠷᠣᠯᠠᠨ ᠪᠠᠷᠢᠬᠤ᠃ ᠬᠢᠩᠭᠠᠨ ᠠᠶᠢᠮᠠᠭ ᠤᠨ ᠡᠯ᠎ᠡ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠠᠳ ᠵᠤᠭᠠᠴᠠᠯ᠂ ᠳᠡᠭᠡᠳᠦ ᠰᠢᠨ᠎ᠡ ᠮᠡᠷᠭᠡᠵᠢᠯ᠂ ᠠᠮᠢᠳᠤ ᠪᠣᠳᠠᠰ ᠤᠨ ᠡᠮ ᠡᠮᠨᠡᠯᠭᠡ ᠶᠢᠨ ᠣᠶᠤᠨᠴᠢ  ᠦᠢᠯᠡᠳᠬᠦ ᠠᠵᠢᠯ ᠡᠷᠭᠢᠯᠡᠵᠦ ᠪᠠᠶᠢᠭ᠎ᠠ ᠮᠥᠷᠲᠡᠭᠡᠨ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠠᠴᠠ ᠳᠡᠭᠡᠭᠰᠢ ᠪᠣᠯᠤᠭᠰᠠᠨ ᠠᠵᠤ ᠠᠬᠤᠶᠢᠯᠠᠯ ᠪᠦᠬᠦᠨ ᠳᠤ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠢ ᠣᠷᠣᠯᠠᠨ ᠪᠠᠶᠢᠭᠤᠯᠬᠤ ᠲᠥᠷᠥ ᠶᠢᠨ ᠪᠣᠳᠣᠯᠭ᠎ᠠ ᠣᠯᠭᠤᠵᠤ᠂ ᠲᠦᠷᠢᠶᠡᠰᠦᠯᠡᠬᠦ ᠪᠤᠶᠤ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠢ ᠣᠷᠣᠯᠠᠨ ᠪᠠᠶᠢᠭᠤᠯᠵᠤ ᠪᠣᠯᠤᠨ᠎ᠠ᠃ ᠠᠵᠤ ᠠᠬᠤᠶᠢᠯᠠᠯ ᠤᠨ  ᠦᠢᠯᠡᠳᠪᠦᠷᠢᠯᠡᠯ  ᠤᠨ ᠬᠡᠷᠡᠭᠴᠡᠭᠡ ᠱᠠᠭᠠᠷᠳᠠᠯᠭ᠎ᠠ ᠪᠠ ᠭᠠᠵᠠᠷ ᠰᠢᠷᠣᠶ ᠶᠢ ᠡᠷᠴᠢᠮᠵᠢᠭᠦᠯᠦᠨ ᠬᠡᠷᠡᠭᠯᠡᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠵᠠᠷᠴᠢᠮ ᠳᠡᠭᠡᠷ᠎ᠡ ᠪᠠᠨ ᠣᠷᠣᠯᠠᠨ ᠪᠠᠶᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠠᠯᠠ ᠣᠷᠣᠭᠤᠯᠤᠯᠲᠠ ᠶᠢᠨ ᠲᠤᠭ᠎ᠠ ᠨᠢ ᠠᠵᠤ ᠠᠬᠤᠶᠢᠯᠠᠯ ᠤᠨ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠲᠤᠭ᠎ᠠ ᠠᠴᠠ ᠥᠨᠳᠥᠷ ᠪᠠᠶᠢᠵᠤ ᠪᠣᠯᠬᠤ ᠥᠬᠡᠶ᠄ ᠲᠦᠷᠢᠶᠡᠰᠦᠯᠡᠬᠦ ᠠᠷᠭ᠎ᠠ ᠮᠠᠶ᠋ᠢᠭ ᠢ ᠠᠪᠤᠪᠠᠯ ᠲᠦᠷᠦᠭᠦᠤ 4 ᠵᠢᠯ ᠤᠨ ᠲᠦᠷᠢᠶᠡᠰᠦᠨ ᠮᠥᠩᠭᠦ ᠶᠢ ᠬᠠᠭᠠᠰ ᠢᠶᠠᠷ ᠬᠠᠰᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠨ᠎ᠡ︔ ᠬᠤᠭᠤᠴᠠᠭ᠎ᠠ ᠬᠤᠪᠢᠶᠠᠨ ᠵᠣᠭᠤᠰ ᠲᠤᠰᠢᠶᠠᠬᠤ ᠠᠷᠭ᠎ᠠ ᠮᠠᠶ᠋ᠢᠭ ᠢᠶᠠᠷ ᠦᠢᠯᠡᠳᠪᠦᠷᠢ ᠶᠢᠨ ᠭᠡᠷ ᠪᠠᠶᠢᠰᠢᠩ ᠬᠤᠳᠠᠯᠳᠤᠨ ᠠᠪᠬᠤ ᠳᠤ ᠬᠦᠷᠪᠡᠯ᠂ 50% ᠶᠢ ᠨᠢ ᠤᠷᠢᠳ ᠢᠶᠠᠷ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠵᠦ ᠪᠣᠯᠤᠨ᠎ᠠ᠃    ᠳᠥᠷᠪᠡ᠂ ᠰᠢᠷᠤᠢ ᠬᠦᠳᠡᠯᠭᠡᠭᠰᠡᠨ ᠢ ᠬᠥᠬᠢᠭᠦᠯᠦᠨ ᠱᠠᠩᠨᠠᠨ᠎ᠠ᠃ ᠰᠢᠨ᠎ᠡ ᠪᠠᠷ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠤᠭᠰᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ  ᠵᠦᠢᠯ ᠳᠤ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠭᠰᠠᠨ ᠡᠳᠦᠷ ᠠᠴᠠ ᠡᠬᠢᠯᠡᠨ᠂ ᠭᠤᠷᠪᠠᠨ ᠵᠢᠯ ᠤᠨ ᠳᠣᠲᠣᠷ᠎ᠠ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠨᠢ ᠪᠠᠯᠠ ᠣᠷᠣᠭᠤᠯᠤᠯᠲᠠ ᠶᠢᠨ ᠬᠡᠯᠡᠯᠴᠡᠭᠡᠷ ᠲᠤ ᠪᠣᠯᠵᠣᠨ ᠲᠣᠭᠲᠠᠭᠰᠠᠨ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠲᠣᠰ ᠲᠥᠷᠥᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠦᠷᠢᠯᠳᠦᠬᠦᠨ ᠳᠤ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ᠲᠤᠬᠠᠶᠢᠯᠠᠪᠠᠯ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠤ 2 ᠳ᠋ᠦᠩᠰᠢᠭᠤᠷ ᠲᠥᠭᠦᠷᠢᠭ ᠠᠴᠠ ᠳᠡᠭᠡᠭᠰᠢ ︵2 ᠳ᠋ᠦᠩᠰᠢᠭᠤᠷ ᠲᠥᠭᠦᠷᠢᠭ ᠪᠠᠭᠲᠠᠨ᠎ᠠ︶ 3 ᠳ᠋ᠦᠩᠰᠢᠭᠤᠷ ᠲᠥᠭᠦᠷᠢᠭ ᠠᠴᠠ ᠳᠣᠷᠣᠭᠰᠢ ᠪᠠᠶᠢᠪᠠᠯ 50 ᠲᠦᠮᠡᠨ ᠲᠥᠭᠦᠷᠢᠭ ᠢᠶᠠᠷ ᠱᠠᠩᠨᠠᠨ᠎ᠠ︔ 3 ᠳ᠋ᠦᠩᠰᠢᠭᠤᠷ ᠲᠥᠭᠦᠷᠢᠭ ᠠᠴᠠ ᠳᠡᠭᠡᠭᠰᠢ ︵3 ᠳ᠋ᠦᠩᠰᠢᠭᠤᠷ ᠲᠥᠭᠦᠷᠢᠭ ᠪᠠᠭᠲᠠᠨ᠎ᠠ︶᠂ 4 ᠳ᠋ᠦᠩᠰᠢᠭᠤᠷ ᠲᠥᠭᠦᠷᠢᠭ ᠠᠴᠠ ᠳᠣᠷᠣᠭᠰᠢ ᠪᠠᠶᠢᠪᠠᠯ 80 ᠲᠦᠮᠡᠨ ᠲᠥᠭᠦᠷᠢᠭ ᠢᠶᠠᠷ ᠱᠠᠩᠨᠠᠨ᠎ᠠ᠄ 4 ᠳ᠋ᠦᠩᠰᠢᠭᠤᠷ ᠲᠥᠭᠦᠷᠢᠭ ᠠᠴᠠ ᠳᠡᠭᠡᠭᠰᠢ ︵4 ᠳ᠋ᠦᠩᠰᠢᠭᠤᠷ ᠲᠥᠭᠦᠷᠢᠭ ᠪᠠᠭᠲᠠᠨ᠎ᠠ ︶᠂ 5 ᠳ᠋ᠦᠩᠰᠢᠭᠤᠷ ᠲᠥᠭᠦᠷᠢᠭ ᠠᠴᠠ ᠳᠣᠷᠣᠭᠰᠢ ᠪᠠᠶᠢᠪᠠᠯ 120 ᠲᠦᠮᠡᠨ ᠲᠥᠭᠦᠷᠢᠭ ᠢᠶᠠᠷ ᠱᠠᠩᠨᠠᠨ᠎ᠠ︔ 5 ᠳ᠋ᠦᠩᠰᠢᠭᠤᠷ ᠲᠥᠭᠦᠷᠢᠭ ᠠᠴᠠ ᠳᠡᠭᠡᠭᠰᠢ ︵5 ᠳ᠋ᠦᠩᠰᠢᠭᠤᠷ ᠲᠥᠭᠦᠷᠢᠭ ᠪᠠᠭᠲᠠᠨ᠎ᠠ︶ ᠶᠢ 200 ᠲᠦᠮᠡᠨ ᠲᠥᠭᠦᠷᠢᠭ ᠢᠶᠠᠷ ᠱᠠᠩᠨᠠᠨ᠎ᠠ᠃    ᠲᠠᠪᠤ᠂ ᠬᠤᠪᠢ ᠨᠡᠮᠡᠷᠢ ᠶᠢᠨ ᠱᠠᠩᠨᠠᠯ ᠤᠨ ᠪᠠᠯᠠ ᠣᠷᠣᠭᠤᠯᠤᠯᠲᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ  ᠵᠦᠢᠯ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠳᠤ᠂ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠦᠭᠰᠡᠨ ᠡᠳᠦᠷ ᠠᠴᠠ ᠡᠬᠢᠯᠡᠨ᠂ ᠰᠢᠨ᠎ᠡ ᠪᠠᠷ ᠨᠡᠮᠡᠭᠳᠡᠭᠰᠡᠨ ᠭᠠᠶᠢᠯᠢ ᠲᠠᠲᠠᠪᠤᠷᠢ ᠶᠢᠨ ᠲᠤᠭ᠎ᠠ ᠬᠡᠮᠵᠢᠶ᠎ᠡ ︵ᠣᠷᠣᠨ ᠨᠤᠲᠤᠭ ᠤᠨ ᠬᠤᠪᠢᠳᠠᠨ ᠦᠯᠡᠳᠡᠭᠡᠭᠰᠡᠨ ᠬᠡᠰᠡᠭ᠂ ᠳᠣᠷᠣᠭᠰᠢ ᠠᠳᠠᠯᠢ︶ ᠪᠠᠷ ᠬᠤᠪᠢ ᠨᠡᠮᠡᠷᠢ ᠶᠢᠨ ᠪᠠᠷᠢᠮᠵᠢᠶ᠎ᠠ ᠪᠣᠯᠭᠠᠨ᠎ᠠ᠃ 1 ᠳ᠋ᠤᠭᠡᠷ ᠵᠢᠯ ᠠᠴᠠ 3 ᠳ᠋ᠤᠭᠠᠷ ᠵᠢᠯ ᠪᠣᠯᠲᠠᠯ᠎ᠠ ᠠᠶᠢᠮᠠᠭ ᠤᠨ ᠲᠣᠰ ᠱᠠᠲᠤ ᠪᠣᠯᠤᠨ ᠬᠤᠰᠢᠭᠤ ᠰᠢᠶᠠᠨ ᠬᠤᠲᠠ ︵ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶ ᠨᠢ ᠡᠳ᠋ ᠤᠨ ᠵᠠᠰᠠᠭ ᠤᠨ ᠲᠥᠰᠦᠪ ᠠᠴᠠ ᠰᠢᠨ᠎ᠡ ᠪᠠᠷ ᠨᠡᠮᠡᠭᠳᠡᠭᠰᠡᠨ ᠭᠠᠶᠢᠯᠢ ᠲᠠᠲᠠᠪᠤᠷᠢ ᠶᠢᠨ 70% ᠶᠢᠨ ᠪᠠᠯᠠ ᠮᠥᠩᠭᠦ ᠶᠢ ᠱᠠᠩᠨᠠᠨ ᠬᠥᠬᠢᠭᠦᠯᠬᠦ 4 ᠳ᠋ᠤᠭᠡᠷ ᠵᠢᠯ ᠠᠴᠠ 6 ᠳ᠋ᠤᠭᠠᠷ ᠵᠢᠯ ᠪᠣᠯᠲᠠᠯ᠎ᠠ ᠠᠶᠢᠮᠠᠭ ᠤᠨ ᠲᠣᠰ ᠱᠠᠲᠤ ᠪᠣᠯᠤᠨ ᠬᠤᠰᠢᠭᠤ ᠰᠢᠶᠠᠨ ᠬᠤᠲᠠ ︵ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶ ᠨᠢ ᠡᠳ᠋ ᠤᠨ ᠵᠠᠰᠠᠭ ᠤᠨ ᠲᠥᠰᠦᠪ ᠠᠴᠠ ᠰᠢᠨ᠎ᠡ ᠪᠠᠷ ᠨᠡᠮᠡᠭᠳᠡᠭᠰᠡᠨ ᠭᠠᠶᠢᠯᠢ ᠲᠠᠲᠠᠪᠤᠷᠢ ᠶᠢᠨ 50% ᠶᠢᠨ ᠪᠠᠯᠠ ᠮᠥᠩᠭᠦ ᠶᠢ ᠱᠠᠩᠨᠠᠨ ᠬᠥᠬᠢᠭᠦᠯᠵᠦ᠂ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠳᠬᠦᠬᠦ ᠳᠤ ᠬᠡᠷᠡᠭᠯᠡᠨ᠎ᠡ᠃    ᠵᠢᠷᠭᠤᠭ᠎ᠠ᠂ ᠰᠢᠨᠵᠢᠯᠡᠬᠦ ᠤᠬᠠᠭᠠᠨ ᠮᠡᠷᠭᠡᠵᠢᠯ   ᠤᠨ ᠰᠢᠨ᠎ᠡ ᠶᠢ ᠡᠭᠦᠳᠦᠭᠰᠡᠨ ᠱᠠᠩᠨᠠᠯ᠃ ᠺᠣᠮᠫᠠᠨᠢ ᠶᠢᠨ ᠳᠠᠩᠰᠠᠯᠠᠭᠤᠯᠤᠭᠰᠠᠨ ᠭᠠᠵᠠᠷ ᠨᠢ ᠠᠶᠢᠮᠠᠭ ᠤᠨ ᠭᠤᠷᠪᠠᠨ ᠲᠣᠮᠣ ᠬᠦᠷᠢᠶᠡᠯᠡᠩ ᠲᠣᠭᠤᠷᠢᠭ ︵ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ︶ ᠲᠤ ᠪᠠᠶᠢᠬᠤ ᠮᠥᠷᠲᠡᠭᠡᠨ ᠦᠨᠡᠮᠰᠢᠭᠦᠯᠬᠦ ᠪᠠᠷ ᠳᠠᠮᠵᠢᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠳᠤ 30 ᠲᠦᠮᠡᠨ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠲᠤ ᠫᠠᠶᠢᠰᠠ ᠡᠯᠭᠦᠨ ᠰᠠᠭᠤᠷᠢᠰᠢᠭᠰᠠᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠨᠢ ᠤᠯᠤᠰ ᠤᠨ ᠲᠠᠰ ᠤᠨ ᠦᠨᠡᠮᠰᠢᠯ ᠢ ᠣᠯᠤᠭᠰᠠᠨ ᠪᠠᠶᠢᠪᠠᠯ 3 ᠵᠢᠯ ᠳᠠᠷᠠᠭᠠᠯᠠᠨ ᠲᠣᠰ ᠲᠣᠰ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠡᠮᠰᠢᠯ ᠢ ᠣᠯᠤᠭᠰᠠᠨ ᠪᠠᠶᠢᠪᠠᠯ 3 ᠵᠢᠯ ᠳᠠᠷᠠᠭᠠᠯᠠᠨ ᠲᠣᠰ ᠲᠣᠰ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠠᠶᠢᠮᠠᠭ ᠤᠨ ᠠᠵᠤ ᠠᠬᠤᠶ ᠮᠡᠷᠭᠡᠵᠢᠯ ᠤᠨ ᠬᠥᠭᠵᠢᠭᠦᠯᠦᠯᠲᠡ ᠶᠢᠨ ᠣᠷᠣᠨ᠂ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠲᠤ ᠡᠷᠦᠬᠡ ᠠᠮᠠ ᠤᠷᠤᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠳᠤ 3 ᠵᠢᠯ ᠳᠠᠷᠠᠭᠠᠯᠠᠨ ᠲᠣᠰ ᠲᠣᠰ 100 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃    ᠲᠤᠯᠤᠭ᠎ᠠ᠂  ᠵᠤᠭᠠᠴᠠᠯ ᠤᠨ ᠱᠠᠩᠨᠠᠯ ᠨᠥᠬᠦᠪᠥᠷᠢ᠃ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠤᠨ ᠡᠵᠡᠩᠨᠡᠭᠰᠡᠨ ᠵᠤᠭᠠᠴᠠᠯ ᠤᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠠᠷᠤᠳᠠᠯ ᠳᠤ ᠱᠠᠩᠨᠠᠯ ᠨᠥᠬᠦᠪᠥᠷᠢ ᠣᠯᠭᠤᠨ᠎ᠠ᠂ ᠲᠤᠬᠠᠶᠢᠯᠠᠪᠠᠯ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ︵3 ᠳ᠋ᠦᠩᠰᠢᠭᠤᠷ ᠲᠥᠭᠦᠷᠢᠭ ᠪᠠᠭᠲᠠᠨ᠎ᠠ︶ ᠶᠢᠨ ᠱᠠᠩᠨᠠᠯ ᠨᠥᠬᠦᠪᠥᠷᠢ ᠶᠢ 50% ᠳᠤ ᠬᠦᠷᠭᠡᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ 3 ᠳ᠋ᠦᠩᠰᠢᠭᠤᠷ ᠲᠥᠭᠦᠷᠢᠭ ᠠᠴᠠ ᠳᠣᠷᠣᠭᠰᠢ᠂ 1 ᠳ᠋ᠦᠩᠰᠢᠭᠤᠷ ᠲᠥᠭᠦᠷᠢᠭ ᠠᠴᠠ ᠳᠡᠭᠡᠭᠰᠢ ︵1 ᠳ᠋ᠦᠩᠰᠢᠭᠤᠷ ᠲᠥᠭᠦᠷᠢᠭ ᠪᠠᠭᠲᠠᠨ᠎ᠠ︶ ᠶᠢᠨ ᠱᠠᠩᠨᠠᠵᠤ ᠨᠥᠬᠦᠪᠥᠷᠢᠯᠡᠬᠦ ᠶᠢ 30% ᠳᠤ ᠬᠦᠷᠦᠭᠦᠯᠵᠦ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ 1 ᠳ᠋ᠦᠩᠰᠢᠭᠤᠷ ᠲᠥᠭᠦᠷᠢᠭ ᠠᠴᠠ ᠳᠣᠷᠣᠭᠰᠢ᠂ 3000 ᠲᠦᠮᠡᠨ ᠲᠥᠭᠦᠷᠢᠭ ᠠᠴᠠ ᠳᠡᠭᠡᠭᠰᠢ ︵3000 ᠲᠦᠮᠡᠨ ᠲᠥᠭᠦᠷᠢᠭ ᠪᠠᠭᠲᠠᠨ᠎ᠠ︶ ᠶᠢᠨ ᠱᠠᠩᠨᠠᠯ ᠨᠥᠬᠦᠪᠥᠷᠢ ᠶᠢᠨ 10%  ᠪᠠᠶᠢᠵᠤ᠂ ᠬᠠᠮᠤᠭ   ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠳᠠᠪᠠᠭᠤᠯᠬᠤ ᠥᠭᠡᠢ᠃    ᠨᠠᠢᠮᠠ᠂ ᠰᠤᠨᠤᠮᠠᠯ ᠬᠡᠯᠬᠢᠶ᠎ᠡ ᠶᠢᠨ ᠨᠥᠬᠦᠪᠥᠷᠢ᠃ ᠪᠥᠬᠦ ᠠᠵᠤ  ᠦᠢᠯᠡᠰ ᠤᠨ ᠬᠡᠯᠬᠢᠶ᠎ᠡ ᠶᠢᠨ ᠠᠵᠤ  ᠦᠢᠯᠡᠰ ᠢ ᠰᠢᠯᠵᠢᠭᠦᠯᠦᠨ ᠮᠠᠨ ᠤ ᠠᠶᠢᠮᠠᠭ ᠲᠤ ᠲᠥᠪᠯᠡᠷᠡᠭᠦᠯᠦᠨ ᠡᠷᠦᠬᠡ ᠠᠮᠠ ᠣᠷᠣᠭᠤᠯᠬᠤ ᠲᠥᠷᠥᠯ ᠵᠦᠢᠯ ᠳᠤ ᠴᠢᠭᠯᠡᠭᠦᠯᠦᠨ᠂ ᠠᠵᠤ ᠠᠬᠤᠶᠢᠯᠠᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠮᠡᠷᠭᠡᠵᠢᠯ ᠤᠨ ᠥᠭᠡᠷᠡᠴᠢᠯᠡᠯᠲᠡ ᠬᠢᠭᠰᠡᠨ ᠪᠠᠶᠢᠪᠠᠯ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠶᠢᠨ 10% ᠪᠠᠷ ᠨᠥᠬᠦᠪᠥᠷᠢ ᠥᠭᠴᠦ᠂ ᠬᠠᠮᠤᠭ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃ ᠲᠣᠰ ᠠᠵᠤ ᠠᠬᠤᠶᠢᠯᠠᠯ ᠤᠨ ᠳᠡᠭᠡᠳᠦ ᠳᠣᠤᠷᠠᠳᠤ ᠤᠷᠤᠰᠬᠠᠯ ᠯᠤᠭ᠎ᠠ ᠶᠢᠨ ᠵᠠᠩᠭᠢᠯᠠᠭ᠎ᠠ ᠶᠢᠨ ᠢᠵᠢ ᠪᠥᠷᠢᠳᠦᠭᠦᠯᠦᠭᠰᠡᠨ 1 ᠳ᠋ᠦᠩᠰᠢᠭᠤᠷ ᠲᠥᠭᠦᠷᠢᠭ᠂ 5 ᠳ᠋ᠦᠩᠰᠢᠭᠤᠷ ᠲᠥᠭᠦᠷᠢᠭ 10 ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ  ᠵᠦᠢᠯ ᠢ ᠣᠷᠣᠭᠤᠯᠤᠨ ᠠᠪᠴᠢᠷᠠᠬᠤ ᠳᠤ᠂ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠳᠤ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃    ᠶᠢᠰᠦ᠂ ᠨᠡᠭᠦᠯᠭᠡᠭᠰᠡᠨ   ᠤ ᠱᠠᠩᠨᠠᠯ ᠨᠥᠬᠦᠪᠥᠷᠢ᠃ ᠭᠠᠳᠠᠭᠠᠳᠤ ᠶᠢᠨ ᠬᠢᠩᠭᠠᠨ ᠠᠶᠢᠮᠠᠭ ᠤᠨ ᠬᠢᠯᠢ ᠳᠤ ᠨᠡᠭᠦᠯᠭᠡᠵᠦ᠂ ᠬᠢᠨᠠᠨ ᠲᠣᠭᠲᠠᠭᠠᠭᠰᠠᠨ ᠬᠡᠪ ᠤᠨ  ᠦᠢᠯᠡᠳᠪᠦᠷᠢᠯᠡᠯ ᠤᠨ ᠲᠥᠬᠦᠭᠡᠷᠦᠮᠵᠢ ᠶᠢᠨ ᠪᠣᠳᠠᠲᠠᠶ ᠥᠷᠲᠡᠭ ᠤᠨ ᠵᠣᠭᠤᠰ ᠤᠨ ᠲᠤᠭ᠎ᠠ ᠨᠢ 1000 ᠲᠦᠮᠡᠨ ᠲᠥᠭᠦᠷᠢᠭ᠂ 2000 ᠲᠦᠮᠡᠨ ᠲᠥᠭᠦᠷᠢᠭ᠂ 5000 ᠲᠦᠮᠡᠨ ᠲᠥᠭᠦᠷᠢᠭ᠂ 1 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠣᠰ ᠲᠣᠰ 30 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ᠂ 200 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠨᠡᠭᠦᠯᠭᠡᠬᠦ ᠨᠥᠬᠦᠪᠥᠷᠢ ᠣᠯᠭᠤᠨ᠎ᠠ᠃    ᠠᠷᠪᠠ᠂ ᠨᠢᠭᠡ ᠬᠡᠷᠡᠭ ᠢ ᠨᠢᠭᠡ ᠵᠥᠪᠯᠡᠬᠦ᠃ ᠮᠠᠨ ᠤ ᠠᠶᠢᠮᠠᠭ ᠤᠨ ᠭᠤᠤᠯᠳᠠᠯᠭ᠎ᠠ ᠲᠠᠢ ᠠᠵᠤ  ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠨᠢ ᠶᠡᠭᠡ ︵10 ᠳ᠋ᠦᠩᠰᠢᠭᠤᠷ ᠲᠥᠭᠦᠷᠢᠭ ᠠᠴᠠ ᠳᠡᠭᠡᠭᠰᠢ︶᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠠᠰᠢᠭ ᠭᠠᠶᠢᠯᠢ ᠶᠢᠨ ᠬᠤᠪᠢ ᠨᠡᠮᠡᠷᠢ ᠪᠠᠷ ᠶᠡᠭᠡ ᠲᠥᠷᠥᠯ ᠵᠦᠢᠯ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠵᠤ ᠪᠣᠯᠤᠨ᠎ᠠ᠃ ᠪᠣᠶ ᠪᠥᠬᠦᠶ ᠠᠵᠤ ᠠᠬᠤᠶᠢᠯᠠᠯ ︵ᠲᠥᠷᠥᠯ  ᠵᠦᠢᠯ︶ ᠢ ᠮᠠᠨ ᠤ ᠠᠶᠢᠮᠠᠭ ᠲᠤ ᠨᠠᠶᠢᠳᠠᠪᠤᠷᠢᠵᠢᠭᠤᠯᠵᠤ᠂ ᠲᠣᠰ ᠲᠥᠷᠥ ᠶᠢᠨ ᠪᠣᠳᠣᠯᠭ᠎ᠠ ᠶᠢ ᠭᠥᠷᠳᠡᠭᠰᠡᠨ ᠰᠠᠭᠤᠷᠢᠨ ᠳᠡᠭᠡᠷ᠎ᠡ ᠴᠥᠮ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠪᠬᠤᠴᠠᠭᠤᠯᠤᠨ ᠭᠥᠷᠳᠡᠨ᠎ᠡ᠂ ᠬᠡᠷᠪᠡ ᠬᠠᠮᠲᠤ ᠳᠤᠨᠢ ᠠᠶᠢᠮᠠᠭ ᠤᠨ ᠳᠣᠲᠣᠷᠠᠬᠢ ᠪᠤᠰᠤᠳ ᠠᠵᠢᠯ ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠰᠢᠯᠢᠳᠡᠭ ᠠᠴᠠ ᠥᠨᠳᠥᠷ ᠲᠤ ᠬᠦᠷᠭᠡᠬᠦ ᠵᠠᠷᠴᠢᠮ ᠶᠣᠰᠣᠭᠠᠷ ᠬᠡᠷᠡᠭᠵᠢᠭᠦᠯᠦᠨ᠂ ᠳᠠᠭᠢᠵᠤ ᠳᠠᠪᠬᠤᠴᠠᠭᠤᠯᠤᠨ ᠨᠡᠮᠡᠬᠦ ᠥᠬᠡᠶ᠃    ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠠᠴᠠ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠬᠤ ᠶᠢᠨ ᠬᠠᠮᠲᠤ ᠲᠠᠶᠢᠯᠪᠤᠷᠢᠯᠠᠬᠤ ᠶᠢ ᠬᠠᠷᠢᠭᠤᠴᠠᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号