ᠪᠤᠯᠠᠭᠠᠨᠬᠤᠸᠠ ᠰᠤᠮᠤ ᠭᠤᠶᠤ ᠰᠠᠶᠢᠬᠠᠨ ᠬᠦᠷᠢᠶ᠎ᠠ ᠬᠠᠰᠢᠶ᠎ᠠ ᠶᠢ ᠪᠠᠶᠢᠭᠤᠯᠤᠨ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2022/7/14
    ᠤᠶᠢᠷ᠎ᠠ ᠳᠤ᠂ ᠵᠠᠯᠠᠶᠢᠳ ᠬᠤᠰᠢᠭᠤᠨ ᠤ ᠪᠤᠯᠠᠭᠠᠨᠬᠤᠸᠠ ᠰᠤᠮᠤᠨ ᠤ ᠰᠠᠨ ᠾᠧ ᠭᠠᠴᠠᠭᠠᠨ ᠤ ᠠᠷᠠᠳ ᠭᠤᠤ ᠴᠧᠩ ᠤᠷᠤᠨ ᠰᠠᠭᠤᠴᠠ ᠶᠢᠨ ᠠᠷᠣ ᠦᠪᠦᠷ ᠢᠶᠠᠨ ᠭᠢᠯᠠᠶᠢᠳᠠᠯ᠎ᠠ ᠴᠡᠪᠡᠷᠯᠡᠨ ᠭᠠᠷᠭᠠᠵᠤ᠂ ᠬᠦᠷᠢᠶ᠎ᠡ ᠬᠠᠰᠢᠶᠠᠨ ᠳᠤ ᠪᠠᠨ ᠠᠵᠤ ᠠᠬᠤᠢ ᠶᠢᠨ ᠲᠠᠷᠢᠮᠠᠯ ᠲᠠᠷᠢᠵᠤ ᠶᠠᠭᠠᠷᠠᠨ᠎ᠠ᠃ ᠳᠡᠷᠡ ᠲᠤᠰᠬᠤᠨ ᠤ ᠪᠠᠨ ︽ᠬᠠᠮᠤᠭ ᠭᠤᠶᠤ ᠬᠦᠷᠢᠶ᠎ᠡ ᠬᠠᠰᠢᠶ᠎ᠠ︾ ᠶᠢ ᠦᠨᠡᠯᠡᠨ ᠠᠳᠠᠯᠢᠳᠬᠠᠬᠤ ᠠᠵᠢᠯᠯᠠᠭ᠎ᠠ ᠳᠤ ᠦᠪᠡᠷ ᠢ ᠪᠠᠨ ᠲᠠᠨᠢᠯᠴᠠᠭᠤᠯᠤᠨ ᠤᠷᠤᠯᠴᠠᠵᠤ᠂ ᠬᠡᠳᠦ᠋ᠢᠪᠡᠷ ︽ᠨᠡᠭᠦᠳᠡᠯ ᠤᠯᠠᠭᠠᠨ ᠲᠤᠭ︾ ᠢ ᠤᠯᠵᠤ ᠬᠦᠷᠳᠡᠭᠰᠡᠨ ᠦᠭᠡᠢ ᠪᠤᠯᠪᠠᠴᠤ ᠳᠡᠬᠦᠨ ᠤ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠳᠤᠳᠤᠭᠠᠳᠤ ᠬᠦᠳᠡᠯᠭᠡᠬᠦ ᠬᠦᠴᠦᠨ ᠪᠠ ᠢᠳᠡᠭᠡᠯ ᠵᠤᠷᠢᠭ ᠢ ᠨᠢ ᠡᠷᠴᠢᠯᠡᠭᠰᠡᠨ ᠪᠠᠶᠢᠨ᠎ᠠ᠃ ᠪᠤᠯᠠᠭᠠᠨᠬᠤᠸᠠ ᠰᠤᠮᠤ ︽ᠡᠭᠦᠳᠡᠨ ᠡᠮᠦᠨᠡᠬᠢ ᠲᠦᠷᠪᠡ ᠶᠢ ᠲᠠᠭᠠᠭᠠᠴᠢᠯᠠᠬᠤ︾ ᠶᠢ ᠭᠠᠴᠠᠭᠠᠨ ᠤ ᠠᠷᠠᠳ ᠤᠨ ᠬᠦᠷᠢᠶ᠎ᠡ ᠬᠠᠰᠢᠶᠠᠨ ᠤ ᠪᠠᠨ ᠭᠠᠳᠠᠨᠠᠬᠢ ᠶᠢ ᠠᠷᠢᠯᠭᠠᠨ ᠴᠡᠪᠡᠷᠯᠡᠬᠦ ᠠᠴᠠ ᠬᠦᠷᠢᠶ᠎ᠡ ᠬᠠᠰᠢᠶᠠᠨ ᠤ ᠪᠠᠨ ᠳᠤᠳᠤᠷᠠᠬᠢ ᠶᠢ ᠪᠠᠰᠠ ᠠᠷᠢᠯᠭᠠᠨ ᠴᠡᠪᠡᠷᠯᠡᠬᠦ ᠪᠤᠯᠭᠠᠨ ᠦᠷᠭᠡᠳᠭᠡᠵᠦ᠂ ︽ᠬᠠᠮᠤᠭ ᠭᠤᠶᠤ ᠬᠦᠷᠢᠶ᠎ᠡ ᠬᠠᠰᠢᠶ᠎ᠠ︾ ᠶᠢ ᠦᠨᠡᠯᠡᠨ ᠰᠤᠩᠭᠤᠬᠤ ᠪᠠᠷ ᠲᠠᠮᠵᠢᠨ ᠡᠷᠦᠬᠡ ᠪᠤᠯᠭᠠᠨ ᠬᠠᠷᠢᠯᠴᠠᠨ ᠲᠡᠷᠢᠭᠦᠯᠡᠬᠦ ᠪᠠᠷ ᠴᠢᠷᠮᠠᠶᠢᠵᠤ᠂ ᠭᠡᠷ ᠪᠤᠯᠭᠠᠨ ᠠᠳᠠᠯᠢᠳᠬᠠᠨ ᠠᠵᠢᠯᠯᠠᠬᠤ ᠪᠤᠯᠵᠤ᠂ ᠠᠷᠠᠳ ᠤᠯᠠᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢᠶᠠᠨ ᠴᠡᠭᠴᠡᠯᠡᠨ ᠵᠠᠰᠠᠬᠤ ᠦᠵᠡᠯ ᠤᠬᠠᠮᠰᠠᠷ ᠨᠢ ᠳᠡᠭᠡᠭᠰᠢᠯᠡᠭᠦᠯᠪᠡ᠃ ︽ᠬᠠᠮᠤᠭ ᠭᠤᠶᠤ ᠬᠦᠷᠢᠶ᠎ᠡ ᠬᠠᠰᠢᠶ᠎ᠠ ᠶᠢ ᠦᠨᠡᠯᠡᠨ ᠠᠳᠠᠯᠢᠳᠬᠠᠬᠤ ᠠᠵᠢᠯᠯᠠᠭ᠎ᠠ ᠦᠷᠨᠢᠭᠦᠯᠦᠭᠰᠡᠨ ᠠᠴᠠ ᠠᠷᠠᠳ ᠤᠯᠠᠨ ᠤ ᠬᠦᠷᠢᠶ᠎ᠡ ᠬᠠᠰᠢᠶ᠎ᠠ ᠨᠢ ᠦᠪᠡᠷ ᠦᠪᠡᠷ ᠤᠨ ᠤᠨᠴᠠᠯᠢᠭ ᠲᠠᠢ ᠪᠤᠯᠪᠠ᠂ ᠪᠢ ᠡᠨᠡ ᠤᠳᠠᠭ᠎ᠠ ᠨᠡᠭᠦᠳᠡᠯ ᠤᠯᠠᠭᠠᠨ ᠲᠤᠭ ᠤᠯᠤᠭᠰᠠᠨ ᠦᠭᠡᠢ ᠪᠤᠯᠪᠠᠴᠤ ᠳᠠᠷᠠᠭ᠎ᠠ ᠤᠳᠠᠭ᠎ᠠ ᠤᠯᠬᠤ ᠪᠠᠷ ᠴᠢᠷᠮᠠᠶᠢᠵᠤ ᠪᠤᠢ︾ ᠭᠡᠵᠦ ᠭᠤᠤ ᠴᠧᠩ ᠬᠡᠯᠡᠨ᠎ᠡ᠃    ︽ᠬᠠᠮᠤᠭ ᠭᠤᠶᠤ ᠬᠦᠷᠢᠶ᠎ᠡ ᠬᠠᠰᠢᠶ᠎ᠠ︾ ᠶᠢ ᠦᠨᠡᠯᠡᠨ ᠰᠤᠩᠭᠤᠬᠤ ᠨᠢ ᠲᠠᠷᠢᠶᠠᠴᠢᠨ ᠡᠷᠦᠭᠡ ᠶᠢᠨ ᠬᠦᠷᠢᠶ᠎ᠡ ᠬᠠᠰᠢᠶ᠎ᠠ ᠶᠢ ᠴᠡᠪᠡᠷ ᠳᠡᠭᠰᠢ ᠪᠤᠯᠭᠠᠭᠰᠠᠨ ᠢᠶᠠᠷ ᠪᠠᠷᠠᠬᠤ ᠦᠭᠡᠢ ᠭᠠᠴᠠᠭᠠᠨ ᠤ ᠠᠷᠠᠳ ᠤᠨ ᠠᠮᠢᠳᠤᠷᠠᠯ ᠤᠨ ᠵᠠᠩ ᠳᠠᠳᠬᠠᠯ ᠢ ᠬᠤᠪᠢᠷᠠᠭᠤᠯᠵᠤ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ ᠳᠤ ᠤᠷᠤᠯᠴᠠᠬᠤ ᠢᠳᠡᠪᠬᠢ ᠴᠢᠨᠠᠷ ᠢ ᠳᠠᠶᠢᠴᠢᠯᠠᠭᠰᠠᠨ ᠪᠠᠶᠢᠨ᠎ᠠ᠃ ᠪᠤᠯᠠᠭᠠᠨᠬᠤᠸᠠ ᠰᠤᠮᠤᠨ ᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠤᠶᠢᠯᠠᠭᠠᠭᠰᠠᠨ ᠢᠶᠠᠷ᠂ ︽ᠬᠠᠮᠤᠭ ᠭᠤᠶᠤ ᠬᠦᠷᠢᠶ᠎ᠡ ᠬᠠᠰᠢᠶ᠎ᠠ︾ ᠶᠢᠨ ᠵᠢᠱᠢᠶ᠎ᠡ ᠦᠵᠡᠬᠦᠯᠬᠦ ᠡᠷᠦᠬᠡ ᠶᠢᠨ ᠲᠠᠶᠢᠴᠢᠯᠠᠭ᠎ᠠ ᠪᠠᠷ ᠡᠷᠦᠬᠡ ᠪᠤᠯᠭᠠᠨ ᠦᠪᠡᠷ ᠤᠨ ᠬᠦᠷᠢᠶ᠎ᠡ ᠬᠠᠰᠢᠶ᠎ᠠ ᠪᠠᠨ ᠭᠤᠶᠤ ᠴᠡᠪᠡᠷ ᠪᠤᠯᠳᠠᠯ᠎ᠠ ᠠᠷᠢᠯᠭᠠᠨ ᠱᠦᠭᠦᠷᠳᠡᠵᠦ᠂ ᠦᠩᠭᠡᠷᠡᠭᠰᠡᠨ ᠤ ᠡᠷᠦᠢ ᠬᠤᠷᠤᠢ ᠦᠭᠡᠢ ᠤᠪᠤᠭᠠᠯᠠᠬᠤ ᠪᠠᠶᠢᠳᠠᠯ ᠨᠢ ᠬᠠᠷᠠᠭᠳᠠᠬᠤ ᠪᠠᠨ ᠪᠤᠯᠢᠵᠤ᠂ ᠬᠦᠷᠢᠶ᠎ᠡ ᠬᠠᠰᠢᠶᠠᠨ ᠳᠤ ᠨᠢ ᠡᠪᠡᠰᠦ ᠬᠤᠸᠠᠷ ᠢᠶᠠᠷ ᠳᠦᠭᠦᠷᠦᠭᠰᠡᠨ ᠪᠠᠶᠢᠨ᠎ᠠ᠃ ᠪᠤᠯᠠᠭᠠᠨᠬᠤᠸᠠ ᠰᠤᠮᠤ ᠪᠠᠰᠠ ᠦᠨᠡᠯᠡᠨ ᠠᠳᠠᠯᠢᠳᠬᠠᠬᠤ ᠶᠢ ᠠᠬᠢᠭᠤᠯᠬᠤ ᠤᠷᠳᠤ ᠬᠤᠭᠤᠴᠠᠭᠠᠨ᠎ᠠ ᠪᠦᠳᠦᠮᠵᠢᠳᠡᠢ ᠲᠤᠭᠳᠠᠴᠠ ᠶᠢ ᠪᠠᠶᠢᠭᠤᠯᠵᠤ᠂ ︽ᠲᠤᠰᠬᠤᠨ ᠤ ᠠᠷᠠᠳ ᠦᠪᠡᠰᠦᠪᠡᠨ ᠦᠨᠡᠯᠡᠬᠦ᠂ ᠲᠠᠭᠤᠷᠢᠶᠠᠯ ᠦᠵᠡᠭᠦᠯᠵᠦ ᠲᠠᠭᠠᠭᠤᠯᠬᠤ᠂ ᠬᠠᠷᠢᠭᠤ ᠲᠤᠰᠬᠠᠵᠤ ᠵᠤᠷᠢᠭᠵᠢᠭᠤᠯᠬᠤ︾ ᠪᠠᠷ ᠲᠠᠮᠵᠢᠨ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠤ᠂ ᠦᠵᠡᠰᠭᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠳᠦᠭᠡᠨ ᠪᠠᠶᠢᠭᠤᠯᠵᠤ ᠪᠤᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号