| ᠶᠡᠷᠦᠩᠬᠡᠶ ᠱᠦᠵᠢ ᠰᠢ ᠶᠢᠨ ᠫᠢᠩ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠠᠵᠢᠯ ᠤᠨ ᠲᠤᠬᠠᠶ | ᠵᠢᠭᠠᠪᠤᠷᠢ ᠶᠢᠨ ᠵᠣᠷᠢᠭ ᠰᠠᠨᠠᠭ᠎ᠠ ᠪᠠ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠬᠤ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ ︹ 2019︺ 56 ᠳ᠋ᠤᠭᠠᠷ ᠲᠣᠭᠠᠲᠤ︶ ᠤᠨ | ︽ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠠᠭᠠᠯᠠᠯᠲᠠ ᠪᠠ ᠬᠡᠷᠡᠭᠯᠡᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ | ﹀ ᠤᠨ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ | ᠭᠠᠵᠠᠷ ᠵᠦᠶ ᠶᠢᠨ ᠪᠡᠯᠭᠡ ᠲᠡᠮᠳᠡᠭ ᠢ ᠪᠤᠶᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠬᠢᠷᠲᠤᠯ ᠥᠬᠡᠶ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠭᠠᠵᠠᠷ ᠵᠦᠶ ᠶᠢᠨ | ᠪᠡᠯᠭᠡ ᠲᠡᠮᠳᠡᠭ ᠢ ᠬᠠᠮᠠᠭᠠᠯᠠᠬᠤ ᠪᠠ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠠᠵᠠᠷ ᠵᠦᠶ ᠶᠢᠨ | ᠲᠡᠮᠳᠡᠭ ᠢᠶᠠᠷ ᠲᠠᠷᠢᠶᠠᠴᠢᠨ ᠢ ᠪᠠᠶᠠᠵᠢᠭᠤᠯᠬᠤ᠂ ᠲᠠᠷᠢᠶᠠᠯᠠᠩ ᠢ ᠬᠥᠭᠵᠢᠭᠦᠯᠬᠦ ᠶᠢ ᠪᠡᠶᠡᠯᠡᠭᠦᠯᠵᠦ᠂ ᠭᠠᠵᠠᠷ ᠵᠦᠶ ᠶᠢᠨ | ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ | ᠥᠷᠨᠢᠭᠦᠯᠬᠦ ᠪᠠᠷ ᠲᠣᠭᠲᠠᠵᠤ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠶᠡᠷᠦᠩᠬᠡᠢ ᠱᠦᠵᠢ ᠰᠢ ᠶᠢᠨ ᠫᠢᠩ ᠤᠨ ︽ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠪᠣᠯ ᠣᠷᠣᠨ | ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠢ ᠶᠢ ᠪᠣᠳᠠᠲᠠᠶᠢᠵᠢᠭᠤᠯᠵᠤ ᠬᠦᠴᠦᠷᠬᠡᠭᠵᠢᠭᠦᠯᠵᠦ ᠰᠢᠯᠢᠳᠡᠭᠵᠢᠭᠦᠯᠬᠦ | ᠨᠢᠭᠡ ᠶᠡᠭᠡ ᠪᠣᠳᠠᠲᠠᠢ ᠠᠷᠭ᠎ᠠ ᠪᠣᠯᠤᠨ᠎ᠠ᠂ ᠲᠤᠰ ᠪᠡᠶ᠎ᠡ ᠶᠢᠨ ᠨᠥᠬᠦᠴᠡᠯ ᠪᠣᠯᠤᠨ ᠳᠠᠪᠠᠭᠤᠯᠢᠭ ᠲᠠᠢ ᠪᠠᠨ | ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠭᠤᠤ ᠶᠡᠭᠡ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠡᠮᠵᠢᠬᠦ ᠬᠡᠷᠡᠭᠲᠡᠶ︾ ᠭᠡᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠᠷ ︽ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠶ | ᠬᠥᠭᠵᠢᠯᠲᠡ︾ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠵᠤ᠂ ᠥᠨᠳᠥᠷ ᠲᠦᠪᠰᠢᠨ ᠢᠶᠠᠷ ᠬᠠᠮᠠᠭᠠᠯᠠᠬᠤ᠂ | ᠴᠢᠨᠠᠷ ᠰᠠᠶᠢᠲᠠᠶ ᠪᠠᠷ ᠬᠥᠭᠵᠢᠭᠦᠯᠬᠦ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠥᠨᠳᠥᠷ ᠦᠷ᠎ᠡ | ᠠᠰᠢᠭ ᠲᠠᠢ ᠪᠠᠷ ᠬᠡᠷᠡᠭᠯᠡᠬᠦ ᠡᠨᠡ ᠬᠦ ᠭᠤᠣᠯ ᠱᠤᠭᠤᠮ ᠤᠨ ᠲᠣᠭᠤᠷᠢᠨ ᠳᠤ 3 ᠵᠢᠯ ᠤᠨ ᠴᠠᠭ ᠬᠤᠭᠤᠴᠠᠭ᠎ᠠ ᠶᠢ | ᠠᠰᠢᠭᠯᠠᠨ᠂ ᠬᠢᠩᠭᠠᠨ ᠠᠶᠢᠮᠠᠭ ᠤᠨ ᠭᠠᠵᠠᠷ ᠵᠦᠶ ᠶᠢᠨ ᠲᠡᠮᠳᠡᠭ ᠤᠨ ᠡᠭᠦᠳᠦᠨ ᠪᠦᠲᠦᠭᠡᠬᠦ ᠶᠠᠰᠤ ᠴᠢᠨᠠᠷ᠂ | ᠬᠡᠷᠡᠭᠯᠡᠯᠲᠡ ᠶᠢᠨ ᠦᠷ᠎ᠡ ᠠᠰᠢᠭ᠂ ᠬᠠᠮᠢᠶᠠᠷᠤᠯᠲᠠ ᠶᠢᠨ ᠬᠦᠴᠦᠨ ᠴᠢᠳᠠᠪᠤᠷᠢ᠂ ᠬᠠᠮᠠᠭᠠᠯᠠᠯᠲᠠ ᠶᠢᠨ ᠴᠢᠳᠠᠪᠤᠷᠢ ᠪᠠ | ᠦᠢᠯᠡᠴᠢᠯᠡᠭᠡᠨ ᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ | ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠨᠠᠩ ᠶᠡᠭᠡ ᠡᠷᠴᠢᠮ ᠢᠶᠠᠷ ᠲᠡᠳᠬᠦᠨ ᠳᠡᠮᠵᠢᠵᠦ᠂ ᠮᠠᠯᠴᠢᠨ | ᠲᠠᠷᠢᠶᠠᠴᠢᠨ ᠤ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠡᠶᠡᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ᠥᠨᠳᠥᠷ ᠲᠦᠪᠰᠢᠨ ᠤ ᠬᠠᠮᠠᠭᠠᠯᠠᠯᠲᠠ ᠶᠢ ᠪᠠᠷᠢᠮᠲᠠᠯᠠᠨ᠎ᠠ | ᠭᠠᠵᠠᠷ ᠵᠦᠢ ᠶᠢᠨ ᠪᠡᠯᠭᠡ ᠳᠡᠮᠳᠡᠭ ᠤᠨ ᠲᠤᠰᠬᠠᠶ ᠬᠡᠷᠡᠭᠯᠡᠬᠦ ᠪᠡᠯᠭᠡ ᠳᠡᠮᠳᠡᠭ ᠤᠨ ᠬᠡᠷᠡᠭᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠵᠦᠢ ᠶᠢᠨ ᠪᠡᠯᠭᠡ ᠳᠡᠮᠳᠡᠭ ᠤᠨ ᠡᠷᠬᠡ ᠳᠤ ᠬᠠᠯᠳᠠᠭᠰᠠᠨ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠳᠭᠡᠵᠦ᠂ ᠭᠠᠵᠠᠷ ᠵᠦᠢ ᠶᠢᠨ ᠪᠡᠯᠭᠡ ᠳᠡᠮᠳᠡᠭ ᠤᠨ ᠡᠷᠬᠡ ᠪᠠᠨ ᠬᠠᠮᠠᠭᠠᠯᠠᠵᠤ | ᠲᠤᠰᠠᠯᠠᠨ ᠳᠡᠮᠵᠢᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠭᠠᠵᠠᠷ ᠵᠦᠶ ᠶᠢᠨ ᠪᠡᠯᠭᠡ | ᠲᠡᠮᠳᠡᠭ ᠤᠨ ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠤ ᠶᠢᠨ | ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠵᠢᠴᠢ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ ᠭᠠᠵᠠᠷ ᠵᠦᠶ ᠶᠢᠨ ᠪᠡᠯᠭᠡ ᠲᠡᠮᠳᠡᠭ ᠢ ᠬᠠᠮᠵᠢᠯᠴᠠᠨ ᠬᠠᠮᠠᠭᠠᠯᠠᠬᠤ ᠶᠢ ᠴᠢᠩᠭᠠᠳᠬᠠᠵᠤ᠂ ᠭᠠᠵᠠᠷ | ᠵᠦᠶ ᠶᠢᠨ ᠪᠡᠯᠭᠡ ᠲᠡᠮᠳᠡᠭ ᠤᠨ ᠬᠠᠤᠯᠢ ᠬᠡᠷᠡᠭᠵᠢᠭᠦᠯᠵᠦ ᠬᠠᠮᠠᠭᠠᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠨ᠎ᠠ | ᠬᠢᠩᠭᠠᠨ ᠠᠶᠢᠮᠠᠭ ᠤᠨ ᠤᠨᠴᠠᠯᠢᠭᠳᠤ ᠠᠵᠤ ᠦᠢᠯᠡᠰ ᠢ ᠬᠡᠪᠴᠢᠶᠡᠵᠢᠭᠦᠯᠬᠦ᠂ ᠡᠷᠴᠢᠮᠵᠢᠭᠦᠯᠬᠦ ᠪᠠ ᠨᠡᠷᠡᠲᠦ | ᠲᠡᠮᠳᠡᠭᠵᠢᠭᠦᠯᠬᠦ ᠬᠥᠭᠵᠢᠯᠲᠡ ᠳᠤ ᠲᠦᠰᠢᠭᠯᠡᠨ᠂ ᠭᠠᠵᠠᠷ ᠵᠦᠶ ᠶᠢᠨ ᠪᠡᠯᠭᠡ ᠲᠡᠮᠳᠡᠭ ᠪᠣᠯᠤᠨ ᠤᠨᠴᠠᠯᠢᠬᠳᠤ ᠠᠵᠤ | ᠦᠢᠯᠡᠰ ᠤᠨ ᠬᠥᠭᠵᠢᠯᠲᠡ ᠶᠢᠨ ᠤᠶᠠᠯᠳᠤᠯ ᠤᠨ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ | ᠣᠨᠴᠠᠯᠢᠭ ᠢᠶᠠᠷ ᠢᠯᠡ ᠲᠣᠳᠣ᠂ ᠶᠠᠰᠤ ᠴᠢᠨᠠᠷ ᠢᠶᠠᠷ ᠰᠢᠯᠢᠳᠡᠭ ᠰᠠᠶᠢᠨ᠂ ᠥᠷᠢᠰᠦᠯᠳᠦᠬᠦ ᠬᠦᠴᠦᠨ ᠢᠶᠠᠷ ᠴᠢᠩᠭ᠎ᠠ᠂ | ᠵᠠᠬ᠎ᠠ ᠳᠡᠯᠭᠡᠭᠦᠷ ᠤᠨ ᠢᠲᠡᠭᠡᠯ ᠬᠦᠨᠳᠦ ᠪᠠᠷ ᠰᠠᠶᠢᠨ ᠠᠵᠤ ᠦᠢᠯᠡᠰ ᠤᠨ ᠪᠥᠭᠡᠮᠨᠡᠷᠡᠯ ᠤᠨ ᠨᠠᠷᠠᠲᠤ ᠲᠥᠷᠥᠯ ᠲᠡᠮᠳᠡᠭᠲᠦ | ᠂ ᠭᠠᠵᠠᠷ ᠵᠦᠶ ᠶᠢᠨ ᠲᠡᠮᠳᠡᠭ ᠢ ᠪᠣᠶ ᠪᠣᠯᠭᠠᠵᠤ᠂ ᠭᠠᠵᠠᠷ ᠵᠦᠶ ᠶᠢᠨ ᠲᠡᠮᠳᠡᠭ ᠬᠢᠭᠡᠳ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ᠂ ᠲᠡᠤᠬᠡ ᠰᠣᠶᠣᠯ ᠤᠨ ᠤᠯᠠᠮᠵᠢᠯᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠤᠨᠴᠠᠯᠢᠭᠳᠤ | ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠪᠠᠷᠢᠮᠲᠠᠯᠠᠨ᠎ᠠ | ︽ᠶᠠᠰᠤ ᠴᠢᠨᠠᠷ ᠤᠨ ᠬᠡᠯᠪᠡᠷᠢ︾ ︽ᠵᠦᠷᠢᠶᠡᠵᠢᠬᠦᠯᠬᠦ︾ ︽ᠬᠤᠪᠣᠷ ᠴᠤᠬᠠᠭ ᠴᠢᠨᠠᠷ︾ ᠢᠶᠠᠷ ᠭᠤᠤᠯ ᠣᠨᠴᠠᠯᠢᠭ | ᠪᠣᠯᠭᠠᠭᠰᠠᠨ ᠭᠠᠵᠠᠷ ᠵᠦᠶ ᠶᠢᠨ ᠪᠡᠯᠭᠡ ᠲᠡᠮᠳᠡᠭ ᠢ ᠴᠢᠷᠮᠠᠶᠢᠨ ᠪᠤᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠨᠴᠠᠯᠢᠬᠳᠤ ᠶᠠᠰᠤ ᠴᠢᠨᠠᠷ ᠢ ᠪᠠᠲᠤᠯᠠᠬᠤ ᠰᠢᠰᠲ᠋ᠧᠮᠵᠢ᠂ | ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮᠵᠢ ᠬᠢᠭᠡᠳ ᠰᠢᠯᠭᠠᠨ ᠪᠠᠶᠢᠴᠠᠭᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠲᠤᠰᠬᠠᠶ ᠬᠡᠷᠡᠭᠯᠡᠬᠦ ᠪᠡᠯᠭᠡ ᠲᠡᠮᠳᠡᠭ ᠤᠨ ᠡᠷᠬᠡ ᠣᠯᠭᠤᠬᠤ | ᠪᠠ ᠬᠡᠷᠡᠭᠯᠡᠬᠦ ᠬᠠᠮᠢᠶᠠᠷᠤᠯᠲᠠ ᠶᠢ ᠴᠢᠩᠭ᠎ᠠ ᠡᠵᠡᠮᠳᠡᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠨᠠᠷᠢᠯᠢᠭ | ᠣᠨᠣᠴᠠᠲᠠᠶ ᠪᠠᠷ ᠬᠠᠮᠢᠶᠠᠷᠬᠤ᠂ ᠣᠨᠣᠪᠴᠢᠲᠠᠶ ᠬᠠᠮᠢᠶᠠᠷᠬᠤ᠂ ᠴᠢᠩᠭ᠎ᠠ ᠬᠠᠮᠢᠶᠠᠷᠬᠤ ᠶᠢ ᠪᠡᠶᠡᠯᠡᠭᠦᠯᠦᠨ᠎ᠡ᠃ | ᠥᠨᠳᠥᠷ ᠦᠷ᠎ᠡ ᠠᠰᠢᠭ ᠲᠠᠢ ᠬᠡᠷᠡᠭᠯᠡᠬᠦ ᠶᠢ ᠪᠠᠷᠢᠮᠲᠠᠯᠠᠨ᠎ᠠ | ︽ᠬᠢᠩᠭᠠᠨ ᠠᠶᠢᠮᠠᠭ ᠤᠨ ᠲᠤᠲᠤᠷᠭ᠎ᠠ︾᠂ ︽ᠲᠦᠴᠢᠦᠸᠠᠨ ᠤ ᠨᠣᠭᠤᠭᠠᠨ ᠪᠤᠷᠴᠠᠭ︾ ᠵᠡᠷᠭᠡ ᠭᠠᠵᠠᠷ | ᠵᠦᠶ ᠶᠢᠨ ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠪᠦᠲᠦᠮᠵᠢᠲᠡᠶ ᠴᠢᠩᠭᠠᠷᠠᠭᠤᠯᠤᠨ᠂ ᠭᠠᠵᠠᠷ | ᠵᠦᠶ ᠶᠢᠨ ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠪᠠᠷ ᠭᠤᠤᠯ ᠪᠣᠯᠭᠠᠭᠰᠠᠨ᠂ ᠠᠵᠤ ᠠᠬᠤᠶᠢᠯᠠᠯ ᠤᠨ | ᠲᠠᠸᠠᠷ ᠤᠨ ᠲᠡᠮᠳᠡᠭ ᠪᠠ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠬᠠᠷᠢᠯᠴᠠᠨ ᠤᠶᠠᠯᠳᠤᠭᠰᠠᠨ᠂ | ᠬᠠᠮᠲᠤᠪᠠᠷ ᠬᠥᠭᠵᠢᠭᠰᠡᠨ ᠭᠠᠵᠠᠷ ᠵᠦᠶ ᠶᠢᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠢᠶ᠎ᠠ ᠪᠥᠬᠦᠶ ᠠᠵᠤ ᠦᠢᠯᠡᠰ ᠤᠨ ᠬᠡᠯᠬᠢᠶ᠎ᠡ ᠶᠢ | ᠪᠦᠷᠢᠨᠰᠢᠭᠦᠯᠦᠨ᠎ᠡ᠃ | ᠭᠤᠷᠪᠠ᠂ ᠭᠤᠣᠯ ᠬᠠᠷᠠᠯᠲᠠ ᠡᠭᠦᠷᠭᠡ | ᠬᠢᠩᠭᠠᠨ ᠠᠶᠢᠮᠠᠭ ᠤᠨ ᠭᠠᠵᠠᠷ ᠵᠦᠶ ᠶᠢᠨ ᠪᠡᠯᠭᠡ ᠲᠡᠮᠳᠡᠭ ᠢ ᠪᠤᠢ ᠪᠤᠯᠭᠠᠬᠤ᠂ ᠬᠡᠷᠡᠭᠯᠡᠬᠦ᠂ ᠬᠠᠮᠢᠶᠠᠷᠬᠤ᠂ | ᠬᠠᠮᠠᠭᠠᠯᠠᠬᠤ᠂ ᠦᠢᠯᠡᠴᠢᠯᠡᠬᠦ ᠶᠢᠨ ᠴᠢᠨᠠᠷ ᠰᠠᠶᠢᠲᠠᠶ ᠠᠵᠢᠯᠯᠠᠭᠠᠨ ᠢ ᠠᠬᠢᠭᠤᠯᠵᠤ᠂ 3 ᠵᠢᠯ ᠤᠨ ᠳᠣᠲᠣᠷ᠎ᠠ 8 — | 10 ᠬᠤᠪᠢ ᠭᠠᠵᠠᠷ ᠵᠦᠶ ᠶᠢᠨ ᠲᠡᠮᠳᠡᠭ ᠢ ᠭᠤᠶᠤᠴᠢᠯᠠᠨ ᠮᠡᠳᠡᠭᠦᠯᠵᠦ᠂ ᠵᠢᠯ ᠪᠦᠷᠢ 2 ᠬᠤᠪᠢ ᠭᠠᠵᠠᠷ ᠵᠦᠶ ᠶᠢᠨ | ᠪᠡᠯᠭᠡ ᠲᠡᠮᠳᠡᠭ ᠢ ᠳᠠᠩᠰᠠᠯᠠᠭᠤᠯᠵᠤ᠂ 3 ᠵᠢᠯ ᠤᠨ ᠳᠣᠲᠣᠷ᠎ᠠ ᠭᠠᠵᠠᠷ ᠵᠦᠶ ᠶᠢᠨ ᠪᠡᠯᠭᠡ ᠲᠡᠮᠳᠡᠭ ᠲᠠᠢ ᠲᠠᠸᠠᠷ ᠤᠨ | ᠲᠡᠮᠳᠡᠭ ᠢ 11 ᠬᠤᠪᠢ ᠳᠤ ᠬᠦᠷᠦᠭᠦᠯᠵᠦ᠂ 1 ᠬᠤᠪᠢ ᠭᠠᠵᠠᠷ ᠵᠦᠶ ᠶᠢᠨ ᠲᠡᠮᠳᠡᠭ ᠲᠠᠢ ᠨᠠᠷᠠᠲᠤ ᠲᠠᠸᠠᠷ ᠤᠨ | ᠲᠡᠮᠳᠡᠭ ᠢ ᠪᠤᠶᠢᠵᠢᠭᠤᠯᠤᠨ᠎ᠠ᠃ ᠭᠠᠵᠠᠷ ᠵᠦᠶ ᠶᠢᠨ ᠪᠡᠯᠭᠡ ᠲᠡᠮᠳᠡᠭ ᠤᠨ ᠲᠡᠮᠳᠡᠭ ᠬᠡᠷᠡᠭᠯᠡᠬᠦ ᠠᠵᠤ ᠠᠬᠤᠶᠢᠯᠠᠯ ᠢ 60 | ᠡᠷᠦᠬᠡ ᠳᠤ ᠬᠦᠷᠦᠭᠦᠯᠦᠨ᠎ᠡ᠃ 3 ᠵᠢᠯ ᠤᠨ ᠳᠣᠲᠣᠷ᠎ᠠ ᠭᠠᠵᠠᠷ ᠵᠦᠶ ᠶᠢᠨ ᠪᠡᠯᠭᠡ ᠲᠡᠮᠳᠡᠭ ᠲᠠᠢ ᠬᠠᠮᠢᠶ᠎ᠠ ᠪᠥᠬᠦᠶ | ᠲᠠᠸᠠᠷ ᠤᠨ ᠲᠡᠮᠳᠡᠭ ᠪᠠ ᠲᠤᠰᠬᠠᠶ ᠠᠰᠢᠭ ᠤᠨ ᠳᠠᠨᠵᠢᠯᠠᠭ᠎ᠠ ᠶᠢᠨ ᠪᠠᠯᠠ ᠲᠣᠬᠢᠷᠠᠭᠤᠯᠭ᠎ᠠ ᠶᠢ 1 ᠳ᠋ᠦᠩᠰᠢᠭᠤᠷ | ᠲᠥᠭᠦᠷᠢᠭ ᠲᠤ ᠬᠦᠷᠦᠭᠦᠯᠦᠨ᠎ᠡ᠃ ᠭᠠᠵᠠᠷ ᠵᠦᠢ ᠶᠢᠨ ᠪᠡᠯᠭᠡ ᠳᠡᠮᠳᠡᠭ ᠤᠨ ᠬᠠᠮᠠᠭᠠᠯᠠᠯᠲᠠ ᠶᠢᠨ ᠵᠢᠯᠣᠭᠤᠳᠬᠤ | ᠦᠷᠳᠡᠭᠡ ᠶᠢ ᠥᠨᠳᠥᠷ ᠪᠠᠷᠢᠮᠵᠢᠶ᠎ᠠ ᠪᠠᠷ 1 ᠪᠠᠶᠢᠭᠤᠯᠤᠨ᠎ᠠ᠃ 2 ᠭᠠᠵᠠᠷ ᠵᠦᠶ ᠶᠢᠨ ᠪᠡᠯᠭᠡ ᠲᠡᠮᠳᠡᠭ ᠢ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠲᠤ ︽ᠬᠢᠩᠭᠠᠨ | ᠠᠶᠢᠮᠠᠭ ᠤᠨ ᠦᠬᠡᠷ ᠤᠨ ᠮᠢᠬ᠎ᠠ︾ ︽ᠬᠢᠩᠭᠠᠨ ᠠᠶᠢᠮᠠᠭ ᠤᠨ ᠠᠭᠠᠯᠢᠭ ᠠᠯᠢᠮ᠎ᠠ ︾ ︽ ᠨᠡᠳᠦᠭᠡᠷ ᠤᠨ | ᠹᠧᠨᠲ᠋ᠢᠶᠤᠤᠷ︾ ᠵᠡᠷᠭᠡ ᠥᠨᠳᠥᠷ ᠪᠠᠷᠢᠮᠵᠢᠶᠠᠲᠤ ᠰᠢᠰᠲ᠋ᠧᠮᠵᠢ ᠶᠢᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠨᠢᠭᠡ | ᠪᠦᠯᠦᠭ ᠭᠠᠵᠠᠷ ᠵᠦᠢ ᠶᠢᠨ ᠪᠡᠯᠭᠡ ᠳᠡᠮᠳᠡᠭ ᠤᠨ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠵᠦ᠂ ᠡᠷᠬᠡ ᠲᠡᠭᠰᠢ ᠲᠥᠪ ᠭᠤᠣᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ | ᠃ | ᠳᠥᠷᠪᠡ᠂ ᠭᠤᠤᠯ ᠠᠵᠢᠯ ᠤᠨ ᠠᠭᠤᠯᠭ᠎ᠠ | ︵ᠨᠢᠭᠡ︶ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠦᠨ᠎ᠡ᠃ ᠬᠤᠰᠢᠭᠤ ᠰᠢᠶᠠᠨ ᠬᠤᠲᠠ ᠪᠠᠷ ᠨᠢᠭᠡᠴᠢ | ᠪᠣᠯᠭᠠᠵᠤ᠂ ᠲᠤᠬᠠᠶ ᠶᠢᠨ ᠭᠠᠵᠠᠷ ᠤᠨ ᠥᠪᠡᠷᠮᠢᠴᠡ ᠴᠢᠨᠠᠷ ᠴᠢᠨᠰᠠᠭ᠎ᠠ ᠲᠠᠢ ᠦᠢᠯᠡᠳᠭᠦᠨ ᠤ ᠲᠣᠭᠤᠷᠢᠨ ᠳᠤ᠂ | ᠥᠪᠡᠷᠮᠢᠴᠡ ᠴᠢᠨᠠᠷ ᠴᠢᠨᠰᠠᠭ᠎ᠠ᠂ ᠣᠨᠴᠣᠭᠤᠶ ᠤᠷᠠᠨ ᠳᠠᠷᠬ᠎ᠠ᠂ ᠬᠥᠮᠦᠨ ᠨᠡᠶᠢᠭᠡᠮ ᠤᠨ ᠲᠡᠤᠬᠡ᠂ ᠭᠠᠷᠤᠯᠲᠠ ᠶᠢᠨ | ᠣᠷᠣᠨ ᠤ ᠣᠷᠴᠢᠨ ᠲᠣᠭᠤᠷᠢᠨ᠂ ᠭᠠᠵᠠᠷ ᠵᠦᠶ ᠶᠢᠨ ᠬᠦᠷᠢᠶ᠎ᠡ ᠬᠡᠪᠴᠢᠶ᠎ᠡ᠂ ᠬᠥᠭᠵᠢᠯᠲᠡ ᠶᠢᠨ ᠪᠠᠶᠢᠳᠠᠯ ᠵᠡᠷᠭᠡ ᠳᠤ | ᠡᠬᠢ ᠪᠠᠶᠠᠯᠢᠭ ᠤᠨ ᠪᠠᠶᠢᠴᠠᠭᠠᠯᠲᠠ ᠥᠷᠨᠢᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠡᠬᠢ | ᠪᠠᠶᠠᠯᠢᠭ ᠤᠨ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠬᠤ ᠬᠡᠷᠡᠭᠲᠡᠶ᠃ ᠨᠢᠭᠡᠨᠲᠡ ᠳᠠᠩᠰᠠᠯᠠᠭᠤᠯᠤᠭᠠᠳ ᠠᠮᠵᠢᠯᠲᠠ | ᠣᠯᠤᠭᠰᠠᠨ ᠭᠠᠵᠠᠷ ᠵᠦᠢ ᠶᠢᠨ ᠪᠡᠯᠭᠡ ᠳᠡᠮᠳᠡᠭ᠂ ᠨᠢᠭᠡᠨᠲᠡ ᠮᠡᠳᠡᠭᠦᠯᠦᠭᠰᠡᠨ ᠭᠠᠵᠠᠷ ᠵᠦᠢ ᠶᠢᠨ ᠪᠡᠯᠭᠡ ᠳᠡᠮᠳᠡᠭ᠂ ᠶᠠᠭ | ᠪᠤᠶᠢᠵᠢᠭᠤᠯᠵᠤ ᠪᠠᠶᠢᠭ᠎ᠠ ᠭᠠᠵᠠᠷ ᠵᠦᠢ ᠶᠢᠨ ᠪᠡᠯᠭᠡ ᠳᠡᠮᠳᠡᠭ ᠤᠨ ᠶᠣᠰᠣᠭᠠᠷ ᠨᠠᠷᠢᠨ ᠳᠠᠩᠰᠠᠴᠢᠯᠠᠭᠰᠠᠨ ᠲᠦᠷᠦᠯ | ᠬᠤᠪᠢᠶᠠᠭᠰᠠᠨ ᠬᠠᠮᠢᠶᠠᠷᠤᠯᠲᠠ ᠬᠢᠨ᠎ᠠ᠃ ᠡᠭᠦᠨ ᠤ ᠬᠠᠮᠲᠤ ᠭᠠᠵᠠᠷ ᠵᠦᠢ ᠶᠢᠨ ᠪᠡᠯᠭᠡ ᠳᠡᠮᠳᠡᠭ ᠢ ᠪᠤᠶᠢᠵᠢᠭᠤᠯᠵᠤ | ᠪᠠᠶᠢᠭ᠎ᠠ ᠲᠡᠦᠬᠡᠨ ᠮᠠᠲ᠋ᠧᠷᠢᠶᠠᠯ ᠢ ᠴᠤᠭᠯᠠᠭᠤᠯᠤᠭᠰᠠᠨ᠂ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠭᠤᠣᠯ | ᠴᠣᠭᠴᠠ ᠶᠢᠨ ᠪᠢᠴᠢᠭ ᠮᠠᠲ᠋ᠧᠷᠢᠶᠠᠯ᠂ ᠬᠦᠴᠢᠷᠳᠡᠯ ᠲᠠᠢ ᠠᠰᠠᠭᠤᠳᠠᠯ ᠣᠷᠣᠰᠢᠵᠤ ᠪᠠᠶᠢᠭ᠎ᠠ ᠵᠡᠷᠭᠡ ᠪᠠᠶᠢᠳᠠᠯ ᠳᠤ ᠭᠠᠵᠠᠷ | ᠵᠦᠢ ᠶᠢᠨ ᠪᠡᠯᠭᠡ ᠳᠡᠮᠳᠡᠭ ᠤᠨ ᠬᠠᠮᠠᠭᠠᠯᠠᠯᠲᠠ ᠶᠢᠨ ᠡᠬᠢ ᠪᠠᠶᠠᠯᠢᠭ ᠤᠨ ᠬᠥᠳᠡᠯᠦᠩᠭᠦᠶ ᠮᠡᠳᠡᠭᠡ ᠵᠠᠩᠭᠢ ᠶᠢᠨ | ᠬᠦᠰᠦᠨᠦᠭᠲᠦ ᠶᠢ ᠵᠣᠬᠢᠶᠠᠵᠤ᠂ ᠠᠩᠬᠠᠨ ᠤ ᠨᠠᠷᠢᠨ ᠪᠣᠳᠠᠲᠠᠶ᠂ ᠨᠠᠶᠢᠳᠠᠪᠤᠷᠢᠲᠠᠶ ᠮᠠᠲ᠋ᠧᠷᠢᠶᠠᠯ ᠢ ᠡᠵᠡᠮᠰᠢᠵᠦ᠂ ᠭᠠᠵᠠᠷ | ᠵᠦᠢ ᠶᠢᠨ ᠪᠡᠯᠭᠡ ᠳᠡᠮᠳᠡᠭ ᠢ ᠭᠤᠶᠤᠴᠢᠯᠠᠨ ᠮᠡᠳᠡᠭᠦᠯᠬᠦ ᠳᠤ ᠰᠠᠭᠤᠷᠢ ᠲᠠᠯᠪᠢᠨ᠎ᠠ᠃ ︵ᠬᠠᠷᠢᠭᠤᠴᠠᠯᠭᠠᠲᠤ ᠨᠢᠭᠡᠴᠢ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠪᠤᠶᠢᠵᠢᠭᠤᠯᠤᠨ ᠵᠢᠯᠣᠭᠤᠳᠬᠤ ᠪᠠᠨ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠨᠢᠭᠡᠳᠦᠯᠲᠡᠶ | ᠤᠳᠤᠷᠢᠳᠤᠭᠰᠠᠨ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠢᠯᠣᠭᠤᠳᠤᠭᠰᠠᠨ᠂ | ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠳ ᠬᠠᠮᠲᠤᠪᠠᠷ ᠣᠷᠣᠯᠴᠠᠭᠰᠠᠨ ᠨᠠᠷᠠᠲᠤ | ᠲᠥᠷᠥᠯ ᠲᠡᠮᠳᠡᠭᠲᠦ ᠶᠢ ᠪᠤᠶᠢᠵᠢᠭᠤᠯᠤᠨ ᠬᠠᠮᠢᠶᠠᠷᠬᠤ ᠪᠠ ᠪᠥᠲᠥᠭᠡᠨ ᠪᠠᠶᠢᠭᠤᠯᠬᠤ ᠲᠣᠭᠲᠠᠴᠠ ᠶᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠳᠡᠮᠵᠢᠯᠭᠡ ᠶᠢ ᠤᠯᠬᠤ ᠪᠠᠷ ᠢᠳᠡᠪᠬᠢᠲᠡᠶ | ᠴᠢᠷᠮᠠᠶᠢᠵᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢ ᠵᠣᠬᠢᠴᠠᠭᠤᠯᠤᠨ | ᠭᠠᠵᠠᠷ ᠵᠦᠶ ᠶᠢᠨ ᠪᠡᠯᠭᠡ ᠲᠡᠮᠳᠡᠭ ᠢ ᠬᠢᠨᠠᠨ ᠪᠠᠶᠢᠴᠠᠭᠠᠬᠤ ︽ᠰᠠᠭᠠᠳ ᠥᠬᠡᠶ ᠨᠡᠪᠲᠡᠷᠡᠬᠦ ᠵᠠᠮ ᠠᠶᠢᠮᠠᠭ ᠬᠤᠰᠢᠭᠤ | ᠬᠤᠶᠠᠷ ᠱᠠᠲᠤᠨ ᠤ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠬᠠᠮᠲᠤᠷᠠᠨ ᠬᠡᠷᠡᠭᠯᠡᠵᠦ᠂ | ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠶᠢ ᠪᠦᠷᠢᠯᠳᠦᠭᠦᠯᠦᠨ᠂ ᠵᠠᠯᠠᠶᠢᠳ ᠬᠤᠰᠢᠭᠤᠨ ᠤ ︽ᠬᠢᠩᠭᠠᠨ | ᠠᠶᠢᠮᠠᠭ ᠤᠨ ᠲᠤᠲᠤᠷᠭ᠎ᠠ︾ ᠶᠢᠨ ᠭᠠᠵᠠᠷ ᠵᠦᠶ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ | ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠬᠠᠮᠲᠤ ᠪᠠᠷ ᠳᠡᠮᠵᠢᠵᠦ᠂ ᠬᠠᠮᠢᠶᠠᠷᠤᠯᠲᠠ ᠶᠢᠨ | ᠰᠢᠰᠲ᠋ᠧᠮᠵᠢ ᠨᠢ ᠪᠦᠷᠢᠨ ᠲᠡᠭᠦᠯᠳᠡᠷ᠂ ᠣᠨᠴᠠᠯᠢᠭ ᠢᠶᠠᠷ ᠢᠯᠡᠷᠬᠡᠶ᠂ ᠦᠷ᠎ᠡ ᠠᠰᠢᠭ ᠢᠶᠠᠷ ᠲᠣᠪᠤᠶᠢᠮ᠎ᠠ᠂ ᠬᠥᠮᠦᠨ | ᠰᠣᠶᠣᠯ ᠤᠨ ᠠᠭᠤᠯᠤᠭᠳᠠᠬᠤᠨ ᠢᠶᠠᠷ ᠪᠠᠶᠠᠯᠢᠭ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠥᠨᠳᠥᠷ | ᠪᠠᠷᠢᠮᠵᠢᠶᠠᠲᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ ᠭᠠᠵᠠᠷ ᠵᠦᠢ ᠶᠢᠨ ᠪᠡᠯᠭᠡ | ᠳᠡᠮᠳᠡᠭ ᠤᠨ ᠬᠠᠮᠠᠭᠠᠯᠠᠯᠲᠠ ᠶᠢᠨ ᠵᠢᠯᠣᠭᠤᠳᠬᠤ ᠦᠷᠳᠡᠭᠡ ᠶᠢ ᠪᠡᠯᠡᠳᠬᠡᠨ ᠪᠠᠶᠢᠭᠤᠯᠵᠤ᠂ ᠭᠠᠵᠠᠷ ᠵᠦᠢ ᠶᠢᠨ ᠪᠡᠯᠭᠡ | ᠳᠡᠮᠳᠡᠭ ᠢ ᠪᠤᠶᠢᠵᠢᠭᠤᠯᠬᠤ᠂ ᠬᠡᠷᠡᠭᠯᠡᠬᠦ᠂ ᠬᠠᠮᠠᠭᠠᠯᠠᠬᠤ᠂ ᠳᠡᠯᠭᠡᠷᠡᠭᠦᠯᠬᠦ ᠶᠢᠨ ᠵᠢᠯᠤᠭᠤᠳᠤᠯᠭ᠎ᠠ ᠪᠠ ᠦᠢᠯᠡᠴᠢᠯᠡᠭᠡ ᠶᠢ | ᠰᠢᠯᠢᠳᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠳᠤᠭ | ᠪᠡᠯᠴᠢᠭᠡᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠭᠤᠷᠪᠠ︶ ᠣᠨᠴᠠᠯᠢᠠᠠᠳᠣ ᠶᠠᠰᠤ ᠴᠢᠨᠠᠷ ᠢ ᠪᠠᠲᠤᠯᠠᠨ᠎ᠠ᠃ ᠭᠠᠵᠠᠷ ᠵᠦᠶ ᠶᠢᠨ ᠪᠡᠯᠭᠡ ᠲᠡᠮᠳᠡᠭ ᠲᠠᠢ | ᠦᠢᠯᠡᠳᠭᠦᠨ ᠦᠢᠯᠡᠳᠪᠦᠷᠢᠯᠡᠭᠦᠯᠬᠦ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠶᠢᠨ ᠬᠠᠮᠲᠤ ᠬᠢᠩᠭᠠᠨ ᠠᠶᠢᠮᠠᠭ ᠤᠨ ᠠᠵᠤ ᠦᠶ᠋ᠯᠡᠰ ᠤᠨ ᠣᠨᠴᠠᠯᠢᠭ ᠢ | ᠦᠨᠳᠦᠰᠦᠯᠡᠨ ᠰᠢᠨ᠎ᠡ ᠬᠡᠯᠪᠡᠷᠢ ᠶᠢᠨ ᠦᠢᠯᠡᠳᠭᠦᠨ ᠢ ᠰᠤᠳᠤᠯᠤᠨ ᠨᠡᠭᠡᠭᠡᠵᠦ᠂ ᠦᠢᠯᠡᠳᠪᠦᠷᠢᠯᠡᠯ ᠤᠨ | ᠮᠡᠷᠭᠡᠵᠢᠯ ᠢᠶᠠᠨ ᠰᠢᠨᠡᠴᠢᠯᠡᠵᠦ᠂ ᠬᠡᠪᠯᠡᠯ ᠤᠨ ᠪᠣᠭᠤᠳᠠᠯ ᠤᠨ ᠶᠠᠩᠵᠤ ᠮᠠᠶ᠋ᠢᠭ ᠢ ᠥᠭᠡᠷᠡᠴᠢᠯᠡᠨ᠂ ᠪᠣᠷᠣᠯᠠᠭᠤᠯᠭ᠎ᠠ ᠶᠢᠨ | ᠵᠠᠬ᠎ᠠ ᠳᠡᠯᠭᠡᠭᠦᠷ ᠢ ᠥᠷᠭᠡᠳᠬᠡᠵᠦ᠂ ᠭᠠᠵᠠᠷ ᠵᠦᠶ ᠶᠢᠨ ᠪᠡᠯᠭᠡ ᠲᠡᠮᠳᠡᠭ ᠲᠠᠢ ᠣᠨᠴᠠᠯᠢᠭ ᠲᠠᠢ ᠦᠢᠯᠡᠳᠭᠦᠨ ᠤ ᠶᠠᠰᠤ | ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠭᠤᠤᠯᠳᠠᠯᠭ᠎ᠠ ᠲᠠᠢ ᠭᠠᠵᠠᠷ ᠵᠦᠶ ᠶᠢᠨ ᠪᠡᠯᠭᠡ | ᠲᠡᠮᠳᠡᠭ ᠤᠨ ᠦᠢᠯᠡᠳᠭᠦᠨ ᠳᠤ ᠲᠣᠮᠣ ᠳ᠋ᠠᠶᠢᠲ᠋ᠠ᠂ ᠣᠷᠣᠨ ᠬᠡᠰᠡᠭ ᠤᠨ ᠬᠡᠯᠬᠢᠶᠡᠰᠦ ᠵᠡᠷᠭᠡ ᠮᠡᠷᠭᠡᠵᠢᠯ ᠢ ᠬᠡᠷᠡᠭᠯᠡᠨ᠂ | ᠬᠠᠷᠢᠭᠤᠴᠠᠯᠭ᠎ᠠ ᠶᠢ ᠨᠡᠬᠡᠮᠵᠢᠯᠡᠵᠦ ᠪᠣᠯᠬᠤ ᠭᠠᠵᠠᠷ ᠵᠦᠶ ᠶᠢᠨ ᠪᠡᠯᠭᠡ ᠲᠡᠮᠳᠡᠭ ᠤᠨ ᠶᠠᠰᠤ ᠴᠢᠨᠠᠷ ᠢ ᠮᠥᠷᠳᠡᠬᠦ | ᠲᠣᠭᠲᠠᠴᠠ ᠶᠢ ᠲᠤᠷᠰᠢᠨ ᠪᠠᠶᠢᠭᠤᠯᠤᠨ᠎ᠠ᠃ ᠬᠢᠩᠭᠠᠨ ᠠᠶᠢᠮᠠᠭ ᠤᠨ ᠭᠠᠵᠠᠷ ᠵᠦᠢ ᠶᠢᠨ ᠪᠡᠯᠭᠡ ᠳᠡᠮᠳᠡᠭ ᠤᠨ | ᠤᠨᠴᠠᠯᠢᠬᠳᠤ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠨᠥᠬᠦᠪᠥᠷᠢᠯᠡᠬᠦ ᠠᠵᠢᠯᠯᠠᠭ᠎ᠠ ᠶᠢ ᠣᠨᠢᠯᠠᠵᠤ | ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠲᠤᠰᠬᠠᠢ ᠠᠰᠢᠭ ᠤᠨ ᠵᠠᠮᠴᠢᠯᠠᠭ᠎ᠠ ᠶᠢᠨ ᠲᠤᠷᠰᠢᠯᠲᠠ ᠶᠢ | ᠥᠷᠨᠢᠭᠦᠯᠵᠦ᠂ ᠭᠠᠵᠠᠷ ᠵᠦᠢ ᠶᠢᠨ ᠪᠡᠯᠭᠡ ᠳᠡᠮᠳᠡᠭ ᠤᠨ ᠦᠷ᠎ᠡ ᠶᠢᠨ ᠢᠷᠡᠯᠳᠡ᠂ ᠲᠠᠷᠢᠬᠤ ᠵᠢᠴᠢ ᠡᠳ᠋ᠰᠢᠭᠦᠯᠬᠦ ᠵᠡᠷᠭᠡ | ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠥᠨᠳᠥᠷ ᠦᠷᠳᠡᠭ ᠲᠠᠢ ᠲᠤᠰᠬᠠᠢ | ᠠᠰᠢᠭ ᠢ ᠪᠤᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠳᠤᠭ | ᠪᠡᠯᠴᠢᠭᠡᠷ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ︵ᠳᠥᠷᠪᠡ︶ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ ᠶᠢ ᠲᠦᠷᠭᠡᠳᠬᠡᠨ᠎ᠡ᠃ ᠭᠠᠵᠠᠷ ᠵᠦᠶ ᠶᠢᠨ ᠪᠡᠯᠭᠡ | ᠲᠡᠮᠳᠡᠭ ᠤᠨ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠠᠬᠢᠭᠤᠯᠵᠤ᠂ ︽ | ᠬᠢᠩᠭᠠᠨ ᠠᠶᠢᠮᠠᠭ ᠤᠨ ᠲᠤᠲᠤᠷᠭ᠎ᠠ︾ ᠵᠡᠷᠭᠡ ᠪᠠᠷᠢᠮᠵᠢᠶ᠎ᠠ ᠶᠢᠨ ᠰᠢᠰᠲ᠋ᠧᠮᠵᠢ ᠶᠢ ᠭᠦᠨᠵᠡᠭᠡᠶ ᠬᠡᠷᠡᠭᠵᠢᠭᠦᠯᠦᠨ᠂ | ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠬᠦ ᠪᠠ | ᠦᠨᠡᠯᠡᠨ ᠵᠢᠱᠢᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠶᠠᠰᠤ ᠴᠢᠨᠠᠷ ᠢ ᠪᠥᠬᠦ ᠶᠠᠪᠤᠴᠠ ᠳᠤ | ᠡᠵᠡᠮᠳᠡᠨ᠂ ᠶᠠᠰᠤ ᠴᠢᠨᠠᠷ ᠢ ᠪᠠᠲᠤᠯᠠᠨ᠎ᠠ᠃ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ ᠪᠠ ︽ᠬᠢᠩᠭᠠᠨ | ᠠᠶᠢᠮᠠᠭ ᠤᠨ ᠠᠭᠠᠯᠢᠭ ᠠᠯᠢᠮ᠎ᠠ︾ ︽ᠨᠡᠳᠦᠭᠡᠷ ᠤᠨᠹᠧᠨᠲ᠋ᠢᠶᠤᠤᠷ︾ ᠤᠨ ᠳᠡᠭᠡᠳᠦ ᠪᠠᠷᠢᠮᠵᠢᠶᠠᠲᠤ ᠰᠢᠰᠲ᠋ᠧᠮᠵᠢ ᠶᠢᠨ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠬᠡᠨ ᠪᠡᠶᠡᠯᠡᠭᠦᠯᠬᠦ ᠶᠢᠨ ᠬᠠᠮᠲᠤ᠂ ᠳᠡᠯᠳᠡᠦ᠂ ᠬᠤᠨᠢᠨ ᠮᠢᠬ᠎ᠠ᠂ ︽ | ᠲᠦᠴᠢᠦᠸᠠᠨ ᠤ ᠨᠠᠷᠢᠮᠤ︾ ᠵᠡᠷᠭᠡ ᠭᠠᠵᠠᠷ ᠵᠦᠶ ᠶᠢᠨ ᠪᠡᠯᠭᠡ ᠲᠡᠮᠳᠡᠭ ᠲᠠᠢ ᠳᠠᠷᠢᠵᠤ ᠲᠡᠵᠢᠭᠡᠨ ᠦᠷᠡᠵᠢᠭᠦᠯᠬᠦ᠂ | ᠦᠢᠯᠡᠳᠪᠦᠷᠢᠯᠡᠵᠦ ᠡᠳ᠋ᠰᠢᠭᠦᠯᠬᠦ᠂ ᠡᠵᠡᠩᠨᠡᠨ ᠬᠠᠮᠢᠶᠠᠷᠬᠤ᠂ ᠪᠣᠭᠤᠳᠠᠯᠯᠠᠵᠤ ᠬᠠᠳᠠᠭᠠᠯᠠᠵᠤ ᠲᠡᠭᠡᠭᠡᠪᠦᠷᠢᠯᠡᠬᠦ ᠵᠡᠷᠭᠡ | ᠬᠦᠷᠢᠶ᠎ᠡ ᠴᠠᠷᠠᠭ᠎ᠠ ᠶᠢᠨ ᠪᠠᠷᠢᠮᠵᠢᠶᠠᠲᠤ ᠰᠢᠰᠲ᠋ᠧᠮᠵᠢ ᠶᠢ ᠪᠡᠯᠡᠳᠬᠡᠨ ᠪᠠᠶᠢᠭᠤᠯᠵᠤ᠂ ᠭᠠᠵᠠᠷ ᠵᠦᠶ ᠶᠢᠨ ᠪᠡᠯᠭᠡ | ᠲᠡᠮᠳᠡᠭ ᠲᠠᠢ ᠪᠦᠲᠦᠭᠡᠭᠳᠡᠬᠦᠨ ᠤ ᠶᠠᠰᠤ ᠴᠢᠨᠠᠷ ᠢ ᠪᠠᠲᠤᠯᠠᠨ᠎ᠠ᠃ ᠳᠡᠭᠡᠳᠦ ᠲᠠᠰ ᠤᠨ ᠭᠠᠵᠠᠷ ᠵᠦᠶ ᠶᠢᠨ ᠪᠡᠯᠭᠡ | ᠲᠡᠮᠳᠡᠭ ᠲᠠᠢ ᠦᠢᠯᠡᠳᠭᠦᠨ ᠢ ᠪᠣᠶ ᠪᠤᠯᠭᠠᠵᠦ᠂ ︽ ᠦᠪᠦᠷ ᠮᠤᠩᠭᠤᠯ︾ ᠥᠰᠥᠭ ᠤᠨ ᠲᠡᠮᠳᠡᠭ ᠢ ᠭᠡᠷᠡᠴᠢᠯᠡᠬᠦ | ᠠᠵᠤ ᠠᠬᠤᠶᠢᠯᠠᠯ ᠤᠨ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠦᠪᠦᠷ | ᠮᠣᠩᠭᠤᠯ︾ ᠥᠰᠥᠭ ᠤᠨ ᠲᠡᠮᠳᠡᠭ ᠤᠨ ᠰᠢᠨ᠎ᠡ ᠲᠥᠷᠥᠯ ᠵᠦᠢᠯᠢ ᠥᠷᠭᠡᠳᠬᠡᠨ᠎ᠡ᠃ ︵ᠬᠠᠷᠢᠭᠤᠴᠠᠯᠭᠠᠲᠤ ᠨᠢᠭᠡᠴᠢ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠲᠠᠪᠤ︶ ᠰᠢᠯᠭᠠᠨ ᠪᠠᠶᠢᠴᠠᠭᠠᠬᠤ ᠰᠢᠰᠲ᠋ᠧᠮᠵᠢ ᠶᠢ ᠪᠠᠶᠢᠭᠤᠯᠤᠨ᠎ᠠ᠃ ᠣᠲᠣ ᠶᠢᠨ ᠪᠠᠶᠢᠭ᠎ᠠ ᠪᠠᠶᠢᠴᠠᠭᠠᠨ | ᠰᠢᠨᠵᠢᠬᠦ ᠡᠬᠢ ᠪᠠᠶᠠᠯᠢᠭ ᠲᠠᠭᠠᠨ ᠲᠦᠰᠢᠭᠯᠡᠨ᠂ ᠭᠠᠵᠠᠷ ᠵᠦᠶ ᠶᠢᠨ ᠪᠡᠯᠭᠡ ᠲᠡᠮᠳᠡᠭ ᠲᠠᠢ ᠦᠢᠯᠡᠳᠭᠦᠨ ᠤ | ᠲᠤᠰᠬᠠᠶᠢᠵᠢᠭᠰᠠᠨ ᠪᠠᠶᠢᠴᠠᠭᠠᠨ ᠰᠢᠨᠵᠢᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠵᠠᠷ | ᠵᠦᠶ ᠶᠢᠨ ᠪᠡᠯᠭᠡ ᠲᠡᠮᠳᠡᠭ ᠤᠨ ᠬᠠᠮᠢᠶ᠎ᠠ ᠪᠥᠬᠦᠶ ᠲᠤᠭ᠎ᠠ ᠪᠠᠷᠢᠮᠲᠠ ᠶᠢᠨ ᠭᠦᠢᠴᠡᠳᠭᠡᠯ ᠲᠤᠭ᠎ᠠ ᠶᠢᠨ ᠰᠢᠰᠲ᠋ᠧᠮᠵᠢ᠂ | ᠵᠠᠳᠠᠯᠬᠤ ᠠᠷᠭ᠎ᠠ ᠪᠠ ᠲᠤᠭ᠎ᠠ ᠪᠠᠷᠢᠮᠲᠠ ᠶᠢᠨ ᠮᠡᠳᠡᠭᠦᠯᠬᠦ ᠬᠦᠰᠦᠨᠦᠭᠲᠦ ᠶᠢᠨ ᠬᠠᠮᠢᠶᠠᠷᠤᠯᠲᠠ ᠶᠢ ᠮᠡᠷᠭᠡᠵᠢᠯ ᠤᠨ | ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠭᠠᠵᠠᠷ ᠵᠦᠶ ᠶᠢᠨ ᠪᠡᠯᠭᠡ ᠲᠡᠮᠳᠡᠭ ᠲᠠᠢ | ᠦᠢᠯᠡᠳᠭᠦᠨ ᠦᠢᠯᠡᠳᠪᠦᠷᠢᠯᠡᠬᠦ ᠠᠵᠤ ᠠᠬᠤᠶᠢᠯᠠᠯ ᠳᠤ ︽ᠲᠣᠪᠶᠤᠭ ᠤᠨ ᠮᠠᠶ᠋ᠢᠭ︾ ︽ᠵᠤᠷᠰᠢᠯᠵᠢᠭᠤᠯᠤᠭᠰᠠᠨ︾ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠮᠡᠷᠭᠡᠵᠢᠯ ᠤᠨ ᠦᠢᠯᠡᠴᠢᠯᠡᠭᠡᠨ ᠬᠠᠩᠭᠠᠬᠤ ᠶᠢᠨ ᠬᠠᠮᠲᠤ᠂ ᠬᠡᠷᠡᠭᠯᠡᠭᠡᠨ ᠤ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠬᠡᠷᠡᠭᠯᠡᠭᠴᠢᠳ ᠲᠤ ᠡᠷᠬᠡ | ᠰᠦᠷ ᠲᠠᠢ᠂ ᠨᠠᠶᠢᠳᠠᠪᠤᠷᠢᠲᠠᠶ ᠲᠤᠰᠬᠠᠶ ᠮᠡᠷᠭᠡᠵᠢᠯ ᠤᠨ ᠦᠢᠯᠡᠴᠢᠯᠡᠭᠡᠨ ᠬᠠᠩᠭᠠᠨ᠎ᠠ᠃ ᠭᠤᠷᠪᠠᠳᠠᠬᠢ ᠡᠲᠡᠭᠡᠳ ᠤᠨ | ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠭᠠᠵᠠᠷ ᠵᠦᠶ ᠶᠢᠨ ᠪᠡᠯᠭᠡ | ᠲᠡᠮᠳᠡᠭ ᠤᠨ ᠬᠠᠮᠠᠭᠠᠯᠠᠯᠲᠠ ᠳᠤ ᠲᠤᠭ᠎ᠠ ᠪᠠᠷᠢᠮᠲᠠ ᠪᠠ ᠮᠡᠷᠭᠡᠵᠢᠯ ᠤᠨ ᠳᠡᠮᠵᠢᠯᠭᠡ ᠬᠠᠩᠭᠠᠨ᠎ᠠ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠎ᠡ᠃ ᠭᠠᠵᠠᠷ ᠵᠦᠶ ᠶᠢᠨ | ᠪᠡᠯᠭᠡ ᠲᠡᠮᠳᠡᠭ ᠢ ᠬᠢᠩᠭᠠᠨ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠵᠤ᠂ ᠲᠤᠰᠬᠠᠶ ᠮᠡᠷᠭᠡᠵᠢᠯ ᠤᠨ | ᠨᠠᠷᠠᠲᠤ ᠲᠥᠷᠥᠯ ᠲᠡᠮᠳᠡᠭᠲᠦ ᠶᠢᠨ ᠲᠥᠰᠦᠪᠯᠡᠬᠦ ᠪᠦᠯᠬᠦᠮ ᠨᠡᠶᠢᠲᠡ ᠶᠢ ᠤᠷᠢᠵᠤ᠂ ᠬᠢᠩᠭᠠᠨ ᠠᠶᠢᠮᠠᠭ ᠤᠨ ᠠᠮᠢ | ᠠᠬᠤᠶ ᠶᠢᠨ ᠳᠠᠪᠠᠭᠤᠯᠢᠭ᠂ ᠲᠡᠤᠬᠡ ᠰᠣᠶᠣᠯ ᠢᠷᠭᠡᠨᠰᠢᠯ ᠤᠨ ᠰᠠᠭᠤᠷᠢ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠣᠨᠴᠠᠯᠢᠭ ᠲᠤ ᠰᠠᠭᠤᠷᠢᠯᠠᠨ ᠨᠠᠷᠠᠲᠤ ᠲᠥᠷᠥᠯ ᠲᠡᠮᠳᠡᠭᠲᠦ ᠶᠢᠨ ᠵᠢᠷᠤᠭ ᠲᠥᠯᠥᠪᠯᠡᠭᠡ᠂ ᠨᠠᠷᠠᠲᠤ | ᠲᠥᠷᠥᠯ ᠲᠡᠮᠳᠡᠭᠲᠦ ᠶᠢᠨ ᠪᠠᠶᠢᠷᠢ ᠲᠣᠭᠲᠠᠭᠠᠯᠲᠠ ᠪᠠ ᠨᠠᠷᠠᠲᠤ ᠲᠥᠷᠥᠯ ᠲᠡᠮᠳᠡᠭᠲᠦ ᠶᠢᠨ ᠨᠡᠪᠲᠡᠷᠡᠯᠴᠡᠭᠡ ᠶᠢ ᠭᠦᠨᠵᠡᠭᠡᠶ | ᠰᠤᠳᠤᠯᠵᠤ᠂ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠨᠠᠷᠠᠲᠤ ᠲᠥᠷᠥᠯ ᠲᠡᠮᠳᠡᠭᠲᠦ ᠶᠢ ᠤᠬᠠᠭᠠᠯᠠᠨ | ᠳᠡᠯᠭᠡᠷᠡᠭᠦᠯᠬᠦ ᠲᠠᠢ ᠤᠶᠠᠯᠳᠤᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠡᠶ᠎ᠡ ᠪᠠᠷ ᠢᠶᠠᠨ | ᠲᠣᠭᠲᠠᠭᠠᠵᠤ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠢᠯᠡᠷᠡᠭᠦᠯᠦᠨ᠎ᠡ᠃ ᠬᠢᠩᠭᠠᠨ ᠠᠶᠢᠮᠠᠭ ᠤᠨ | ᠭᠠᠵᠠᠷ ᠵᠦᠶ ᠶᠢᠨ ᠪᠡᠯᠭᠡ ᠲᠡᠮᠳᠡᠭ ᠢᠶᠠᠷ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠦᠨᠡᠯᠡᠨ ᠵᠢᠱᠢᠬᠦ ᠳᠤ | ᠣᠷᠣᠯᠴᠠᠬᠤ ᠶᠢ ᠳᠡᠮᠵᠢᠵᠦ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢᠶᠠᠷ ᠨᠡᠯᠢᠶᠡᠳ ᠶᠡᠭᠡ᠂ ᠠᠯᠳᠠᠷᠰᠢᠯ ᠢᠶᠠᠷ | ᠨᠡᠯᠢᠶᠡᠳ ᠥᠨᠳᠥᠷ ᠭᠠᠵᠠᠷ ᠵᠦᠶ ᠶᠢᠨ ᠪᠡᠯᠭᠡ ᠲᠡᠮᠳᠡᠭ ᠢᠶᠠᠷ ᠨᠠᠷᠠᠲᠤ ᠲᠠᠸᠠᠷ ᠤᠨ ᠲᠡᠮᠳᠡᠭ ᠢ ᠮᠠᠭᠠᠳᠯᠠᠨ | ᠲᠣᠭᠲᠠᠭᠠᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠳᠤᠭ | ᠪᠡᠯᠴᠢᠭᠡᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠣᠶᠣᠯ ᠵᠤᠭᠠᠴᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠳᠣᠯᠤᠭ᠎ᠠ︶ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠨ᠎ᠠ᠃ ᠬᠢᠩᠭᠠᠨ ᠠᠶᠢᠮᠠᠭ ᠤᠨ ᠲᠤᠰᠬᠠᠶ | ᠠᠰᠢᠭ ᠤᠨ ᠬᠤᠪᠢᠷᠠᠭᠤᠯᠤᠯᠲᠠ ᠶᠢᠨ ᠲᠤᠰᠬᠠᠶ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠮᠠᠯ ᠠᠵᠤ | ᠠᠬᠤᠶ ᠶᠢᠨ ᠮᠠᠰᠢᠨᠴᠢᠯᠠᠯᠲᠠ᠂ ᠬᠤᠵᠢᠷᠲᠤ ᠤᠰᠤᠨ ᠲᠤᠲᠤᠷᠭ᠎ᠠ ᠶᠢ ᠪᠤᠶᠢᠵᠢᠭᠤᠯᠤᠨ ᠳᠠᠷᠢᠬᠤ᠂ ᠦᠢᠯᠡᠳᠪᠦᠷᠢᠯᠡᠯᠯ ᠤᠨ | ᠲᠥᠬᠦᠭᠡᠷᠦᠮᠵᠢ ᠶᠢᠨ ᠬᠡᠷᠡᠭᠯᠡᠭᠡᠨ ᠤ ᠴᠢᠨᠠᠷᠲᠠᠶ ᠥᠭᠡᠷᠡᠴᠢᠯᠡᠯᠲᠡ ᠵᠡᠷᠭᠡ ᠬᠠᠮᠢᠶ᠎ᠠ ᠪᠥᠬᠦᠶ ᠲᠤᠰᠬᠠᠶ ᠠᠰᠢᠭ ᠤᠨ | ᠮᠡᠷᠭᠡᠵᠢᠯ ᠢ ᠭᠠᠵᠠᠷ ᠵᠦᠶ ᠶᠢᠨ ᠪᠡᠯᠭᠡ ᠲᠡᠮᠳᠡᠭ ᠤᠨ ᠤᠨᠴᠠᠯᠢᠭᠳᠤ ᠠᠵᠤ ᠦᠢᠯᠡᠰ ᠳᠠᠰᠢ ᠰᠢᠯᠵᠢᠭᠦᠯᠦᠨ | ᠬᠤᠪᠢᠷᠠᠭᠤᠯᠤᠨ᠎ᠠ᠃ ᠨᠢᠭᠡ ᠪᠦᠯᠦᠭ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠬᠥᠭᠵᠢᠯᠲᠡ ᠶᠢᠨ ᠳᠠᠯᠳᠠ | ᠬᠦᠴᠦᠨ ᠢᠶᠠᠷ ᠶᠡᠭᠡ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠢᠶᠠᠷ ᠰᠠᠶᠢᠨ ᠭᠠᠵᠠᠷ ᠵᠦᠶ ᠶᠢᠨ ᠪᠡᠯᠭᠡ ᠲᠡᠮᠳᠡᠭᠲᠦ | ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠠᠪᠠᠭᠤᠯᠢᠭ ᠵᠢᠱᠢᠶ᠎ᠡ ᠦᠵᠡᠭᠦᠯᠬᠦ ᠡᠯ᠎ᠡ ᠲᠥᠷᠥᠯ ᠤᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠲᠥᠷᠥᠯ ᠵᠦᠢᠯ ᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠪᠠᠷ ᠢᠳᠡᠪᠬᠢᠲᠡᠶ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠪᠣᠭᠤᠮᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠨᠠᠢᠮᠠ︶ ᠵᠠᠭᠠᠭ ᠠᠯᠤᠰᠯᠠᠨ ᠠᠭᠤᠰᠤᠯᠴᠠᠬᠤ ᠶᠢ ᠠᠬᠢᠭᠤᠯᠤᠨ᠎ᠠ᠃ ᠭᠠᠵᠠᠷ ᠵᠦᠢ ᠶᠢᠨ ᠪᠡᠯᠭᠡ ᠳᠡᠮᠳᠡᠭ ᠤᠨ | ᠤᠨᠴᠠᠯᠢᠭᠳᠤ ᠠᠵᠤ ᠦᠢᠯᠡᠰ ᠬᠢᠭᠡᠳ ᠠᠮᠢ ᠠᠬᠤᠶ ᠶᠢᠨ ᠵᠤᠭᠠᠴᠠᠯ᠂ ᠲᠡᠦᠬᠡ ᠰᠣᠶᠣᠯ ᠤᠨ ᠤᠯᠠᠮᠵᠢᠯᠠᠯ ᠢ | ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠵᠢᠴᠢ ᠵᠠᠯᠠᠶᠢᠳ ᠬᠤᠰᠢᠭᠤᠨ ᠤ | ᠤᠯᠤᠰ ᠤᠨ ᠳᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠪᠠᠷ ᠦᠯᠢᠭᠡᠷ ᠳᠠᠭᠤᠷᠢᠶᠠᠯ ᠪᠣᠯᠭᠠᠵᠤ᠂ ᠭᠠᠵᠠᠷ ᠵᠦᠶ ᠶᠢᠨ ᠪᠡᠯᠭᠡ ᠲᠡᠮᠳᠡᠭ ᠢ ᠵᠤᠭᠠᠴᠠᠯ᠂ ᠰᠣᠶᠣᠯ ᠤᠨ | ᠰᠢᠨ᠎ᠡ ᠶᠢ ᠡᠭᠦᠳᠬᠦ ᠵᠡᠷᠭᠡ ᠯᠦᠭᠡ ᠬᠠᠷᠢᠯᠴᠠᠨ ᠠᠭᠤᠰᠤᠯᠴᠠᠭᠤᠯᠤᠨ ᠬᠠᠷᠢᠯᠴᠠᠨ ᠠᠬᠢᠭᠤᠯᠬᠤ ᠶᠢ ᠠᠬᠢᠭᠤᠯᠵᠤ᠂ | ᠢᠨᠲ᠋ᠧᠷ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠬᠦᠷᠢᠶ᠎ᠡ ᠴᠠᠷᠠᠭ᠎ᠠ ᠯᠤᠭ᠎ᠠ ᠵᠠᠭᠠᠭ ᠠᠯᠤᠰᠯᠠᠨ | ᠠᠭᠤᠰᠤᠯᠴᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ | ᠬᠠᠮᠲᠤᠯᠢᠭ ᠢ ᠪᠤᠶᠢᠵᠢᠭᠤᠯᠬᠤ᠂ ᠠᠵᠤ ᠦᠢᠯᠡᠰ ᠤᠨ ᠪᠦᠷᠬᠦᠴᠡ ᠶᠢ ᠥᠷᠭᠡᠳᠬᠡᠬᠦ᠂ ᠠᠵᠤ ᠦᠢᠯᠡᠰ ᠤᠨ ᠦᠷ᠎ᠡ | ᠠᠰᠢᠭ ᠢ ᠨᠡᠮᠡᠭᠳᠡᠭᠦᠯᠬᠦ ᠪᠦᠲᠦᠮᠵᠢᠲᠡᠶ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠶᠢᠰᠦ︶ ᠬᠡᠷᠡᠭᠯᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠪᠠᠩᠬᠢ᠂ ᠳᠠᠭᠠᠳᠬᠠᠯ ᠵᠡᠷᠭᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠲᠣᠬᠢᠷᠠᠮᠵᠢᠲᠠᠶ ᠭᠠᠵᠠᠷ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠎ᠠ ᠃ | ᠣᠨᠴᠠᠯᠢᠠᠠᠳᠣ ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ ᠲᠠᠢ ᠮᠥᠩᠭᠦᠨ ᠭᠦᠢᠯᠭᠡᠭᠡᠨ ᠤ ᠦᠢᠯᠡᠳᠭᠦᠨ | ᠪᠠ ᠪᠠᠯᠠ ᠲᠣᠬᠢᠷᠠᠭᠤᠯᠭ᠎ᠠ ᠶᠢᠨ ᠵᠠᠭᠪᠤᠷ ᠢ ᠡᠮᠬᠢᠯᠡᠨ ᠳᠢᠭᠯᠡᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠢᠶ᠎ᠠ | ᠪᠥᠬᠦᠶ ᠠᠵᠤ ᠠᠬᠤᠶᠢᠯᠠᠯ᠂ ᠨᠡᠶᠢᠭᠡᠮᠯᠢᠭ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠵᠤ | ᠪᠠᠯᠠ ᠳᠣᠭᠢᠷᠠᠭᠤᠯᠬᠤ ᠦᠢᠯᠡᠴᠢᠯᠡᠭᠡ᠂ ᠳᠠᠭᠠᠳᠬᠠᠯ ᠤᠨ ᠦᠢᠯᠡᠴᠢᠯᠡᠭᠡᠨ ᠢ ᠳᠥᠭᠦᠮ ᠳᠥᠲᠡ ᠲᠦᠷᠭᠡᠨ ᠬᠠᠩᠭᠠᠨ᠎ᠠ᠃ | ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠪᠡᠯᠭᠡ ᠲᠡᠮᠳᠡᠭ ᠢ ᠳᠠᠨᠵᠢᠯᠠᠵᠤ ᠳᠠᠩᠰᠠᠯᠠᠬᠤ | ᠦᠢᠯᠡᠴᠢᠯᠡᠭᠡ ᠶᠢ ᠰᠠᠶᠢᠲᠤᠷ ᠬᠢᠬᠦ ᠶᠢ ᠵᠢᠯᠣᠭᠤᠳᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠮᠥᠩᠭᠦᠨ | ᠭᠦᠢᠯᠭᠡᠭᠡᠨ ᠤ ᠠᠯᠪᠠᠨ ᠬᠡᠷ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ | ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠ︶ ᠬᠠᠤᠯᠢ ᠶᠢ ᠴᠢᠩᠭ᠎ᠠ ᠬᠡᠷᠡᠭᠵᠢᠭᠦᠯᠵᠦ ᠬᠠᠮᠠᠭᠠᠯᠠᠨ᠎ᠠ᠃ ᠭᠠᠵᠠᠷ ᠵᠦᠶ ᠶᠢᠨ ᠪᠡᠯᠭᠡ ᠲᠡᠮᠳᠡᠭ ᠤᠨ | ᠲᠤᠰᠬᠠᠶ ᠬᠡᠷᠡᠭᠯᠡᠬᠦ ᠲᠡᠮᠳᠡᠭ ᠢ ᠬᠡᠷᠡᠭᠯᠡᠭᠰᠡᠨ ᠪᠠᠶᠢᠳᠠᠯ ᠢ ᠣᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ | ᠲᠥᠯᠥᠪᠯᠡᠭᠡ ᠳᠤ ᠣᠷᠣᠭᠤᠯᠵᠤ᠂ ︽ᠬᠤᠶᠠᠷ ᠢ ᠲᠠᠰᠢᠷᠠᠮ ᠢᠶᠠᠷ ᠭᠦᠢᠴᠡᠳᠭᠡᠵᠦ᠂ ᠨᠢᠭᠡ ᠶᠢ ᠢᠯᠡ ᠪᠣᠯᠭᠠᠬᠤ︾ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠃ ᠭᠠᠵᠠᠷ ᠵᠦᠢ ᠶᠢᠨ ᠪᠡᠯᠭᠡ ᠳᠡᠮᠳᠡᠭ ᠤᠨ ᠥᠮᠴᠢᠯᠡᠭᠴᠢ ᠶᠢ ᠰᠢᠪᠠᠳᠠᠵᠤ ᠪᠠᠶᠢᠭᠠᠳ ᠲᠠᠸᠠᠷ ᠤᠨ | ᠳᠡᠮᠳᠡᠭ ᠤᠨ ᠡᠷᠬᠡ ᠣᠯᠭᠤᠬᠤ ᠵᠥᠪᠰᠢᠶᠡᠷᠡᠯ ᠤᠨ ᠳᠠᠩᠰᠠᠯᠠᠭᠤᠯᠬᠤ ᠭᠠᠷ ᠭᠦᠢᠴᠡᠳᠬᠡᠯ ᠢ ᠬᠠᠤᠯᠢ ᠶᠣᠰᠣᠭᠠᠷ | ᠭᠦᠢᠴᠡᠳᠬᠡᠭᠦᠯᠵᠦ᠂ ᠡᠵᠡᠩᠨᠡᠨ ᠪᠣᠷᠣᠯᠠᠭᠤᠯᠬᠤ ᠤᠬᠠᠭᠤᠯᠭ᠎ᠠ᠂ ᠦᠢᠯᠡᠳᠬᠦᠨ ᠤ ᠭᠠᠳᠠᠷ ᠪᠣᠭᠤᠳᠠᠯ ᠪᠠᠭᠯᠠᠭ᠎ᠠ ᠳᠤ | ᠬᠠᠤᠯᠢ ᠲᠣᠭᠲᠠᠭᠠᠯ ᠢ ᠵᠥᠷᠢᠴᠡᠨ ᠭᠠᠵᠠᠷ ᠵᠦᠢ ᠶᠢᠨ ᠪᠡᠯᠭᠡ ᠳᠡᠮᠳᠡᠭ ᠤᠨ ᠲᠤᠰᠬᠠᠶ ᠬᠡᠷᠡᠭᠯᠡᠬᠦ ᠪᠡᠯᠭᠡ ᠳᠡᠮᠳᠡᠭ ᠢ | ᠬᠡᠷᠡᠭᠯᠡᠬᠦ ᠦᠢᠯᠡ ᠠᠵᠢᠯᠯᠠᠭ᠎ᠠ ᠶᠢ ᠲᠣᠭᠲᠠᠭᠠᠬᠤ ᠪᠠ ᠲᠡᠭᠦᠨ ᠳᠤ ᠴᠣᠬᠢᠯᠲᠠ ᠥᠭᠭᠦᠨ᠎ᠡ᠃ ᠭᠠᠵᠠᠷ ᠵᠦᠢ ᠶᠢᠨ ᠪᠡᠯᠭᠡ | ᠳᠡᠮᠳᠡᠭ ᠤᠨ ᠲᠤᠰᠬᠠᠶ ᠬᠡᠷᠡᠭᠯᠡᠭᠡᠨ ᠤ ᠪᠡᠯᠭᠡ ᠳᠡᠮᠳᠡᠭ ᠤᠨ ᠬᠡᠷᠡᠭᠯᠡᠭᠴᠢ ᠶᠢᠨ ︽ᠬᠠᠮᠲᠤ ᠶᠢᠨ ᠲᠠᠸᠠᠷ ᠤᠨ ᠲᠡᠮᠳᠡᠭ᠂ | ᠭᠡᠷᠡᠴᠢᠯᠡᠬᠦ ᠲᠠᠸᠠᠷ ᠤᠨ ᠲᠡᠮᠳᠡᠭᠲᠦ ᠶᠢ ᠳᠠᠩᠰᠠᠯᠠᠬᠤ ᠪᠠ ᠬᠠᠮᠢᠶᠠᠷᠬᠤ ᠠᠷᠭ᠎ᠠ︾ ᠵᠢᠴᠢ ︽ᠬᠠᠮᠲᠤ ᠶᠢᠨ ᠲᠠᠸᠠᠷ ᠤᠨ | ᠲᠡᠮᠳᠡᠭᠲᠦ᠂ ᠭᠡᠷᠡᠴᠢᠯᠡᠬᠦ ᠲᠠᠸᠠᠷ ᠤᠨ ᠲᠡᠮᠳᠡᠭᠲᠦ ᠶᠢ ᠬᠡᠷᠡᠭᠯᠡᠬᠦ ᠬᠠᠮᠢᠶᠠᠷᠤᠯᠲᠠ ᠶᠢᠨ ᠳᠦᠷᠢᠮ︾ ᠤᠨ ᠶᠣᠰᠣᠭᠠᠷ | ᠵᠣᠬᠢᠶᠠᠨ ᠪᠠᠶᠢᠭᠤᠯᠵᠤ ᠦᠢᠯᠡᠳᠪᠦᠷᠢᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠬᠢᠨᠠᠯᠲᠠ ᠲᠠᠯᠪᠢᠬᠤ ᠪᠠ ᠪᠠᠶᠢᠴᠠᠭᠠᠨ ᠰᠢᠶ᠋ᠳᠪᠦᠷᠢᠯᠡᠨ᠎ᠡ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ | ᠮᠥᠴᠢᠷ ᠠᠯᠤᠰᠯᠠᠭᠰᠠᠨ ᠭᠠᠵᠠᠷ ᠵᠦᠢ ᠶᠢᠨ ᠪᠡᠯᠭᠡ ᠳᠡᠮᠳᠡᠭ ᠤᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ | ᠴᠢᠩᠭᠠᠳᠬᠠᠵᠤ᠂ ᠭᠠᠵᠠᠷ ᠵᠦᠢ ᠶᠢᠨ ᠪᠡᠯᠭᠡ ᠳᠡᠮᠳᠡᠭ ᠤᠨ ᠬᠠᠤᠯᠢ ᠬᠡᠷᠡᠭᠵᠢᠭᠦᠯᠦᠯᠲᠡ ᠶᠢᠨ ᠬᠠᠮᠠᠭᠠᠯᠠᠯᠲᠠ ᠶᠢᠨ ᠬᠦᠨᠳᠦ | ᠶᠡᠭᠡ ᠣᠨᠴᠠ ᠶᠡᠭᠡ ᠬᠡᠷᠡᠭ ᠢ ᠥᠨᠳᠥᠷ ᠪᠦᠲᠦᠮᠵᠢᠲᠡᠶ ᠪᠠᠷ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | ︵ᠠᠷᠪᠠᠨ ᠨᠢᠭᠡ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠪᠡᠭᠡᠵᠢᠩ ᠥᠪᠥᠷ ᠮᠣᠩᠭᠤᠯ ᠤᠨ | ᠬᠠᠮᠲᠤᠷᠠᠯᠴᠠᠭ᠎ᠠ᠂ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠵᠡᠷᠭᠡ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠭᠠᠵᠠᠷ ᠵᠦᠶ ᠶᠢᠨ ᠪᠡᠯᠭᠡ ᠲᠡᠮᠳᠡᠭ ᠤᠨ | ᠡᠵᠡᠩᠨᠡᠨ ᠪᠣᠷᠣᠯᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠥᠷᠭᠡᠳᠬᠡᠨ᠂ ᠢᠨᠲ᠋ᠧᠷ ᠰᠦᠯᠵᠢᠶᠡᠨ ᠤ ᠰᠢᠨ᠎ᠡ | ᠵᠠᠭᠤᠴᠢᠯᠠᠭᠤᠷ ᠢ ᠰᠠᠶᠢᠲᠤᠷ ᠬᠡᠷᠡᠭᠯᠡᠵᠦ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠤᠬᠤᠷ ᠹᠢᠯᠢᠮ ᠵᠡᠷᠭᠡ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ | ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠭᠡᠳᠡᠷᠭᠦ ᠲᠡᠳᠬᠦᠵᠦ᠂ ᠳᠡᠯᠡᠬᠡᠶ ᠶᠢᠨ ᠪᠠ ᠤᠯᠤᠰ ᠤᠨ | ᠳᠣᠲᠣᠭᠠᠳᠤ ᠶᠢᠨ ᠬᠤᠤᠰ ᠡᠷᠭᠢᠯᠲᠡ ᠳᠤ ᠠᠭᠤᠰᠤᠯᠴᠠᠭᠤᠯᠬᠤ ᠪᠠᠷ ᠴᠢᠷᠮᠠᠶᠢᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ᠳᠤᠮᠳᠠᠳᠤ ᠤᠯᠤᠰ ᠤᠨ ᠨᠠᠷᠠᠲᠤ ᠲᠥᠷᠥᠯ ᠲᠡᠮᠳᠡᠭᠲᠦ ᠶᠢᠨ ᠡᠳᠦᠷ | ᠂ ᠲᠠᠸᠠᠷ ᠤᠨ ᠲᠡᠮᠳᠡᠭ ᠤᠨ ᠪᠠᠶᠠᠷ᠂ ᠦᠵᠡᠭᠦᠯᠦᠯᠭᠡ ᠶᠢᠨ ᠴᠤᠭᠯᠠᠭᠠᠨ᠂ ᠨᠠᠷᠠᠲᠤ ᠲᠥᠷᠥᠯ ᠲᠡᠮᠳᠡᠭᠲᠦ ᠶᠢᠨ | ᠲᠠᠨᠢᠯᠴᠠᠭᠤᠯᠭ᠎ᠠ ᠶᠢᠨ ᠴᠤᠭᠯᠠᠭᠠᠨ ᠵᠡᠷᠭᠡ ᠠᠵᠢᠯᠯᠠᠭ᠎ᠠ ᠶᠢ ᠠᠰᠢᠭᠯᠠᠨ᠂ ᠭᠠᠵᠠᠷ ᠵᠦᠶ ᠶᠢᠨ ᠪᠡᠯᠭᠡ ᠲᠡᠮᠳᠡᠭ ᠢ | ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ | ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ᠲᠠᠪᠤ᠂ ᠭᠤᠤᠯ ᠠᠯᠬᠤᠮ ᠳᠠᠷᠠᠭ᠎ᠠ | ᠬᠢᠩᠭᠠᠨ ᠠᠶᠢᠮᠠᠭ ᠤᠨ ᠭᠠᠵᠠᠷ ᠵᠦᠢ ᠶᠢᠨ ᠪᠡᠯᠭᠡ ᠳᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦ ᠨᠡᠮᠡᠷᠢᠯᠡᠬᠦ ᠠᠵᠢᠯᠯᠠᠭ᠎ᠠ ᠶᠢ ᠲᠣᠭᠲᠠᠭᠰᠠᠨ ᠬᠠᠷᠠᠯᠲᠠ ᠶᠣᠰᠣᠭᠠᠷ ᠠᠯᠬᠤᠮ ᠬᠤᠪᠢᠶᠠᠨ | ᠶᠠᠪᠤᠭᠳᠠᠭᠤᠯᠵᠤ᠂ ᠭᠤᠷᠪᠠᠨ ᠱᠠᠳᠤ ᠬᠤᠪᠢᠶᠠᠨ᠎ᠠ᠄ | ︵ᠨᠢᠭᠡ︶ ᠤᠬᠠᠭᠤᠯᠤᠨ ᠳᠠᠶᠢᠴᠢᠯᠠᠬᠤ ᠱᠠᠲᠤ ᠦᠶ᠎ᠡ ︵2022 ᠣᠨ ᠤ 4 ᠳ᠋ᠣᠭᠡᠷ ᠰᠠᠷ᠎ᠠ — 5 ᠳ᠋ᠤᠭᠠᠷ | ᠰᠠᠷ᠎ᠠ︶᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ᠂ ᠭᠠᠵᠠᠷ ᠵᠦᠶ ᠶᠢᠨ | ᠪᠡᠯᠭᠡ ᠲᠡᠮᠳᠡᠭ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠠᠵᠢᠯ ᠤᠨ ᠭᠤᠤᠯᠳᠠᠯᠭ᠎ᠠ ᠪᠠᠨ | ᠲᠣᠳᠣᠷᠬᠠᠶᠢᠯᠠᠨ᠂ ᠬᠠᠷᠠᠯᠲᠠ ᠶᠢᠨ ᠡᠭᠦᠷᠭᠡ ᠪᠠᠨ ᠲᠣᠭᠲᠠᠭᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠭᠠᠵᠠᠷ | ᠵᠦᠶ ᠶᠢᠨ ᠲᠡᠮᠳᠡᠭ ᠢ ᠪᠤᠶᠢᠵᠢᠭᠤᠯᠬᠤ ᠨᠠᠷᠢᠨ ᠬᠠᠭᠤᠳᠠᠰᠤ ᠶᠢ ᠪᠠᠶᠢᠭᠤᠯᠬᠤ ᠬᠡᠷᠡᠭᠲᠡᠶ᠃ | ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠲᠤ ᠦᠶ᠎ᠡ ︵2022 ᠣᠨ ᠤ 5 ᠰᠠᠷ᠎ᠠ — | 2025 ᠣᠨ ᠤ 1 ᠰᠠᠷ᠎ᠠ︶᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ | ᠪᠣᠯᠭᠠᠵᠤ᠂ ᠭᠤᠤᠯᠳᠠᠯᠭ᠎ᠠ ᠲᠠᠢ ᠡᠭᠦᠷᠭᠡ ᠶᠢᠨ ᠬᠠᠷᠠᠯᠲᠠ ᠶᠢ ᠳᠣᠪᠤᠶᠢᠯᠭᠠᠨ᠂ ᠱᠠᠲᠤ ᠱᠠᠲᠤ ᠪᠠᠷ | ᠨᠠᠶᠢᠳᠠᠪᠤᠷᠢᠵᠢᠭᠤᠯᠬᠤ ᠶᠢ ᠠᠳᠬᠤᠵᠤ᠂ ᠭᠠᠵᠠᠷ ᠵᠦᠶ ᠶᠢᠨ ᠲᠡᠮᠳᠡᠭ ᠤᠨ ᠰᠢᠨᠵᠢᠯᠡᠬᠦ ᠤᠬᠠᠭᠠᠨᠴᠢ | ᠪᠠᠶᠢᠷᠢᠰᠢᠭᠤᠯᠤᠯᠲᠠ ᠶᠢᠨ ᠰᠢᠰᠲ᠋ᠧᠮᠵᠢ᠂ ᠪᠠᠷᠢᠮᠵᠢᠶᠠᠵᠢᠭᠤᠯᠤᠯᠲᠠ ᠶᠢᠨ ᠰᠢᠰᠲ᠋ᠧᠮᠵᠢ᠂ ᠶᠠᠰᠤ ᠴᠢᠨᠠᠷ ᠢ ᠪᠠᠲᠤᠯᠠᠬᠤ | ᠰᠢᠰᠲ᠋ᠧᠮᠵᠢ᠂ ᠰᠢᠯᠭᠠᠨ ᠪᠠᠶᠢᠴᠠᠭᠠᠨ ᠬᠡᠮᠵᠢᠬᠦ ᠰᠢᠰᠲ᠋ᠧᠮᠵᠢ ᠶᠢ ᠪᠠᠶᠢᠭᠤᠯᠵᠤ᠂ ᠦᠢᠯᠡᠳᠭᠦᠨ ᠤ ᠶᠠᠰᠤ ᠴᠢᠨᠠᠷ ᠤᠨ | ᠣᠨᠴᠠᠯᠢᠭ ᠢ ᠪᠠᠲᠤᠯᠠᠨ᠂ ᠠᠵᠤ ᠦᠢᠯᠡᠰ ᠤᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠵᠤ᠂ ᠭᠠᠵᠠᠷ ᠵᠦᠶ ᠶᠢᠨ | ᠲᠡᠮᠳᠡᠭ ᠢᠶᠠᠷ ᠲᠠᠷᠢᠶᠠᠴᠢᠳ ᠢ ᠪᠠᠶᠠᠵᠢᠭᠤᠯᠬᠤ᠂ ᠲᠠᠷᠢᠶᠠᠯᠠᠩ ᠢ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ | ︵ᠭᠤᠷᠪᠠ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2025 ᠣᠨ ᠤ 2 ᠳ᠋ᠤᠭᠠᠷ ᠰᠠᠷ᠎ᠠ — | 2025 ᠣᠨ ᠤ 3 ᠳ᠋ᠤᠭᠠᠷ ᠰᠠᠷ᠎ᠠ︶᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠠᠵᠠᠷ ᠵᠦᠶ ᠶᠢᠨ ᠪᠡᠯᠭᠡ | ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠪᠥᠬᠦ | ᠲᠠᠯ᠎ᠠ ᠪᠠᠷ ᠦᠨᠡᠯᠡᠨ ᠵᠢᠱᠢᠵᠦ᠂ ᠬᠠᠮᠢᠶ᠎ᠠ ᠪᠥᠬᠦᠶ ᠲᠤᠷᠰᠢᠯᠭ᠎ᠠ ᠶᠢ ᠳ᠋ᠦᠩᠨᠡᠨ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠨᠡᠶᠢᠲᠡᠯᠡᠵᠦ᠂ ᠠᠵᠢᠯᠯᠠᠭ᠎ᠠ ᠶᠢᠨ ᠣᠯᠤᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠤᠬᠠᠭᠤᠯᠤᠨ ᠮᠡᠳᠡᠭᠡᠯᠡᠨ᠎ᠡ᠃ | ᠵᠢᠷᠭᠤᠭ᠎ᠠ᠂ ᠬᠠᠮᠢᠶ᠎ᠠ ᠪᠥᠬᠦᠶ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠭᠠᠵᠠᠷ ᠵᠦᠶ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠠᠵᠢᠯᠯᠠᠭ᠎ᠠ ᠥᠷᠨᠢᠭᠦᠯᠬᠦ ᠪᠣᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠡᠰᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠪᠦᠲᠦᠮᠵᠢᠲᠡᠢ ᠠᠷᠭ᠎ᠠ ᠵᠠᠮ ᠮᠥᠨ᠂ ᠭᠤᠣᠯᠳᠠᠯᠭ᠎ᠠ ᠲᠠᠢ | ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ᠂ ᠠᠵᠤ ᠦᠢᠯᠡᠰ ᠤᠨ | ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠ ᠠᠷᠭ᠎ᠠ ᠶᠢᠨ ᠦᠨᠳᠦᠷᠴᠡ ᠠᠴᠠ | ᠲᠠᠨᠢᠵᠤ᠂ ᠡᠷᠬᠡᠪᠰᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ | ᠰᠠᠶᠢᠲᠤᠷ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠬᠢᠩᠭᠠᠨ | ᠠᠶᠢᠮᠠᠭ ᠤᠨ ᠭᠠᠵᠠᠷ ᠵᠦᠢ ᠶᠢᠨ ᠪᠡᠯᠭᠡ ᠳᠡᠮᠳᠡᠭ ᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠦ᠂ | ᠠᠶᠢᠮᠠᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠠᠶᠢᠮᠠᠭ ᠤᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠪᠦᠷᠢᠯᠳᠦᠬᠦᠨ ᠨᠢᠭᠡᠴᠢ ᠪᠣᠯᠭᠠᠨ᠎ᠠ᠃ ᠤᠳᠤᠷᠢᠳᠬᠤ | ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠤ ᠳᠣᠭᠢᠷᠠᠭᠤᠯᠤᠨ᠂ ᠵᠣᠬᠢᠴᠠᠭᠤᠯᠤᠨ ᠳᠣᠭᠢᠷᠠᠭᠤᠯᠬᠤ ᠶᠢ ᠬᠠᠷᠢᠭᠤᠴᠠᠵᠤ᠂ ᠮᠡᠳᠡᠭᠡ | ᠵᠠᠩᠭᠢ ᠶᠢᠨ ᠨᠡᠪᠲᠡᠷᠡᠯᠴᠡᠭᠡ ᠪᠠ ᠬᠠᠮᠲᠤᠪᠠᠷ ᠭᠥᠷᠳᠡᠬᠦ ᠶᠢ ᠴᠢᠩᠭᠠᠳᠬᠠᠨ᠂ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ ᠲᠣᠭᠲᠠᠭᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠬᠠᠷᠠᠯᠲᠠ ᠡᠭᠦᠷᠭᠡ ᠪᠠᠨ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠢᠳᠡᠪᠬᠢᠲᠡᠶ ᠪᠠᠷ ᠤᠬᠠᠭᠤᠯᠵᠤ ᠬᠥᠲᠥᠯᠦᠨ ᠵᠢᠯᠣᠭᠤᠳᠤᠨ᠎ᠠ᠃ ᠭᠠᠵᠠᠷ ᠵᠦᠢ ᠶᠢᠨ ᠪᠡᠯᠭᠡ | ᠳᠡᠮᠳᠡᠭ ᠢ ᠥᠷᠭᠡᠨ ᠢᠶᠠᠷ ᠤᠬᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠠᠵᠢᠯᠯᠠᠭ᠎ᠠ ᠶᠢᠨ ᠲᠤᠮᠳᠠ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ | ᠪᠣᠯᠤᠨ ᠳᠤᠪᠤᠶᠢᠮ᠎ᠠ ᠦᠷ᠎ᠡ ᠪᠦᠲᠦᠮᠵᠢ᠂ ᠨᠡᠶᠢᠲᠡᠯᠢᠭ ᠬᠡᠷᠡᠭ ᠤᠨ ᠵᠢᠱᠢᠶ᠎ᠡ ᠶᠢ ᠠᠬᠠᠭᠤᠯᠵᠦ᠂ ᠨᠡᠶᠢᠭᠡᠮ ᠤᠨ | ᠬᠠᠮᠲᠤ ᠶᠢᠨ ᠲᠠᠨᠢᠯᠲᠠ ᠶᠢ ᠳᠠᠰᠤᠷᠠᠯᠳᠠ ᠦᠬᠡᠢ ᠨᠢᠭᠲᠠᠷᠠᠭᠤᠯᠵᠤ᠂ ᠡᠯ᠎ᠡ ᠲᠠᠯ᠎ᠠ ᠶᠢᠨ ᠳᠡᠮᠵᠢᠯᠭᠡ ᠶᠢ ᠤᠯᠬᠤ ᠪᠠᠷ | ᠴᠢᠷᠮᠠᠶᠢᠵᠤ᠂ ᠭᠠᠵᠠᠷ ᠵᠦᠢ ᠶᠢᠨ ᠪᠡᠯᠭᠡ ᠳᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ | ᠪᠤᠢ ᠪᠣᠯᠭᠠᠬᠤ ᠬᠡᠷᠡᠭᠲᠡᠢ᠃ | |