ᠨᠢᠭᠡ᠂ ᠵᠢᠯᠣᠭᠤᠳᠬᠤ ᠦᠵᠡᠯ ᠰᠠᠨᠠᠭ᠎ᠠ | ᠶᠡᠷᠦᠩᠬᠡᠢ ᠱᠦᠵᠢ ᠰᠢ ᠶᠢᠨ ᠫᠢᠩ ᠤᠨ ︽ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠪᠣᠯ ᠣᠷᠣᠨ | ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠢ ᠶᠢ ᠪᠣᠳᠠᠲᠠᠶᠢᠵᠢᠭᠤᠯᠵᠤ ᠬᠦᠴᠦᠷᠬᠡᠭᠵᠢᠭᠦᠯᠵᠦ ᠰᠢᠯᠢᠳᠡᠭᠵᠢᠭᠦᠯᠬᠦ | ᠨᠢᠭᠡ ᠶᠡᠭᠡ ᠪᠣᠳᠠᠲᠠᠢ ᠠᠷᠭ᠎ᠠ ᠪᠣᠯᠤᠨ᠎ᠠ᠂ ᠲᠤᠰ ᠪᠡᠶ᠎ᠡ ᠶᠢᠨ ᠨᠥᠬᠦᠴᠡᠯ ᠪᠣᠯᠤᠨ ᠳᠠᠪᠠᠭᠤᠯᠢᠭ ᠲᠠᠢ ᠪᠠᠨ | ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠭᠤᠤ ᠶᠡᠭᠡ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠡᠮᠵᠢᠬᠦ ᠬᠡᠷᠡᠭᠲᠡᠶ︾ ᠭᠡᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠᠷ ︽ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠶ | ᠬᠥᠭᠵᠢᠯᠲᠡ︾ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠵᠤ᠂ ᠥᠨᠳᠥᠷ ᠲᠦᠪᠰᠢᠨ ᠢᠶᠠᠷ ᠬᠠᠮᠠᠭᠠᠯᠠᠬᠤ᠂ | ᠴᠢᠨᠠᠷ ᠰᠠᠶᠢᠲᠠᠶ ᠪᠠᠷ ᠬᠥᠭᠵᠢᠭᠦᠯᠬᠦ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠥᠨᠳᠥᠷ ᠦᠷ᠎ᠡ | ᠠᠰᠢᠭ ᠲᠠᠢ ᠪᠠᠷ ᠬᠡᠷᠡᠭᠯᠡᠬᠦ ᠡᠨᠡ ᠬᠦ ᠭᠤᠣᠯ ᠱᠤᠭᠤᠮ ᠤᠨ ᠲᠣᠭᠤᠷᠢᠨ ᠳᠤ 3 ᠵᠢᠯ ᠤᠨ ᠴᠠᠭ ᠬᠤᠭᠤᠴᠠᠭ᠎ᠠ ᠶᠢ | ᠠᠰᠢᠭᠯᠠᠨ᠂ ᠬᠢᠩᠭᠠᠨ ᠠᠶᠢᠮᠠᠭ ᠤᠨ ᠭᠠᠵᠠᠷ ᠵᠦᠶ ᠶᠢᠨ ᠲᠡᠮᠳᠡᠭ ᠤᠨ ᠡᠭᠦᠳᠦᠨ ᠪᠦᠲᠦᠭᠡᠬᠦ ᠶᠠᠰᠤ ᠴᠢᠨᠠᠷ᠂ | ᠬᠡᠷᠡᠭᠯᠡᠯᠲᠡ ᠶᠢᠨ ᠦᠷ᠎ᠡ ᠠᠰᠢᠭ᠂ ᠬᠠᠮᠢᠶᠠᠷᠤᠯᠲᠠ ᠶᠢᠨ ᠬᠦᠴᠦᠨ ᠴᠢᠳᠠᠪᠤᠷᠢ᠂ ᠬᠠᠮᠠᠭᠠᠯᠠᠯᠲᠠ ᠶᠢᠨ ᠴᠢᠳᠠᠪᠤᠷᠢ ᠪᠠ | ᠦᠢᠯᠡᠴᠢᠯᠡᠭᠡᠨ ᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ | ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠨᠠᠩ ᠶᠡᠭᠡ ᠡᠷᠴᠢᠮ ᠢᠶᠠᠷ ᠲᠡᠳᠬᠦᠨ ᠳᠡᠮᠵᠢᠵᠦ᠂ ᠮᠠᠯᠴᠢᠨ | ᠲᠠᠷᠢᠶᠠᠴᠢᠨ ᠤ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠡᠶᠡᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ᠥᠨᠳᠥᠷ ᠲᠦᠪᠰᠢᠨ ᠤ ᠬᠠᠮᠠᠭᠠᠯᠠᠯᠲᠠ ᠶᠢ ᠪᠠᠷᠢᠮᠲᠠᠯᠠᠨ᠎ᠠ | ᠭᠠᠵᠠᠷ ᠵᠦᠢ ᠶᠢᠨ ᠪᠡᠯᠭᠡ ᠳᠡᠮᠳᠡᠭ ᠤᠨ ᠲᠤᠰᠬᠠᠶ ᠬᠡᠷᠡᠭᠯᠡᠬᠦ ᠪᠡᠯᠭᠡ ᠳᠡᠮᠳᠡᠭ ᠤᠨ ᠬᠡᠷᠡᠭᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠵᠦᠢ ᠶᠢᠨ ᠪᠡᠯᠭᠡ ᠳᠡᠮᠳᠡᠭ ᠤᠨ ᠡᠷᠬᠡ ᠳᠤ ᠬᠠᠯᠳᠠᠭᠰᠠᠨ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠳᠭᠡᠵᠦ᠂ ᠭᠠᠵᠠᠷ ᠵᠦᠢ ᠶᠢᠨ ᠪᠡᠯᠭᠡ ᠳᠡᠮᠳᠡᠭ ᠤᠨ ᠡᠷᠬᠡ ᠪᠠᠨ ᠬᠠᠮᠠᠭᠠᠯᠠᠵᠤ | ᠲᠤᠰᠠᠯᠠᠨ ᠳᠡᠮᠵᠢᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ | ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠨ᠎ᠠ | ᠭᠠᠵᠠᠷ ᠵᠦᠶ ᠶᠢᠨ ᠲᠡᠮᠳᠡᠭ ᠬᠢᠭᠡᠳ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠲᠡᠤᠬᠡ ᠰᠣᠶᠣᠯ ᠤᠨ | ᠤᠯᠠᠮᠵᠢᠯᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠬᠤ ᠶᠢ | ᠪᠡᠶᠡᠯᠡᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ᠂ | ᠤᠨᠴᠠᠯᠢᠭᠳᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠪᠠᠷᠢᠮᠲᠠᠯᠠᠨ᠎ᠠ | ᠤᠨᠴᠠᠯᠢᠬᠳᠤ ᠶᠠᠰᠤ ᠴᠢᠨᠠᠷ ᠢ ᠪᠠᠲᠤᠯᠠᠬᠤ ᠰᠢᠰᠲ᠋ᠧᠮᠵᠢ᠂ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮᠵᠢ ᠬᠢᠭᠡᠳ | ᠰᠢᠯᠭᠠᠨ ᠪᠠᠶᠢᠴᠠᠭᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠭᠠᠵᠠᠷ ᠵᠦᠶ ᠶᠢᠨ ᠪᠡᠯᠭᠡ | ᠲᠡᠮᠳᠡᠭ ᠤᠨ ᠲᠤᠰᠬᠠᠶ ᠬᠡᠷᠡᠭᠯᠡᠬᠦ ᠪᠡᠯᠭᠡ ᠲᠡᠮᠳᠡᠭ ᠤᠨ ᠡᠷᠬᠡ ᠣᠯᠭᠤᠬᠤ ᠪᠠ ᠬᠡᠷᠡᠭᠯᠡᠬᠦ ᠬᠠᠮᠢᠶᠠᠷᠤᠯᠲᠠ ᠶᠢ ᠴᠢᠩᠭ᠎ᠠ | ᠡᠵᠡᠮᠳᠡᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠨᠠᠷᠢᠯᠢᠭ ᠣᠨᠣᠴᠠᠲᠠᠶ ᠪᠠᠷ ᠬᠠᠮᠢᠶᠠᠷᠬᠤ᠂ ᠣᠨᠣᠪᠴᠢᠲᠠᠶ | ᠬᠠᠮᠢᠶᠠᠷᠬᠤ᠂ ᠴᠢᠩᠭ᠎ᠠ ᠬᠠᠮᠢᠶᠠᠷᠬᠤ ᠶᠢ ᠪᠡᠶᠡᠯᠡᠭᠦᠯᠦᠨ᠎ᠡ᠃ | ᠥᠨᠳᠥᠷ ᠦᠷ᠎ᠡ ᠠᠰᠢᠭ ᠲᠠᠢ ᠬᠡᠷᠡᠭᠯᠡᠬᠦ ᠶᠢ ᠪᠠᠷᠢᠮᠲᠠᠯᠠᠨ᠎ᠠ | ︽ᠬᠢᠩᠭᠠᠨ ᠠᠶᠢᠮᠠᠭ ᠤᠨ ᠲᠤᠲᠤᠷᠭ᠎ᠠ︾᠂ ︽ᠲᠦᠴᠢᠦᠸᠠᠨ ᠤ ᠨᠣᠭᠤᠭᠠᠨ ᠪᠤᠷᠴᠠᠭ︾ ᠵᠡᠷᠭᠡ ᠭᠠᠵᠠᠷ | ᠵᠦᠶ ᠶᠢᠨ ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠪᠦᠲᠦᠮᠵᠢᠲᠡᠶ ᠴᠢᠩᠭᠠᠷᠠᠭᠤᠯᠤᠨ᠂ ᠭᠠᠵᠠᠷ | ᠵᠦᠶ ᠶᠢᠨ ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠪᠠᠷ ᠭᠤᠤᠯ ᠪᠣᠯᠭᠠᠭᠰᠠᠨ᠂ ᠠᠵᠤ ᠠᠬᠤᠶᠢᠯᠠᠯ ᠤᠨ | ᠲᠠᠸᠠᠷ ᠤᠨ ᠲᠡᠮᠳᠡᠭ ᠪᠠ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠬᠠᠷᠢᠯᠴᠠᠨ ᠤᠶᠠᠯᠳᠤᠭᠰᠠᠨ᠂ | ᠬᠠᠮᠲᠤᠪᠠᠷ ᠬᠥᠭᠵᠢᠭᠰᠡᠨ ᠭᠠᠵᠠᠷ ᠵᠦᠶ ᠶᠢᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠢᠶ᠎ᠠ ᠪᠥᠬᠦᠶ ᠠᠵᠤ ᠦᠢᠯᠡᠰ ᠤᠨ ᠬᠡᠯᠬᠢᠶ᠎ᠡ ᠶᠢ | ᠪᠦᠷᠢᠨᠰᠢᠭᠦᠯᠦᠨ᠎ᠡ᠃ | ᠭᠤᠷᠪᠠ᠂ ᠭᠤᠣᠯ ᠬᠠᠷᠠᠯᠲᠠ ᠡᠭᠦᠷᠭᠡ | ᠬᠢᠩᠭᠠᠨ ᠠᠶᠢᠮᠠᠭ ᠤᠨ ᠭᠠᠵᠠᠷ ᠵᠦᠶ ᠶᠢᠨ ᠪᠡᠯᠭᠡ ᠲᠡᠮᠳᠡᠭ ᠢ ᠪᠤᠢ ᠪᠤᠯᠭᠠᠬᠤ᠂ ᠬᠡᠷᠡᠭᠯᠡᠬᠦ᠂ ᠬᠠᠮᠢᠶᠠᠷᠬᠤ᠂ | ᠬᠠᠮᠠᠭᠠᠯᠠᠬᠤ᠂ ᠦᠢᠯᠡᠴᠢᠯᠡᠬᠦ ᠶᠢᠨ ᠴᠢᠨᠠᠷ ᠰᠠᠶᠢᠲᠠᠶ ᠠᠵᠢᠯᠯᠠᠭᠠᠨ ᠢ ᠠᠬᠢᠭᠤᠯᠵᠤ᠂ 3 ᠵᠢᠯ ᠤᠨ ᠳᠣᠲᠣᠷ᠎ᠠ 8 — | 10 ᠬᠤᠪᠢ ᠭᠠᠵᠠᠷ ᠵᠦᠶ ᠶᠢᠨ ᠲᠡᠮᠳᠡᠭ ᠢ ᠭᠤᠶᠤᠴᠢᠯᠠᠨ ᠮᠡᠳᠡᠭᠦᠯᠵᠦ᠂ ᠵᠢᠯ ᠪᠦᠷᠢ 2 ᠬᠤᠪᠢ ᠭᠠᠵᠠᠷ ᠵᠦᠶ ᠶᠢᠨ | ᠪᠡᠯᠭᠡ ᠲᠡᠮᠳᠡᠭ ᠢ ᠳᠠᠩᠰᠠᠯᠠᠭᠤᠯᠵᠤ᠂ 3 ᠵᠢᠯ ᠤᠨ ᠳᠣᠲᠣᠷ᠎ᠠ ᠭᠠᠵᠠᠷ ᠵᠦᠶ ᠶᠢᠨ ᠪᠡᠯᠭᠡ ᠲᠡᠮᠳᠡᠭ ᠲᠠᠢ ᠲᠠᠸᠠᠷ ᠤᠨ | ᠲᠡᠮᠳᠡᠭ ᠢ 11 ᠬᠤᠪᠢ ᠳᠤ ᠬᠦᠷᠦᠭᠦᠯᠵᠦ᠂ 1 ᠬᠤᠪᠢ ᠭᠠᠵᠠᠷ ᠵᠦᠶ ᠶᠢᠨ ᠲᠡᠮᠳᠡᠭ ᠲᠠᠢ ᠨᠠᠷᠠᠲᠤ ᠲᠠᠸᠠᠷ ᠤᠨ | ᠲᠡᠮᠳᠡᠭ ᠢ ᠪᠤᠶᠢᠵᠢᠭᠤᠯᠤᠨ᠎ᠠ᠃ ᠭᠠᠵᠠᠷ ᠵᠦᠶ ᠶᠢᠨ ᠪᠡᠯᠭᠡ ᠲᠡᠮᠳᠡᠭ ᠤᠨ ᠲᠡᠮᠳᠡᠭ ᠬᠡᠷᠡᠭᠯᠡᠬᠦ ᠠᠵᠤ ᠠᠬᠤᠶᠢᠯᠠᠯ ᠢ 60 | ᠡᠷᠦᠬᠡ ᠳᠤ ᠬᠦᠷᠦᠭᠦᠯᠦᠨ᠎ᠡ᠃ 3 ᠵᠢᠯ ᠤᠨ ᠳᠣᠲᠣᠷ᠎ᠠ ᠭᠠᠵᠠᠷ ᠵᠦᠶ ᠶᠢᠨ ᠪᠡᠯᠭᠡ ᠲᠡᠮᠳᠡᠭ ᠲᠠᠢ ᠬᠠᠮᠢᠶ᠎ᠠ ᠪᠥᠬᠦᠶ | ᠲᠠᠸᠠᠷ ᠤᠨ ᠲᠡᠮᠳᠡᠭ ᠪᠠ ᠲᠤᠰᠬᠠᠶ ᠠᠰᠢᠭ ᠤᠨ ᠳᠠᠨᠵᠢᠯᠠᠭ᠎ᠠ ᠶᠢᠨ ᠪᠠᠯᠠ ᠲᠣᠬᠢᠷᠠᠭᠤᠯᠭ᠎ᠠ ᠶᠢ 1 ᠳ᠋ᠦᠩᠰᠢᠭᠤᠷ | ᠲᠥᠭᠦᠷᠢᠭ ᠲᠤ ᠬᠦᠷᠦᠭᠦᠯᠦᠨ᠎ᠡ᠃ ᠭᠠᠵᠠᠷ ᠵᠦᠢ ᠶᠢᠨ ᠪᠡᠯᠭᠡ ᠳᠡᠮᠳᠡᠭ ᠤᠨ ᠬᠠᠮᠠᠭᠠᠯᠠᠯᠲᠠ ᠶᠢᠨ ᠵᠢᠯᠣᠭᠤᠳᠬᠤ | ᠦᠷᠳᠡᠭᠡ ᠶᠢ ᠥᠨᠳᠥᠷ ᠪᠠᠷᠢᠮᠵᠢᠶ᠎ᠠ ᠪᠠᠷ 1 ᠪᠠᠶᠢᠭᠤᠯᠤᠨ᠎ᠠ᠃ 2 ᠭᠠᠵᠠᠷ ᠵᠦᠶ ᠶᠢᠨ ᠪᠡᠯᠭᠡ ᠲᠡᠮᠳᠡᠭ ᠢ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠲᠤ ︽ᠬᠢᠩᠭᠠᠨ | ᠠᠶᠢᠮᠠᠭ ᠤᠨ ᠦᠬᠡᠷ ᠤᠨ ᠮᠢᠬ᠎ᠠ︾ ︽ᠬᠢᠩᠭᠠᠨ ᠠᠶᠢᠮᠠᠭ ᠤᠨ ᠠᠭᠠᠯᠢᠭ ᠠᠯᠢᠮ᠎ᠠ︾ ︽ᠨᠡᠳᠦᠭᠡᠷ ᠤᠨ ᠹᠧᠨᠲ᠋ᠢᠶᠤᠤᠷ︾ | ᠵᠡᠷᠭᠡ ᠥᠨᠳᠥᠷ ᠪᠠᠷᠢᠮᠵᠢᠶᠠᠲᠤ ᠰᠢᠰᠲ᠋ᠧᠮᠵᠢ ᠶᠢᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠨᠢᠭᠡ ᠪᠦᠯᠦᠭ ᠭᠠᠵᠠᠷ | ᠵᠦᠢ ᠶᠢᠨ ᠪᠡᠯᠭᠡ ᠳᠡᠮᠳᠡᠭ ᠤᠨ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠵᠦ᠂ ᠡᠷᠬᠡ ᠲᠡᠭᠰᠢ ᠲᠥᠪ ᠭᠤᠣᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ᠳᠥᠷᠪᠡ᠂ ᠭᠤᠤᠯ ᠠᠵᠢᠯ ᠤᠨ ᠠᠭᠤᠯᠭ᠎ᠠ | ︵ᠨᠢᠭᠡ︶ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠦᠨ᠎ᠡ | ᠬᠤᠰᠢᠭᠤ ᠰᠢᠶᠠᠨ ᠬᠤᠲᠠ ᠪᠠᠷ ᠨᠢᠭᠡᠴᠢ ᠪᠣᠯᠭᠠᠵᠤ᠂ ᠲᠤᠬᠠᠶ ᠶᠢᠨ ᠭᠠᠵᠠᠷ ᠤᠨ ᠥᠪᠡᠷᠮᠢᠴᠡ ᠴᠢᠨᠠᠷ ᠴᠢᠨᠰᠠᠭ᠎ᠠ ᠲᠠᠢ | ᠦᠢᠯᠡᠳᠭᠦᠨ ᠤ ᠲᠣᠭᠤᠷᠢᠨ ᠳᠤ᠂ ᠥᠪᠡᠷᠮᠢᠴᠡ ᠴᠢᠨᠠᠷ ᠴᠢᠨᠰᠠᠭ᠎ᠠ᠂ ᠣᠨᠴᠣᠭᠤᠶ ᠤᠷᠠᠨ ᠳᠠᠷᠬ᠎ᠠ᠂ ᠬᠥᠮᠦᠨ | ᠨᠡᠶᠢᠭᠡᠮ ᠤᠨ ᠲᠡᠤᠬᠡ᠂ ᠭᠠᠷᠤᠯᠲᠠ ᠶᠢᠨ ᠣᠷᠣᠨ ᠤ ᠣᠷᠴᠢᠨ ᠲᠣᠭᠤᠷᠢᠨ᠂ ᠭᠠᠵᠠᠷ ᠵᠦᠶ ᠶᠢᠨ ᠬᠦᠷᠢᠶ᠎ᠡ ᠬᠡᠪᠴᠢᠶ᠎ᠡ᠂ | ᠬᠥᠭᠵᠢᠯᠲᠡ ᠶᠢᠨ ᠪᠠᠶᠢᠳᠠᠯ ᠵᠡᠷᠭᠡ ᠳᠤ ᠡᠬᠢ ᠪᠠᠶᠠᠯᠢᠭ ᠤᠨ ᠪᠠᠶᠢᠴᠠᠭᠠᠯᠲᠠ ᠥᠷᠨᠢᠭᠦᠯᠵᠦ᠂ ᠭᠠᠵᠠᠷ ᠵᠦᠶ ᠶᠢᠨ ᠪᠡᠯᠭᠡ | ᠲᠡᠮᠳᠡᠭ ᠤᠨ ᠬᠠᠮᠠᠭᠠᠯᠠᠯᠲᠠ ᠶᠢᠨ ᠡᠬᠢ ᠪᠠᠶᠠᠯᠢᠭ ᠤᠨ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠬᠤ ᠬᠡᠷᠡᠭᠲᠡᠶ᠃ | ︵ᠬᠤᠶᠠᠷ︶ ᠪᠤᠶᠢᠵᠢᠭᠤᠯᠤᠨ ᠵᠢᠯᠣᠭᠤᠳᠬᠤ ᠪᠠᠨ ᠴᠢᠩᠭᠠᠳᠬᠠᠨ᠎ᠠ | ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠤᠭᠰᠠᠨ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠢᠯᠣᠭᠤᠳᠤᠭᠰᠠᠨ᠂ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ | ᠠᠬᠤᠶᠢᠯᠠᠯ ᠤᠳ ᠬᠠᠮᠲᠤᠪᠠᠷ ᠣᠷᠣᠯᠴᠠᠭᠰᠠᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ ᠬᠠᠮᠢᠶᠠᠷᠬᠤ ᠪᠠ | ᠪᠥᠲᠥᠭᠡᠨ ᠪᠠᠶᠢᠭᠤᠯᠬᠤ ᠲᠣᠭᠲᠠᠴᠠ ᠶᠢ ᠪᠠᠶᠢᠭᠤᠯᠤᠨ᠎ᠠ᠃ | ︵ᠭᠤᠷᠪᠠ︶ ᠣᠨᠴᠠᠯᠢᠠᠠᠳᠣ ᠶᠠᠰᠤ ᠴᠢᠨᠠᠷ ᠢ ᠪᠠᠲᠤᠯᠠᠨ᠎ᠠ | ᠬᠢᠩᠭᠠᠨ ᠠᠶᠢᠮᠠᠭ ᠤᠨ ᠠᠵᠤ ᠦᠢᠯᠡᠰ ᠤᠨ ᠣᠨᠴᠠᠯᠢᠭ ᠢ ᠦᠨᠳᠦᠰᠦᠯᠡᠨ ᠰᠢᠨ᠎ᠡ ᠬᠡᠯᠪᠡᠷᠢ ᠶᠢᠨ ᠦᠢᠯᠡᠳᠭᠦᠨ ᠢ | ᠰᠤᠳᠤᠯᠤᠨ ᠨᠡᠭᠡᠭᠡᠵᠦ᠂ ᠦᠢᠯᠡᠳᠪᠦᠷᠢᠯᠡᠯ ᠤᠨ ᠮᠡᠷᠭᠡᠵᠢᠯ ᠢᠶᠠᠨ ᠰᠢᠨᠡᠴᠢᠯᠡᠵᠦ᠂ ᠪᠣᠷᠣᠯᠠᠭᠤᠯᠭ᠎ᠠ ᠶᠢᠨ ᠵᠠᠬ᠎ᠠ | ᠳᠡᠯᠭᠡᠭᠦᠷ ᠢ ᠥᠷᠭᠡᠳᠬᠡᠵᠦ᠂ ᠭᠠᠵᠠᠷ ᠵᠦᠶ ᠶᠢᠨ ᠪᠡᠯᠭᠡ ᠲᠡᠮᠳᠡᠭ ᠲᠠᠢ ᠣᠨᠴᠠᠯᠢᠭ ᠲᠠᠢ ᠦᠢᠯᠡᠳᠭᠦᠨ ᠤ ᠶᠠᠰᠤ | ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠳᠥᠷᠪᠡ︶ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ ᠶᠢ ᠲᠦᠷᠭᠡᠳᠬᠡᠨ᠎ᠡ | ᠭᠠᠵᠠᠷ ᠵᠦᠶ ᠶᠢᠨ ᠪᠡᠯᠭᠡ ᠲᠡᠮᠳᠡᠭ ᠤᠨ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠢ ᠠᠬᠢᠭᠤᠯᠵᠤ᠂ ︽ᠬᠢᠩᠭᠠᠨ ᠠᠶᠢᠮᠠᠭ ᠤᠨ ᠲᠤᠲᠤᠷᠭ᠎ᠠ︾ ᠵᠡᠷᠭᠡ ᠪᠠᠷᠢᠮᠵᠢᠶ᠎ᠠ ᠶᠢᠨ ᠰᠢᠰᠲ᠋ᠧᠮᠵᠢ ᠶᠢ | ᠭᠦᠨᠵᠡᠭᠡᠶ ᠬᠡᠷᠡᠭᠵᠢᠭᠦᠯᠦᠨ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠬᠡᠮᠵᠢᠬᠦ ᠪᠠ ᠦᠨᠡᠯᠡᠨ ᠵᠢᠱᠢᠵᠦ᠂ ᠭᠠᠵᠠᠷ ᠵᠦᠶ ᠶᠢᠨ ᠪᠡᠯᠭᠡ ᠲᠡᠮᠳᠡᠭ ᠤᠨ | ᠪᠦᠲᠦᠭᠡᠭᠳᠡᠬᠦᠨ ᠤ ᠶᠠᠰᠤ ᠴᠢᠨᠠᠷ ᠢ ᠪᠥᠬᠦ ᠶᠠᠪᠤᠴᠠ ᠳᠤ ᠡᠵᠡᠮᠳᠡᠨ᠂ ᠶᠠᠰᠤ ᠴᠢᠨᠠᠷ ᠢ ᠪᠠᠲᠤᠯᠠᠨ᠎ᠠ᠃ | ︵ᠲᠠᠪᠤ︶ ᠰᠢᠯᠭᠠᠨ ᠪᠠᠶᠢᠴᠠᠭᠠᠬᠤ ᠰᠢᠰᠲ᠋ᠧᠮᠵᠢ ᠶᠢ ᠪᠠᠶᠢᠭᠤᠯᠤᠨ᠎ᠠ | ᠣᠲᠣ ᠶᠢᠨ ᠪᠠᠶᠢᠭ᠎ᠠ ᠪᠠᠶᠢᠴᠠᠭᠠᠨ ᠰᠢᠨᠵᠢᠬᠦ ᠡᠬᠢ ᠪᠠᠶᠠᠯᠢᠭ ᠲᠠᠭᠠᠨ ᠲᠦᠰᠢᠭᠯᠡᠨ᠂ ᠭᠠᠵᠠᠷ ᠵᠦᠶ ᠶᠢᠨ ᠪᠡᠯᠭᠡ | ᠲᠡᠮᠳᠡᠭ ᠲᠠᠢ ᠦᠢᠯᠡᠳᠭᠦᠨ ᠤ ᠲᠤᠰᠬᠠᠶᠢᠵᠢᠭᠰᠠᠨ ᠪᠠᠶᠢᠴᠠᠭᠠᠨ ᠰᠢᠨᠵᠢᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠵᠢᠷᠭᠤᠭ᠎ᠠ︶ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠎ᠡ | ᠬᠢᠩᠭᠠᠨ ᠠᠶᠢᠮᠠᠭ ᠤᠨ ᠭᠠᠵᠠᠷ ᠵᠦᠶ ᠶᠢᠨ ᠪᠡᠯᠭᠡ ᠲᠡᠮᠳᠡᠭ ᠢᠶᠠᠷ ᠨᠠᠷᠠᠲᠤ ᠲᠥᠷᠥᠯ ᠲᠡᠮᠳᠡᠭᠲᠦ ᠶᠢᠨ ᠦᠨ᠎ᠡ | ᠥᠷᠲᠡᠭ ᠢ ᠦᠨᠡᠯᠡᠨ ᠵᠢᠱᠢᠬᠦ ᠳᠤ ᠣᠷᠣᠯᠴᠠᠬᠤ ᠶᠢ ᠳᠡᠮᠵᠢᠵᠦ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢᠶᠠᠷ | ᠨᠡᠯᠢᠶᠡᠳ ᠶᠡᠭᠡ᠂ ᠠᠯᠳᠠᠷᠰᠢᠯ ᠢᠶᠠᠷ ᠨᠡᠯᠢᠶᠡᠳ ᠥᠨᠳᠥᠷ ᠭᠠᠵᠠᠷ ᠵᠦᠶ ᠶᠢᠨ ᠪᠡᠯᠭᠡ ᠲᠡᠮᠳᠡᠭ ᠢᠶᠠᠷ ᠨᠠᠷᠠᠲᠤ ᠲᠠᠸᠠᠷ ᠤᠨ | ᠲᠡᠮᠳᠡᠭ ᠢ ᠮᠠᠭᠠᠳᠯᠠᠨ ᠲᠣᠭᠲᠠᠭᠠᠬᠤ ᠶᠢ ᠳᠡᠮᠵᠢᠨ᠎ᠡ᠃ | ︵ᠳᠣᠯᠤᠭ᠎ᠠ︶ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠨ᠎ᠠ | ᠬᠢᠩᠭᠠᠨ ᠠᠶᠢᠮᠠᠭ ᠤᠨ ᠲᠤᠰᠬᠠᠶ ᠠᠰᠢᠭ ᠤᠨ ᠬᠤᠪᠢᠷᠠᠭᠤᠯᠤᠯᠲᠠ ᠶᠢᠨ ᠲᠤᠰᠬᠠᠶ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ᠂ ᠬᠤᠵᠢᠷᠲᠤ ᠤᠰᠤᠨ ᠲᠤᠲᠤᠷᠭ᠎ᠠ ᠶᠢ | ᠪᠤᠶᠢᠵᠢᠭᠤᠯᠤᠨ ᠳᠠᠷᠢᠬᠤ᠂ ᠦᠢᠯᠡᠳᠪᠦᠷᠢᠯᠡᠯᠯ ᠤᠨ ᠲᠥᠬᠦᠭᠡᠷᠦᠮᠵᠢ ᠶᠢᠨ ᠬᠡᠷᠡᠭᠯᠡᠭᠡᠨ ᠤ ᠴᠢᠨᠠᠷᠲᠠᠶ ᠥᠭᠡᠷᠡᠴᠢᠯᠡᠯᠲᠡ | ᠵᠡᠷᠭᠡ ᠬᠠᠮᠢᠶ᠎ᠠ ᠪᠥᠬᠦᠶ ᠲᠤᠰᠬᠠᠶ ᠠᠰᠢᠭ ᠤᠨ ᠮᠡᠷᠭᠡᠵᠢᠯ ᠢ ᠭᠠᠵᠠᠷ ᠵᠦᠶ ᠶᠢᠨ ᠪᠡᠯᠭᠡ ᠲᠡᠮᠳᠡᠭ ᠤᠨ ᠤᠨᠴᠠᠯᠢᠭᠳᠤ | ᠠᠵᠤ ᠦᠢᠯᠡᠰ ᠳᠠᠰᠢ ᠰᠢᠯᠵᠢᠭᠦᠯᠦᠨ ᠬᠤᠪᠢᠷᠠᠭᠤᠯᠤᠨ᠎ᠠ᠃ | ︵ᠨᠠᠢᠮᠠ︶ ᠵᠠᠭᠠᠭ ᠠᠯᠤᠰᠯᠠᠨ ᠠᠭᠤᠰᠤᠯᠴᠠᠬᠤ ᠶᠢ ᠠᠬᠢᠭᠤᠯᠤᠨ᠎ᠠ | ᠭᠠᠵᠠᠷ ᠵᠦᠢ ᠶᠢᠨ ᠪᠡᠯᠭᠡ ᠳᠡᠮᠳᠡᠭ ᠤᠨ ᠤᠨᠴᠠᠯᠢᠭᠳᠤ ᠠᠵᠤ ᠦᠢᠯᠡᠰ ᠬᠢᠭᠡᠳ ᠠᠮᠢ ᠠᠬᠤᠶ ᠶᠢᠨ ᠵᠤᠭᠠᠴᠠᠯ᠂ ᠲᠡᠦᠬᠡ | ᠰᠣᠶᠣᠯ ᠤᠨ ᠤᠯᠠᠮᠵᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ ᠪᠦᠷᠬᠦᠴᠡ ᠶᠢ ᠥᠷᠭᠡᠳᠬᠡᠬᠦ᠂ | ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠪᠦᠲᠦᠮᠵᠢᠲᠡᠶ ᠠᠷᠭ᠎ᠠ ᠵᠠᠮ ᠢ ᠢᠳᠡᠪᠬᠢᠲᠡᠶ ᠪᠠᠷ ᠬᠠᠶᠢᠨ | ᠰᠦᠪᠡᠭᠴᠢᠯᠡᠨ᠎ᠡ᠃ | ︵ᠶᠢᠰᠦ︶ ᠬᠡᠷᠡᠭᠯᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ | ᠣᠨᠴᠠᠯᠢᠠᠠᠳᠣ ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ ᠲᠠᠢ ᠮᠥᠩᠭᠦᠨ ᠭᠦᠢᠯᠭᠡᠭᠡᠨ ᠤ ᠦᠢᠯᠡᠳᠭᠦᠨ ᠪᠠ | ᠪᠠᠯᠠ ᠲᠣᠬᠢᠷᠠᠭᠤᠯᠭ᠎ᠠ ᠶᠢᠨ ᠵᠠᠭᠪᠤᠷ ᠢ ᠡᠮᠬᠢᠯᠡᠨ ᠳᠢᠭᠯᠡᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠢᠶ᠎ᠠ ᠪᠥᠬᠦᠶ | ᠠᠵᠤ ᠠᠬᠤᠶᠢᠯᠠᠯ᠂ ᠨᠡᠶᠢᠭᠡᠮᠯᠢᠭ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠵᠤ ᠪᠠᠯᠠ | ᠳᠣᠭᠢᠷᠠᠭᠤᠯᠬᠤ ᠦᠢᠯᠡᠴᠢᠯᠡᠭᠡ᠂ ᠳᠠᠭᠠᠳᠬᠠᠯ ᠤᠨ ᠦᠢᠯᠡᠴᠢᠯᠡᠭᠡᠨ ᠢ ᠳᠥᠭᠦᠮ ᠳᠥᠲᠡ ᠲᠦᠷᠭᠡᠨ ᠬᠠᠩᠭᠠᠨ᠎ᠠ᠃ | ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠪᠡᠯᠭᠡ ᠲᠡᠮᠳᠡᠭ ᠢ ᠳᠠᠨᠵᠢᠯᠠᠵᠤ ᠳᠠᠩᠰᠠᠯᠠᠬᠤ | ᠦᠢᠯᠡᠴᠢᠯᠡᠭᠡ ᠶᠢ ᠰᠠᠶᠢᠲᠤᠷ ᠬᠢᠬᠦ ᠶᠢ ᠵᠢᠯᠣᠭᠤᠳᠤᠨ᠎ᠠ᠃ | ︵ᠠᠷᠪᠠ︶ ᠬᠠᠤᠯᠢ ᠶᠢ ᠴᠢᠩᠭ᠎ᠠ ᠬᠡᠷᠡᠭᠵᠢᠭᠦᠯᠵᠦ ᠬᠠᠮᠠᠭᠠᠯᠠᠨ᠎ᠠ | ᠭᠠᠵᠠᠷ ᠵᠦᠢ ᠶᠢᠨ ᠪᠡᠯᠭᠡ ᠳᠡᠮᠳᠡᠭ ᠤᠨ ᠥᠮᠴᠢᠯᠡᠭᠴᠢ ᠶᠢ ᠰᠢᠪᠠᠳᠠᠵᠤ ᠪᠠᠶᠢᠭᠠᠳ ᠲᠠᠸᠠᠷ ᠤᠨ ᠳᠡᠮᠳᠡᠭ ᠤᠨ ᠡᠷᠬᠡ | ᠣᠯᠭᠤᠬᠤ ᠵᠥᠪᠰᠢᠶᠡᠷᠡᠯ ᠤᠨ ᠳᠠᠩᠰᠠᠯᠠᠭᠤᠯᠬᠤ ᠭᠠᠷ ᠭᠦᠢᠴᠡᠳᠬᠡᠯ ᠢ ᠬᠠᠤᠯᠢ ᠶᠣᠰᠣᠭᠠᠷ ᠭᠦᠢᠴᠡᠳᠬᠡᠭᠦᠯᠵᠦ᠂ | ᠡᠵᠡᠩᠨᠡᠨ ᠪᠣᠷᠣᠯᠠᠭᠤᠯᠬᠤ ᠤᠬᠠᠭᠤᠯᠭ᠎ᠠ᠂ ᠦᠢᠯᠡᠳᠬᠦᠨ ᠤ ᠭᠠᠳᠠᠷ ᠪᠠᠭᠯᠠᠭ᠎ᠠ ᠳᠤ ᠬᠠᠤᠯᠢ ᠲᠣᠭᠲᠠᠭᠠᠯ ᠢ ᠵᠥᠷᠢᠴᠡᠨ | ᠭᠠᠵᠠᠷ ᠵᠦᠢ ᠶᠢᠨ ᠪᠡᠯᠭᠡ ᠳᠡᠮᠳᠡᠭ ᠤᠨ ᠲᠤᠰᠬᠠᠶ ᠬᠡᠷᠡᠭᠯᠡᠬᠦ ᠪᠡᠯᠭᠡ ᠳᠡᠮᠳᠡᠭ ᠢ ᠬᠡᠷᠡᠭᠯᠡᠬᠦ ᠦᠢᠯᠡ ᠠᠵᠢᠯᠯᠠᠭ᠎ᠠ ᠶᠢ | ᠲᠣᠭᠲᠠᠭᠠᠬᠤ ᠪᠠ ᠲᠡᠭᠦᠨ ᠳᠤ ᠴᠣᠬᠢᠯᠲᠠ ᠥᠭᠭᠦᠨ᠎ᠡ᠃ | ︵ᠠᠷᠪᠠᠨ ᠨᠢᠭᠡ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ | ᠭᠠᠵᠠᠷ ᠵᠦᠶ ᠶᠢᠨ ᠪᠡᠯᠭᠡ ᠲᠡᠮᠳᠡᠭ ᠤᠨ ᠡᠵᠡᠩᠨᠡᠨ ᠪᠣᠷᠣᠯᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠶ ᠪᠠᠷ | ᠥᠷᠭᠡᠳᠬᠡᠨ᠂ ᠢᠨᠲ᠋ᠧᠷ ᠰᠦᠯᠵᠢᠶᠡᠨ ᠤ ᠰᠢᠨ᠎ᠡ ᠵᠠᠭᠤᠴᠢᠯᠠᠭᠤᠷ ᠢ ᠰᠠᠶᠢᠲᠤᠷ ᠬᠡᠷᠡᠭᠯᠡᠵᠦ᠂ ᠰᠦᠯᠵᠢᠶ᠎ᠡ ᠪᠠᠷ ᠰᠢᠭᠤᠳ | ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠤᠨᠴᠠᠯᠢᠬᠳᠤ ᠠᠵᠤ | ᠦᠢᠯᠡᠰ ᠤᠨ ᠬᠥᠭᠵᠢᠯᠲᠡ ᠶᠢ ᠭᠡᠳᠡᠷᠭᠦ ᠲᠡᠳᠬᠦᠵᠦ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠤᠤᠰ | ᠡᠷᠭᠢᠯᠲᠡ ᠳᠤ ᠠᠭᠤᠰᠤᠯᠴᠠᠭᠤᠯᠬᠤ ᠪᠠᠷ ᠴᠢᠷᠮᠠᠶᠢᠨ᠎ᠠ᠃ | ᠲᠠᠪᠤ᠂ ᠭᠤᠤᠯ ᠠᠯᠬᠤᠮ ᠳᠠᠷᠠᠭ᠎ᠠ | ︵ᠨᠢᠭᠡ︶ ᠤᠬᠠᠭᠤᠯᠤᠨ ᠳᠠᠶᠢᠴᠢᠯᠠᠬᠤ ᠱᠠᠲᠤ ᠦᠶ᠎ᠡ ︵2022 ᠣᠨ ᠤ 4 ᠳ᠋ᠣᠭᠡᠷ ᠰᠠᠷ᠎ᠠ — 5 ᠳ᠋ᠤᠭᠠᠷ | ᠰᠠᠷ᠎ᠠ︶ | ᠭᠠᠵᠠᠷ ᠵᠦᠶ ᠶᠢᠨ ᠪᠡᠯᠭᠡ ᠲᠡᠮᠳᠡᠭ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠠᠵᠢᠯ ᠤᠨ | ᠭᠤᠤᠯᠳᠠᠯᠭ᠎ᠠ ᠪᠠᠨ ᠲᠣᠳᠣᠷᠬᠠᠶᠢᠯᠠᠨ᠂ ᠬᠠᠷᠠᠯᠲᠠ ᠶᠢᠨ ᠡᠭᠦᠷᠭᠡ ᠪᠠᠨ ᠲᠣᠭᠲᠠᠭᠠᠵᠤ᠂ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠤᠨ᠂ ᠭᠠᠵᠠᠷ ᠵᠦᠶ ᠶᠢᠨ ᠲᠡᠮᠳᠡᠭ ᠢ ᠪᠤᠶᠢᠵᠢᠭᠤᠯᠬᠤ ᠨᠠᠷᠢᠨ ᠬᠠᠭᠤᠳᠠᠰᠤ ᠶᠢ ᠪᠠᠶᠢᠭᠤᠯᠬᠤ ᠬᠡᠷᠡᠭᠲᠡᠶ᠃ | ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠲᠤ ᠦᠶ᠎ᠡ ︵2022 ᠣᠨ ᠤ 5 ᠰᠠᠷ᠎ᠠ — | 2025 ᠣᠨ ᠤ 1 ᠰᠠᠷ᠎ᠠ︶ | ᠭᠠᠵᠠᠷ ᠵᠦᠶ ᠶᠢᠨ ᠲᠡᠮᠳᠡᠭ ᠤᠨ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ ᠶᠢᠨ ᠰᠢᠰᠲ᠋ᠧᠮᠵᠢ᠂ | ᠪᠠᠷᠢᠮᠵᠢᠶᠠᠵᠢᠭᠤᠯᠤᠯᠲᠠ ᠶᠢᠨ ᠰᠢᠰᠲ᠋ᠧᠮᠵᠢ᠂ ᠶᠠᠰᠤ ᠴᠢᠨᠠᠷ ᠢ ᠪᠠᠲᠤᠯᠠᠬᠤ ᠰᠢᠰᠲ᠋ᠧᠮᠵᠢ᠂ ᠰᠢᠯᠭᠠᠨ ᠪᠠᠶᠢᠴᠠᠭᠠᠨ ᠬᠡᠮᠵᠢᠬᠦ | ᠰᠢᠰᠲ᠋ᠧᠮᠵᠢ ᠶᠢ ᠪᠠᠶᠢᠭᠤᠯᠵᠤ᠂ ᠦᠢᠯᠡᠳᠭᠦᠨ ᠤ ᠶᠠᠰᠤ ᠴᠢᠨᠠᠷ ᠤᠨ ᠣᠨᠴᠠᠯᠢᠭ ᠢ ᠪᠠᠲᠤᠯᠠᠨ᠂ ᠠᠵᠤ ᠦᠢᠯᠡᠰ ᠤᠨ | ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠵᠤ᠂ ᠭᠠᠵᠠᠷ ᠵᠦᠶ ᠶᠢᠨ ᠲᠡᠮᠳᠡᠭ ᠢᠶᠠᠷ ᠲᠠᠷᠢᠶᠠᠴᠢᠳ ᠢ ᠪᠠᠶᠠᠵᠢᠭᠤᠯᠬᠤ᠂ | ᠲᠠᠷᠢᠶᠠᠯᠠᠩ ᠢ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ | ︵ᠭᠤᠷᠪᠠ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2025 ᠣᠨ ᠤ 2 ᠳ᠋ᠤᠭᠠᠷ ᠰᠠᠷ᠎ᠠ — | 2025 ᠣᠨ ᠤ 3 ᠳ᠋ᠤᠭᠠᠷ ᠰᠠᠷ᠎ᠠ︶ | ᠭᠠᠵᠠᠷ ᠵᠦᠶ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠦᠨᠡᠯᠡᠨ ᠵᠢᠱᠢᠵᠦ᠂ ᠬᠠᠮᠢᠶ᠎ᠠ ᠪᠥᠬᠦᠶ ᠲᠤᠷᠰᠢᠯᠭ᠎ᠠ ᠶᠢ ᠳ᠋ᠦᠩᠨᠡᠨ᠂ | ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠠᠵᠢᠯᠯᠠᠭ᠎ᠠ ᠶᠢᠨ ᠣᠯᠤᠭᠰᠠᠨ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠤᠬᠠᠭᠤᠯᠤᠨ ᠮᠡᠳᠡᠭᠡᠯᠡᠨ᠎ᠡ᠃ | ᠵᠢᠷᠭᠤᠭ᠎ᠠ᠂ ᠬᠠᠮᠢᠶ᠎ᠠ ᠪᠥᠬᠦᠶ ᠱᠠᠭᠠᠷᠳᠠᠯᠭ᠎ᠠ | 1. ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ | ᠭᠠᠵᠠᠷ ᠵᠦᠶ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠠᠵᠢᠯᠯᠠᠭ᠎ᠠ ᠥᠷᠨᠢᠭᠦᠯᠬᠦ ᠪᠣᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠡᠰᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠪᠦᠲᠦᠮᠵᠢᠲᠡᠢ ᠠᠷᠭ᠎ᠠ ᠵᠠᠮ ᠮᠥᠨ᠂ ᠠᠵᠤ ᠦᠢᠯᠡᠰ ᠤᠨ | ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠ ᠠᠷᠭ᠎ᠠ ᠶᠢᠨ ᠦᠨᠳᠦᠷᠴᠡ ᠠᠴᠠ | ᠲᠠᠨᠢᠵᠤ᠂ ᠠᠷᠭ᠎ᠠ ᠪᠦᠬᠦᠨ ᠢ ᠰᠦᠪᠡᠭᠴᠢᠯᠡᠨ ᠰᠠᠶᠢᠲᠤᠷ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ | ᠭᠠᠷᠭᠠᠬᠤ ᠬᠡᠷᠡᠭᠲᠡᠢ᠃ | 2.ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ᠬᠢᠩᠭᠠᠨ ᠠᠶᠢᠮᠠᠭ ᠤᠨ ᠭᠠᠵᠠᠷ ᠵᠦᠢ ᠶᠢᠨ ᠪᠡᠯᠭᠡ ᠳᠡᠮᠳᠡᠭ ᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠦ᠂ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠣᠭᠢᠷᠠᠭᠤᠯᠤᠨ᠂ ᠵᠣᠬᠢᠴᠠᠭᠤᠯᠤᠨ ᠳᠣᠭᠢᠷᠠᠭᠤᠯᠬᠤ ᠶᠢ | ᠬᠠᠷᠢᠭᠤᠴᠠᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠬᠠᠮᠲᠤᠪᠠᠷ ᠭᠥᠷᠳᠡᠬᠦ ᠶᠢ ᠴᠢᠩᠭᠠᠳᠬᠠᠨ᠂ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ ᠲᠣᠭᠲᠠᠭᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠬᠠᠷᠠᠯᠲᠠ | ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | 3. ᠢᠳᠡᠪᠬᠢᠲᠡᠶ ᠪᠠᠷ ᠤᠬᠠᠭᠤᠯᠵᠤ ᠬᠥᠲᠥᠯᠦᠨ ᠵᠢᠯᠤᠭᠤᠳᠬᠤ ᠬᠡᠷᠡᠭᠲᠡᠢ | ᠭᠠᠵᠠᠷ ᠵᠦᠢ ᠶᠢᠨ ᠪᠡᠯᠭᠡ ᠳᠡᠮᠳᠡᠭ ᠢ ᠥᠷᠭᠡᠨ ᠢᠶᠠᠷ ᠤᠬᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ᠲᠤᠮᠳᠠ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ | ᠲᠤᠷᠰᠢᠯᠭ᠎ᠠ ᠠᠷᠭ᠎ᠠ ᠬᠢᠳᠡᠯ ᠪᠣᠯᠤᠨ ᠳᠤᠪᠤᠶᠢᠮ᠎ᠠ ᠦᠷ᠎ᠡ ᠪᠦᠲᠦᠮᠵᠢ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠠᠬᠠᠭᠤᠯᠵᠦ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠳᠠᠰᠤᠷᠠᠯᠳᠠ ᠦᠬᠡᠢ ᠨᠢᠭᠲᠠᠷᠠᠭᠤᠯᠵᠤ᠂ ᠡᠯ᠎ᠡ ᠲᠠᠯ᠎ᠠ ᠶᠢᠨ | ᠳᠡᠮᠵᠢᠯᠭᠡ ᠶᠢ ᠤᠯᠬᠤ ᠪᠠᠷ ᠴᠢᠷᠮᠠᠶᠢᠵᠤ᠂ ᠭᠠᠵᠠᠷ ᠵᠦᠢ ᠶᠢᠨ ᠪᠡᠯᠭᠡ ᠳᠡᠮᠳᠡᠭ ᠢᠶᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ ᠰᠠᠶᠢᠨ ᠰᠠᠶᠢᠬᠠᠨ | ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ |