ᠵᠠᠩ ᠰᠢᠶᠤᠤ ᠪᠢᠩ᠄ ︽ᠳᠥᠷᠪᠡ ᠶᠢ ᠤᠶᠠᠯᠳᠤᠭᠤᠯᠬᠤ︾ ᠶᠢ ᠰᠠᠶᠢᠲᠤᠷ ᠬᠢᠵᠦ  ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2022/7/26
                    ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ                                        ᠵᠠᠩ ᠰᠢᠶᠤᠤ ᠪᠢᠩ    ᠥᠪᠡᠷᠲᠡᠭᠡᠨ ᠵᠠᠰᠠᠬᠤ ᠣᠷᠣᠨ ᠠᠴᠠ ︽ᠺᠠᠳ᠋ᠷᠴᠤᠳ ᠤᠨ ᠬᠠᠷᠢᠭᠤᠴᠠᠯᠭ᠎ᠠ  ᠡᠭᠦᠷᠭᠡᠯᠡᠯ ᠢ ᠵᠣᠷᠢᠭᠵᠢᠭᠤᠯᠬᠤ ᠲᠤᠬᠠᠶ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ︾ ᠶᠢ ᠲᠣᠭᠲᠠᠭᠠᠨ ᠨᠡᠶᠢᠳᠡᠯᠡᠭᠰᠡᠨ ᠨᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ  ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠪᠥᠷ ᠮᠣᠩᠭᠤᠯ ᠤᠨ ᠲᠦᠷᠢ ᠲᠥᠷᠬᠦ ᠶᠢ ᠪᠤᠢ ᠪᠣᠯᠭᠠᠬᠤ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠴᠢᠬᠤᠯᠠ ᠶᠡᠭᠡ ᠠᠷᠭ᠎ᠠ  ᠬᠡᠮᠵᠢᠶ᠎ᠡ ᠪᠠᠶᠢᠵᠤ᠂ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ  ᠡᠭᠦᠷᠭᠡᠯᠡᠯ ᠢ ᠵᠣᠷᠢᠭᠵᠢᠭᠤᠯᠵᠤ᠂ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠢᠩᠭᠠᠨ ᠠᠶᠢᠮᠠᠭ ᠤᠨ ᠬᠢᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ︽ᠲᠦᠷᠪᠡ ᠶᠢ ᠤᠶᠠᠯᠳᠤᠭᠤᠯᠬᠤ︾ ᠶᠢ ᠪᠠᠷᠢᠮᠲᠠᠯᠠᠬᠤ ᠳᠡᠭᠡᠷ᠎ᠡ ᠬᠦᠴᠦ ᠲᠠᠯᠪᠢᠵᠤ᠂ ᠴᠢᠨᠠᠭᠰᠢᠳᠠ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠴᠠᠭ ᠦᠶ᠎ᠡ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ  ᠴᠢᠷᠮᠠᠶᠢᠬᠤ ᠭᠡᠷᠡᠭᠲᠡᠢ᠃    ᠨᠢᠭᠡ ᠳᠤ ᠬᠡᠷᠡᠭ ᠢ ᠪᠠᠶᠢᠴᠠᠭᠠᠬᠤ ᠪᠠ ᠬᠥᠮᠦᠨ ᠢ ᠲᠠᠨᠢᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠡᠩ ᠤᠨ ᠦᠶ᠎ᠡ ᠶᠢᠨ ᠬᠢᠨᠠᠨ ᠰᠢᠯᠭᠠᠯᠲᠠ ᠪᠠ ᠣᠨ ᠤ ᠬᠢᠨᠠᠨ ᠰᠢᠯᠭᠠᠯᠲᠠ ᠶᠢᠨ ᠬᠠᠷᠢᠯᠴᠠᠨ ᠤᠶᠠᠯᠳᠤᠬᠤ ᠶᠢ ︽ᠳᠡᠪᠰᠢᠭᠦᠯᠬᠦ ᠦᠭᠡᠶ ᠲᠣᠮᠢᠯᠠᠨ ᠬᠡᠷᠡᠭᠯᠡᠬᠦ ᠶᠠᠷᠢᠯᠴᠠᠭ᠎ᠠ︾ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ᠂ ᠬᠢᠯᠠᠰ ᠴᠡᠭ᠂ ᠬᠦᠴᠢᠷ ᠠᠰᠠᠭᠤᠳᠠᠯ ᠲᠠᠢ ︽ᠭᠤᠷᠪᠠᠨ ᠨᠠᠷᠢᠨ ᠳᠠᠩᠰᠠ︾ ᠶᠢᠨ ᠠᠵᠢᠯ ᠤᠨ ᠮᠡᠳᠡᠭᠦᠯᠦᠯᠲᠡ ᠶᠢ ᠤᠯᠠᠷᠢᠯ ᠢᠶᠠᠷ ᠥᠷᠨᠢᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠳᠤᠮᠳᠠ ᠺᠠᠳ᠋ᠷ ᠢ ᠰᠢᠨᠵᠢᠯᠡᠨ ᠪᠠᠶᠢᠴᠠᠭᠠᠵᠤ ᠢᠯᠭᠠᠨ ᠲᠠᠨᠢᠬᠤ ᠪᠠᠷ ᠬᠦᠴᠦᠯᠡᠵᠦ᠂ ︽ᠬᠠᠷᠢᠭᠤᠴᠠᠯᠭ᠎ᠠ ᠡᠭᠦᠷᠭᠡᠯᠡᠵᠦ ᠰᠠᠶᠢᠨ ᠺᠠᠳ᠋ᠷ ᠪᠤᠯᠬᠤ︾  ᠰᠢᠯᠭᠠᠷᠠᠭᠤᠯᠤᠯᠳᠠ ᠶᠢ ᠥᠷᠨᠢᠭᠦᠯᠵᠦ᠂ ᠪᠤᠳᠠᠳᠠᠢ ᠠᠵᠢᠯ ᠢ ᠴᠢᠬᠤᠯᠠᠴᠢᠯᠠᠬᠤ᠂ ᠪᠣᠳᠠᠲᠠᠢ ᠠᠮᠵᠢᠯᠲᠠ ᠶᠢ ᠴᠢᠬᠤᠯᠠᠴᠢᠯᠠᠬᠤ᠂ ᠬᠦᠨᠳᠦ ᠡᠭᠦᠷᠭᠡ ᠶᠢ ᠡᠭᠦᠷᠭᠡᠯᠡᠬᠦ ᠤᠳᠤᠷᠢᠳᠤᠮᠵᠢ ᠶᠢ ᠨᠡᠩ ᠢᠯᠡ ᠲᠣᠳᠣ ᠪᠤᠢ ᠪᠣᠯᠭᠠᠬᠤ ᠬᠡᠷᠡᠭᠲᠡᠢ    ᠬᠤᠶᠠᠷ ᠲᠤ ᠳᠡᠪᠰᠢᠵᠦ ᠪᠣᠯᠬᠤ ᠪᠠ ᠪᠠᠭᠤᠷᠠᠵᠤ ᠪᠣᠯᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠪᠠᠭᠤᠵᠤ ᠪᠣᠯᠬᠤ ᠶᠢ ᠠᠬᠢᠭᠤᠯᠬᠤ ᠲᠣᠭᠲᠠᠭᠠᠯ ᠤᠳ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠠᠮᠵᠢᠯᠲᠠ ᠶᠢ ᠨᠢ ᠰᠢᠯᠭᠠᠵᠤ ᠶᠠᠳᠠᠭᠤ ᠶᠢ ᠵᠠᠰᠠᠵᠤ ᠬᠠᠷᠢᠭᠤᠴᠠᠯᠭ᠎ᠠ ᠶᠢ ᠨᠢ ᠴᠢᠩᠭᠠᠳᠬᠠᠬᠤ ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠯᠦᠭᠡ ᠬᠤᠯᠪᠣᠭᠳᠠᠭᠤᠯᠵᠤ᠂ ᠵᠣᠷᠢᠭᠲᠠᠢ ᠪᠠᠷ ᠬᠠᠷᠢᠭᠤᠴᠠᠬᠤ᠂ ᠴᠢᠳᠠᠮᠠᠭᠠᠢ ᠪᠠᠷ ᠠᠵᠢᠯᠯᠠᠬᠤ᠂ ᠪᠣᠳᠠᠲᠤ ᠠᠮᠵᠢᠯᠲᠠ ᠪᠠᠷ ᠲᠤᠪᠤᠶᠢᠮ᠎ᠠ ᠺᠠᠳ᠋ᠷ ᠢ ᠲᠠᠪᠴᠠᠩ ᠲᠠᠢ ᠪᠣᠯᠭᠠᠵᠤ᠂ ᠬᠥᠬᠢᠭᠦᠯᠦᠨ ᠱᠠᠩᠨᠠᠵᠤ᠂ ᠠᠵᠢᠯ ᠶᠠᠪᠤᠳᠠᠯ ᠢ ᠡᠭᠦᠷᠭᠡᠯᠡᠬᠦ ᠵᠣᠷᠢᠭ ᠦᠭᠡᠢ᠂ ᠠᠵᠢᠯ ᠶᠠᠪᠤᠳᠠᠯ ᠬᠢᠬᠦ ᠳᠤᠷ᠎ᠠ ᠦᠭᠡᠢ᠂ ᠠᠵᠢᠯ ᠶᠠᠪᠤᠳᠠᠯ ᠬᠢᠵᠦ ᠳᠡᠶᠢᠯᠬᠦ ᠦᠭᠡᠢ ᠺᠠᠳ᠋ᠷ ᠢ ᠪᠠᠶᠢᠷᠢ ᠰᠠᠭᠤᠷᠢ ᠶᠢ ᠨᠢ ᠠᠯᠳᠠᠭᠤᠯᠵᠤ᠂ ᠵᠠᠬ᠎ᠠ ᠳᠡᠯᠭᠡᠭᠦᠷ ᠦᠭᠡᠢ ᠪᠣᠯᠭᠠᠵᠤ᠂ ᠮᠠᠭᠤ ᠶᠢ ᠮᠠᠭᠤᠰᠢᠶᠠᠵᠤ ᠰᠠᠶᠢᠨ ᠢ ᠨᠢ ᠰᠠᠶᠢᠰᠢᠶᠠᠬᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃    ᠭᠤᠷᠪᠠ ᠳᠤ ᠴᠢᠩᠭ᠎ᠠ ᠬᠠᠮᠢᠶᠠᠷᠬᠤ ᠪᠠ ᠵᠤᠵᠠᠭᠠᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠺᠠᠳ᠋ᠷᠴᠤᠳ ᠤᠨ ᠦᠬᠡᠨᠴᠡ ᠳᠤᠷᠤᠢ ᠵᠠᠰᠠᠭ ᠶᠠᠪᠤᠭᠤᠯᠬᠤ᠂ ᠵᠠᠯᠬᠠᠭᠤᠷᠠᠨ ᠵᠠᠰᠠᠭ ᠶᠠᠪᠤᠭᠤᠯᠬᠤ᠂ ᠬᠤᠶᠢᠷᠭᠤᠰᠢᠨ ᠵᠠᠰᠠᠭ ᠶᠠᠪᠤᠭᠤᠯᠬᠤ ᠶᠢ ᠪᠦᠲᠦᠮᠵᠢᠲᠡᠶ ᠪᠠᠷ ᠬᠤᠷᠢᠭᠯᠠᠨ ᠰᠡᠷᠭᠡᠶᠢᠯᠡᠨ᠎ᠡ᠃ ᠡᠭᠦᠨ ᠤ ᠬᠠᠮᠲᠤ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠺᠠᠳ᠋ᠷᠴᠤᠳ ᠢ ᠬᠠᠯᠠᠮᠵᠢᠯᠠᠨ ᠬᠠᠶᠢᠷᠠᠯᠠᠵᠤ᠂ ᠲᠤᠰᠢᠶᠠᠯ ᠪᠠ ᠲᠤᠰᠢᠶᠠᠯ ᠤᠨ ᠲᠡᠰ ᠢ ᠵᠡᠷᠭᠡᠴᠡᠭᠦᠯᠬᠦ᠂ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠺᠠᠳ᠋ᠷᠴᠤᠳ ᠢ ᠬᠠᠪᠰᠤᠷᠤᠨ ᠠᠵᠢᠯ ᠠᠮᠢᠳᠤᠷᠠᠯ ᠤᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠲᠡᠳᠡᠨ ᠢ ᠰᠠᠨᠠᠭ᠎ᠠ ᠠᠮᠤᠷ ᠠᠵᠢᠯ ᠦᠢᠯᠡᠰ ᠲᠡᠭᠡᠨ ᠰᠠᠭᠤᠵᠤ᠂ ᠨᠡᠩ ᠰᠠᠶᠢᠨ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠤᠪᠢ ᠨᠡᠮᠡᠷᠢ ᠦᠵᠡᠭᠦᠯᠬᠦ ᠪᠣᠯᠭᠠᠬᠤ ᠬᠡᠷᠡᠭᠲᠡᠢ᠃    ᠲᠦᠷᠪᠡ ᠳᠤ ᠳᠠᠷᠤᠭᠠᠰᠤ ᠶᠢ ᠬᠥᠩᠭᠡᠯᠡᠬᠦ ᠪᠠ ᠴᠢᠳᠠᠪᠤᠷᠢ ᠣᠯᠭᠤᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠬᠢᠩᠭᠠᠨ ᠠᠶᠢᠮᠠᠭ ᠤᠨ ᠲᠣᠭᠲᠠᠭᠠᠵᠤ ᠨᠡᠶᠢᠲᠡᠯᠡᠭᠰᠡᠨ ᠬᠡᠯᠪᠡᠷᠢᠴᠢ ᠦᠵᠡᠯ ᠤᠨ ᠲᠣᠪᠤᠶᠢᠮ᠎ᠠ ᠠᠰᠠᠭᠤᠳᠠᠯ ᠢ  ᠰᠢᠢᠳᠪᠦᠷᠢᠯᠡᠬᠦ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠰᠦᠨ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠺᠠᠳ᠋ᠷᠴᠤᠳ ᠢ ᠬᠡᠷᠡᠭ ᠥᠬᠡᠶ ᠬᠡᠷᠡᠭ ᠶᠠᠪᠤᠳᠠᠯ ᠠᠴᠠ ᠰᠠᠯᠭᠠᠵᠤ᠂ ᠨᠠᠩ ᠣᠯᠠᠨ ᠴᠠᠭ ᠪᠠ ᠣᠶᠤᠨ ᠴᠢᠳᠠᠯ ᠢᠶᠠᠨ ᠭᠠᠷᠭᠠᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠤᠯᠤᠰ ᠲᠦᠷᠦ ᠶᠢᠨ ᠬᠡᠪ ᠪᠣᠯᠪᠠᠰᠤᠷᠠᠯ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢᠨ ︽ᠬᠤᠶᠠᠷ ᠢ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠭᠤᠣᠯᠯᠠᠭᠴᠢ ᠡᠩᠨᠡᠭᠡ ᠶᠢᠨ ︽ᠶᠡᠬᠡᠪᠡᠷ ᠪᠣᠯᠪᠠᠰᠤᠷᠠᠭᠤᠯᠬᠤ᠂ ᠶᠡᠬᠡᠪᠡᠷ ᠳᠡᠭᠡᠭᠰᠢᠯᠡᠭᠦᠯᠬᠦ᠂ ᠶᠡᠬᠡᠪᠡᠷ ᠬᠤᠪᠢᠷᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ᠂ ᠭᠦᠳᠬᠡᠨ ᠬᠤᠣᠷᠯᠠᠭᠳᠠᠭᠰᠠᠨ ᠺᠠᠳ᠋ᠷ ᠤᠨ ᠨᠡᠷ᠎ᠡ ᠶᠢ ᠴᠠᠭ ᠲᠤᠬᠠᠢ ᠳᠤᠨᠢ ᠲᠣᠳᠣᠷᠬᠠᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠭᠰᠠᠨ ᠺᠠᠳ᠋ᠷ ᠤᠨ ᠡᠷᠴᠢ ᠵᠣᠷᠢᠭ ᠢ ᠭᠦᠢᠴᠡᠳ ᠪᠠᠳᠠᠷᠠᠭᠤᠯᠤᠨ ᠠᠵᠢᠯᠯᠠᠵᠤ᠂ ᠰᠡᠳᠬᠢᠯ ᠰᠠᠨᠠᠭ᠎ᠠ ᠶᠢ ᠠᠭᠤᠵᠢᠷᠠᠭᠤᠯᠤᠨ ᠠᠮᠢᠳᠤᠷᠠᠭᠤᠯᠬᠤ ᠬᠡᠷᠡᠭᠲᠡᠢ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号