ᠤᠯᠠᠭᠠᠨᠬᠤᠲᠠ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/27
    7 ᠰᠠᠷ᠎ᠠ ᠶᠢᠨ 15 ᠤ ᠡᠳᠦᠷ᠂ ᠤᠯᠠᠭᠠᠨᠬᠤᠲᠠ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠢᠩ ᠪᠥᠸᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠦ ᠭᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃
   ᠬᠤᠷᠠᠯ ᠠᠴᠠ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠣᠯ ᠳᠡᠭᠡᠷ᠎ᠡ ᠠᠴᠠ ᠳᠣᠷᠣᠭᠰᠢ᠂ ᠱᠠᠳᠤ ᠱᠠᠳᠤ ᠪᠠᠷ ᠠᠬᠢᠭᠤᠯᠤᠨ ᠨᠠᠶᠢᠳᠠᠪᠤᠷᠢᠵᠢᠭᠤᠯᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠤᠯᠤᠰ ᠤᠨ ᠦᠵᠦ ᠲᠥᠯᠥᠪᠯᠡᠭᠡ ᠶᠢᠨ ᠳᠠᠪᠬᠤᠷᠭ᠎ᠠ ᠠᠴᠠ ᠡᠯ᠎ᠡ ᠪᠠᠯᠭᠠᠰᠤ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ︽ᠦᠵᠦᠭᠦᠷ︾ ᠬᠦᠷᠲᠡᠯ᠎ᠡ ᠠᠬᠢᠭᠤᠯᠬᠤ ᠡᠭᠦᠷᠭᠡ ᠪᠣᠯᠤᠨ᠎ᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠬᠠᠷᠠᠯᠲᠠ ᠶᠢᠨ ᠡᠭᠦᠷᠭᠡ ᠪᠠᠨ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠴᠢᠩᠭᠠᠳᠬᠠᠵᠤ ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃
   ᠬᠤᠷᠠᠯ ᠳᠡᠭᠡᠷ᠎ᠡ᠂ ᠤᠯᠠᠭᠠᠨᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠡᠷᠡᠭᠵᠢᠭᠦᠯᠬᠦ ᠲᠥᠰᠦᠯ︾ ︵ᠬᠢᠨᠠᠨ ᠵᠥᠪᠯᠡᠬᠦ ᠨᠣᠤᠷᠠᠭ︶ ᠳᠤ ᠲᠠᠶᠢᠯᠤᠮᠵᠢ ᠬᠢᠪᠠ᠃ ᠬᠤᠷᠠᠯ ᠳᠤ ᠣᠷᠣᠯᠴᠠᠭᠰᠠᠳ ᠪᠠᠰᠠ ᠢᠯᠠᠯᠲᠠ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢᠶᠠᠷ ᠬᠦᠷᠴᠦ ᠲᠣᠭᠤᠷᠢᠨ ᠦᠵᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠴᠣᠩᠬᠤᠪᠴᠢ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃      
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号