ᠷᠠᠰᠢᠶᠠᠨ ᠬᠤᠳᠠ ᠶᠢᠨ ᠳᠠᠷᠤᠭ᠎ᠠ ᠭᠤᠤᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠵᠦ ᠨᠥᠭᠡᠴᠡᠯᠡᠬᠦ ᠬᠤᠷᠠᠯ ᠢ ᠡᠷᠭᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2022/7/27
    7 ᠰᠠᠷ᠎ᠠ ᠶᠢᠨ 23 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠷᠠᠰᠢᠶᠠᠨ ᠬᠤᠲᠠ ᠶᠢᠨ 2022 ᠣᠨ ᠤ ᠳᠣᠤᠷ᠎ᠠ ᠬᠠᠭᠠᠰ ᠵᠢᠯ ᠵᠢᠴᠢ ᠢᠷᠡᠬᠦ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠬᠤᠷᠠᠯ ᠢ ᠡᠷᠭᠢᠯᠡᠨ ᠬᠤᠷᠠᠯᠳᠤᠭᠤᠯᠪᠠ᠃ ᠡᠨᠡ ᠵᠢᠯ ᠤᠨ ᠳᠣᠣᠷ᠎ᠠ ᠬᠠᠭᠠᠰ ᠵᠢᠯ ᠳᠤ ᠬᠡᠷᠡᠭᠵᠢᠭᠦᠯᠬᠦ ᠭᠤᠣᠯᠳᠠᠯᠭ᠎ᠠ ᠲᠠᠢ ᠲᠦᠷᠦᠯ ᠵᠦᠢᠯ ᠪᠠ ᠢᠷᠡᠬᠦ ᠵᠢᠯ ᠤᠨ ᠲᠥᠯᠥᠪᠵᠢᠭᠦᠯᠬᠦ ᠵᠦᠢᠯᠡᠰ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠨᠡ ᠵᠢᠯ ᠤᠨ ᠳᠣᠣᠷ᠎ᠠ ᠬᠠᠭᠠᠰ ᠵᠢᠯ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠵᠢᠭᠰᠠᠭᠠᠨ ᠪᠠᠶᠢᠷᠢᠯᠠᠭᠤᠯᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠡᠭᠦᠯᠳᠡᠷᠵᠢᠭᠦᠯᠵᠦ᠂ ᠪᠦᠳᠦᠬᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠵᠢᠯ ᠤᠨ ᠡᠴᠦᠰ ᠠᠴᠠ ᠡᠮᠦᠨ᠎ᠡ ᠪᠦᠳᠦᠬᠡᠨ ᠪᠠᠶᠢᠭᠤᠯᠤᠯᠲᠠ ᠶᠢ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ ᠢᠷᠡᠬᠦ ᠵᠢᠯ ᠤᠨ ᠲᠥᠷᠥᠯ ᠵᠦᠢᠯ ᠢ ᠲᠥᠯᠥᠪᠯᠡᠬᠦ ᠳᠡᠭᠡᠨ ᠭᠦᠨᠴᠡ ᠪᠠ ᠨᠠᠷᠢᠯᠢᠭ ᠤᠨ ᠲᠠᠯ᠎ᠠ ᠪᠠᠷ ᠬᠦᠴᠦᠯᠡᠵᠦ᠂ ᠮᠠᠨ ᠤ ᠬᠤᠲᠠ ᠶᠢᠨ ᠬᠥᠭᠵᠢᠯᠲᠡ ᠶᠢᠨ ᠪᠣᠳᠠᠲᠤ ᠬᠡᠷᠡᠭᠴᠡᠭᠡ ᠳᠤ ᠨᠡᠶᠢᠴᠡᠭᠦᠯᠵᠦ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢᠨ ᠬᠡᠪᠴᠢᠶᠡᠨ ᠳᠤ ᠨᠡᠶᠢᠴᠡᠭᠦᠯᠵᠦ᠂ ᠡᠮᠦᠨᠡᠬᠢ ᠬᠤᠭᠤᠴᠠᠭᠠᠨ ᠤ ᠭᠠᠷ ᠭᠦᠢᠴᠡᠳᠭᠡᠯ ᠢ ᠪᠦᠷᠢᠨ ᠭᠦᠢᠴᠡᠳ ᠪᠣᠯᠭᠠᠵᠤ᠂ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠳᠤ ᠣᠷᠣᠭᠤᠯᠬᠤ ᠨᠣᠷᠮ᠎ᠠ ᠪᠠ ᠬᠢᠷᠢ ᠲᠡᠩᠴᠡᠭᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠠᠮᠲᠤᠷᠠᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠤ᠂ ᠪᠦᠬᠦ ᠬᠤᠳᠠ ᠶᠢᠨ ᠲᠦᠷᠦᠯ ᠵᠦᠢᠯ ᠢ ᠲᠥᠯᠥᠪᠵᠢᠭᠦᠯᠬᠦ᠂ ᠨᠥᠭᠡᠴᠡᠯᠡᠬᠦ ᠪᠠ ᠬᠡᠷᠡᠭᠵᠢᠭᠦᠯᠬᠦ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠣᠳᠣᠬᠠᠨ ᠳᠤ ᠨᠢᠭᠡᠨᠲᠡ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ᠂ ᠷᠠᠰᠢᠶᠠᠨ ᠤ ᠪᠠᠷᠢᠯᠭ᠎ᠠ ᠶᠢᠨ ᠬᠤᠭᠤᠴᠠᠭ᠎ᠠ ᠣᠬᠤᠷ ᠠᠴᠠ ᠪᠣᠯᠤᠭᠰᠠᠨ ᠨᠥᠯᠥᠭᠡ ᠶᠢ ᠪᠠᠭᠠᠰᠬᠠᠬᠤ ᠬᠡᠷᠡᠭᠲᠡᠶ ᠭᠡᠵᠦ ᠴᠢᠬᠤᠯᠠᠴᠢᠯᠠᠪᠠ᠃      
 
ᠢᠷᠡᠯᠲᠡ᠄ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号