ᠲᠦᠴᠢᠦᠸᠠᠨ ᠰᠢᠶᠠᠨ ᠤ 2022 ᠣᠨ ᠤ ᠨᠠᠢᠮᠠᠳᠤᠭᠠᠷ ᠤᠳᠠᠭ᠎ᠠ ᠶᠢᠨ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/27
    7 ᠰᠠᠷ᠎ᠠ ᠶᠢᠨ 25 ᠤ ᠡᠳᠦᠷ᠂ ᠲᠦᠴᠢᠦᠸᠠᠨ ᠰᠢᠶᠠᠨ ᠤ 2022 ᠣᠨ ᠤ ᠨᠠᠢᠮᠠᠳᠤᠭᠠᠷ ᠤᠳᠠᠭ᠎ᠠ ᠶᠢᠨ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠱᠤᠸᠠᠩ ᠴᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠣᠶᠢᠷ᠎ᠠ ᠶᠢᠨ ᠬᠤᠭᠤᠴᠠᠭᠠᠨ ᠤ ᠰᠢᠷᠢᠰ ᠶᠠᠷᠢᠶᠠᠨ ᠤ ᠵᠣᠷᠢᠭ ᠰᠠᠨᠠᠭ᠎ᠠ᠂ ᠪᠦᠬᠦ ᠠᠶᠢᠮᠠᠭ ᠤᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠬᠤᠶᠠᠳᠤᠭᠠᠷ ᠤᠯᠠᠷᠢᠯ ᠤᠨ ︽ᠭᠤᠷᠪᠠᠨ ᠳᠡᠪᠲᠡᠷ ᠨᠠᠷᠢᠨ ᠳᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠦᠨᠡᠯᠡᠯᠲᠡ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠺᠠᠳ᠋ᠷ ᠢ ᠵᠣᠷᠢᠭᠵᠢᠭᠤᠯᠤᠨ ᠬᠠᠷᠢᠭᠤᠴᠠᠯᠭ᠎ᠠ ᠡᠭᠦᠷᠭᠡᠯᠡᠭᠦᠯᠦᠨ ᠵᠢᠳᠬᠦᠯ ᠴᠢᠷᠮᠠᠶᠢᠯᠭ᠎ᠠ ᠭᠠᠷᠭᠠᠬᠤ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠲᠦᠷᠦᠯ ᠵᠦᠢᠯ ᠢ ᠲᠥᠯᠥᠪᠵᠢᠭᠦᠯᠦᠨ ᠨᠥᠭᠡᠴᠡᠯᠡᠬᠦ᠂ ᠨᠡᠭᠡᠭᠡᠨ ᠬᠥᠭᠵᠢᠭᠦᠯᠬᠦ ᠣᠷᠣᠨ ᠤ ᠬᠠᠮᠢᠶᠠᠷᠤᠯᠲᠠ᠂ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠡᠯᠭᠦᠬᠦ᠂ ᠬᠤᠳᠠ ᠶᠢᠨ ᠪᠦᠲᠦᠭᠡᠨ ᠪᠠᠶᠢᠭᠤᠯᠤᠯᠲᠠ᠂ ᠤᠢ ᠰᠢᠭᠤᠢ ᠡᠪᠡᠰᠦ ᠪᠡᠯᠴᠢᠭᠡᠷ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ ᠱᠠᠭᠠᠷᠳᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠶᠠᠷ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠪᠠᠶᠢᠩᠭᠤ ᠶᠢᠨ ᠬᠢᠨᠠᠨ ᠬᠡᠮᠵᠢᠯᠲᠡ ᠪᠠ ᠤᠨᠢᠨ ᠳᠡᠭᠡᠷ᠎ᠡ  ᠨᠢ ᠬᠠᠪᠰᠤᠷᠤᠨ ᠲᠡᠳᠬᠦᠬᠦ ᠶᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠳᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ︽ᠲᠠᠪᠤᠨ ᠶᠡᠭᠡ ᠬᠥᠭᠵᠢᠯ ᠮᠠᠨᠳᠤᠯ︾᠂ ᠢᠯᠠᠩᠭᠤᠶ᠎ᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠰᠡᠭᠦᠯᠴᠢ ᠶᠢᠨ ᠦᠨᠡᠯᠡᠨ ᠵᠢᠱᠢᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠢᠶᠠᠩ ᠪᠠᠯᠭᠠᠰᠤ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠡᠭᠦᠯᠴᠢ ᠶᠢᠨ ᠦᠨᠡᠯᠡᠨ ᠵᠢᠱᠢᠬᠦ ᠠᠵᠢᠯ ᠤᠨ ᠪᠣᠳᠠᠲᠤ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠢᠷᠡᠬᠦ ᠵᠢᠯ ᠤᠨ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠪᠦᠬᠦ ᠬᠦᠴᠦᠨ ᠢᠶᠠᠷ ᠢᠶᠠᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠵᠤᠭᠠᠴᠠᠯ ᠤᠨ ᠦᠢᠯᠡᠰ ᠢᠶᠠᠷ ᠭᠤᠣᠯ ᠪᠣᠯᠭᠠᠭᠰᠠᠨ ᠭᠤᠷᠪᠠᠳᠤᠭᠠᠷ ᠠᠵᠤ ᠦᠢᠯᠡᠰ ᠤᠨ ᠬᠡᠷᠡᠭᠯᠡᠭᠡᠨ ᠤ ᠰᠡᠷᠭᠦᠭᠡᠯᠲᠡ ᠶᠢ ᠲᠦᠷᠭᠡᠳᠬᠡᠨ ᠠᠬᠢᠭᠤᠯᠵᠤ᠂ ᠴᠢᠨᠠᠭᠰᠢᠳᠠ ᠨᠠᠷᠢᠯᠢᠭᠵᠢᠭᠤᠯᠤᠨ ᠪᠠᠶᠢᠷᠢᠯᠠᠭᠤᠯᠵᠤ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠡᠭᠦᠨ ᠤ ᠬᠠᠮᠲᠤ ᠮᠢᠩ ᠰᠢᠩ᠂ ᠪᠦᠦ ᠱᠢ ᠬᠦᠳᠡᠭᠡ ᠨᠣᠳᠤᠭ ᠤᠨ ᠶᠡᠷᠦᠩᠬᠡᠶᠢᠯᠡᠭᠰᠡᠨ ᠴᠣᠭᠴᠠ ᠵᠡᠷᠭᠡ ᠪᠦᠬᠦ ᠣᠷᠣᠨ ᠪᠦᠰᠡ ᠶᠢᠨ ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠠᠵᠤ ᠦᠢᠯᠡᠰ ᠢ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠭᠠᠨ᠎ᠠ᠃ ᠭᠠᠵᠠᠷ ᠰᠢᠷᠣᠢ ᠶᠢ ᠠᠷᠪᠢᠲᠠᠢ ᠡᠷᠴᠢᠮᠯᠢᠭ᠂ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠠᠵᠢᠯ ᠢ ᠰᠠᠶᠢᠲᠤᠷ ᠬᠢᠵᠦ᠂ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠨᠡᠭᠡᠭᠡᠨ ᠠᠰᠢᠭᠯᠠᠬᠤ ᠪᠠ ᠣᠲᠣ ᠶᠢᠨ ᠪᠠᠶᠢᠭ᠎ᠠ ᠰᠤᠯᠠ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠢ ᠠᠰᠢᠭᠯᠠᠬᠤ ᠲᠥᠰᠥᠯ ᠢ ᠲᠣᠭᠲᠠᠭᠠᠵᠤ ᠂ ︽ᠨᠢᠭᠡ ᠪᠦᠯᠦᠭ ᠢ ᠨᠢ ᠲᠡᠳᠬᠦᠨ ᠠᠮᠢᠳᠤᠯᠢᠭ ᠪᠣᠯᠭᠠᠵᠤ᠂ ᠨᠢᠭᠡ ᠪᠦᠯᠦᠭ ᠢ ᠨᠢ ᠬᠤᠳᠠᠯᠳᠤᠭᠠᠴᠢᠨ ᠤᠷᠢᠵᠤ ᠬᠤᠷᠰᠢᠭᠤᠯᠤᠨ᠂ ᠨᠢᠭᠡ ᠪᠦᠯᠦᠭ ᠢ ᠨᠢ ᠬᠠᠤᠯᠢ ᠶᠣᠰᠣᠭᠠᠷ ᠰᠢᠢᠳᠪᠦᠷᠢᠯᠡᠬᠦ︾ ᠵᠠᠷᠴᠢᠮ ᠶᠣᠰᠣᠭᠠᠷ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠬᠠᠮᠤᠭ ᠤᠨ ᠶᠡᠭᠡ ᠴᠢᠷᠮᠠᠶᠢᠯᠭ᠎ᠠ ᠪᠠᠷ ᠪᠡᠶᠡᠯᠡᠭᠦᠯᠬᠦ ᠬᠡᠷᠡᠭᠲᠡᠢ᠃ ᠬᠤᠳᠠ ᠶᠢᠨ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠮ ᠬᠤᠭᠤᠯᠠᠢ ᠶᠢᠨ ᠲᠣᠣᠷ ᠂ ᠴᠡᠴᠡᠷᠯᠢᠭ ᠤᠨ ᠨᠣᠭᠤᠭᠠᠨ ᠭᠠᠵᠠᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠵᠡᠷᠭᠡ ᠬᠤᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠳᠤᠯᠠᠭᠠᠯᠠᠭ᠎ᠠ ᠶᠢᠨ ᠰᠢᠰᠲ᠋ᠧᠮ ᠢ ᠰᠡᠯᠪᠢᠨ ᠵᠠᠰᠠᠵᠤ ᠬᠠᠮᠠᠭᠠᠯᠠᠬᠤ᠂ ᠨᠡᠭᠦᠷᠡᠰᠦ ᠰᠢᠲᠠᠭᠠᠵᠤ ᠨᠥᠭᠡᠴᠡᠯᠡᠬᠦ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠰᠠᠭᠤᠭᠠᠯᠢ ᠠᠷᠠᠳ ᠲᠤ ᠴᠡᠪᠡᠷ ᠲᠡᠭᠰᠢ ᠡᠮᠬᠢ ᠵᠢᠷᠤᠮ ᠲᠠᠢ᠂ ᠲᠠᠭᠠᠯᠠᠮᠵᠢᠲᠠᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠨᠥᠬᠦᠴᠡᠯ ᠢ ᠦᠨᠡᠨ ᠬᠦ ᠪᠤᠢ ᠪᠣᠯᠭᠠᠵᠤ ᠥᠭᠬᠦ ᠬᠡᠷᠡᠭᠲᠡᠢ ᠭᠡᠪᠡ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号