ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2022/7/27
    7 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯ ᠢ ᠡᠷᠬᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠪᠣᠯᠣᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2022 ᠣᠨ ᠤ ᠠᠵᠢᠯ ᠤᠨ ᠭᠤᠣᠯᠳᠠᠯᠭ᠎ᠠ︾ ︽2022 ᠣᠨ ᠤ ᠲᠦᠴᠢᠦᠸᠠᠨ ᠰᠢᠶᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ︾ ︽ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠭᠤᠣᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠪᠥᠬᠦ ᠰᠢᠶᠠᠨ ᠤ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠠᠶᠤᠯᠭᠦᠢ ᠦᠢᠯᠡᠳᠪᠦᠷᠢᠯᠡᠬᠦ ᠵᠡᠷᠭᠡ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠠᠶᠤᠯ ᠦᠭᠡᠢ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠰᠠᠭᠤᠭᠠᠯᠢ ᠠᠷᠠᠳ ᠤᠨ ᠲᠣᠭᠤᠷᠢᠭ᠂ ᠵᠣᠴᠢᠳ ᠤᠨ ᠪᠠᠭᠤᠳᠠᠯ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠠᠯᠪᠠᠯᠠᠬᠤ ᠭᠠᠵᠠᠷ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠦᠶᠡᠷ ᠤᠨ ᠬᠤᠭᠤᠴᠠᠭᠠᠨ ᠤ ᠦᠶᠡᠷ ᠢ ᠰᠡᠷᠭᠡᠶᠢᠯᠡᠵᠦ ᠤᠰᠤᠲᠤᠯ ᠢ ᠰᠡᠷᠭᠡᠶᠢᠯᠡᠬᠦ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠨᠠᠷᠢᠨ ᠨᠢᠮᠪᠠᠢ ᠥᠷᠨᠢᠭᠦᠯᠵᠦ᠂ ᠴᠠᠭ ᠲᠤᠬᠠᠢ ᠳᠤᠨᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠵᠦ᠂ ᠳᠠᠯᠳᠠ ᠬᠡᠮ ᠢ ᠠᠷᠢᠯᠭᠠᠨ᠂ ᠠᠶᠤᠯ ᠦᠭᠡᠢ ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠪᠥᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠳᠡᠭᠡᠳᠦ ᠨᠡᠶᠢᠭᠡᠮ᠂ ᠰᠤᠷᠭᠠᠭᠤᠯᠢ᠂ ᠭᠡᠷ ᠪᠦᠯᠢ ᠵᠡᠷᠭᠡ ᠳᠡᠰ ᠳᠠᠪᠬᠤᠷᠭ᠎ᠠ ᠶᠢᠨ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠠᠳᠬᠤᠵᠤ᠂ ᠣᠨᠴᠠᠭᠠᠢ ᠭᠡᠷ ᠪᠦᠯᠢ ᠶᠢᠨ ᠬᠡᠦᠬᠡᠳ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠳᠬᠠᠵᠤ᠂ ᠬᠠᠪᠰᠤᠷᠤᠨ ᠲᠡᠳᠬᠦᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠡᠯ᠎ᠡ ᠲᠠᠯ᠎ᠠ ᠪᠠ ᠪᠥᠬᠦ ᠶᠠᠪᠤᠴᠠ ᠳᠤ ᠲᠤᠤᠱᠯᠠᠭᠤᠯᠤᠨ᠂ ᠨᠠᠰᠤᠨ ᠳᠤ ᠥᠯᠥ ᠭᠦᠷᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠬᠦᠰᠡᠯᠡᠩ ᠢᠲᠡᠭᠡᠯ ᠵᠣᠷᠢᠭ ᠪᠠ ᠥᠷᠲᠡᠭ ᠤᠨ ᠬᠠᠨᠳᠤᠯᠭ᠎ᠠ ᠲᠠᠢ ᠪᠣᠯᠭᠠᠵᠤ᠂ ᠬᠡᠦᠬᠡᠳ ᠢ ᠰᠠᠶᠢᠨ ᠰᠠᠶᠢᠬᠠᠨ ᠠᠭᠤᠷ ᠠᠮᠢᠰᠬᠤᠯ ᠤᠨ ᠳᠤᠮᠳᠠ ᠠᠮᠢᠳᠤᠷᠠᠭᠤᠯᠤᠨ ᠰᠤᠷᠤᠯᠴᠠᠭᠤᠯᠬᠤ ᠬᠡᠷᠡᠭᠲᠡᠢ᠃   ᠬᠤᠷᠠᠯ ᠠᠴᠠ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠰᠢᠯᠭᠠᠨ ᠦᠨᠡᠯᠡᠬᠦ ᠰᠢᠰᠲ᠋ᠧᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号