7 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2022 ᠣᠨ ᠤ | ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠱᠦᠵᠢ ᠰᠦᠨ ᠱᠤ᠋ ᠲᠤᠸ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ | ᠱᠠᠨ ᠬᠤᠷᠠᠯ ᠳᠤ ᠣᠷᠣᠯᠴᠠᠵᠠᠢ᠃ ᠰᠦᠨ ᠱᠤ᠋ ᠲᠤᠤ ᠬᠤᠷᠠᠯ ᠳᠡᠭᠡᠷ᠎ᠡ ᠬᠡᠯᠡᠬᠦ ᠳᠡᠭᠡᠨ᠄ 2022 ᠣᠨ ᠪᠣᠯ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠵᠠᠩᠭᠢᠯᠠᠭ᠎ᠠ ᠶᠢᠨ ᠵᠢᠯ | ᠪᠣᠯᠣᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠨ ᠶᠡᠷᠦᠩᠬᠡᠶᠢᠯᠡᠨ | ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠤ ᠪᠤᠳᠠᠭ᠎ᠠ | ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠡᠷᠡᠰ ᠪᠠᠲᠤᠯᠠᠵᠤ᠂ ᠠᠯᠠᠰᠢᠨ | ᠦᠬᠡᠷ᠂ ᠰᠠᠭᠠᠯᠢ ᠶᠢᠨ ᠦᠨᠢᠶ᠎ᠡ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ᠂ ᠵᠢᠭᠤᠯᠴᠢᠯᠠᠯ ᠤᠨ ᠦᠢᠯᠡᠰ ᠢ | ᠲᠦᠷᠭᠡᠳᠬᠡᠨ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠲᠣᠰᠬᠤᠨ ᠤ ᠳᠦᠷᠰᠦ | ᠪᠠᠶᠢᠳᠠᠯ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ | ᠦᠭᠡᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠵᠦ | ᠭᠦᠢᠴᠡᠳ ᠬᠡᠷᠡᠭᠯᠡᠵᠦ᠂ ᠪᠥᠬᠦ ᠬᠤᠰᠢᠭᠤᠨ ᠤ ᠲᠠᠷᠢᠶᠠᠯᠠᠩ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠤᠨ | ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠬᠢᠨᠠᠨ ᠰᠢᠯᠭᠠᠵᠤ ᠬᠠᠪᠰᠤᠷᠤᠨ ᠲᠡᠳᠬᠦᠬᠦ᠂ | ᠠᠯᠪᠠᠨ ᠵᠢᠷᠤᠮ ᠤᠨ ᠰᠤᠷᠭᠠᠨ ᠬᠥᠮᠦᠵᠢᠯ᠂ ᠡᠮ ᠡᠮᠨᠡᠯᠭᠡ ᠶᠢᠨ ᠪᠠᠲᠤᠯᠠᠭ᠎ᠠ᠂ ᠣᠷᠣᠨ ᠰᠠᠭᠤᠴᠠ ᠶᠢᠨ ᠠᠮᠤᠷ | ᠲᠦᠪᠰᠢᠨ᠂ ᠤᠰᠤ ᠤᠮᠳᠠ ᠶᠢᠨ ᠠᠮᠤᠷ ᠲᠦᠪᠰᠢᠨ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠵᠡᠷᠭᠡ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠵᠤ ᠶᠠᠳᠠᠭᠤᠷᠠᠬᠤ ᠶᠢᠨ ᠬᠤᠷᠢᠭ᠎ᠠ ᠱᠤᠭᠤᠮ ᠢ ᠡᠷᠡᠰ ᠰᠠᠬᠢᠵᠤ᠂ | ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠶᠢᠨ | ᠬᠠᠭᠤᠳᠠᠰᠤ ᠲᠤᠰᠢᠶᠠᠬᠤ ᠬᠡᠷᠡᠭᠲᠡᠢ᠃ ᠬᠤᠷᠠᠯ ᠠᠴᠠ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︿ | ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ﹀ ᠶᠢᠨ ᠵᠢᠱᠢᠶ᠎ᠡ ᠦᠵᠡᠭᠦᠯᠬᠦ ᠲᠣᠰᠬᠤᠨ᠂ ᠵᠢᠱᠢᠶ᠎ᠡ ᠦᠵᠡᠭᠦᠯᠬᠦ | ᠡᠷᠦᠬᠡ ᠶᠢᠨ ᠫᠠᠶᠢᠰᠠ ᠡᠯᠭᠦᠬᠦ ᠳᠦᠷᠢᠮ ᠤᠨ ᠠᠵᠢᠯ ᠤᠨ ᠲᠥᠰᠥᠯ︾ ︽ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ | ᠬᠡᠷᠡᠭᠵᠢᠭᠦᠯᠬᠦ ᠲᠥᠰᠥᠯ︾ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠢᠨᠵᠢᠯᠡᠪᠡ᠃ ᠪᠦᠬᠦ ᠠᠶᠢᠮᠠᠭ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠠᠵᠢᠯ ᠤᠨ ᠮᠡᠳᠡᠭᠦᠯᠦᠯᠲᠡ ᠵᠢᠴᠢ | ᠲᠤᠬᠠᠢ ᠶᠢᠨ ᠲᠠᠯᠠᠪᠠᠢ ᠶᠢᠨ ᠪᠣᠯᠪᠠᠰᠤᠷᠠᠯ ᠤᠨ ᠬᠤᠷᠠᠯ ᠵᠢᠴᠢ ᠪᠦᠬᠦ ᠠᠶᠢᠮᠠᠭ ᠤᠨ ᠠᠩᠬᠠᠳᠤᠭᠠᠷ ᠬᠤᠭᠤᠴᠠᠭᠠᠨ ᠤ ︽ | ᠳᠦᠷᠪᠡᠨ ᠰᠢᠶᠠᠩ ᠤᠨ ᠢᠨᠵᠧᠨᠧᠷᠢᠩ︾ ᠤᠨ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ᠃ ᠬᠤᠰᠢᠭᠤᠨ ᠤ ᠤᠳᠤᠷᠢᠳᠤᠯᠭ᠎ᠠ ᠯᠢᠦ ᠭᠠᠩ᠂ ᠯᠢᠦ ᠬᠠᠢ ᠲᠤᠸ᠂ ᠵᠠᠩ ᠰᠢᠦᠢ ᠳ᠋ᠦᠩ | ᠬᠤᠷᠠᠯ ᠳᠤ ᠣᠷᠣᠯᠴᠠᠵᠠᠢ᠃ | | |