ᠪᠠᠶᠠᠨᠬᠤᠰᠢᠭᠤ ᠪᠠᠯᠭᠠᠰᠤᠨ ᠤ ᠶᠣᠣ ᠠᠶᠢᠯ ᠭᠠᠴᠠᠭ᠎ᠠ ᠶᠢᠨ ᠭᠤᠸᠠ ᠵᠢᠮᠢᠰ ᠤᠨ ᠠᠩᠬᠢᠯᠤᠮ᠎ᠠ ᠦᠨᠦᠷ ᠬᠠᠩᠬᠤᠯᠤᠭᠰᠠᠨ ᠪᠠᠶᠠᠵᠢᠯ ᠤᠨ ᠵᠠᠮ
ᠨᠡᠶᠢᠲᠡᠯᠡᠭᠰᠡᠨ ᠴᠠᠭ᠄
2022/7/27
   ᠳᠣᠯᠣᠭᠠᠨ ᠰᠠᠷ᠎ᠠ ᠳᠤ ᠡᠯᠪᠡᠭ ᠬᠤᠷᠢᠶᠠᠯᠲᠠ ᠶᠢᠨ ᠪᠠᠶᠠᠷ ᠢ ᠤᠭᠲᠤᠨ ᠠᠪᠴᠢᠷᠠᠭᠠᠳ᠂ ᠭᠤᠸᠠ ᠵᠢᠮᠢᠰ ᠤᠨ ᠠᠩᠬᠢᠯᠤᠮ᠎ᠠ ᠦᠨᠦᠷ ᠬᠠᠩᠬᠤᠯᠬᠤ ᠴᠠᠭ ᠳᠠᠬᠢᠨ ᠬᠦᠷᠴᠦ ᠢᠷᠡᠯ᠎ᠡ᠃ ᠣᠶᠢᠷ᠎ᠠ ᠳᠤ᠂ ᠪᠠᠶᠠᠨᠬᠤᠰᠢᠭᠤ ᠪᠠᠯᠭᠠᠰᠤᠨ ᠤ ᠶᠣᠣ ᠠᠶᠢᠯ ᠭᠠᠴᠠᠭ᠎ᠠ 2022 ᠣᠨ ᠤ ᠬᠤᠶᠠᠳᠤᠭᠠᠷ ᠬᠤᠭᠤᠴᠠᠭᠠᠨ ᠤ ︽ᠶᠣᠣ ᠲᠣᠰᠬᠤᠨ︾ ᠤ ᠠᠮᠲᠠᠲᠤ ᠬᠡᠮᠬᠡ ᠶᠢᠨ ᠪᠠᠶᠠᠷ ᠢ ᠡᠷᠭᠢᠯᠡᠵᠦ᠂ ᠡᠯ᠎ᠡ ᠭᠠᠵᠠᠷ ᠤᠨ ᠣᠯᠠᠨ ᠲᠦᠮᠡᠨ ᠪᠠ ᠬᠡᠷᠡᠭᠯᠡᠭᠴᠢᠳ ᠨᠢᠭᠡ ᠲᠠᠩᠬᠢᠮ ᠳᠤ ᠴᠤᠭᠯᠠᠷᠠᠨ᠂ ᠲᠤᠬᠠᠶ ᠶᠢᠨ ᠲᠠᠯᠠᠪᠤᠷ ᠲᠤ ᠠᠮᠲᠠᠯᠠᠬᠤ᠂ ᠪᠣᠷᠣᠯᠠᠭᠤᠯᠬᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ︽ᠶᠣᠣ ᠲᠣᠰᠬᠤᠨ︾ ᠤ ᠠᠮᠲᠠᠲᠤ ᠬᠡᠮᠬᠡ ᠶᠢᠨ ᠨᠠᠷᠠᠲᠤ ᠲᠡᠮᠳᠡᠭᠲᠦ ᠶᠢ ᠤᠯᠠᠮ ᠨᠢᠭᠡ ᠠᠯᠬᠤᠮ ᠴᠤᠤᠷᠢᠶᠠᠲᠤᠭᠤᠯᠪᠠ᠃     ︽ᠶᠣᠣ ᠳᠦᠨ︾ ᠠᠮᠲᠠᠲᠤ ᠬᠡᠮᠬᠡ ᠶᠢᠨ ᠪᠠᠶᠠᠷ ᠤᠨ ᠲᠤᠬᠠᠶ ᠶᠢᠨ ᠲᠠᠯᠠᠪᠠᠶ ᠳᠤ᠂ ᠲᠠᠶᠢᠰᠠᠨ ᠳᠡᠭᠡᠷᠡᠬᠢ ᠬᠥᠲᠥᠯᠥᠭᠴᠢ ᠠᠮᠲᠠᠲᠤ ᠬᠡᠮᠬᠡ ᠶᠢ ᠪᠣᠷᠣᠯᠠᠭᠤᠯᠵᠤ᠂ ᠠᠮᠲᠠᠲᠤ ᠬᠡᠮᠬᠡ ᠶᠢ ᠠᠮᠲᠠᠯᠠᠵᠤ᠂ ᠭᠠᠴᠠᠭᠠᠨ ᠤ ᠤᠷᠠᠨ ᠰᠠᠶᠢᠬᠠᠨ ᠤ ᠠᠩᠭᠢ ᠪᠠ ᠲᠦᠱᠶᠧᠲ᠋ᠦ᠋ ᠸᠠᠩ ᠤᠨ ᠣᠷᠳᠣᠨ ᠤ ᠬᠥᠭᠵᠢᠮ ᠤᠨ ᠠᠩᠭᠢ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠠᠶᠢᠰᠠᠨ ᠳᠣᠤᠷ᠎ᠠ ᠨᠠᠰᠢ ᠴᠠᠰᠢ ᠥᠩᠭᠡᠷᠡᠬᠦ ᠣᠯᠠᠨ ᠲᠦᠮᠡᠨ ᠤ ᠠᠮᠲᠠᠲᠤ ᠬᠡᠮᠬᠡ ᠶᠢ ᠠᠮᠲᠠᠯᠠᠬᠤ᠂ ᠰᠣᠩᠭᠤᠬᠤ᠂ ᠬᠤᠳᠠᠯᠳᠤᠨ ᠠᠪᠬᠤ ᠵᠡᠷᠭᠡ ᠶᠠᠭᠠᠷᠠᠯᠲᠠᠶ ᠠᠵᠢᠯᠯᠠᠭ᠎ᠠ ᠳᠤ ᠣᠯᠠᠨ ᠲᠦᠮᠡᠨ ᠪᠠ ᠬᠡᠷᠡᠭᠯᠡᠭᠴᠢᠳ ᠤᠨ ᠠᠩᠬᠠᠷᠤᠯ ᠢ ᠲᠠᠲᠠᠵᠤ ᠪᠠᠶᠢᠯ᠎ᠠ᠃    ︽ᠶᠣᠣ ᠳᠦᠨ ᠲᠣᠰᠬᠤᠨ ᠤ ᠠᠮᠲᠠᠲᠤ ᠬᠡᠮᠬᠡ ᠲᠣᠩ ᠰᠠᠢᠨ᠂ ᠨᠣᠭᠤᠭᠠᠨ ᠥᠩᠭᠡ ᠨᠢ ᠨᠡᠢᠲᠡ ᠳᠤ ᠬᠤᠣᠷ ᠦᠭᠡᠶ᠂ ᠪᠢᠳᠡ ᠪᠥᠬᠦᠳᠡ ᠶᠢ ᠬᠤᠳᠠᠯᠳᠤᠨ ᠠᠪᠬᠤ ᠳᠤᠷᠠᠲᠠᠶ᠂ ᠪᠥᠬᠦᠳᠡ ᠶᠢ ᠢᠳᠡᠬᠦ ᠳᠤᠷᠠᠲᠠᠶ︾ ᠭᠡᠵᠦ ᠲᠤᠬᠠᠢ ᠶᠢᠨ ᠲᠠᠯᠠᠪᠠᠢ ᠶᠢᠨ ᠬᠡᠷᠡᠭᠯᠡᠭᠴᠢᠳ ᠬᠡᠯᠡᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠶᠣᠣ ᠠᠶᠢᠯ ᠭᠠᠴᠠᠭ᠎ᠠ ᠶᠢᠨ ᠭᠤᠸᠠ ᠶᠢᠨ ᠲᠠᠷᠢᠶᠠᠴᠢᠨ ᠮᠠᠨᠳᠤᠯ᠎ᠠ 200 ᠭᠠᠷᠤᠢ ᠵᠢᠩ ᠤᠨ ᠠᠮᠲᠠᠲᠤ ᠬᠡᠮᠬᠡ ᠶᠢ ᠪᠣᠷᠣᠯᠠᠭᠤᠯᠬᠤ ᠪᠠᠷ ᠶᠠᠭᠠᠷᠠᠯᠳᠤᠵᠤ᠂ ᠬᠤᠶᠠᠷ ᠴᠠᠭ ᠪᠣᠯᠤᠯ ᠦᠭᠡᠢ ᠪᠠᠷ ᠪᠦᠬᠦᠨ ᠢ ᠬᠤᠳᠠᠯᠳᠤᠨ ᠳᠠᠭᠤᠰᠬᠠᠵᠠᠢ᠃ ᠮᠠᠨᠳᠤᠯ᠎ᠠ ᠪᠣᠯ ᠭᠠᠴᠠᠭ᠎ᠠ ᠶᠢᠨ ᠠᠮᠲᠠᠲᠤ ᠬᠡᠮᠬᠡ ᠶᠢᠨ ᠲᠠᠷᠢᠮᠠᠯ ᠤᠨ ᠲᠠᠭᠠᠭᠤᠯᠤᠬᠴᠢ ᠪᠣᠯᠤᠨ᠎ᠠ᠂ ᠰᠢᠨ᠎ᠡ ᠡᠭᠦᠯᠳᠡᠷ ᠤᠨ ᠠᠮᠲᠠᠲᠤ ᠬᠡᠮᠬᠡ ᠶᠢ ᠳᠡᠯᠭᠡᠷᠡᠭᠦᠯᠦᠭᠡᠳ ᠨᠢᠭᠡᠨᠲᠡ 6 ᠵᠢᠯ ᠪᠣᠯᠪᠠ᠂ ᠡᠨᠡ ᠵᠢᠯ ᠲᠡᠳᠡᠨ ᠤ ᠬᠢᠨ 900 ᠲᠡᠭᠰᠢ ᠳᠥᠷᠪᠡᠯᠵᠢᠨ ᠮᠧᠳ᠋ᠷ ᠠᠮᠲᠠᠲᠤ ᠬᠡᠮᠬᠡ ᠶᠢᠨ ᠬᠦᠢᠳᠠᠨ ᠫᠧᠩ ᠢ ᠰᠢᠨ᠎ᠡ ᠪᠠᠷ ᠪᠠᠶᠢᠭᠤᠯᠵᠤ᠂ ᠲᠠᠷᠢᠶᠠᠨ ᠳᠤ 7 ᠮᠦ ᠳᠠᠷᠢᠵᠤ᠂ ᠬᠦᠢᠳᠠᠨ ᠫᠧᠩ ᠤᠨ ᠠᠮᠲᠠᠲᠤ ᠬᠡᠮᠬᠡ ᠶᠢ ᠵᠠᠬ᠎ᠠ ᠳᠡᠯᠭᠡᠭᠦᠷ ᠲᠤ ᠤᠷᠢᠳᠴᠢᠯᠠᠨ ᠨᠢᠭᠡ ᠰᠠᠷ᠎ᠠ ᠭᠠᠷᠭᠠᠵᠤ᠂ ᠪᠦᠬᠦᠨ ᠢ ᠬᠤᠳᠠᠯᠳᠤᠵᠤ ᠳᠠᠭᠤᠰᠬᠠᠪᠠ᠃ ᠵᠢᠱᠢᠯᠲᠡ ᠪᠠᠷ ᠡᠨᠡ ᠵᠢᠯ ᠤᠨ ᠠᠮᠲᠠᠲᠤ ᠬᠡᠮᠬᠡ ᠶᠢᠨ ᠴᠡᠪᠡᠷ ᠣᠷᠣᠯᠭ᠎ᠠ 6 ᠲᠦᠮᠡᠨ ᠲᠥᠭᠦᠷᠢᠭ ᠲᠤ ᠬᠦᠷᠬᠦ ᠪᠣᠯᠤᠨ᠎ᠠ ᠬᠡᠵᠡᠢ᠃     ᠡᠩ ᠤᠨ ᠦᠶ᠎ᠡ ᠳᠤ᠂ ᠭᠠᠴᠠᠭᠠᠨ ᠤ ᠲᠠᠷᠢᠶᠠᠴᠢᠳ ᠠᠮᠲᠠᠲᠤ ᠬᠡᠮᠬᠡ ᠳᠠᠷᠢᠬᠤ ᠮᠡᠷᠭᠡᠵᠢᠯ ᠤᠨ ᠬᠦᠴᠢᠷᠳᠡᠯ ᠳᠤ ᠲᠤᠯᠭᠠᠷᠠᠪᠠᠯ ᠴᠥᠮ ᠲᠡᠭᠦᠨ ᠠᠴᠠ ᠠᠰᠠᠭᠤᠨ ᠯᠠᠪᠯᠠᠵᠤ᠂ ᠰᠢᠨ᠎ᠡ ᠡᠭᠦᠯᠳᠡᠷ ᠣᠷᠣᠭᠤᠯᠬᠤ ᠠᠴᠠ ᠠᠪᠤᠭᠠᠳ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠴᠢᠬᠢ ᠮᠣᠳᠣ ᠶᠢ ᠪᠠᠭᠠᠰᠬᠠᠬᠤ᠂ ᠪᠣᠷᠲᠣᠭᠤᠷ ᠣᠷᠣᠭᠤᠯᠬᠤ ᠬᠦᠷᠲᠡᠯ᠎ᠡ᠂ ᠮᠠᠨᠳᠤᠯ᠎ᠠ ᠳᠤ ᠴᠥᠮ ᠰᠦᠢᠳᠬᠡᠯ ᠬᠤᠷᠢᠶᠠᠬᠤ ᠥᠬᠡᠶ ᠪᠠᠷ ᠳᠠᠷᠢᠬᠤ ᠮᠡᠷᠭᠡᠵᠢᠯ ᠬᠠᠩᠭᠠᠵᠤ᠂ ᠲᠠᠷᠢᠶᠠᠨ ᠭᠠᠵᠠᠷ ᠲᠤ ᠪᠡᠶ᠎ᠡ ᠪᠠᠷ ᠢᠶᠠᠨ ᠬᠦᠷᠴᠦ ᠭᠤᠸᠠ ᠳᠠᠷᠢᠬᠤ ᠲᠠᠷᠢᠶᠠᠴᠢᠳ ᠢ ᠵᠢᠯᠣᠭᠤᠳᠤᠨ ᠬᠠᠪᠰᠤᠷᠴᠤ᠂ ᠲᠡᠳᠡᠨ ᠤ ᠳᠠᠭᠠᠭᠤᠯᠭ᠎ᠠ ᠪᠠᠷ ᠭᠠᠴᠠᠭᠠᠨ ᠤ ᠮᠠᠰᠢ ᠣᠯᠠᠨ ᠮᠠᠯᠴᠢᠨ ᠲᠠᠷᠢᠶᠠᠴᠢᠳ ᠠᠮᠲᠠᠲᠤ ᠬᠡᠮᠬᠡ ᠳᠠᠷᠢᠵᠤ᠂ ᠤᠨᠴᠠᠯᠢᠭᠳᠤ ᠠᠵᠤ ᠦᠢᠯᠡᠰ ᠢ ᠬᠥᠭᠵᠢᠭᠦᠯᠬᠦ ᠵᠠᠮ ᠢᠶᠠᠷ ᠵᠠᠮᠨᠠᠭᠰᠠᠨ ᠪᠠᠶᠢᠨ᠎ᠠ᠃    ᠶᠣᠣ ᠠᠶᠢᠯ ᠭᠠᠴᠠᠭ᠎ᠠ ᠪᠣᠯ ᠬᠤᠣᠯᠢᠨ ᠭᠤᠤᠯ ᠤᠨ ᠬᠥᠪᠡᠭᠡ᠂ ᠪᠠᠶᠠᠨᠬᠤᠰᠢᠭᠤ ᠪᠠᠯᠭᠠᠰᠤᠨ ᠤ ᠲᠡᠭᠦᠷᠭᠡ ᠳᠤ ᠪᠠᠶᠢᠷᠢᠯᠠᠵᠤ᠂ ᠠᠮᠲᠠᠲᠤ ᠬᠡᠮᠬᠡ ᠳᠠᠷᠢᠬᠤ ᠤᠯᠠᠮᠵᠢᠯᠠᠯ ᠲᠠᠢ ᠶᠤᠮ᠃ ᠥᠩᠭᠡᠷᠡᠭᠰᠡᠨ ᠳᠤ ᠶᠣᠣ ᠠᠶᠢᠯ ᠭᠠᠴᠠᠭᠠᠨ ᠤ ᠭᠤᠸᠠ ᠶᠢᠨ ᠲᠠᠷᠢᠶᠠᠴᠢᠳ ᠲᠠᠷᠠᠬᠠᠶ ᠪᠤᠲᠠᠷᠬᠠᠶ ᠡᠵᠡᠩᠨᠡᠵᠦ ᠪᠠᠶᠢᠭᠰᠠᠨ ᠪᠣᠯᠬᠤᠷ ᠠᠮᠲᠠᠲᠤ ᠬᠡᠮᠬᠡ ᠶᠢᠨ ᠠᠵᠤ ᠦᠢᠯᠡᠰ ᠤᠨ ᠬᠡᠪᠴᠢᠶ᠎ᠡ ᠶᠢ ᠪᠦᠷᠢᠯᠳᠦᠭᠦᠯᠦᠭᠰᠡᠨ ᠦᠭᠡᠢ᠃ ᠣᠶᠢᠷ᠎ᠠ ᠶᠢᠨ ᠵᠢᠯ ᠤᠳ ᠲᠤ᠂ ᠭᠠᠴᠠᠭ᠎ᠠ ᠲᠣᠰᠬᠤᠨ ᠤ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠦᠷᠢᠶ᠎ᠡ ᠬᠠᠰᠢᠶ᠎ᠠ ᠶᠢᠨ ᠠᠵᠤ ᠠᠬᠤᠶ᠂ ᠠᠵᠤ ᠦᠢᠯᠡᠰ ᠤᠨ ᠬᠥᠭᠵᠢᠯᠲᠡ ᠶᠢᠨ ᠭᠤᠤᠯ ᠱᠤᠭᠤᠮ ᠢ ᠴᠢᠩᠭ᠎ᠠ ᠠᠳᠬᠤᠵᠤ᠂ ᠭᠤᠸᠠ ᠲᠠᠷᠢᠭᠴᠢᠳ ᠤᠨ ᠬᠡᠪᠴᠢᠶ᠎ᠡ ᠪᠠᠨ ᠥᠷᠭᠡᠳᠬᠡᠨ ᠰᠢᠨᠵᠢᠯᠡᠬᠦ ᠤᠬᠠᠭᠠᠨᠴᠢ ᠪᠠᠷ ᠭᠤᠸᠠ ᠳᠠᠷᠢᠬᠤ ᠶᠢ ᠳᠡᠮᠵᠢᠵᠦ᠂ ︽ᠶᠣᠣ ᠳᠦᠨ︾ ᠤ ᠨᠠᠷᠠᠲᠤ ᠲᠡᠮᠳᠡᠭᠲᠦ ᠶᠢ ᠳᠠᠩᠰᠠᠯᠠᠭᠤᠯᠤᠨ᠂ ᠠᠮᠲᠠᠲᠤ ᠬᠡᠮᠬᠡ ᠳᠠᠷᠢᠬᠤ ᠡᠷᠦᠬᠡ ᠶᠢ 14 ᠡᠷᠦᠬᠡ ᠳᠤ ᠬᠦᠷᠦᠭᠦᠯᠵᠦ᠂ ᠬᠦᠢᠲᠡᠨ ᠰᠠᠷᠠᠪᠴᠢ ᠲᠠᠢ ᠠᠮᠲᠠᠲᠤ ᠬᠡᠮᠬᠡ 5 ᠰᠠᠭᠤᠷᠢ᠂ 5000 ᠲᠡᠭᠰᠢ ᠳᠥᠷᠪᠡᠯᠵᠢᠨ ᠮᠧᠳ᠋ᠷ ᠢ ᠳᠠᠪᠠᠵᠤ᠂ ᠲᠠᠷᠢᠶᠠᠨ ᠭᠠᠵᠠᠷ ᠤᠨ ᠳᠠᠷᠢᠬᠤ ᠲᠠᠯᠠᠪᠠᠶ ᠶᠢ 150 ᠮᠥ ᠳᠤ ᠬᠦᠷᠦᠭᠦᠯᠦᠭᠰᠡᠨ ᠪᠠᠶᠢᠨ᠎ᠠ᠃ ᠡᠨᠡ ᠵᠢᠯ ᠵᠢᠱᠢᠯᠲᠡ ᠪᠠᠷ ᠭᠤᠸᠠ ᠲᠠᠷᠢᠬᠴᠢᠳ ᠤᠨ ᠮᠤ᠋ ᠪᠦᠷᠢ ᠶᠢᠨ ᠣᠷᠣᠯᠭ᠎ᠠ ᠶᠢ 4000 — 5000 ᠲᠥᠭᠦᠷᠢᠭ ᠨᠡᠮᠡᠭᠳᠡᠭᠦᠯᠦᠨ᠎ᠡ᠃    ᠶᠣᠣ ᠠᠶᠢᠯ ᠭᠠᠴᠠᠭ᠎ᠠ ᠶᠢᠨ ᠨᠠᠮ ᠤᠨ ᠡᠭᠦᠷ ᠤᠨ ᠱᠦᠵᠢ ᠾᠸᠢ ᠶᠢᠩ ᠬᠡᠯᠡᠬᠦ ᠳᠡᠭᠡᠨ᠄ ︽ᠮᠠᠨ ᠤ ᠶᠣᠣ ᠠᠶᠢᠯ ᠭᠠᠴᠠᠭ᠎ᠠ ᠠᠮᠲᠠᠲᠤ ᠬᠡᠮᠬᠡ ᠳᠠᠷᠢᠬᠤ ᠶᠢ ᠲᠠᠷᠢᠶᠠᠯᠠᠩ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠭᠤᠤᠯᠳᠠᠯᠭ᠎ᠠ ᠪᠣᠯᠭᠠᠨ ᠠᠳᠬᠤᠵᠤ᠂ ᠰᠢᠨ᠎ᠡ ᠡᠭᠦᠯᠳᠡᠷ ᠤᠨ ᠠᠮᠲᠠᠲᠤ ᠬᠡᠮᠬᠡ ᠪᠠ ᠬᠦᠯᠡᠮᠵᠢ ᠳᠤ ᠳᠠᠷᠢᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠮᠠᠨᠳᠤᠯ᠎ᠠ ᠵᠡᠷᠭᠡ 10 ᠭᠠᠷᠤᠶ ᠠᠮᠲᠠᠲᠤ ᠬᠡᠮᠬᠡ ᠳᠠᠷᠢᠬᠤ ᠲᠤᠰᠬᠠᠶ ᠡᠷᠦᠬᠡ ᠶᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠪᠢᠳᠡ ︿ᠶᠣᠣ ᠳᠦᠨ﹀ ᠤ ᠠᠮᠲᠠᠲᠤ ᠬᠡᠮᠬᠡ ᠶᠢᠨ ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ ᠲᠠᠷᠢᠬᠤ ᠬᠡᠪᠴᠢᠶ᠎ᠡ ᠪᠠᠨ ᠥᠷᠭᠡᠳᠬᠡᠵᠦ᠂ ᠨᠡᠩ ᠤᠯᠠᠨ ᠤᠯᠠᠨ ᠲᠦᠮᠡᠨ ᠢ ᠳᠠᠭᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠵᠠᠮ ᠢᠶᠠᠷ ᠬᠠᠮᠲᠤᠪᠠᠷ ᠵᠠᠮᠨᠠᠨ᠎ᠠ︾ ᠬᠡᠵᠡᠢ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号