ᠬᠢᠩᠭᠠᠨ ᠠᠶᠢᠮᠠᠭ ᠤᠨ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ | ︽ᠲᠥᠷᠥ ᠶᠢᠨ ᠶᠠᠪᠤᠳᠠᠯ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠠᠵᠢᠯ ᠲᠥᠷᠥᠯ ᠤᠨ ᠲᠦᠷᠭᠡᠨ | ᠬᠥᠭᠵᠢᠯᠲᠡ ᠶᠢ ᠠᠬᠢᠭᠤᠯᠬᠤ ᠲᠤᠬᠠᠶ ᠰᠠᠨᠠᠯ ︾ ︵ᠲᠥᠷᠥ ᠲᠠᠷᠬᠠᠭᠠᠭᠰᠠᠨ ︹ 2015 ︺ 43 ᠳ᠋ᠤᠭᠠᠷ | ᠲᠣᠭᠠᠲᠤ︶᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠴᠢᠨᠠᠷᠲᠠᠶ | ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ | ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠥᠭᠵᠢᠯᠲᠡ ᠶᠢ ᠦᠨᠡᠨ ᠬᠦ | ᠳᠡᠮᠵᠢᠬᠦ ᠲᠤᠬᠠᠶ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺ 6 ᠳ᠋ᠤᠭᠠᠷ | ᠲᠣᠭᠠᠲᠤ︶᠂ ︽ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ | ᠲᠤᠯᠤᠭᠠᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︾ ︵ᠪᠠᠩᠬᠢ | ᠳᠠᠭᠠᠳᠬᠠᠯ ᠤᠨ ᠬᠢᠨᠠᠯᠲᠠ ︹ 2020 ︺ 39 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ | ᠵᠢᠯᠣᠭᠤᠳᠬᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2022 ︺ 20 ᠳ᠋ᠤᠭᠠᠷ ᠲᠣᠭᠠᠲᠤ︶ ᠵᠡᠷᠭᠡ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ︽ | ᠲᠣᠮᠣᠳᠬᠠᠭᠤᠷ︾ ᠤᠨ ᠦᠢᠯᠡᠳᠦᠯ ᠢ ᠪᠠᠳᠠᠷᠠᠭᠤᠯᠵᠤ᠂ ᠮᠠᠨ ᠤ ᠠᠶᠢᠮᠠᠭ ᠤᠨ ᠳᠠᠭᠠᠭᠠᠯᠲᠠ ᠶᠢᠨ ᠪᠠᠶᠢᠭᠤᠯᠤᠮᠵᠢ ᠶᠢᠨ | ᠲᠤᠬᠠᠶᠢᠯᠠᠭᠰᠠᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠢᠶᠠᠷ ᠬᠦᠷᠦᠯᠴᠡᠬᠦ ᠥᠬᠡᠶ᠂ ᠳᠠᠭᠠᠭᠠᠯᠲᠠ ᠶᠢᠨ | ᠴᠢᠳᠠᠪᠤᠷᠢ ᠪᠠᠷ ᠴᠢᠩᠭ᠎ᠠ ᠪᠤᠰᠤ᠂ ᠪᠠᠩᠬᠢ ᠡᠭᠦᠷᠭᠡᠯᠡᠭᠴᠢ ᠶᠢᠨ ᠬᠠᠮᠲᠤᠷᠠᠯᠴᠠᠭ᠎ᠠ ᠰᠢᠯᠤᠭᠤᠨ ᠪᠤᠰᠤ᠂ ᠲᠦᠭᠰᠢᠭᠦᠷᠢ ᠶᠢ | ᠬᠤᠪᠢᠶᠠᠨ ᠡᠭᠦᠷᠭᠡᠯᠡᠬᠦ ᠲᠣᠭᠲᠠᠴᠠ ᠵᠦᠶ ᠵᠣᠬᠢᠰ ᠥᠬᠡᠶ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ | ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠨᠢᠭᠡ᠂ ᠬᠠᠷᠠᠯᠲᠠ ᠶᠢᠨ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠣᠰᠣᠭᠠᠷ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠲᠠᠷᠢᠶᠠᠯᠠᠩ | ᠮᠠᠯ ᠠᠵᠤ ᠠᠬᠤᠶ ᠮᠠᠯᠴᠢᠨ ᠲᠠᠷᠢᠶᠠᠴᠢᠨ ᠤ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ | ᠦᠨᠡᠲᠡᠶ ᠪᠠᠶᠢᠬᠤ ᠠᠰᠠᠭᠤᠳᠠᠯ ᠢ ᠬᠦᠴᠦᠯᠡᠨ ᠨᠠᠮᠳᠠᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ | ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | 1. ᠳᠠᠭᠠᠭᠠᠯᠲᠠ ᠶᠢᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠪᠤᠴᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ | ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠳᠤ ᠵᠢᠵᠢᠭ ᠪᠢᠴᠢᠯ ᠠᠵᠤ ᠠᠬᠤᠶᠢᠯᠠᠯ ᠪᠣᠯᠤᠨ ︽ᠮᠠᠯ ᠠᠵᠤ ᠠᠬᠤᠶ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠲᠤᠬᠠᠶᠢᠯᠠᠭᠰᠠᠨ ᠠᠵᠢᠯ ᠢᠶᠠᠷ ᠭᠤᠤᠯ ᠠᠵᠢᠯ ᠪᠣᠯᠭᠠᠬᠤ ᠶᠢ ᠴᠢᠩᠳᠠᠯᠠᠵᠤ᠂ ᠨᠥᠬᠦᠴᠡᠯ ᠳᠤ ᠨᠡᠶᠢᠴᠡᠬᠦ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ ᠳᠡᠮᠵᠢᠵᠦ᠂ | ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶ ᠶᠢ ᠳᠡᠮᠵᠢᠬᠦ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ | ᠪᠠ ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠤᠯ ᠠᠵᠢᠯ ᠦᠢᠯᠡᠰ ᠠᠴᠠ ᠪᠠᠨ ᠰᠠᠯᠵᠤ | ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠰᠣᠬᠤᠷ ᠪᠠᠯᠠᠶ ᠪᠠᠷ ᠥᠷᠭᠡᠳᠬᠡᠵᠦ ᠪᠣᠯᠬᠤ ᠥᠬᠡᠶ᠃ | 2. ᠪᠡᠯᠡ ᠪᠠᠨ ᠪᠠᠲᠤᠯᠠᠨ ᠥᠴᠦᠬᠡᠨ ᠠᠰᠢᠭ ᠣᠯᠵᠠᠪᠤᠷᠢ ᠲᠠᠢ ᠪᠠᠶᠢᠯᠭᠠᠬᠤ ᠶᠢ ᠪᠠᠷᠢᠮᠲᠠᠯᠠᠨ᠎ᠠ᠃ ᠵᠠᠰᠠᠭ ᠤᠨ | ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠨᠢ ᠠᠰᠢᠭ ᠬᠤᠨᠵᠢᠪᠣᠷᠢ ᠤᠯᠬᠤ ᠪᠠᠷ ᠵᠣᠷᠢᠯᠭ᠎ᠠ | ᠪᠣᠯᠭᠠᠬᠤ ᠥᠬᠡᠶ᠂ ᠦᠷᠭᠦᠯᠵᠢᠯᠡᠨ ᠡᠵᠡᠩᠨᠡᠬᠦ ᠤᠷᠢᠲᠠᠯ ᠳᠣᠤᠷ᠎ᠠ᠂ ᠨᠡᠯᠢᠶᠡᠳ ᠳᠣᠤᠷ᠎ᠠ ᠰᠦᠢᠳᠭᠡᠯ ᠤᠨ ᠨᠣᠷᠮ᠎ᠠ ᠶᠢᠨ | ᠬᠢᠷᠢ ᠬᠡᠮᠵᠢᠶ᠎ᠡ ᠶᠢ ᠪᠠᠲᠤᠯᠠᠵᠤ᠂ ᠵᠢᠵᠢᠭ ᠪᠢᠴᠢᠯ ᠠᠵᠤ ᠠᠬᠤᠶᠢᠯᠠᠯ ᠪᠣᠯᠤᠨ ︽ᠲᠠᠷᠢᠶᠠᠯᠠᠩ ᠮᠠᠯ ᠠᠵᠤ ᠠᠬᠤᠶ | ᠲᠠᠷᠢᠶᠠᠴᠢᠨ ᠮᠠᠯᠴᠢᠨ ᠲᠠᠷᠢᠶᠠᠴᠢᠨ︾ ᠤ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ | ᠦᠨᠡᠨᠬᠦ ᠪᠦᠲᠦᠮᠵᠢᠲᠡᠶ ᠪᠠᠭᠤᠷᠠᠭᠤᠯᠤᠨ᠎ᠠ᠃ | 3. ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ | ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠪᠠ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤ ᠪᠠᠷ ᠣᠷᠣᠯᠴᠠᠭᠰᠠᠨ᠂ ᠳᠠᠭᠠᠳᠬᠠᠯ ᠢ ᠵᠦᠶ ᠵᠣᠬᠢᠰᠲᠠᠶ ᠪᠠᠷ | ᠬᠤᠪᠢᠶᠠᠷᠢᠯᠠᠭᠰᠠᠨ ᠪᠠᠩᠬᠢ ᠤᠨ ᠬᠠᠮᠲᠤᠷᠠᠯᠴᠠᠭᠠᠨ ᠤ ᠲᠤᠭᠲᠠᠭᠠᠯᠴᠠᠭᠠ ᠶᠢ ᠪᠠᠶᠢᠭᠤᠯᠵᠦ᠂ ᠵᠠᠰᠠᠭ ᠤᠨ ᠣᠷᠳᠣᠨ ᠤ | ᠳᠡᠮᠵᠢᠭᠰᠡᠨ᠂ ᠵᠥᠪ ᠴᠢᠭᠯᠡᠯ ᠢᠶᠠᠷ ᠤᠷᠮᠠᠰᠢᠭᠤᠯᠬᠤ ᠪᠡᠯᠡ ᠮᠥᠩᠭᠦ ᠶᠢ ᠨᠥᠬᠦᠪᠥᠷᠢᠯᠡᠬᠦ ᠪᠠ ᠠᠶᠤᠯ ᠲᠦᠭᠰᠢᠭᠦᠷᠢ ᠶᠢ | ᠨᠥᠬᠦᠪᠥᠷᠢᠯᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃ | ︵ᠭᠤᠷᠪᠠ︶ ᠬᠥᠭᠵᠢᠯᠲᠡ ᠶᠢᠨ ᠬᠠᠷᠠᠯᠲᠠ | ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠨᠢᠭᠡᠳᠬᠡᠬᠦ ᠪᠠ | ᠰᠠᠯᠭᠠᠬᠤ ᠶᠢ ᠤᠶᠠᠯᠳᠤᠭᠤᠯᠬᠤ᠂ ᠬᠠᠮᠢᠶᠠᠷᠤᠯᠲᠠ ᠰᠢᠨᠵᠢᠯᠡᠬᠦ ᠤᠬᠠᠭᠠᠨᠴᠢ᠂ ᠡᠵᠡᠩᠨᠡᠯᠲᠡ ᠵᠢᠷᠤᠮᠵᠢᠭᠤᠨ︾ ᠪᠠᠶᠢᠬᠤ | ᠠᠵᠢᠯ ᠤᠨ ᠲᠥᠰᠦᠯ ᠶᠣᠰᠣᠭᠠᠷ᠂ ᠣᠳᠣᠬᠠᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠦᠢᠯᠡᠴᠢᠯᠡᠭᠡᠨ ᠤ | ᠴᠢᠳᠠᠮᠵᠢ ᠶᠢ ᠡᠭᠦᠷᠭᠡᠯᠡᠵᠦ ᠪᠠᠶᠢᠭ᠎ᠠ ᠡᠯ᠎ᠡ ᠵᠦᠢᠯ ᠤᠨ ᠪᠠᠶᠢᠭᠤᠯᠤᠮᠵᠢ ᠶᠢ ᠴᠤᠭᠯᠠᠭᠤᠯᠵᠤ᠂ ᠪᠦᠷᠢᠨ ᠲᠡᠭᠦᠯᠳᠡᠷ | ᠠᠵᠢᠯ ᠤᠨ ᠲᠣᠭᠲᠠᠴᠠ ᠶᠢ ᠪᠠᠶᠢᠭᠤᠯᠵᠤ᠂ ᠢᠲᠡᠭᠡᠮᠵᠢ ᠶᠢ ᠨᠡᠮᠡᠭᠳᠡᠭᠦᠯᠬᠦ ᠦᠢᠯᠡᠴᠢᠯᠡᠭᠡ᠂ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ᠂ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ᠂ ᠲᠦᠭᠰᠢᠭᠦᠷᠢ ᠶᠢ ᠨᠥᠬᠦᠪᠥᠷᠢᠯᠡᠬᠦ ᠵᠡᠷᠭᠡ | ᠡᠯ᠎ᠡ ᠲᠠᠯ᠎ᠠ ᠳᠤ ᠬᠤᠯᠪᠣᠭᠳᠠᠵᠤ᠂ ᠡᠭᠦᠨ ᠤ ᠤᠯᠠᠮ ᠢᠶᠠᠷ ᠵᠠᠰᠠᠭ ᠤᠨ ᠣᠷᠳᠣᠨ ᠤ ᠴᠢᠨᠠᠷᠲᠠᠶ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠪᠤᠰᠤᠳ ᠮᠥᠩᠭᠦᠨ | ᠭᠦᠢᠯᠭᠡᠭᠡᠨ ᠤ ᠪᠠᠶᠢᠭᠤᠯᠤᠮᠵᠢ ᠬᠠᠮᠵᠢᠯᠴᠠᠭᠰᠠᠨ᠂ ᠮᠠᠨ ᠤ ᠠᠶᠢᠮᠠᠭ ᠤᠨ ᠡᠯ᠎ᠡ ᠲᠥᠷᠥᠯ ᠤᠨ ᠵᠢᠵᠢᠭ ᠪᠢᠴᠢᠯ ᠠᠵᠤ | ᠠᠬᠤᠶᠢᠯᠠᠯ ᠪᠠ ︽ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠳᠤ ᠦᠢᠯᠡᠴᠢᠯᠡᠭᠡ | ᠬᠠᠩᠭᠠᠬᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ | ᠪᠣᠶ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠰᠢᠨ᠎ᠡ ᠶᠢ ᠡᠭᠦᠳᠦᠨ ᠬᠥᠭᠵᠢᠬᠦ ᠢᠳᠡᠪᠬᠢᠵᠢᠯ ᠢ | ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ ᠨᠢ ᠭᠠᠭᠴᠠ ᠡᠷᠦᠬᠡ ᠶᠢᠨ ᠳᠠᠭᠠᠭᠠᠯᠲᠠ ᠶᠢᠨ ᠵᠣᠭᠤᠰ ᠤᠨ ᠲᠤᠭ᠎ᠠ ᠨᠢ 1000 ᠲᠦᠮᠡᠨ ᠲᠥᠭᠦᠷᠢᠭ | ᠵᠢᠴᠢ ᠲᠡᠭᠦᠨ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠪᠣᠯᠤᠨ ᠲᠠᠷᠢᠶᠠᠯᠠᠩ ᠮᠠᠯ ᠠᠵᠤ ᠠᠬᠤᠶ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠭᠤᠤᠯ ᠴᠣᠭᠴᠠ ᠶᠢ ᠭᠤᠤᠯᠳᠠᠯᠭ᠎ᠠ ᠲᠠᠢ ᠳᠡᠮᠵᠢᠵᠦ᠂ | ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶ ᠶᠢ ᠳᠡᠮᠵᠢᠬᠦ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠡᠵᠡᠯᠡᠬᠦ | ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ︔ ᠭᠠᠭᠴᠠ ᠡᠷᠦᠬᠡ ᠶᠢᠨ | ᠳᠠᠭᠠᠭᠠᠯᠲᠠ ᠶᠢᠨ ᠵᠣᠭᠤᠰ ᠤᠨ ᠲᠤᠭ᠎ᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ | ᠲᠤᠬᠠᠶᠢᠯᠠᠭᠰᠠᠨ ᠠᠵᠢᠯ ᠤᠨ ᠡᠵᠡᠯᠡᠬᠦ ᠬᠠᠷᠢᠴᠠᠯ ᠨᠢ 50% ᠠᠴᠠ ᠳᠣᠤᠷ᠎ᠠ ᠪᠠᠶᠢᠵᠤ ᠪᠣᠯᠬᠤ ᠥᠬᠡᠶ᠂ ᠵᠠᠰᠠᠭ ᠤᠨ | ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠳᠠᠭᠠᠭᠠᠯᠲᠠ ᠶᠢᠨ | ᠰᠦᠢᠳᠭᠡᠯ ᠤᠨ 1% ᠡᠴᠠᠲ᠋ᠣᠤᠷᠠ ᠪᠠᠶᠢᠬᠤ ᠶᠢ ᠪᠠᠳᠤᠯᠠᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠠᠶᠢᠮᠠᠭ ᠲᠤ ᠬᠠᠷᠢᠶᠠᠯᠠᠭᠳᠠᠬᠤ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠬᠢᠬᠦ ᠪᠠᠶᠢᠭᠤᠯᠤᠮᠵᠢ ᠶᠢ ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠪᠠᠯᠠ | ᠮᠥᠩᠭᠦ ᠪᠠᠨ ᠨᠡᠮᠡᠭᠳᠡᠭᠦᠯᠦᠨ ᠰᠲ᠋ᠣᠺ ᠢᠶᠠᠨ ᠥᠷᠭᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠥᠷᠥᠩᠭᠡ | ᠮᠥᠩᠭᠦ ᠲᠠᠢ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ | ᠬᠦᠴᠦᠯᠡᠨ ᠪᠤᠶᠢᠵᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠶᠢᠮᠠᠭ ᠤᠨ | ᠰᠢᠭᠤᠳ ᠬᠠᠷᠢᠶ᠎ᠠ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ ᠳᠤ ᠬᠤᠪᠢ ᠣᠷᠣᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶ ᠶᠢᠨ ᠪᠠᠭᠲᠠᠭᠠᠮᠵᠢ ᠪᠠᠷ ᠶᠡᠭᠡ᠂ | ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠡᠭᠡ᠂ ᠲᠣᠰ ᠱᠠᠲᠤᠨ ᠤ ᠡᠳ᠋ ᠤᠨ | ᠬᠦᠴᠦᠨ ᠨᠢ ᠦᠷᠭᠦᠯᠵᠢᠯᠡᠨ ᠳᠡᠮᠵᠢᠵᠦ ᠪᠣᠯᠬᠤ ᠬᠤᠰᠢᠭᠤ ᠰᠢᠶᠠᠨ ᠬᠤᠲᠠ ᠨᠢ ᠵᠠᠰᠠᠭ ᠤᠨ ᠣᠷᠳᠣᠨ ᠤ ᠴᠢᠨᠠᠷᠲᠠᠶ | ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠪᠠᠶᠢᠭᠤᠯᠵᠤ ᠪᠣᠯᠤᠨ᠎ᠠ᠃ ᠠᠶᠢᠮᠠᠭ ᠤᠨ ᠰᠢᠭᠤᠳ | ᠬᠠᠷᠢᠶ᠎ᠠ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠨᠢ ᠣᠷᠣᠨ | ᠪᠦᠰᠡ ᠶᠢᠨ ︽ᠳᠠᠭᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ | ᠳᠠᠭᠠᠭᠠᠯᠲᠠ ᠶᠢᠨ ᠪᠦᠯᠦᠭᠯᠡᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠮᠠᠨ ᠤ ᠠᠶᠢᠮᠠᠭ ᠤᠨ ᠵᠢᠵᠢᠭ ᠪᠢᠴᠢᠯ | ᠠᠵᠤ ᠠᠬᠤᠶᠢᠯᠠᠯ ᠪᠣᠯᠤᠨ ︽ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ ᠲᠠᠷᠢᠶᠠᠴᠢᠨ︾ | ᠤ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠠᠮᠤᠷᠬᠤ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ | ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ︶ | ︵ᠬᠤᠶᠠᠷ︶ ᠬᠥᠷᠥᠩᠭᠡ ᠮᠥᠩᠭᠦ ᠶᠢ ᠦᠷᠭᠦᠯᠵᠢᠯᠡᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃ | ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ | ᠬᠤᠪᠢ ᠬᠥᠮᠦᠨ ᠥᠷᠭᠡᠨ ᠢᠶᠠᠷ ᠣᠷᠣᠯᠴᠠᠵᠤ᠂ ᠪᠠᠯᠠ ᠭᠠᠷᠭᠠᠨ ᠬᠤᠪᠢ ᠣᠷᠣᠭᠤᠯᠬᠤ ᠪᠠ ᠲᠥᠯᠥᠪᠦᠷᠢ ᠥᠬᠡᠶ ᠪᠠᠷ | ᠬᠠᠨᠳᠢᠪᠯᠠᠬᠤ ᠶᠢ ᠬᠠᠷᠢᠯᠴᠠᠨ ᠤᠶᠠᠯᠳᠤᠭᠤᠯᠤᠭᠰᠠᠨ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠ ᠵᠢᠵᠢᠭ | ᠪᠢᠴᠢᠯ ᠠᠵᠤ ᠠᠬᠤᠶᠢᠯᠠᠯ ᠤᠨ ᠳᠠᠭᠠᠭᠠᠯᠲᠠ ᠶᠢᠨ ᠵᠢᠭᠡᠯᠡᠯᠭᠡ ᠶᠢᠨ ᠨᠡᠮᠡᠭᠳᠡᠯ ᠯᠦᠭᠡ ᠬᠠᠷᠢᠯᠴᠠᠨ ᠵᠣᠬᠢᠴᠠᠯᠳᠤᠭᠰᠠᠨ | ᠣᠯᠠᠨ ᠡᠰᠢᠵᠢᠭᠰᠡᠨ ᠬᠥᠷᠥᠩᠭᠡ ᠶᠢᠨ ᠦᠷᠭᠦᠯᠵᠢᠯᠡᠨ ᠨᠥᠬᠦᠪᠥᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠦᠯᠡᠳᠡᠪᠦᠷᠢ ᠲᠤᠭ᠎ᠠ ᠶᠢ ᠪᠠᠲᠤᠯᠠᠬᠤ᠂ ᠳᠠᠬᠢᠨ ᠲᠤᠭ᠎ᠠ ᠶᠢ ᠶᠡᠬᠡᠰᠬᠡᠬᠦ᠂ ᠬᠥᠷᠥᠩᠭᠡ ᠮᠥᠩᠭᠦ ᠶᠢᠨ ᠬᠡᠷᠡᠭᠯᠡᠯᠲᠡ ᠶᠢᠨ | ᠦᠷ᠎ᠡ ᠪᠦᠲᠦᠮᠵᠢ᠂ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠷᠡᠭᠴᠡᠭᠡ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠲᠣᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠬᠥᠷᠥᠩᠭᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ | ᠲᠠᠰᠤᠷᠠᠯᠲᠠ ᠥᠬᠡᠶ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠮᠥᠩᠭᠦᠨ ᠭᠦᠢᠯᠭᠡᠭᠡᠨ ᠤ | ᠠᠯᠪᠠᠨ ᠬᠡᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ | ᠣᠷᠳᠣᠨ︶ | ︵ᠭᠤᠷᠪᠠ︶ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠵᠢᠯᠣᠭᠤᠳᠣᠯᠭ᠎ᠠ ᠪᠠᠨ ᠴᠢᠩᠭᠠᠳᠬᠠᠵᠤ᠂ ᠡᠭᠦᠷᠭᠡ ᠴᠢᠳᠠᠪᠬᠢ ᠶᠢ | ᠲᠣᠳᠣᠷᠬᠠᠶᠢᠯᠠᠵᠤ᠂ ᠳᠦᠷᠢᠮ ᠲᠣᠭᠲᠠᠭᠠᠯ ᠢ ᠪᠦᠷᠢᠯᠳᠦᠭᠦᠯᠵᠦ᠂ ᠲᠤᠬᠠᠶ ᠶᠢᠨ ᠲᠠᠯᠠᠪᠤᠷ ᠤᠨ ᠪᠠᠶᠢᠴᠠᠭᠠᠨ | ᠰᠤᠳᠤᠯᠤᠯᠲᠠ᠂ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠵᠡᠷᠭᠡ ᠠᠷᠭ᠎ᠠ ᠪᠠᠷᠢᠯ ᠢ ᠨᠢᠭᠡᠳᠦᠯᠲᠡᠶ | ᠲᠥᠯᠥᠪᠯᠡᠨ ᠬᠡᠷᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠣᠷᠳᠣᠨ ᠤ ᠴᠢᠨᠠᠷᠲᠠᠶ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠳᠤ ᠬᠢᠨᠠᠯᠲᠠ ᠲᠠᠯᠪᠢᠨ ᠵᠢᠯᠣᠭᠤᠳᠴᠤ᠂ ᠬᠢᠨᠠᠨ | ᠬᠠᠮᠢᠶᠠᠷᠤᠯᠲᠠ ᠶᠢᠨ ᠲᠠᠰ ᠲᠣᠭᠲᠠᠭᠠᠬᠤ BB ᠲᠠᠰ ︵ᠪᠠᠭᠲᠠᠨ᠎ᠠ︶ ᠠᠴᠠ ᠳᠣᠷᠣᠭᠰᠢ᠂ ᠳᠠᠭᠠᠭᠠᠯᠲᠠ ᠬᠢᠬᠦ | ᠴᠢᠳᠠᠪᠤᠷᠢ ᠪᠠᠷ ᠬᠦᠷᠦᠯᠴᠡᠬᠦ ᠥᠬᠡᠶ᠂ ᠲᠠᠷᠢᠶᠠᠯᠠᠩ ᠢ ᠳᠡᠮᠵᠢᠬᠦ ᠵᠢᠵᠢᠭ ᠠᠵᠤ ᠦᠢᠯᠡᠰ ᠢ ᠳᠡᠮᠵᠢᠬᠦ ᠭᠤᠤᠯ | ᠠᠵᠢᠯ ᠠᠴᠠ ᠵᠠᠶᠢᠳᠠᠭᠰᠠᠨ᠂ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ᠂ ᠬᠦᠨᠳᠦ ᠶᠡᠭᠡ ᠲᠦᠭᠰᠢᠭᠦᠷᠢ | ᠭᠠᠷᠤᠭᠰᠠᠨ ᠪᠠᠶᠢᠭᠤᠯᠤᠮᠵᠢ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠵᠠᠰᠠᠭ ᠤᠨ ᠣᠷᠳᠣᠨ ᠤ | ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠦᠨᠡᠨᠬᠦ ᠪᠠᠲᠤᠯᠠᠵᠤ᠂ ᠳᠠᠭᠠᠭᠠᠯᠲᠠ ᠬᠢᠬᠦ ᠴᠢᠳᠠᠪᠤᠷᠢ ᠪᠠᠨ ᠲᠠᠰᠤᠷᠠᠯᠲᠠ ᠥᠬᠡᠶ ᠨᠡᠮᠡᠭᠳᠡᠭᠦᠯᠦᠨ᠂ | ᠳᠠᠭᠠᠭᠠᠯᠲᠠ ᠬᠢᠬᠦ ᠪᠣᠳᠠᠲᠤ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ᠂ ᠠᠶᠢᠮᠠᠭ ᠤᠨ ᠡᠳ᠋ ᠤᠨ | ᠵᠠᠰᠠᠭ ᠤᠨ ᠲᠣᠪᠴᠢᠶ᠎ᠠ︶ | ︵ᠳᠥᠷᠪᠡ︶ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠᠩᠬᠢ ᠶᠢᠨ ᠡᠭᠦᠷᠭᠡᠯᠡᠭᠴᠢ ᠶᠢᠨ ᠬᠠᠮᠲᠤᠷᠠᠯᠴᠠᠭᠠᠨ ᠤ | ᠵᠠᠭᠪᠤᠷ ᠢ ᠳᠡᠯᠭᠡᠷᠡᠭᠦᠯᠦᠨ᠎ᠡ᠃ ᠪᠠᠩᠬᠢ ᠡᠭᠦᠷᠭᠡᠯᠡᠭᠴᠢ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠦᠨᠳᠦᠰᠦᠯᠡᠨ᠂ ᠬᠤᠳᠠᠯᠳᠤᠭᠠᠨ ᠤ ᠦᠷᠭᠦᠯᠵᠢᠯᠡᠬᠦ᠋ᠢᠴᠡ᠂ ᠲᠦᠭᠰᠢᠭᠦᠷᠢ ᠶᠢ | ᠰᠡᠷᠭᠡᠶᠢᠯᠡᠨ ᠡᠵᠡᠮᠳᠡᠵᠦ ᠪᠣᠯᠬᠤ ᠵᠠᠷᠴᠢᠮ ᠶᠣᠰᠣᠭᠠᠷ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠷᠳᠠᠮ ᠢ | ᠳᠥᠭᠦᠮᠴᠢᠯᠡᠨ᠂ ᠪᠠᠩᠬᠢ ᠡᠭᠦᠷᠭᠡᠯᠡᠭᠴᠢ ᠬᠤᠶᠠᠷ ᠲᠠᠯ᠎ᠠ ᠪᠠᠷ ᠢᠶᠠᠨ ︽ᠶᠡᠷᠦᠩᠬᠡᠶ ᠪᠠ ᠶᠡᠷᠦᠩᠬᠡᠶ︾ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠪᠠᠷᠢᠮᠵᠢᠶ᠎ᠠ ᠪᠠ ᠵᠠᠭᠪᠤᠷ ᠢ ᠨᠢᠭᠡᠳᠦᠯᠲᠡᠶ ᠲᠥᠯᠥᠪᠯᠡᠨ | ᠲᠣᠭᠲᠠᠭᠠᠵᠤ᠂ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ | ᠪᠠᠲᠤᠯᠠᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ ᠱᠠᠭᠠᠷᠳᠠᠯᠭ᠎ᠠ ᠶᠢ ᠬᠦᠴᠦᠨ ᠥᠬᠡᠶ ᠪᠣᠯᠭᠠᠬᠤ ᠬᠡᠷᠡᠭᠲᠡᠶ᠃ | ᠰᠢᠨ᠎ᠡ ᠮᠠᠶ᠋ᠢᠭ ᠤᠨ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠶ ᠪᠠᠶᠢᠭᠤᠯᠵᠤ᠂ | ᠳᠠᠭᠠᠭᠠᠯᠲᠠ ᠶᠢᠨ ᠵᠣᠭᠤᠰᠣᠨ ᠲᠤᠭ᠎ᠠ ᠨᠢ 1000 ᠲᠦᠮᠡᠨ ᠲᠥᠭᠦᠷᠢᠭ ᠠᠴᠠ ᠳᠣᠷᠣᠭᠰᠢᠬᠢ ᠵᠢᠵᠢᠭ ᠪᠢᠴᠢᠯ ᠠᠵᠤ | ᠠᠬᠤᠶᠢᠯᠠᠯ ᠪᠣᠯᠤᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ | ᠲᠤᠬᠠᠶᠢᠯᠠᠭᠰᠠᠨ ᠠᠵᠢᠯ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠠᠯᠬᠤᠮ | ᠠᠯᠬᠤᠮ ᠢᠶᠠᠷ ᠬᠠᠮᠤᠷᠴᠤ᠂ ᠳᠠᠭᠠᠭᠠᠯᠲᠠ ᠶᠢᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ | ᠪᠦᠯᠦᠭᠯᠡᠯ᠂ ᠬᠤᠷᠰᠢᠭᠰᠠᠨ ᠪᠠᠩᠬᠢ ᠶᠢᠨ 4᠄ 3᠄ 3 ᠶᠢᠨ ᠬᠠᠷᠢᠴᠠᠯ ᠢᠶᠠᠷ ᠣᠷᠣᠯᠠᠨ ᠳᠥᠯᠥᠬᠦ ᠬᠠᠷᠢᠭᠤᠴᠠᠯᠭ᠎ᠠ ᠶᠢ | ᠡᠭᠦᠷᠭᠡᠯᠡᠬᠦ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠢᠳᠡᠪᠬᠢᠲᠡᠶ ᠳᠡᠮᠵᠢᠵᠦ᠂ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠨ᠂ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠶᠢ ᠠᠬᠢᠭᠤᠯᠵᠤ᠂ ᠰᠢᠨ᠎ᠡ | ᠬᠡᠯᠪᠡᠷᠢ ᠶᠢᠨ ᠵᠠᠰᠠᠭ ᠪᠠᠩᠬᠢ ᠡᠭᠦᠷᠭᠡᠯᠡᠬᠦ ᠬᠠᠮᠲᠤᠷᠠᠯᠴᠠᠭᠠᠨ ᠤ ᠲᠣᠭᠲᠠᠴᠠ ᠳᠤ ᠭᠦᠨᠵᠡᠭᠡᠶ ᠣᠷᠣᠯᠴᠠᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ᠂ ᠠᠶᠢᠮᠠᠭ ᠤᠨ ᠡᠳ᠋ ᠤᠨ | ᠵᠠᠰᠠᠭ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ᠂ ᠡᠯ᠎ᠡ | ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ︶ | ︵ᠲᠠᠪᠤ︶ ᠲᠦᠭᠰᠢᠭᠦᠷᠢ ᠶᠢ ᠣᠷᠣᠯᠠᠨ ᠳᠥᠯᠥᠵᠦ ᠨᠥᠬᠦᠪᠥᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ | ᠃ ᠲᠦᠭᠰᠢᠭᠦᠷᠢ ᠶᠢᠨ ᠨᠥᠬᠦᠪᠥᠷᠢ ᠥᠭᠬᠦ ᠲᠣᠭᠲᠠᠴᠠ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ᠂ ᠵᠢᠵᠢᠭ | ᠪᠢᠴᠢᠯ ᠠᠵᠤ ᠠᠬᠤᠶᠢᠯᠠᠯ ᠪᠣᠯᠤᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠳ ᠤᠨ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠤᠨ ᠡᠵᠡᠯᠡᠬᠦ ᠬᠤᠪᠢ ᠪᠠᠷ ᠨᠡᠯᠢᠶᠡᠳ ᠥᠨᠳᠥᠷ᠂ | ᠪᠠᠲᠤᠯᠠᠭ᠎ᠠ ᠶᠢᠨ ᠦᠯᠡᠳᠡᠪᠦᠷᠢ ᠲᠤᠭ᠎ᠠ᠂ ᠡᠷᠦᠬᠡ ᠶᠢᠨ ᠲᠤᠭ᠎ᠠ ᠶᠢᠨ ᠨᠡᠮᠡᠭᠳᠡᠯ ᠢᠶᠠᠷ ᠨᠡᠯᠢᠶᠡᠳ ᠲᠦᠷᠭᠡᠨ᠂ ᠣᠷᠣᠯᠠᠨ | ᠳᠥᠯᠥᠬᠦ ᠨᠣᠷᠮ᠎ᠠ ᠶᠢ ᠵᠦᠶ ᠵᠣᠬᠢᠰᠲᠠᠶ ᠣᠷᠣᠨ ᠵᠠᠶ ᠳᠤ ᠬᠢᠵᠠᠭᠠᠷᠯᠠᠭᠰᠠᠨ ᠵᠠᠰᠠᠭ ᠤᠨ ᠣᠷᠳᠣᠨ ᠤ ᠴᠢᠨᠠᠷᠲᠠᠶ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠳᠤ ᠵᠣᠬᠢᠬᠤ ᠬᠠᠷᠢᠴᠠᠯ ᠤᠨ ᠣᠷᠣᠯᠠᠨ ᠳᠥᠯᠥᠬᠦ ᠨᠥᠬᠦᠪᠥᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠶᠢᠨ ᠵᠠᠰᠠᠭ ᠤᠨ ᠣᠷᠳᠣᠨ︶ | ︵ᠵᠢᠷᠭᠤᠭ᠎ᠠ︶ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ | ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠨᠢ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ | ᠦᠢᠯᠡᠳᠭᠦᠨ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠦᠨ᠂ ᠲᠣᠮᠣ | ᠳ᠋ᠠᠶᠢᠲ᠋ᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ | ᠢᠳᠡᠪᠬᠢᠲᠡᠶ ᠬᠡᠷᠡᠭᠯᠡᠨ᠂ ︽ᠠᠩᠬ᠎ᠠ ᠵᠢᠭᠡᠯᠡᠭᠦᠯᠦᠭᠰᠡᠨ ᠡᠷᠦᠬᠡ︾᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠨ ᠳᠠᠨᠵᠢᠯᠠᠵᠤ ᠪᠠᠯᠠ ᠳᠣᠭᠢᠷᠠᠭᠤᠯᠬᠤ᠂ ᠬᠤᠷᠢᠶᠠᠪᠠᠰᠤ ᠵᠣᠬᠢᠬᠤ ᠲᠠᠩᠰᠠᠨ ᠵᠣᠭᠤᠰ ᠢᠶᠠᠷ ᠪᠠᠯᠠ | ᠳᠣᠭᠢᠷᠠᠭᠤᠯᠬᠤ᠂ ᠤᠷᠲᠤᠪᠲᠤᠷ ᠪᠠ ᠣᠷᠳᠣ ᠬᠤᠭᠤᠴᠠᠭᠠᠨ ᠤ ᠰᠤᠳᠤᠯᠤᠨ ᠨᠡᠭᠡᠭᠡᠵᠦ ᠪᠠᠯᠠ ᠲᠣᠬᠢᠷᠠᠭᠤᠯᠬᠤ ᠳᠤ | ᠳᠣᠭᠢᠷᠠᠬᠤ ᠳᠠᠭᠠᠭᠠᠯᠲᠠ ᠶᠢᠨ ᠦᠢᠯᠡᠳᠭᠦᠨ ᠢ ᠨᠡᠭᠡᠭᠡᠨ ᠬᠥᠭᠵᠢᠭᠦᠯᠵᠦ᠂ ᠵᠠᠰᠠᠭ ᠤᠨ ᠣᠷᠳᠣᠨ ᠤ ᠴᠢᠨᠠᠷᠲᠠᠶ | ᠳᠠᠭᠠᠭᠠᠯᠲᠠ ᠶᠢᠨ ᠪᠠᠶᠢᠭᠤᠯᠤᠮᠵᠢ ᠶᠢᠨ ᠦᠷ᠎ᠡ ᠪᠦᠲᠦᠮᠵᠢ ᠪᠠ ᠬᠡᠷᠡᠭᠯᠡᠬᠦ ᠬᠡᠪᠴᠢᠶ᠎ᠡ ᠶᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ︶ | ᠭᠤᠷᠪᠠ᠂ ᠠᠵᠢᠯ ᠤᠨ ᠪᠠᠲᠤᠯᠠᠭ᠎ᠠ | ︵ᠨᠢᠭᠡ︶ ᠳᠡᠰᠯᠡᠬᠦ ᠣᠯᠠᠨ ᠨᠡᠶᠢᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ | ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠨᠢ ᠤᠯᠤᠰ ᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠭᠰᠡᠨ᠂ ᠨᠡᠶᠢᠭᠡᠮ ᠤᠨ ᠠᠵᠢᠯ ᠣᠯᠭᠤᠯᠲᠠ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠥᠯᠭᠢᠨ ᠠᠬᠢᠭᠤᠯᠤᠭᠰᠠᠨ᠂ ᠵᠠᠬ᠎ᠠ ᠳᠡᠯᠭᠡᠭᠦᠷ ᠤᠨ ᠬᠡᠲᠦ ᠶᠢᠨ | ᠲᠥᠯᠥᠪ ᠥᠷᠭᠡᠨ ᠠᠭᠤᠳᠠᠮ᠂ ᠦᠷᠭᠦᠯᠵᠢᠯᠡᠬᠦ ᠬᠥᠭᠵᠢᠯᠲᠡ ᠶᠢᠨ ᠴᠢᠨᠠᠷ ᠢᠶᠠᠷ ᠴᠢᠩᠭ᠎ᠠ ᠵᠢᠵᠢᠭ ᠪᠢᠴᠢᠯ ᠠᠵᠤ | ᠠᠬᠤᠶᠢᠯᠠᠯ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠳᠤ ᠢᠳᠡᠪᠬᠢᠲᠡᠶ ᠪᠠᠷ | ᠳᠠᠭᠠᠭᠠᠯᠲᠠ ᠬᠠᠩᠭᠠᠵᠤ ᠢᠲᠡᠭᠡᠮᠵᠢ ᠪᠠᠨ ᠨᠡᠮᠡᠭᠳᠡᠭᠦᠯᠦᠨ᠎ᠡ᠃ ᠭᠤᠤᠯ ᠠᠵᠢᠯ ᠠᠴᠠ ᠪᠠᠨ ᠰᠠᠯᠵᠤ ᠪᠣᠯᠬᠤ ᠥᠬᠡᠶ᠂ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠳᠤ ᠳᠠᠭᠠᠭᠠᠯᠲᠠ ᠬᠠᠩᠭᠠᠵᠤ ᠪᠣᠯᠬᠤ ᠥᠬᠡᠶ᠂ | ᠵᠠᠰᠠᠭ ᠤᠨ ᠣᠷᠳᠣᠨ ᠤ ᠪᠠᠯᠠ ᠲᠣᠬᠢᠷᠠᠭᠤᠯᠭ᠎ᠠ ᠶᠢᠨ ᠲᠠᠪᠴᠠᠩ ᠤᠨ ᠪᠠᠯᠠ ᠲᠣᠬᠢᠷᠠᠭᠤᠯᠭ᠎ᠠ ᠳᠤ ᠢᠲᠡᠭᠡᠮᠵᠢ ᠪᠠᠨ | ᠨᠡᠮᠡᠭᠳᠡᠭᠦᠯᠵᠦ ᠪᠣᠯᠬᠤ ᠥᠬᠡᠶ᠂ ᠪᠠᠯᠠ ᠲᠣᠬᠢᠷᠠᠭᠤᠯᠭ᠎ᠠ ᠶᠢᠨ ᠪᠤᠰᠤ ᠳᠠᠭᠠᠭᠠᠯᠲᠠ ᠶᠢᠨ ᠪᠠᠶᠢᠭᠤᠯᠤᠮᠵᠢ ᠳᠤ ᠰᠲ᠋ᠣᠺ ᠤᠨ | ᠡᠷᠬᠡ ᠶᠢᠨ ᠪᠠᠯᠠ ᠣᠷᠣᠭᠤᠯᠤᠯᠲᠠ ᠬᠢᠵᠦ ᠪᠣᠯᠬᠤ ᠥᠬᠡᠶ᠃ | ︵ᠬᠤᠶᠠᠷ︶ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠡᠯ᠎ᠡ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ︽ᠡᠳ᠋ ᠤᠨ ᠵᠠᠰᠠᠭ ᠤᠨ ᠶᠠᠮᠤᠨ ᠤ ᠵᠠᠰᠠᠭ ᠤᠨ ᠣᠷᠳᠣᠨ ᠤ | ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ᠂ ᠳᠠᠬᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠢᠯᠣᠭᠤᠳᠤᠮᠵᠢ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ | ᠡᠳ᠋ ᠤᠨ ᠵᠠᠰᠠᠭ ᠮᠥᠩᠭᠦᠨ ︹ 2020 ︺ 31 ᠳ᠋ᠤᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ | ᠶᠣᠰᠣᠭᠠᠷ᠂ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ | ᠰᠢᠯᠭᠠᠨ ᠬᠢᠨᠠᠵᠤ ᠮᠠᠭᠠᠳᠯᠠᠨ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠦᠷ᠎ᠡ ᠠᠰᠢᠭ᠂ ᠡᠵᠡᠩᠨᠡᠯᠲᠡ ᠶᠢᠨ | ᠴᠢᠳᠠᠪᠤᠷᠢ᠂ ᠲᠦᠭᠰᠢᠭᠦᠷᠢ ᠶᠢ ᠡᠵᠡᠮᠳᠡᠬᠦ᠂ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠭᠦᠢᠴᠡᠳᠭᠡᠯ ᠲᠤᠭ᠎ᠠ ᠶᠢ | ᠭᠤᠤᠯᠳᠠᠯᠭ᠎ᠠ ᠲᠠᠢ ᠰᠢᠯᠭᠠᠨ ᠬᠢᠨᠠᠵᠤ᠂ ᠵᠢᠵᠢᠭ ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠶ | ᠲᠠᠷᠢᠶᠠᠴᠢᠨ ᠮᠠᠯᠴᠢᠨ ᠲᠠᠷᠢᠶᠠᠴᠢᠨ︾ ᠤ ᠭᠤᠤᠯ ᠴᠣᠭᠴᠠ ᠶᠢᠨ ᠠᠩᠬᠠᠳᠠᠭᠴᠢ ᠤᠳᠠᠭᠠᠨ ᠤ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠵᠣᠬᠢᠬᠤ ᠬᠡᠮᠵᠢᠶ᠎ᠡ ᠪᠠᠷ ᠰᠢᠯᠭᠠᠨ ᠬᠢᠨᠠᠵᠤ | ᠬᠡᠯᠪᠠᠶᠢᠯᠭᠡᠵᠦ᠂ ᠠᠰᠢᠭ ᠣᠯᠵᠠᠪᠤᠷᠢ ᠶᠢᠨ ᠭᠦᠢᠴᠡᠳᠭᠡᠯ ᠲᠤᠭ᠎ᠠ ᠶᠢᠨ ᠰᠢᠯᠭᠠᠨ ᠬᠢᠨᠠᠬᠤ ᠶᠢ ᠬᠦᠴᠦᠨ ᠥᠬᠡᠶ | ᠪᠣᠯᠭᠠᠵᠤ᠂ ᠲᠦᠭᠰᠢᠭᠦᠷᠢ ᠶᠢ ᠬᠦᠯᠢᠴᠡᠬᠦ ᠬᠡᠮᠵᠢᠶ᠎ᠡ ᠶᠢ ᠵᠣᠬᠢᠰᠲᠠᠶ ᠳᠡᠭᠡᠭᠰᠢᠯᠡᠭᠦᠯᠦᠨ᠎ᠡ᠃ ᠰᠢᠯᠭᠠᠨ ᠬᠢᠨᠠᠭᠰᠠᠨ ᠦᠷ᠎ᠡ | ᠳ᠋ᠦᠩ ᠨᠢ ᠰᠢᠯᠢᠳᠡᠭ ᠰᠠᠶᠢᠨ ᠪᠠᠶᠢᠪᠠᠯ᠂ ᠬᠥᠷᠥᠩᠭᠡ ᠮᠥᠩᠭᠦ ᠶᠢᠨ ᠣᠷᠣᠭᠤᠯᠤᠯᠲᠠ᠂ ᠣᠷᠣᠯᠠᠨ ᠳᠥᠯᠥᠬᠦ ᠨᠥᠬᠦᠪᠥᠷᠢ | ᠤᠯᠬᠤ ᠪᠠᠷ ᠴᠢᠷᠮᠠᠶᠢᠬᠤ᠂ ᠳᠠᠭᠠᠳᠬᠠᠯ ᠤᠨ ᠵᠠᠷᠤᠳᠠᠯ ᠤᠨ ᠨᠥᠬᠦᠪᠥᠷᠢ᠂ ᠲᠤᠬᠠᠶᠢᠯᠠᠭᠰᠠᠨ ᠠᠵᠢᠯ ᠤᠨ ᠱᠠᠩᠨᠠᠵᠤ | ᠨᠥᠬᠦᠪᠥᠷᠢᠯᠡᠬᠦ ᠵᠡᠷᠭᠡ ᠲᠠᠯ᠎ᠠ ᠪᠠᠷ ᠬᠡᠯᠪᠠᠶᠢᠯᠭᠡᠬᠦ ᠡᠷᠴᠢᠮ ᠢᠶᠠᠨ ᠴᠢᠩᠭᠠᠷᠠᠭᠤᠯᠤᠨ᠎ᠠ︔ ᠣᠨ ᠤ ᠬᠢᠨᠠᠨ ᠰᠢᠯᠭᠠᠯᠲᠠ ᠳᠤ | ᠬᠢᠷᠢ ᠲᠡᠩᠴᠡᠭᠰᠡᠨ ᠥᠬᠡᠶ ᠪᠠᠶᠢᠪᠠᠯ᠂ ᠪᠣᠯᠵᠣᠨ ᠶᠠᠷᠢᠯᠴᠠᠬᠤ ᠪᠠ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠵᠤ᠂ ᠲᠡᠳᠬᠦᠬᠦ ᠲᠥᠷᠥ ᠶᠢᠨ ᠪᠣᠳᠣᠯᠭ᠎ᠠ ᠶᠢᠨ ᠭᠥᠷᠳᠡᠬᠦ ᠬᠡᠪᠴᠢᠶᠡᠨ ᠳᠤ ᠣᠷᠣᠭᠤᠯᠬᠤ ᠥᠬᠡᠶ᠃ | ︵ᠭᠤᠷᠪᠠ︶ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠵᠠᠰᠠᠭ ᠤᠨ | ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠬᠠᠷᠢᠶ᠎ᠠ ᠣᠷᠣᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠮᠵᠢ ᠲᠠᠢ ᠪᠠᠶᠢᠬᠤ ᠶᠢ | ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠷᠠᠭᠤᠯᠤᠨ᠂ ᠥᠷᠢ | ᠥᠭᠴᠡᠭᠡ ᠠᠴᠠ ᠵᠠᠶᠢᠯᠠᠬᠤ ᠪᠠ ᠬᠦᠴᠦᠨ ᠥᠬᠡᠶ ᠪᠣᠯᠭᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠠᠮᠢᠶ᠎ᠠ ᠪᠥᠬᠦᠶ | ᠠᠪᠴᠠᠭᠠᠨ ᠤ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠵᠠᠷᠭᠤ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠭᠦᠢᠴᠡᠳᠭᠡᠬᠦ ᠡᠷᠴᠢᠮ ᠢᠶᠠᠨ ᠴᠢᠩᠭᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠣᠯᠤᠨ ︽ᠮᠠᠯ ᠠᠵᠤ ᠠᠬᠤᠶ | ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠭᠤᠤᠯ ᠴᠣᠭᠴᠠ ᠶᠢᠨ ᠪᠠᠯᠠ | ᠲᠣᠬᠢᠷᠠᠭᠤᠯᠭ᠎ᠠ ᠳᠤ ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠪᠠᠶᠢᠭᠤᠯᠤᠮᠵᠢ ᠶᠢᠨ ᠪᠡᠶ᠎ᠡ ᠪᠠᠨ ᠳᠠᠭᠠᠭᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠷᠢ | ᠰᠠᠭᠤᠷᠢ ᠶᠢ ᠬᠠᠮᠠᠭᠠᠯᠠᠵᠤ᠂ ᠲᠡᠳᠡᠨ ᠤ ᠡᠳᠦᠷ ᠲᠤᠲᠤᠮ ᠤᠨ ᠡᠵᠡᠩᠨᠡᠯᠲᠡ ᠶᠢᠨ ᠰᠢᠢᠳᠪᠦᠷᠢᠳᠦ ᠪᠣᠳᠣᠯᠭ᠎ᠠ | ᠲᠣᠭᠲᠠᠭᠠᠬᠤ ᠳᠤ ᠭᠠᠷ ᠳᠦᠷᠦᠵᠦ ᠪᠣᠯᠬᠤ ᠥᠬᠡᠶ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ | ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠶ ᠃ |