ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ  ︽ᠬᠢᠩᠭᠠᠨ ᠠᠶᠢᠮᠠᠭ ᠤᠨ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ  ᠲᠠᠷᠬᠠᠭᠠᠬᠤ  ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/7/6
       ᠬᠢᠩᠭᠠᠨ ᠠᠶᠢᠮᠠᠭ ᠤᠨ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ      ︽ᠲᠥᠷᠥ ᠶᠢᠨ ᠶᠠᠪᠤᠳᠠᠯ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠠᠵᠢᠯ ᠲᠥᠷᠥᠯ ᠤᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ  ︾  ︵ᠲᠥᠷᠥ ᠲᠠᠷᠬᠠᠭᠠᠭᠰᠠᠨ ︹ 2015 ︺ 43 ᠳ᠋ᠤᠭᠠᠷ ᠲᠣᠭᠠᠲᠤ︶᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ  ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠥᠭᠵᠢᠯᠲᠡ ᠶᠢ ᠦᠨᠡᠨ ᠬᠦ ᠳᠡᠮᠵᠢᠬᠦ ᠲᠤᠬᠠᠶ  ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺ 6 ᠳ᠋ᠤᠭᠠᠷ ᠲᠣᠭᠠᠲᠤ︶᠂ ︽ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠲᠤᠯᠤᠭᠠᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ  ᠮᠡᠳᠡᠭᠳᠡᠯ  ︾ ︵ᠪᠠᠩᠬᠢ ᠳᠠᠭᠠᠳᠬᠠᠯ ᠤᠨ ᠬᠢᠨᠠᠯᠲᠠ ︹ 2020 ︺ 39 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ  ᠵᠢᠯᠣᠭᠤᠳᠬᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2022 ︺ 20 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ︽ᠲᠣᠮᠣᠳᠬᠠᠭᠤᠷ︾ ᠤᠨ  ᠦᠢᠯᠡᠳᠦᠯ ᠢ ᠪᠠᠳᠠᠷᠠᠭᠤᠯᠵᠤ᠂ ᠮᠠᠨ ᠤ ᠠᠶᠢᠮᠠᠭ ᠤᠨ ᠳᠠᠭᠠᠭᠠᠯᠲᠠ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠢᠶᠠᠷ ᠬᠦᠷᠦᠯᠴᠡᠬᠦ ᠥᠬᠡᠶ᠂ ᠳᠠᠭᠠᠭᠠᠯᠲᠠ ᠶᠢᠨ ᠴᠢᠳᠠᠪᠤᠷᠢ ᠪᠠᠷ ᠴᠢᠩᠭ᠎ᠠ ᠪᠤᠰᠤ᠂ ᠪᠠᠩᠬᠢ ᠡᠭᠦᠷᠭᠡᠯᠡᠭᠴᠢ ᠶᠢᠨ ᠬᠠᠮᠲᠤᠷᠠᠯᠴᠠᠭ᠎ᠠ ᠰᠢᠯᠤᠭᠤᠨ ᠪᠤᠰᠤ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠵᠦᠶ ᠵᠣᠬᠢᠰ ᠥᠬᠡᠶ ᠵᠡᠷᠭᠡ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠵᠦ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠬᠠᠷᠠᠯᠲᠠ ᠶᠢᠨ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠦ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠶ ᠮᠠᠯᠴᠢᠨ ᠲᠠᠷᠢᠶᠠᠴᠢᠨ ᠤ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠬᠦᠴᠦᠯᠡᠨ ᠨᠠᠮᠳᠠᠭᠤᠯᠵᠤ᠂ ᠮᠥᠩᠭᠦᠨ  ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ  ᠦᠢᠯᠡᠴᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃    ︵ᠬᠤᠶᠠᠷ︶ ᠦᠨᠳᠦᠰᠦᠨ ᠵᠠᠷᠴᠢᠮ 1. ᠳᠠᠭᠠᠭᠠᠯᠲᠠ ᠶᠢᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠪᠤᠴᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠳᠤ ᠵᠢᠵᠢᠭ ᠪᠢᠴᠢᠯ ᠠᠵᠤ ᠠᠬᠤᠶᠢᠯᠠᠯ ᠪᠣᠯᠤᠨ ︽ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢᠶᠠᠷ ᠭᠤᠤᠯ ᠠᠵᠢᠯ ᠪᠣᠯᠭᠠᠬᠤ ᠶᠢ ᠴᠢᠩᠳᠠᠯᠠᠵᠤ᠂ ᠨᠥᠬᠦᠴᠡᠯ ᠳᠤ ᠨᠡᠶᠢᠴᠡᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ  ᠵᠦᠢᠯ ᠢ ᠳᠡᠮᠵᠢᠵᠦ᠂ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶ ᠶᠢ ᠳᠡᠮᠵᠢᠬᠦ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠ ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠤᠯ ᠠᠵᠢᠯ  ᠦᠢᠯᠡᠰ ᠠᠴᠠ ᠪᠠᠨ ᠰᠠᠯᠵᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠰᠣᠬᠤᠷ ᠪᠠᠯᠠᠶ ᠪᠠᠷ ᠥᠷᠭᠡᠳᠬᠡᠵᠦ ᠪᠣᠯᠬᠤ ᠥᠬᠡᠶ᠃ 2. ᠪᠡᠯᠡ ᠪᠠᠨ ᠪᠠᠲᠤᠯᠠᠨ ᠥᠴᠦᠬᠡᠨ ᠠᠰᠢᠭ ᠣᠯᠵᠠᠪᠤᠷᠢ ᠲᠠᠢ ᠪᠠᠶᠢᠯᠭᠠᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠨᠢ ᠠᠰᠢᠭ ᠬᠤᠨᠵᠢᠪᠣᠷᠢ ᠤᠯᠬᠤ ᠪᠠᠷ ᠵᠣᠷᠢᠯᠭ᠎ᠠ ᠪᠣᠯᠭᠠᠬᠤ ᠥᠬᠡᠶ᠂ ᠦᠷᠭᠦᠯᠵᠢᠯᠡᠨ ᠡᠵᠡᠩᠨᠡᠬᠦ ᠤᠷᠢᠲᠠᠯ ᠳᠣᠤᠷ᠎ᠠ᠂ ᠨᠡᠯᠢᠶᠡᠳ ᠳᠣᠤᠷ᠎ᠠ  ᠰᠦᠢᠳᠭᠡᠯ ᠤᠨ ᠨᠣᠷᠮ᠎ᠠ ᠶᠢᠨ ᠬᠢᠷᠢ ᠬᠡᠮᠵᠢᠶ᠎ᠡ ᠶᠢ ᠪᠠᠲᠤᠯᠠᠵᠤ᠂ ᠵᠢᠵᠢᠭ ᠪᠢᠴᠢᠯ ᠠᠵᠤ ᠠᠬᠤᠶᠢᠯᠠᠯ ᠪᠣᠯᠤᠨ ︽ᠲᠠᠷᠢᠶᠠᠯᠠᠩ ᠮᠠᠯ ᠠᠵᠤ ᠠᠬᠤᠶ ᠲᠠᠷᠢᠶᠠᠴᠢᠨ ᠮᠠᠯᠴᠢᠨ ᠲᠠᠷᠢᠶᠠᠴᠢᠨ︾ ᠤ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠦᠨᠡᠨᠬᠦ ᠪᠦᠲᠦᠮᠵᠢᠲᠡᠶ ᠪᠠᠭᠤᠷᠠᠭᠤᠯᠤᠨ᠎ᠠ᠃ 3. ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠪᠠ ᠪᠠᠩᠬᠢ ᠶᠢᠨ  ᠦᠢᠯᠡᠰ ᠤᠨ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤ ᠪᠠᠷ ᠣᠷᠣᠯᠴᠠᠭᠰᠠᠨ᠂ ᠳᠠᠭᠠᠳᠬᠠᠯ ᠢ ᠵᠦᠶ ᠵᠣᠬᠢᠰᠲᠠᠶ ᠪᠠᠷ ᠬᠤᠪᠢᠶᠠᠷᠢᠯᠠᠭᠰᠠᠨ ᠪᠠᠩᠬᠢ ᠤᠨ ᠬᠠᠮᠲᠤᠷᠠᠯᠴᠠᠭᠠᠨ ᠤ  ᠲᠤᠭᠲᠠᠭᠠᠯᠴᠠᠭ᠎ᠠ ᠶᠢ ᠪᠠᠶᠢᠭᠤᠯᠵᠦ᠂ ᠵᠠᠰᠠᠭ ᠤᠨ ᠣᠷᠳᠣᠨ ᠤ ᠳᠡᠮᠵᠢᠭᠰᠡᠨ᠂ ᠵᠥᠪ ᠴᠢᠭᠯᠡᠯ ᠢᠶᠠᠷ ᠤᠷᠮᠠᠰᠢᠭᠤᠯᠬᠤ ᠪᠡᠯᠡ ᠮᠥᠩᠭᠦ ᠶᠢ ᠨᠥᠬᠦᠪᠥᠷᠢᠯᠡᠬᠦ ᠪᠠ ᠠᠶᠤᠯ ᠲᠦᠭᠰᠢᠭᠦᠷᠢ ᠶᠢ ᠨᠥᠬᠦᠪᠥᠷᠢᠯᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃    ︵ᠭᠤᠷᠪᠠ︶ ᠬᠥᠭᠵᠢᠯᠲᠡ ᠶᠢᠨ ᠬᠠᠷᠠᠯᠲᠠ ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠨᠢᠭᠡᠳᠬᠡᠬᠦ ᠪᠠ ᠰᠠᠯᠭᠠᠬᠤ ᠶᠢ ᠤᠶᠠᠯᠳᠤᠭᠤᠯᠬᠤ᠂ ᠬᠠᠮᠢᠶᠠᠷᠤᠯᠲᠠ ᠰᠢᠨᠵᠢᠯᠡᠬᠦ ᠤᠬᠠᠭᠠᠨᠴᠢ᠂ ᠡᠵᠡᠩᠨᠡᠯᠲᠡ ᠵᠢᠷᠤᠮᠵᠢᠭᠤᠨ︾ ᠪᠠᠶᠢᠬᠤ ᠠᠵᠢᠯ ᠤᠨ ᠲᠥᠰᠦᠯ ᠶᠣᠰᠣᠭᠠᠷ᠂ ᠣᠳᠣᠬᠠᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠦᠢᠯᠡᠴᠢᠯᠡᠭᠡᠨ ᠤ ᠴᠢᠳᠠᠮᠵᠢ ᠶᠢ ᠡᠭᠦᠷᠭᠡᠯᠡᠵᠦ ᠪᠠᠶᠢᠭ᠎ᠠ ᠡᠯ᠎ᠡ ᠵᠦᠢᠯ ᠤᠨ ᠪᠠᠶᠢᠭᠤᠯᠤᠮᠵᠢ ᠶᠢ ᠴᠤᠭᠯᠠᠭᠤᠯᠵᠤ᠂ ᠪᠦᠷᠢᠨ ᠲᠡᠭᠦᠯᠳᠡᠷ ᠠᠵᠢᠯ ᠤᠨ ᠲᠣᠭᠲᠠᠴᠠ ᠶᠢ ᠪᠠᠶᠢᠭᠤᠯᠵᠤ᠂ ᠢᠲᠡᠭᠡᠮᠵᠢ ᠶᠢ ᠨᠡᠮᠡᠭᠳᠡᠭᠦᠯᠬᠦ  ᠦᠢᠯᠡᠴᠢᠯᠡᠭᠡ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ᠂ ᠲᠦᠭᠰᠢᠭᠦᠷᠢ ᠶᠢ ᠨᠥᠬᠦᠪᠥᠷᠢᠯᠡᠬᠦ ᠵᠡᠷᠭᠡ ᠡᠯ᠎ᠡ ᠲᠠᠯ᠎ᠠ ᠳᠤ ᠬᠤᠯᠪᠣᠭᠳᠠᠵᠤ᠂ ᠡᠭᠦᠨ ᠤ ᠤᠯᠠᠮ ᠢᠶᠠᠷ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠪᠤᠰᠤᠳ ᠮᠥᠩᠭᠦᠨ  ᠭᠦᠢᠯᠭᠡᠭᠡᠨ ᠤ ᠪᠠᠶᠢᠭᠤᠯᠤᠮᠵᠢ ᠬᠠᠮᠵᠢᠯᠴᠠᠭᠰᠠᠨ᠂ ᠮᠠᠨ ᠤ ᠠᠶᠢᠮᠠᠭ ᠤᠨ ᠡᠯ᠎ᠡ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠳᠤ  ᠦᠢᠯᠡᠴᠢᠯᠡᠭᠡ ᠬᠠᠩᠭᠠᠬᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ ᠪᠣᠶ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠰᠢᠨ᠎ᠡ ᠶᠢ ᠡᠭᠦᠳᠦᠨ ᠬᠥᠭᠵᠢᠬᠦ ᠢᠳᠡᠪᠬᠢᠵᠢᠯ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠨᠢ ᠭᠠᠭᠴᠠ ᠡᠷᠦᠬᠡ ᠶᠢᠨ ᠳᠠᠭᠠᠭᠠᠯᠲᠠ ᠶᠢᠨ ᠵᠣᠭᠤᠰ ᠤᠨ ᠲᠤᠭ᠎ᠠ ᠨᠢ 1000 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠪᠣᠯᠤᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠭᠤᠤᠯ ᠴᠣᠭᠴᠠ ᠶᠢ ᠭᠤᠤᠯᠳᠠᠯᠭ᠎ᠠ ᠲᠠᠢ ᠳᠡᠮᠵᠢᠵᠦ᠂ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶ ᠶᠢ ᠳᠡᠮᠵᠢᠬᠦ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠡᠵᠡᠯᠡᠬᠦ ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ︔ ᠭᠠᠭᠴᠠ ᠡᠷᠦᠬᠡ ᠶᠢᠨ ᠳᠠᠭᠠᠭᠠᠯᠲᠠ ᠶᠢᠨ ᠵᠣᠭᠤᠰ ᠤᠨ ᠲᠤᠭ᠎ᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠲᠤᠬᠠᠶᠢᠯᠠᠭᠰᠠᠨ ᠠᠵᠢᠯ ᠤᠨ ᠡᠵᠡᠯᠡᠬᠦ ᠬᠠᠷᠢᠴᠠᠯ ᠨᠢ 50% ᠠᠴᠠ ᠳᠣᠤᠷ᠎ᠠ ᠪᠠᠶᠢᠵᠤ ᠪᠣᠯᠬᠤ ᠥᠬᠡᠶ᠂ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠳᠠᠭᠠᠭᠠᠯᠲᠠ ᠶᠢᠨ  ᠰᠦᠢᠳᠭᠡᠯ   ᠤᠨ 1% ᠡᠴᠠ‌‍ᠲ᠋ᠣᠤᠷ᠎ᠠ ᠪᠠᠶᠢᠬᠤ ᠶᠢ ᠪᠠᠳᠤᠯᠠᠨ᠎ᠠ᠃    ᠬᠤᠶᠠᠷ᠂ ᠭᠤᠣᠯ ᠠᠷᠭ᠎ᠠ ᠬᠡᠮᠵᠢᠶ᠎ᠡ    ︵ᠨᠢᠭᠡ︶ ᠠᠶᠢᠮᠠᠭ ᠲᠤ ᠬᠠᠷᠢᠶᠠᠯᠠᠭᠳᠠᠬᠤ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢ ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠪᠠᠯᠠ ᠮᠥᠩᠭᠦ ᠪᠠᠨ ᠨᠡᠮᠡᠭᠳᠡᠭᠦᠯᠦᠨ ᠰᠲ᠋ᠣᠺ ᠢᠶᠠᠨ ᠥᠷᠭᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠥᠷᠥᠩᠭᠡ ᠮᠥᠩᠭᠦ ᠲᠠᠢ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠬᠦᠴᠦᠯᠡᠨ ᠪᠤᠶᠢᠵᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠶᠢᠮᠠᠭ ᠤᠨ ᠰᠢᠭᠤᠳ ᠬᠠᠷᠢᠶ᠎ᠠ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠳᠤ ᠬᠤᠪᠢ ᠣᠷᠣᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶ ᠶᠢᠨ ᠪᠠᠭᠲᠠᠭᠠᠮᠵᠢ ᠪᠠᠷ ᠶᠡᠭᠡ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠡᠭᠡ᠂ ᠲᠣᠰ ᠱᠠᠲᠤᠨ ᠤ ᠡᠳ᠋ ᠤᠨ ᠬᠦᠴᠦᠨ ᠨᠢ ᠦᠷᠭᠦᠯᠵᠢᠯᠡᠨ ᠳᠡᠮᠵᠢᠵᠦ ᠪᠣᠯᠬᠤ ᠬᠤᠰᠢᠭᠤ ᠰᠢᠶᠠᠨ ᠬᠤᠲᠠ ᠨᠢ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠪᠠᠶᠢᠭᠤᠯᠵᠤ ᠪᠣᠯᠤᠨ᠎ᠠ᠃ ᠠᠶᠢᠮᠠᠭ ᠤᠨ ᠰᠢᠭᠤᠳ ᠬᠠᠷᠢᠶ᠎ᠠ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠨᠢ ᠣᠷᠣᠨ ᠪᠦᠰᠡ ᠶᠢᠨ ︽ᠳᠠᠭᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ ᠪᠦᠯᠦᠭᠯᠡᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠮᠠᠨ ᠤ ᠠᠶᠢᠮᠠᠭ ᠤᠨ ᠵᠢᠵᠢᠭ ᠪᠢᠴᠢᠯ ᠠᠵᠤ ᠠᠬᠤᠶᠢᠯᠠᠯ ᠪᠣᠯᠤᠨ ︽ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ ᠲᠠᠷᠢᠶᠠᠴᠢᠨ︾ ᠤ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠠᠮᠤᠷᠬᠤ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠮᠥᠩᠭᠦᠨ  ᠭᠦᠢᠯᠭᠡᠭᠡᠨ ᠤ ᠠᠯᠪᠠᠨ ᠬᠡᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ︶    ︵ᠬᠤᠶᠠᠷ︶ ᠬᠥᠷᠥᠩᠭᠡ ᠮᠥᠩᠭᠦ ᠶᠢ ᠦᠷᠭᠦᠯᠵᠢᠯᠡᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃ ᠵᠠᠰᠠᠭ ᠤᠨ ᠣᠷᠳᠣᠨ᠂ ᠮᠥᠩᠭᠦᠨ  ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ ᠬᠥᠮᠦᠨ ᠥᠷᠭᠡᠨ ᠢᠶᠠᠷ ᠣᠷᠣᠯᠴᠠᠵᠤ᠂ ᠪᠠᠯᠠ ᠭᠠᠷᠭᠠᠨ ᠬᠤᠪᠢ ᠣᠷᠣᠭᠤᠯᠬᠤ ᠪᠠ ᠲᠥᠯᠥᠪᠦᠷᠢ ᠥᠬᠡᠶ ᠪᠠᠷ ᠬᠠᠨᠳᠢᠪᠯᠠᠬᠤ ᠶᠢ ᠬᠠᠷᠢᠯᠴᠠᠨ ᠤᠶᠠᠯᠳᠤᠭᠤᠯᠤᠭᠰᠠᠨ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠ ᠵᠢᠵᠢᠭ ᠪᠢᠴᠢᠯ ᠠᠵᠤ ᠠᠬᠤᠶᠢᠯᠠᠯ ᠤᠨ ᠳᠠᠭᠠᠭᠠᠯᠲᠠ ᠶᠢᠨ ᠵᠢᠭᠡᠯᠡᠯᠭᠡ ᠶᠢᠨ ᠨᠡᠮᠡᠭᠳᠡᠯ ᠯᠦᠭᠡ ᠬᠠᠷᠢᠯᠴᠠᠨ ᠵᠣᠬᠢᠴᠠᠯᠳᠤᠭᠰᠠᠨ ᠣᠯᠠᠨ ᠡᠰᠢᠵᠢᠭᠰᠡᠨ ᠬᠥᠷᠥᠩᠭᠡ ᠶᠢᠨ ᠦᠷᠭᠦᠯᠵᠢᠯᠡᠨ ᠨᠥᠬᠦᠪᠥᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠦᠯᠡᠳᠡᠪᠦᠷᠢ ᠲᠤᠭ᠎ᠠ ᠶᠢ ᠪᠠᠲᠤᠯᠠᠬᠤ᠂ ᠳᠠᠬᠢᠨ ᠲᠤᠭ᠎ᠠ ᠶᠢ ᠶᠡᠬᠡᠰᠬᠡᠬᠦ᠂ ᠬᠥᠷᠥᠩᠭᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ᠂ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠷᠡᠭᠴᠡᠭᠡ ᠵᠡᠷᠭᠡ ᠬᠦᠴᠦᠨ  ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠲᠣᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠬᠥᠷᠥᠩᠭᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ︶    ︵ᠭᠤᠷᠪᠠ︶ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠵᠢᠯᠣᠭᠤᠳᠣᠯᠭ᠎ᠠ ᠪᠠᠨ ᠴᠢᠩᠭᠠᠳᠬᠠᠵᠤ᠂ ᠡᠭᠦᠷᠭᠡ ᠴᠢᠳᠠᠪᠬᠢ ᠶᠢ ᠲᠣᠳᠣᠷᠬᠠᠶᠢᠯᠠᠵᠤ᠂ ᠳᠦᠷᠢᠮ ᠲᠣᠭᠲᠠᠭᠠᠯ ᠢ ᠪᠦᠷᠢᠯᠳᠦᠭᠦᠯᠵᠦ᠂ ᠲᠤᠬᠠᠶ ᠶᠢᠨ ᠲᠠᠯᠠᠪᠤᠷ ᠤᠨ ᠪᠠᠶᠢᠴᠠᠭᠠᠨ ᠰᠤᠳᠤᠯᠤᠯᠲᠠ᠂ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠵᠡᠷᠭᠡ ᠠᠷᠭ᠎ᠠ ᠪᠠᠷᠢᠯ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠳᠤ ᠬᠢᠨᠠᠯᠲᠠ ᠲᠠᠯᠪᠢᠨ ᠵᠢᠯᠣᠭᠤᠳᠴᠤ᠂ ᠬᠢᠨᠠᠨ ᠬᠠᠮᠢᠶᠠᠷᠤᠯᠲᠠ ᠶᠢᠨ ᠲᠠᠰ ᠲᠣᠭᠲᠠᠭᠠᠬᠤ BB ᠲᠠᠰ ︵ᠪᠠᠭᠲᠠᠨ᠎ᠠ︶ ᠠᠴᠠ ᠳᠣᠷᠣᠭᠰᠢ᠂ ᠳᠠᠭᠠᠭᠠᠯᠲᠠ ᠬᠢᠬᠦ ᠴᠢᠳᠠᠪᠤᠷᠢ ᠪᠠᠷ ᠬᠦᠷᠦᠯᠴᠡᠬᠦ ᠥᠬᠡᠶ᠂ ᠲᠠᠷᠢᠶᠠᠯᠠᠩ ᠢ ᠳᠡᠮᠵᠢᠬᠦ ᠵᠢᠵᠢᠭ ᠠᠵᠤ ᠦᠢᠯᠡᠰ ᠢ ᠳᠡᠮᠵᠢᠬᠦ ᠭᠤᠤᠯ ᠠᠵᠢᠯ ᠠᠴᠠ ᠵᠠᠶᠢᠳᠠᠭᠰᠠᠨ᠂ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ᠂ ᠬᠦᠨᠳᠦ ᠶᠡᠭᠡ ᠲᠦᠭᠰᠢᠭᠦᠷᠢ ᠭᠠᠷᠤᠭᠰᠠᠨ ᠪᠠᠶᠢᠭᠤᠯᠤᠮᠵᠢ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠦᠨᠡᠨᠬᠦ ᠪᠠᠲᠤᠯᠠᠵᠤ᠂ ᠳᠠᠭᠠᠭᠠᠯᠲᠠ ᠬᠢᠬᠦ ᠴᠢᠳᠠᠪᠤᠷᠢ ᠪᠠᠨ ᠲᠠᠰᠤᠷᠠᠯᠲᠠ ᠥᠬᠡᠶ ᠨᠡᠮᠡᠭᠳᠡᠭᠦᠯᠦᠨ᠂ ᠳᠠᠭᠠᠭᠠᠯᠲᠠ ᠬᠢᠬᠦ ᠪᠣᠳᠠᠲᠤ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶    ︵ᠳᠥᠷᠪᠡ︶ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠᠩᠬᠢ ᠶᠢᠨ ᠡᠭᠦᠷᠭᠡᠯᠡᠭᠴᠢ ᠶᠢᠨ ᠬᠠᠮᠲᠤᠷᠠᠯᠴᠠᠭᠠᠨ ᠤ ᠵᠠᠭᠪᠤᠷ ᠢ ᠳᠡᠯᠭᠡᠷᠡᠭᠦᠯᠦᠨ᠎ᠡ᠃ ᠪᠠᠩᠬᠢ ᠡᠭᠦᠷᠭᠡᠯᠡᠭᠴᠢ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠦᠨᠳᠦᠰᠦᠯᠡᠨ᠂ ᠬᠤᠳᠠᠯᠳᠤᠭᠠᠨ ᠤ ᠦᠷᠭᠦᠯᠵᠢᠯᠡᠬᠦ᠋ᠢᠴᠡ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠪᠣᠯᠬᠤ ᠵᠠᠷᠴᠢᠮ ᠶᠣᠰᠣᠭᠠᠷ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠷᠳᠠᠮ ᠢ ᠳᠥᠭᠦᠮᠴᠢᠯᠡᠨ᠂ ᠪᠠᠩᠬᠢ ᠡᠭᠦᠷᠭᠡᠯᠡᠭᠴᠢ ᠬᠤᠶᠠᠷ ᠲᠠᠯ᠎ᠠ ᠪᠠᠷ ᠢᠶᠠᠨ ︽ᠶᠡᠷᠦᠩᠬᠡᠶ ᠪᠠ ᠶᠡᠷᠦᠩᠬᠡᠶ︾ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠪᠠᠷᠢᠮᠵᠢᠶ᠎ᠠ ᠪᠠ ᠵᠠᠭᠪᠤᠷ ᠢ ᠨᠢᠭᠡᠳᠦᠯᠲᠡᠶ ᠲᠥᠯᠥᠪᠯᠡᠨ ᠲᠣᠭᠲᠠᠭᠠᠵᠤ᠂ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠪᠠᠲᠤᠯᠠᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ ᠱᠠᠭᠠᠷᠳᠠᠯᠭ᠎ᠠ ᠶᠢ ᠬᠦᠴᠦᠨ ᠥᠬᠡᠶ ᠪᠣᠯᠭᠠᠬᠤ ᠬᠡᠷᠡᠭᠲᠡᠶ᠃ ᠰᠢᠨ᠎ᠡ ᠮᠠᠶ᠋ᠢᠭ ᠤᠨ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠶ ᠪᠠᠶᠢᠭᠤᠯᠵᠤ᠂ ᠳᠠᠭᠠᠭᠠᠯᠲᠠ ᠶᠢᠨ ᠵᠣᠭᠤᠰᠣᠨ ᠲᠤᠭ᠎ᠠ ᠨᠢ 1000 ᠲᠦᠮᠡᠨ ᠲᠥᠭᠦᠷᠢᠭ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠪᠣᠯᠤᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠲᠤᠬᠠᠶᠢᠯᠠᠭᠰᠠᠨ ᠠᠵᠢᠯ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠠᠯᠬᠤᠮ ᠠᠯᠬᠤᠮ ᠢᠶᠠᠷ ᠬᠠᠮᠤᠷᠴᠤ᠂ ᠳᠠᠭᠠᠭᠠᠯᠲᠠ ᠶᠢᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ ᠪᠦᠯᠦᠭᠯᠡᠯ᠂ ᠬᠤᠷᠰᠢᠭᠰᠠᠨ ᠪᠠᠩᠬᠢ ᠶᠢᠨ 4᠄ 3᠄ 3 ᠶᠢᠨ ᠬᠠᠷᠢᠴᠠᠯ ᠢᠶᠠᠷ ᠣᠷᠣᠯᠠᠨ ᠳᠥᠯᠥᠬᠦ ᠬᠠᠷᠢᠭᠤᠴᠠᠯᠭ᠎ᠠ ᠶᠢ ᠡᠭᠦᠷᠭᠡᠯᠡᠬᠦ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠢᠳᠡᠪᠬᠢᠲᠡᠶ ᠳᠡᠮᠵᠢᠵᠦ᠂ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠨ᠂ ᠡᠯ᠎ᠡ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠶᠢ ᠠᠬᠢᠭᠤᠯᠵᠤ᠂ ᠰᠢᠨ᠎ᠡ ᠬᠡᠯᠪᠡᠷᠢ ᠶᠢᠨ ᠵᠠᠰᠠᠭ ᠪᠠᠩᠬᠢ ᠡᠭᠦᠷᠭᠡᠯᠡᠬᠦ ᠬᠠᠮᠲᠤᠷᠠᠯᠴᠠᠭᠠᠨ ᠤ ᠲᠣᠭᠲᠠᠴᠠ ᠳᠤ ᠭᠦᠨᠵᠡᠭᠡᠶ ᠣᠷᠣᠯᠴᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠮᠥᠩᠭᠦᠨ  ᠭᠦᠢᠯᠭᠡᠭᠡᠨ ᠤ ᠠᠯᠪᠠᠨ ᠬᠡᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ᠂ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ︶    ︵ᠲᠠᠪᠤ︶ ᠲᠦᠭᠰᠢᠭᠦᠷᠢ ᠶᠢ ᠣᠷᠣᠯᠠᠨ ᠳᠥᠯᠥᠵᠦ ᠨᠥᠬᠦᠪᠥᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ ᠃ ᠲᠦᠭᠰᠢᠭᠦᠷᠢ ᠶᠢᠨ ᠨᠥᠬᠦᠪᠥᠷᠢ ᠥᠭᠬᠦ ᠲᠣᠭᠲᠠᠴᠠ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠤᠨ ᠡᠵᠡᠯᠡᠬᠦ ᠬᠤᠪᠢ ᠪᠠᠷ ᠨᠡᠯᠢᠶᠡᠳ ᠥᠨᠳᠥᠷ᠂ ᠪᠠᠲᠤᠯᠠᠭ᠎ᠠ ᠶᠢᠨ ᠦᠯᠡᠳᠡᠪᠦᠷᠢ ᠲᠤᠭ᠎ᠠ᠂ ᠡᠷᠦᠬᠡ ᠶᠢᠨ ᠲᠤᠭ᠎ᠠ ᠶᠢᠨ ᠨᠡᠮᠡᠭᠳᠡᠯ ᠢᠶᠠᠷ ᠨᠡᠯᠢᠶᠡᠳ ᠲᠦᠷᠭᠡᠨ᠂ ᠣᠷᠣᠯᠠᠨ ᠳᠥᠯᠥᠬᠦ ᠨᠣᠷᠮ᠎ᠠ ᠶᠢ ᠵᠦᠶ ᠵᠣᠬᠢᠰᠲᠠᠶ ᠣᠷᠣᠨ ᠵᠠᠶ ᠳᠤ ᠬᠢᠵᠠᠭᠠᠷᠯᠠᠭᠰᠠᠨ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠳᠤ ᠵᠣᠬᠢᠬᠤ ᠬᠠᠷᠢᠴᠠᠯ ᠤᠨ ᠣᠷᠣᠯᠠᠨ ᠳᠥᠯᠥᠬᠦ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ︶    ︵ᠵᠢᠷᠭᠤᠭ᠎ᠠ︶ ᠪᠠᠯᠠ ᠲᠣᠬᠢᠷᠠᠭᠤᠯᠭ᠎ᠠ ᠶᠢᠨ  ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠨᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠦᠢᠯᠡᠳᠭᠦᠨ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠦᠨ᠂ ᠲᠣᠮᠣ ᠳ᠋ᠠᠶᠢᠲ᠋ᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠶ ᠬᠡᠷᠡᠭᠯᠡᠨ᠂ ︽ᠠᠩᠬ᠎ᠠ ᠵᠢᠭᠡᠯᠡᠭᠦᠯᠦᠭᠰᠡᠨ ᠡᠷᠦᠬᠡ︾᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠠᠯᠠ ᠳᠣᠭᠢᠷᠠᠭᠤᠯᠬᠤ᠂ ᠬᠤᠷᠢᠶᠠᠪᠠᠰᠤ ᠵᠣᠬᠢᠬᠤ ᠲᠠᠩᠰᠠᠨ ᠵᠣᠭᠤᠰ ᠢᠶᠠᠷ ᠪᠠᠯᠠ ᠳᠣᠭᠢᠷᠠᠭᠤᠯᠬᠤ᠂ ᠤᠷᠲᠤᠪᠲᠤᠷ ᠪᠠ ᠣᠷᠳᠣ ᠬᠤᠭᠤᠴᠠᠭᠠᠨ ᠤ ᠰᠤᠳᠤᠯᠤᠨ ᠨᠡᠭᠡᠭᠡᠵᠦ ᠪᠠᠯᠠ ᠲᠣᠬᠢᠷᠠᠭᠤᠯᠬᠤ ᠳᠤ ᠳᠣᠭᠢᠷᠠᠬᠤ ᠳᠠᠭᠠᠭᠠᠯᠲᠠ ᠶᠢᠨ ᠦᠢᠯᠡᠳᠭᠦᠨ ᠢ ᠨᠡᠭᠡᠭᠡᠨ ᠬᠥᠭᠵᠢᠭᠦᠯᠵᠦ᠂ ᠵᠠᠰᠠᠭ ᠤᠨ ᠣᠷᠳᠣᠨ ᠤ ᠴᠢᠨᠠᠷᠲᠠᠶ ᠳᠠᠭᠠᠭᠠᠯᠲᠠ ᠶᠢᠨ ᠪᠠᠶᠢᠭᠤᠯᠤᠮᠵᠢ ᠶᠢᠨ ᠦᠷ᠎ᠡ ᠪᠦᠲᠦᠮᠵᠢ ᠪᠠ ᠬᠡᠷᠡᠭᠯᠡᠬᠦ ᠬᠡᠪᠴᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ︶    ᠭᠤᠷᠪᠠ᠂ ᠠᠵᠢᠯ   ᠤᠨ ᠪᠠᠲᠤᠯᠠᠭ᠎ᠠ    ︵ᠨᠢᠭᠡ︶ ᠳᠡᠰᠯᠡᠬᠦ ᠣᠯᠠᠨ ᠨᠡᠶᠢᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠨᠢ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠭᠰᠡᠨ᠂ ᠨᠡᠶᠢᠭᠡᠮ ᠤᠨ ᠠᠵᠢᠯ ᠣᠯᠭᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠥᠯᠭᠢᠨ ᠠᠬᠢᠭᠤᠯᠤᠭᠰᠠᠨ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠥᠷᠭᠡᠨ ᠠᠭᠤᠳᠠᠮ᠂ ᠦᠷᠭᠦᠯᠵᠢᠯᠡᠬᠦ ᠬᠥᠭᠵᠢᠯᠲᠡ ᠶᠢᠨ ᠴᠢᠨᠠᠷ ᠢᠶᠠᠷ ᠴᠢᠩᠭ᠎ᠠ ᠵᠢᠵᠢᠭ ᠪᠢᠴᠢᠯ ᠠᠵᠤ ᠠᠬᠤᠶᠢᠯᠠᠯ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠳᠤ ᠢᠳᠡᠪᠬᠢᠲᠡᠶ ᠪᠠᠷ ᠳᠠᠭᠠᠭᠠᠯᠲᠠ ᠬᠠᠩᠭᠠᠵᠤ ᠢᠲᠡᠭᠡᠮᠵᠢ ᠪᠠᠨ ᠨᠡᠮᠡᠭᠳᠡᠭᠦᠯᠦᠨ᠎ᠡ᠃ ᠭᠤᠤᠯ ᠠᠵᠢᠯ ᠠᠴᠠ ᠪᠠᠨ ᠰᠠᠯᠵᠤ ᠪᠣᠯᠬᠤ ᠥᠬᠡᠶ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠳᠤ ᠳᠠᠭᠠᠭᠠᠯᠲᠠ ᠬᠠᠩᠭᠠᠵᠤ ᠪᠣᠯᠬᠤ ᠥᠬᠡᠶ᠂ ᠵᠠᠰᠠᠭ ᠤᠨ ᠣᠷᠳᠣᠨ ᠤ ᠪᠠᠯᠠ ᠲᠣᠬᠢᠷᠠᠭᠤᠯᠭ᠎ᠠ ᠶᠢᠨ ᠲᠠᠪᠴᠠᠩ ᠤᠨ ᠪᠠᠯᠠ ᠲᠣᠬᠢᠷᠠᠭᠤᠯᠭ᠎ᠠ ᠳᠤ ᠢᠲᠡᠭᠡᠮᠵᠢ ᠪᠠᠨ ᠨᠡᠮᠡᠭᠳᠡᠭᠦᠯᠵᠦ ᠪᠣᠯᠬᠤ ᠥᠬᠡᠶ᠂ ᠪᠠᠯᠠ ᠲᠣᠬᠢᠷᠠᠭᠤᠯᠭ᠎ᠠ ᠶᠢᠨ ᠪᠤᠰᠤ ᠳᠠᠭᠠᠭᠠᠯᠲᠠ ᠶᠢᠨ ᠪᠠᠶᠢᠭᠤᠯᠤᠮᠵᠢ ᠳᠤ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠬᠢᠵᠦ ᠪᠣᠯᠬᠤ ᠥᠬᠡᠶ᠃    ︵ᠬᠤᠶᠠᠷ︶ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ︽ᠡᠳ᠋ ᠤᠨ ᠵᠠᠰᠠᠭ ᠤᠨ ᠶᠠᠮᠤᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ᠂ ᠳᠠᠬᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠢᠯᠣᠭᠤᠳᠤᠮᠵᠢ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠡᠳ᠋ ᠤᠨ ᠵᠠᠰᠠᠭ ᠮᠥᠩᠭᠦᠨ ︹ 2020 ︺ 31 ᠳ᠋ᠤᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠰᠢᠯᠭᠠᠨ ᠬᠢᠨᠠᠵᠤ ᠮᠠᠭᠠᠳᠯᠠᠨ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠦᠷ᠎ᠡ ᠠᠰᠢᠭ᠂ ᠡᠵᠡᠩᠨᠡᠯᠲᠡ ᠶᠢᠨ ᠴᠢᠳᠠᠪᠤᠷᠢ᠂ ᠲᠦᠭᠰᠢᠭᠦᠷᠢ ᠶᠢ ᠡᠵᠡᠮᠳᠡᠬᠦ᠂ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠭᠦᠢᠴᠡᠳᠭᠡᠯ ᠲᠤᠭ᠎ᠠ ᠶᠢ ᠭᠤᠤᠯᠳᠠᠯᠭ᠎ᠠ ᠲᠠᠢ ᠰᠢᠯᠭᠠᠨ ᠬᠢᠨᠠᠵᠤ᠂ ᠵᠢᠵᠢᠭ ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠶ ᠲᠠᠷᠢᠶᠠᠴᠢᠨ ᠮᠠᠯᠴᠢᠨ ᠲᠠᠷᠢᠶᠠᠴᠢᠨ︾ ᠤ ᠭᠤᠤᠯ ᠴᠣᠭᠴᠠ ᠶᠢᠨ ᠠᠩᠬᠠᠳᠠᠭᠴᠢ ᠤᠳᠠᠭᠠᠨ ᠤ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠵᠣᠬᠢᠬᠤ ᠬᠡᠮᠵᠢᠶ᠎ᠡ ᠪᠠᠷ ᠰᠢᠯᠭᠠᠨ ᠬᠢᠨᠠᠵᠤ ᠬᠡᠯᠪᠠᠶᠢᠯᠭᠡᠵᠦ᠂ ᠠᠰᠢᠭ ᠣᠯᠵᠠᠪᠤᠷᠢ ᠶᠢᠨ ᠭᠦᠢᠴᠡᠳᠭᠡᠯ ᠲᠤᠭ᠎ᠠ ᠶᠢᠨ ᠰᠢᠯᠭᠠᠨ ᠬᠢᠨᠠᠬᠤ ᠶᠢ ᠬᠦᠴᠦᠨ ᠥᠬᠡᠶ ᠪᠣᠯᠭᠠᠵᠤ᠂ ᠲᠦᠭᠰᠢᠭᠦᠷᠢ ᠶᠢ ᠬᠦᠯᠢᠴᠡᠬᠦ ᠬᠡᠮᠵᠢᠶ᠎ᠡ ᠶᠢ ᠵᠣᠬᠢᠰᠲᠠᠶ ᠳᠡᠭᠡᠭᠰᠢᠯᠡᠭᠦᠯᠦᠨ᠎ᠡ᠃ ᠰᠢᠯᠭᠠᠨ ᠬᠢᠨᠠᠭᠰᠠᠨ ᠦᠷ᠎ᠡ ᠳ᠋ᠦᠩ ᠨᠢ ᠰᠢᠯᠢᠳᠡᠭ ᠰᠠᠶᠢᠨ ᠪᠠᠶᠢᠪᠠᠯ᠂ ᠬᠥᠷᠥᠩᠭᠡ ᠮᠥᠩᠭᠦ ᠶᠢᠨ ᠣᠷᠣᠭᠤᠯᠤᠯᠲᠠ᠂ ᠣᠷᠣᠯᠠᠨ ᠳᠥᠯᠥᠬᠦ ᠨᠥᠬᠦᠪᠥᠷᠢ ᠤᠯᠬᠤ ᠪᠠᠷ ᠴᠢᠷᠮᠠᠶᠢᠬᠤ᠂ ᠳᠠᠭᠠᠳᠬᠠᠯ ᠤᠨ ᠵᠠᠷᠤᠳᠠᠯ ᠤᠨ ᠨᠥᠬᠦᠪᠥᠷᠢ᠂ ᠲᠤᠬᠠᠶᠢᠯᠠᠭᠰᠠᠨ ᠠᠵᠢᠯ ᠤᠨ ᠱᠠᠩᠨᠠᠵᠤ ᠨᠥᠬᠦᠪᠥᠷᠢᠯᠡᠬᠦ ᠵᠡᠷᠭᠡ ᠲᠠᠯ᠎ᠠ ᠪᠠᠷ ᠬᠡᠯᠪᠠᠶᠢᠯᠭᠡᠬᠦ ᠡᠷᠴᠢᠮ ᠢᠶᠠᠨ ᠴᠢᠩᠭᠠᠷᠠᠭᠤᠯᠤᠨ᠎ᠠ︔ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠪᠠᠯ᠂ ᠪᠣᠯᠵᠣᠨ ᠶᠠᠷᠢᠯᠴᠠᠬᠤ ᠪᠠ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠲᠡᠳᠬᠦᠬᠦ ᠲᠥᠷᠥ ᠶᠢᠨ ᠪᠣᠳᠣᠯᠭ᠎ᠠ ᠶᠢᠨ ᠭᠥᠷᠳᠡᠬᠦ ᠬᠡᠪᠴᠢᠶᠡᠨ ᠳᠤ ᠣᠷᠣᠭᠤᠯᠬᠤ ᠥᠬᠡᠶ᠃    ︵ᠭᠤᠷᠪᠠ︶ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠷᠠᠭᠤᠯᠤᠨ᠂ ᠥᠷᠢ ᠥᠭᠴᠡᠭᠡ ᠠᠴᠠ ᠵᠠᠶᠢᠯᠠᠬᠤ ᠪᠠ ᠬᠦᠴᠦᠨ ᠥᠬᠡᠶ ᠪᠣᠯᠭᠠᠬᠤ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠠᠮᠢᠶ᠎ᠠ ᠪᠥᠬᠦᠶ ᠠᠪᠴᠠᠭᠠᠨ ᠤ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠵᠠᠷᠭᠤ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂  ᠭᠦᠢᠴᠡᠳᠭᠡᠬᠦ ᠡᠷᠴᠢᠮ ᠢᠶᠠᠨ ᠴᠢᠩᠭᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠣᠯᠤᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠭᠤᠤᠯ ᠴᠣᠭᠴᠠ ᠶᠢᠨ ᠪᠠᠯᠠ ᠲᠣᠬᠢᠷᠠᠭᠤᠯᠭ᠎ᠠ ᠳᠤ ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠪᠡᠶ᠎ᠡ ᠪᠠᠨ ᠳᠠᠭᠠᠭᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠬᠠᠮᠠᠭᠠᠯᠠᠵᠤ᠂ ᠲᠡᠳᠡᠨ ᠤ ᠡᠳᠦᠷ ᠲᠤᠲᠤᠮ ᠤᠨ ᠡᠵᠡᠩᠨᠡᠯᠲᠡ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠭᠠᠷ ᠳᠦᠷᠦᠵᠦ ᠪᠣᠯᠬᠤ ᠥᠬᠡᠶ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠶ  ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号