ᠬᠤᠤ ᠶᠤᠸᠠᠨ ᠶᠤᠸᠠᠨ᠄ ᠦᠨᠳᠦᠰᠦᠨ ᠱᠠᠲᠤᠨ ᠳᠤ ᠦᠨᠳᠦᠰᠦᠯᠡᠵᠦ ᠰᠣᠶᠣᠯ ᠤᠨ ᠤᠯᠠᠮᠵᠢᠯᠠᠭᠴᠢ ᠪᠣᠯᠣᠶ᠎ᠠ᠄ ︽ᠳᠡᠷᠭᠡᠳᠡᠬᠢ ᠳᠣᠭᠳᠣᠯᠤᠯ︾ ᠬᠤᠤ ᠶᠤᠸᠠᠨ ᠶᠤᠸᠠᠨ᠄ ᠦᠨᠳᠦᠰᠦᠨ ᠱᠠᠲᠤᠨ ᠳᠤ ᠦᠨᠳᠦᠰᠦᠯᠡᠵᠦ ᠰᠣᠶᠣᠯ ᠤᠨ ᠤᠯᠠᠮᠵᠢᠯᠠᠭᠴᠢ ᠪᠣᠯᠣᠶ᠎ᠠ
ᠨᠡᠶᠢᠲᠡᠯᠡᠭᠰᠡᠨ ᠴᠠᠭ᠄
2022/7/7
    ᠲᠦᠴᠢᠦᠸᠠᠨ ᠰᠢᠶᠠᠨ ᠳᠤ ᠡᠶᠢᠮᠦ ᠨᠢᠭᠡᠨ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠤᠨ ᠤᠯᠠᠮᠵᠢᠯᠠᠭᠴᠢ ᠪᠠᠶᠢᠳᠠᠭ᠂ ᠲᠡᠷᠡ ᠪᠣᠯ ᠦᠨᠳᠦᠰᠦᠨ ᠱᠠᠲᠤᠨ ᠤ ᠰᠣᠶᠣᠯ ᠤᠨ ᠰᠢᠰᠲ᠋ᠧᠮ ᠳᠤ ᠴᠢᠷᠮᠠᠶᠢᠨ ᠠᠵᠢᠯᠯᠠᠵᠤ ᠪᠠᠶᠢᠭ᠎ᠠ ᠡᠩ ᠤᠨ ᠺᠠᠳ᠋ᠷ ᠶᠤᠮ᠃ ᠰᠣᠶᠣᠯ ᠢ ᠤᠯᠠᠮᠵᠢᠯᠠᠬᠤ ᠶᠢᠨ ᠲᠥᠯᠥᠭᠡ᠂ ᠲᠡᠷᠡ ᠬᠥᠳᠡᠭᠡ ᠲᠣᠰᠬᠤᠨ ᠤ ᠰᠣᠶᠣᠯ ᠤᠨ ᠤᠯᠠᠮᠵᠢᠯᠠᠭᠴᠢ᠂ ᠰᠠᠬᠢᠨ ᠪᠠᠷᠠᠯᠠᠭᠴᠢ ᠪᠣᠯᠬᠤ ᠶᠢ ᠪᠠᠷᠢᠮᠲᠠᠯᠠᠪᠠ ᠁ ᠲᠡᠷᠡ ᠪᠣᠯ ᠳᠠᠷᠤᠢ ᠲᠠᠢ ᠫᠢᠩ ᠰᠢᠶᠠᠩ ᠤᠨ ᠰᠣᠶᠣᠯ ᠤᠨ ᠦᠷᠳᠡᠭᠡ ᠶᠢᠨ ᠳᠠᠷᠤᠭ᠎ᠠ ᠬᠤᠤ ᠶᠤᠸᠠᠨ ᠶᠤᠸᠠᠨ ᠪᠣᠯᠣᠨ᠎ᠠ᠃     ︽ᠮᠠᠨ ᠤ ᠰᠣᠶᠣᠯ ᠤᠨ ᠠᠵᠢᠯᠲᠠᠳ ᠵᠢᠯ ᠴᠠᠭᠠᠨ ᠰᠠᠷ᠎ᠠ ᠪᠠᠶᠠᠷ ᠳᠤᠷᠠᠰᠬᠠᠯ ᠤᠨ ᠡᠳᠦᠷ ᠪᠣᠯᠬᠤ ᠠᠴᠠ ᠬᠠᠮᠤᠭ ᠠᠴᠠ ᠠᠶᠤᠳᠠᠭ ᠶᠤᠮ︾ ᠭᠡᠵᠦ ᠬᠤᠤ ᠶᠤᠸᠠᠨ ᠶᠤᠸᠠᠨ ᠬᠡᠯᠡᠪᠡ᠃ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠲᠤ ᠠᠵᠢᠯᠯᠠᠭ᠎ᠠ ᠵᠣᠬᠢᠶᠠᠨ ᠪᠠᠶᠢᠭᠤᠯᠬᠤ ᠬᠡᠷᠡᠭᠲᠡᠢ ᠪᠣᠯᠬᠤᠷ ᠭᠡᠷ ᠤᠨ ᠬᠥᠮᠥᠰ ᠲᠠᠢ ᠪᠠᠨ ᠬᠠᠮᠲᠤ ᠪᠠᠶᠠᠷ ᠳᠤᠷᠠᠰᠬᠠᠯ ᠤᠨ ᠡᠳᠦᠷ ᠢ ᠥᠩᠭᠡᠷᠡᠭᠡᠬᠦ ᠶᠢᠨ ᠠᠷᠭ᠎ᠠ ᠦᠭᠡᠢ ᠪᠣᠯᠬᠤᠷ ᠡᠵᠢ ᠨᠢ ᠲᠡᠭᠦᠨ ᠠᠴᠠ ᠶᠠᠭᠤᠨ ᠳᠤ ᠵᠠᠪᠠᠯ ᠡᠨᠡ ᠥᠷᠲᠡᠭᠡᠨ ᠳᠠᠷᠤᠭ᠎ᠠ ᠪᠣᠯᠬᠤ ᠪᠤᠢ ᠭᠡᠵᠦ ᠭᠤᠮᠣᠳᠠᠨ ᠠᠰᠠᠭᠤᠵᠠᠢ᠃ ᠡᠨᠡ ᠦᠵᠡᠭᠳᠡᠯ ᠢ ᠶᠠᠷᠢᠬᠤ ᠪᠦᠷᠢ ᠬᠤᠤ ᠶᠤᠸᠠᠨ ᠶᠤᠸᠠᠨ ᠤᠬᠠᠭᠠᠨ ᠲᠥᠬᠦᠭᠡ ᠶᠢ ᠨᠢ ᠣᠯᠬᠤ ᠦᠭᠡᠢ ᠪᠠᠷ ᠨᠢᠳᠦᠨ ᠤ ᠴᠠᠭᠠᠷᠢᠭ ᠨᠢ ᠤᠯᠠᠶᠢᠳᠠᠭ᠃ ᠡᠨᠡ ᠵᠢᠯ ᠤᠨ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠮᠠᠨ ᠤ ᠲᠠᠶᠢᠰᠠᠨ ᠤ ᠲᠠᠪᠴᠠᠩ︾ ᠤᠨ ᠠᠵᠢᠯᠯᠠᠭ᠎ᠠ ᠶᠢ ᠥᠷᠨᠢᠭᠦᠯᠵᠦ ᠪᠠᠶᠢᠬᠤ ᠬᠤᠭᠤᠴᠠᠭᠠᠨ ᠳᠤ᠂ ᠬᠤᠤ ᠶᠤᠸᠠᠨ ᠶᠤᠸᠠᠨ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠶᠠᠭᠠᠷᠠᠯᠳᠤᠵᠤ ᠪᠠᠶᠢᠬᠤ ᠳᠤ᠂ ᠨᠠᠰᠤᠲᠠᠢ ᠡᠵᠢ  ᠨᠢ ᠭᠡᠨᠡᠳᠲᠡ ᠡᠪᠡᠳᠴᠢᠯᠡᠭᠡᠳ ᠡᠮᠨᠡᠯᠭᠡ ᠳᠤ ᠰᠠᠭᠤᠭᠰᠠᠨ ᠪᠣᠯᠪᠠᠴᠤ ᠲᠡᠭᠦᠨ ᠢ ᠠᠰᠠᠷᠠᠬᠤ ᠪᠠᠷ ᠣᠴᠢᠬᠤ ᠶᠢᠨ ᠠᠷᠭ᠎ᠠ ᠦᠭᠡᠢ ᠪᠠᠶᠢᠪᠠ᠂ ᠲᠡᠷᠡ ᠰᠣᠶᠣᠯ ᠤᠨ ᠥᠷᠲᠡᠭᠡᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ 5 ᠵᠢᠯ ᠤᠨ ᠲᠤᠷᠰᠢ᠂ ᠠᠵᠢᠯ ᠶᠠᠭᠠᠷᠠᠤ ᠠᠴᠠ ᠪᠣᠯᠵᠤ ᠭᠡᠷ ᠤᠨ ᠬᠥᠮᠥᠰ ᠢᠶᠠᠨ ᠬᠠᠷᠠᠭᠠᠯᠵᠠᠵᠤ ᠳᠡᠶᠢᠯᠬᠦ ᠦᠭᠡᠢ ᠶᠠᠪᠤᠳᠠᠯ ᠦᠷᠭᠦᠯᠵᠢ ᠭᠠᠷᠴᠤ ᠪᠠᠶᠢᠪᠠ᠃   ᠵᠣᠬᠢᠶᠠᠭᠴᠢ ᠬᠤᠤ ᠶᠤᠸᠠᠨ ᠶᠤᠸᠠᠨ ᠲᠠᠢ ᠬᠠᠷᠢᠯᠴᠠᠬᠤ ᠳᠠᠭᠠᠨ ᠲᠡᠷᠡ᠄ ︽ᠤᠯᠠᠨ ᠤᠳᠠᠭ᠎ᠠ ᠲᠡᠯᠴᠢᠯᠡᠵᠦ ᠪᠠᠶᠢᠭᠠᠳ ᠲᠠᠶᠠᠭᠳᠠᠶ᠎ᠠ ᠭᠡᠵᠦ ᠪᠤᠳᠤᠵᠠᠢ᠂ ᠭᠡᠪᠡᠴᠦ ᠰᠡᠳᠬᠢᠯ ᠤᠨ ᠬᠠᠶᠢᠷᠠᠲᠤ ᠬᠥᠳᠡᠭᠡ ᠲᠣᠰᠬᠤᠨ ᠤ ᠰᠣᠶᠣᠯ ᠤᠨ ᠦᠢᠯᠡᠰ ᠤᠨ ᠢᠶᠠᠨ ᠲᠥᠯᠥᠭᠡ ᠪᠢ ᠡᠷᠬᠡᠪᠰᠢ ᠪᠠᠷᠢᠮᠲᠠᠯᠠᠬᠤ ᠬᠡᠷᠡᠭᠲᠡᠢ︾ ᠭᠡᠵᠦ ᠬᠡᠯᠡᠪᠡ᠃ ᠣᠶᠢᠷ᠎ᠠ ᠶᠢᠨ ᠵᠢᠯ ᠠᠴᠠ᠂ ᠬᠤᠤ ᠶᠤᠸᠠᠨ ᠶᠤᠸᠠᠨ ᠬᠤᠳᠣᠭᠤᠳᠤᠨ ᠡᠪᠡᠳᠴᠢᠨ ᠳᠤ ᠨᠡᠷᠪᠡᠭᠳᠡᠵᠦ ᠮᠡᠳᠡᠷᠡᠯ ᠮᠠᠭᠤᠳᠠᠭᠰᠠᠨ ᠪᠣᠯᠪᠠᠴᠤ ᠲᠡᠷᠡ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠣᠶᠣᠯ ᠤᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠢ ᠪᠠᠲᠤ ᠰᠠᠬᠢᠪᠠ᠂ ᠡᠳᠡᠭᠡᠷ ᠨᠢ ᠪᠦᠷ ᠲᠡᠭᠦᠨ ᠤ ᠴᠢᠩ ᠦᠨᠡᠨᠴᠢ ᠰᠡᠳᠬᠢᠯ ᠠᠴᠠ ᠢᠷᠡᠯᠲᠡ ᠲᠠᠢ ᠶᠤᠮ᠃   ︽ᠮᠠᠨ ᠤ ᠲᠣᠰᠬᠤᠨ ᠤ ᠪᠥᠵᠢᠭ ᠤᠨ ᠠᠩᠭᠢ ᠶᠢᠨ ᠬᠢᠨ ᠡᠩ ᠤᠨ ᠴᠠᠭ ᠲᠠᠭᠠᠨ ᠲᠠᠯᠠᠪᠠᠢ ᠳᠤ ᠪᠥᠵᠢᠭ ᠪᠥᠵᠢᠭᠯᠡᠳᠡᠭ᠂ ᠲᠣᠭᠯᠠᠯᠲᠠ ᠪᠠᠶᠢᠪᠠᠯ ᠲᠣᠭᠯᠠᠯᠲᠠ ᠲᠣᠬᠢᠷᠠᠭᠤᠯᠤᠨ᠎ᠠ᠂ ᠠᠰᠠᠭᠤᠳᠠᠯ ᠲᠤᠯᠭᠠᠷᠠᠪᠠᠯ ᠬᠤᠤ ᠥᠷᠲᠡᠭᠡᠨ ᠳᠠᠷᠤᠭ᠎ᠠ ᠳᠠᠷᠤᠢ ᠲᠦᠷᠭᠡᠨ ᠪᠢᠳᠡᠨ ᠳᠤ ᠬᠠᠪᠰᠤᠷᠤᠨ ᠵᠣᠬᠢᠴᠠᠭᠤᠯᠤᠨ ᠰᠢᠢᠳᠪᠦᠷᠢᠯᠡᠵᠦ ᠥᠭᠭᠦᠨ᠎ᠡ︾᠃ ᠭᠡᠵᠦ ᠲᠠᠢ ᠫᠢᠩ ᠰᠢᠶᠠᠩ ᠤᠨ ᠱᠤ᠋ ᠭᠤᠸᠠᠩ ᠲᠣᠰᠬᠤᠨ ᠤ ᠠᠷᠠᠳ ᠭᠦ ᠮᠢᠩ ᠬᠡᠯᠡᠪᠡ᠃ ᠡᠨᠡ ᠵᠢᠯ 51 ᠨᠠᠰᠤᠲᠠᠢ ᠭᠦ ᠮᠢᠩ ᠪᠣᠯ ᠲᠠᠶᠢᠫᠢᠩ ᠰᠢᠶᠠᠩ ᠤᠨ ᠱᠣ ᠭᠤᠸᠠᠩ ᠲᠣᠰᠬᠤᠨ ᠤ ᠤᠷᠠᠨ ᠰᠠᠶᠢᠬᠠᠨ ᠤ ᠠᠩᠭᠢ ᠶᠢᠨ ᠳᠠᠷᠤᠭ᠎ᠠ ᠪᠣᠯᠣᠨ᠎ᠠ᠂ ᠲᠡᠷᠡ ᠦᠷᠭᠦᠯᠵᠢ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠲᠠᠯᠠᠪᠠᠢ ᠳᠤ ᠪᠥᠵᠢᠭᠯᠡᠵᠦ᠂ ᠶᠠᠩᠭᠠᠷ ᠪᠥᠵᠢᠭᠯᠡᠳᠡᠭ᠂ ᠲᠤᠰᠬᠠᠢ ᠮᠡᠷᠭᠡᠵᠢᠯ ᠤᠨ ᠲᠤᠨᠤᠭ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠪᠠᠭᠰᠢ ᠶᠢᠨ ᠵᠢᠯᠣᠭᠤᠳᠤᠯᠭ᠎ᠠ ᠪᠠᠶᠢᠬᠤ ᠦᠭᠡᠢ ᠤᠴᠢᠷ ᠠᠴᠠ ᠪᠣᠯᠪᠠᠰᠤᠷᠠᠬᠤ ᠳᠤ ᠮᠠᠰᠢ ᠬᠦᠴᠢᠷᠳᠡᠳᠡᠭ᠂ ᠬᠤᠤ ᠶᠤᠸᠠᠨ ᠶᠤᠸᠠᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠳᠡᠨ ᠳᠤ ᠤᠯᠠᠨ ᠲᠠᠯ᠎ᠠ ᠶᠢᠨ ᠪᠡᠯᠡ ᠮᠥᠩᠭᠦ ᠶᠢ ᠵᠣᠬᠢᠴᠠᠭᠤᠯᠤᠨ ᠳᠡᠪᠢᠭᠦᠷ᠂ ᠪᠦᠰᠡ᠂ ᠬᠦᠡᠭᠬᠢᠨᠡᠬᠦᠷ ᠵᠡᠷᠭᠡ ᠲᠤᠨᠤᠭ ᠲᠥᠬᠦᠭᠡᠷᠦᠮᠵᠢ ᠶᠢ ᠬᠤᠳᠠᠯᠳᠤᠨ ᠠᠪᠴᠤ ᠥᠭᠴᠡᠢ᠃ ᠡᠭᠦᠨ ᠤ ᠬᠠᠮᠲᠤ᠂ ᠰᠢᠶᠠᠨ ᠤ ᠤᠯᠠᠭᠠᠨᠮᠥ᠋ᠴᠢᠷ ᠤᠨ ᠪᠠᠭᠰᠢ ᠶᠢ ᠤᠷᠢᠵᠤ ᠠᠶᠢᠯ ᠲᠣᠰᠬᠤᠨ ᠳᠤ ᠣᠴᠢᠭᠤᠯᠤᠨ ᠪᠣᠯᠪᠠᠰᠤᠷᠠᠯ ᠬᠢᠯᠭᠡᠵᠦ᠂ ᠵᠢᠯ ᠪᠦᠷᠢ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠢ ᠠᠰᠢᠭᠯᠠᠨ ᠤᠷᠠᠨ ᠰᠠᠶᠢᠬᠠᠨ ᠤ ᠲᠣᠭᠯᠠᠯᠲᠠ ᠵᠣᠬᠢᠶᠠᠨ ᠪᠠᠶᠢᠭᠤᠯᠵᠤ ᠰᠢᠶᠠᠨ ᠤ ᠰᠣᠶᠣᠯ ᠤᠨ ᠣᠷᠳᠣᠨ ᠪᠠ ᠰᠢᠶᠠᠩ ᠤᠨ ᠰᠣᠶᠣᠯ ᠤᠨ ᠥᠷᠲᠡᠭᠡᠨ ᠤ ᠬᠠᠮᠲᠤᠷᠠᠭᠰᠠᠨ ᠲᠣᠭᠯᠠᠯᠲᠠ ᠳᠤ ᠣᠷᠣᠯᠴᠠᠭᠤᠯᠳᠠᠭ᠃  ︽ᠰᠣᠶᠣᠯ ᠤᠨ ᠥᠷᠲᠡᠭᠡᠨ ᠳᠠᠷᠤᠭ᠎ᠠ ᠪᠣᠯᠬᠤ ᠳᠤ ᠡᠨᠡ ᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠂ ᠪᠡᠶ᠎ᠡ ᠮᠠᠬᠠᠪᠤᠳ ᠨᠢ ᠶᠠᠳᠠᠷᠠᠵᠤ ᠵᠦᠳᠡᠷᠡᠭᠰᠡᠨ ᠪᠣᠯᠪᠠᠴᠤ ᠴᠤᠭ ᠰᠦᠯᠳᠡ ᠪᠠᠷ ᠪᠠᠶᠠᠨ ᠴᠢᠨᠡᠭᠡᠯᠢᠭ ᠪᠠᠶᠢᠬᠤ ᠬᠡᠷᠡᠭᠲᠡᠢ︾᠃ ᠬᠤᠤ ᠶᠤᠸᠠᠨ ᠶᠤᠸᠠᠨ ᠠᠪᠤ ᠶᠢᠨ ᠢᠶᠠᠨ ᠰᠠᠨᠠᠭᠤᠯᠭ᠎ᠠ ᠶᠢ ᠢᠮᠠᠭᠲᠠ ᠴᠡᠭᠡᠵᠢᠯᠡᠭᠰᠡᠭᠡᠷ ᠢᠷᠡᠵᠠᠢ᠃    ᠬᠤᠤ ᠶᠤᠸᠠᠨ ᠶᠤᠸᠠᠨ ᠬᠥᠳᠡᠭᠡ ᠲᠣᠰᠬᠤᠨ ᠤ ᠰᠣᠶᠣᠯ ᠤᠨ ᠠᠵᠢᠯ ᠳᠤ ᠮᠠᠰᠢ ᠪᠠᠭ᠋ᠠᠲᠠᠢ᠂ ᠲᠠᠢ ᠫᠢᠩ ᠰᠢᠶᠠᠩ ᠤᠨ ᠰᠣᠶᠣᠯ ᠤᠨ ᠦᠷᠳᠡᠭᠡ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠲᠤᠬᠠᠶᠢᠯᠠᠭᠰᠠᠨ ᠠᠵᠢᠯ ᠢᠶᠠᠨ ᠰᠢᠷᠭᠠᠭᠤ ᠰᠤᠳᠤᠯᠵᠤ᠂ ᠬᠥᠳᠡᠭᠡ ᠲᠣᠰᠬᠤᠨ ᠤ ᠰᠣᠶᠣᠯ ᠤᠨ ᠠᠵᠢᠯ ᠤᠨ ᠰᠢᠨ᠎ᠡ ᠰᠡᠳᠬᠢᠴᠡ ᠶᠢ ᠲᠠᠰᠤᠷᠠᠯᠳᠡ ᠦᠭᠡᠢ ᠰᠢᠨᠡᠴᠢᠯᠡᠵᠦ᠂ ᠥᠷᠭᠡᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠢ ᠰᠠᠶᠢᠲᠤᠷ ᠬᠢᠵᠡᠢ᠃ ᠲᠠᠢ ᠫᠢᠩ ᠰᠢᠶᠠᠩ ᠤᠨ 21 ᠲᠣᠰᠬᠤᠨ ᠳᠤ ᠪᠦᠷ ᠲᠡᠭᠦᠨ ᠤ ᠤᠯᠠ ᠮᠥᠷ ᠢ ᠦᠯᠡᠳᠡᠭᠡᠵᠦ᠂ ᠲᠡᠭᠦᠨ ᠤ ᠳᠠᠭᠠᠭᠤᠯᠭ᠎ᠠ ᠲᠠᠢ ᠲᠠᠢ ᠫᠢᠩ ᠰᠢᠶᠠᠩ ᠳᠤ 40 ᠭᠠᠷᠤᠢ ᠤᠳᠬ᠎ᠠ ᠤᠷᠠᠯᠢᠭ ᠤᠨ ᠠᠩᠭᠢ ᠶᠢ ᠵᠣᠬᠢᠶᠠᠨ ᠪᠠᠶᠢᠭᠤᠯᠪᠠ᠂ ᠤᠳᠬ᠎ᠠ ᠤᠷᠠᠯᠢᠭ ᠤᠨ ᠠᠩᠭᠢ ᠬᠡᠷᠡᠭᠴᠡᠭᠡ ᠲᠠᠢ ᠯᠡ ᠶᠤᠮ ᠪᠣᠯ᠂ ᠬᠤᠤ ᠶᠤᠸᠠᠨ ᠶᠤᠸᠠᠨ ᠬᠢᠵᠦ ᠳᠡᠶᠢᠯᠳᠡᠭ ᠯᠡ ᠶᠤᠮ ᠪᠣᠯ ᠲᠡᠷᠡ ᠴᠥᠮ ᠵᠠᠶᠢᠯᠠᠭᠤᠯᠵᠤ ᠪᠣᠯᠣᠰᠢ ᠦᠭᠡᠢ ᠵᠦᠢ ᠶᠣᠰᠣᠨ ᠤ ᠬᠡᠷᠡᠭ ᠶᠤᠮ᠃ ᠬᠤᠤ ᠶᠤᠸᠠᠨ ᠶᠤᠸᠠᠨ ᠦᠨᠳᠦᠰᠦᠨ ᠱᠠᠲᠤᠨ ᠤ ᠰᠣᠶᠣᠯ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠭᠰᠠᠨ ᠠᠴᠠ ᠭᠠᠳᠠᠨ᠎ᠠ᠂ ᠠᠮᠢᠳᠤᠷᠠᠯ ᠤᠨ ᠳᠤᠮᠳᠠ ᠴᠤ ᠦᠨᠳᠦᠰᠦᠨ ᠱᠠᠲᠤᠨ ᠤ ᠺᠠᠳ᠋ᠷ ᠤᠨ ᠦᠢᠯᠡᠳᠦᠯ ᠢ ᠠᠳᠠᠯᠢᠬᠠᠨ ᠪᠠᠳᠠᠷᠠᠭᠤᠯᠵᠤ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠠᠮᠢᠳᠤᠷᠠᠯ ᠨᠢ ᠬᠦᠴᠢᠷᠳᠡᠯᠲᠡᠢ ᠲᠣᠰᠬᠤᠨ ᠤ ᠠᠷᠠᠳ ᠲᠤ ᠬᠠᠪᠰᠤᠷᠤᠯᠭ᠎ᠠ ᠦᠵᠡᠭᠦᠯᠵᠡᠢ᠃ ᠡᠨᠡ ᠵᠢᠯ 45 ᠨᠠᠰᠤᠲᠠᠢ ᠯᠢ ᠴᠦᠨ ᠶᠢᠩ ᠪᠣᠯ ᠲᠠᠢ ᠫᠢᠩ ᠰᠢᠶᠠᠩ ᠤᠨ ᠦ᠋ ᠰᠠᠨ ᠲᠣᠰᠬᠤᠨ ᠤ ᠠᠷᠠᠳ ᠪᠣᠯᠣᠨ᠎ᠠ᠂ 2019 ᠣᠨ ᠳᠤ ᠡᠷ᠎ᠡ ᠨᠥᠬᠦᠷ ᠨᠢ ᠨᠠᠰᠤ ᠪᠠᠷᠠᠭᠰᠠᠨ ᠤ ᠳᠠᠷᠠᠭ᠎ᠠ ᠲᠡᠷᠡ ᠭᠠᠭᠴᠠᠭᠠᠷ ᠢᠶᠠᠨ 17 ᠨᠠᠰᠤᠲᠠᠢ ᠤᠶᠤᠨ ᠴᠢᠳᠠᠪᠤᠷᠢ ᠨᠢ ᠡᠷᠡᠭᠦᠯ ᠪᠤᠰᠤ ᠶᠡᠭᠡ ᠬᠦᠦ ᠪᠣᠯᠣᠨ 8 ᠨᠠᠰᠤᠲᠠᠢ ᠪᠠᠭ᠎ᠠ ᠥᠬᠢᠨ ᠢᠶᠠᠨ ᠠᠰᠠᠷᠠᠨ ᠲᠡᠵᠢᠭᠡᠵᠦ᠂ ᠠᠮᠢᠳᠤᠷᠠᠯ ᠨᠢ ᠮᠠᠰᠢ ᠬᠦᠴᠢᠷ ᠪᠡᠷᠬᠡᠰᠢᠶᠡᠯ ᠲᠠᠢ ᠪᠠᠶᠢᠯ᠎ᠠ᠃   ᠬᠤᠤ ᠶᠤᠸᠠᠨ ᠶᠤᠸᠠᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠦᠷᠭᠦᠯᠵᠢ ᠠᠮᠠᠷᠠᠯᠲᠠ ᠶᠢᠨ ᠡᠳᠦᠷ ᠯᠢ ᠴᠦᠨ ᠶᠢᠩ ᠤᠨ ᠪᠠᠭ᠎ᠠ ᠥᠬᠢᠨ ᠳᠤ ᠬᠢᠴᠢᠶᠡᠯ ᠵᠢᠭᠠᠵᠤ ᠥᠭᠲᠡᠭ᠃ ᠬᠤᠤ ᠶᠤᠸᠠᠨ ᠶᠤᠸᠠᠨ ᠤ ᠬᠠᠪᠰᠤᠷᠤᠯᠭ᠎ᠠ ᠶᠢᠨ ᠲᠤᠬᠠᠢ ᠶᠠᠷᠢᠬᠤ ᠳᠠᠭᠠᠨ ᠯᠢ ᠴᠦᠨ ᠢᠩ᠄ ︽ᠶᠤᠸᠠᠨ ᠶᠤᠸᠠᠨ ᠦᠷᠭᠦᠯᠵᠢ ᠮᠢᠨᠤ ᠭᠡᠷ ᠲᠤ ᠢᠷᠡᠵᠦ᠂ ᠨᠠᠳᠠ ᠳᠤ ᠶᠠᠭᠤ ᠬᠡᠷᠡᠭᠴᠡᠭᠡ ᠲᠠᠢ ᠪᠤᠶ᠂ ᠣᠶᠢᠷ᠎ᠠ ᠳᠤ ᠪᠡᠶ᠎ᠡ ᠮᠠᠬᠠᠪᠤᠳ ᠶᠠᠮᠠᠷ ᠵᠡᠷᠭᠡ ᠪᠤᠶ ᡼ ᠢᠷᠡᠬᠦ ᠪᠣᠯᠭᠠᠨ ᠲᠡᠷᠡ ᠥᠬᠢᠨ ᠳᠤ ᠳᠠᠰᠬᠠᠯ ᠳᠠᠭᠠᠭᠠᠯᠭᠠᠪᠤᠷᠢ ᠶᠢ ᠬᠠᠪᠰᠤᠷᠤᠨ ᠳᠠᠭᠠᠭᠠᠯᠭᠠᠵᠤ ᠥᠭᠲᠡᠭ᠂ ᠪᠢ ᠦᠨᠡᠬᠡᠷ ᠶᠡᠭᠡ ᠰᠡᠳᠬᠢᠯ ᠬᠥᠳᠡᠯᠳᠡᠭ︾ ᠭᠡᠵᠦ ᠰᠡᠳᠬᠢᠯ ᠳᠣᠭᠳᠣᠯᠤᠨ ᠶᠠᠷᠢᠪᠠ︾ ᠭᠡᠵᠦ ᠬᠡᠯᠡᠪᠡ᠂ ᠯᠢ ᠶᠤᠸᠠᠨ ᠶᠤᠸᠠᠨ ᠤ ᠬᠠᠪᠰᠤᠷᠤᠯᠭ᠎ᠠ ᠶᠢᠨ ᠲᠤᠬᠠᠢ ᠶᠠᠷᠢᠬᠤ ᠳᠠᠭᠠᠨ ᠯᠢ ᠴᠦᠨ ᠢᠩ᠄ ︽ᠶᠤᠸᠠᠨ ᠶᠤᠸᠠᠨ ᠦᠷᠭᠦᠯᠵᠢ ᠮᠢᠨᠤ ᠭᠡᠷ ᠲᠤ ᠢᠷᠡᠵᠦ᠂ ᠨᠠᠳᠠ ᠳᠤ ᠶᠠᠭᠤ ᠬᠡᠷᠡᠭᠴᠡᠭᠡ ᠲᠠᠢ ᠪᠤᠶ︖ ᡼ ᠣᠶᠢᠷ᠎ᠠ ᠳᠤ ᠪᠡᠶ᠎ᠡ ᠮᠠᠬᠠᠪᠤᠳ ᠶᠠᠮᠠᠷ ᠵᠡᠷᠭᠡ ᠪᠤᠶ︖︾ ᠭᠡᠵᠤ ᠬᠠᠯᠠᠮᠵᠢᠯᠠᠳᠡᠭ᠃   ᠬᠤᠤ ᠶᠤᠸᠠᠨ ᠶᠤᠸᠠᠨ ᠲᠠᠢ ᠫᠢᠩ ᠰᠢᠶᠠᠩ ᠤᠨ ᠰᠣᠶᠣᠯ ᠤᠨ ᠥᠷᠲᠡᠭᠡᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ ᠶᠢ ᠨᠡᠶᠢᠳᠡ 100 ᠭᠠᠷᠤᠢ ᠤᠳᠠᠭ᠎ᠠ ᠵᠣᠬᠢᠶᠠᠨ ᠪᠠᠶᠢᠭᠤᠯᠵᠤ᠂ ᠲᠠᠢ ᠫᠢᠩ ᠰᠢᠶᠠᠩ ᠤᠨ ᠰᠣᠶᠣᠯ ᠤᠨ ᠦᠷᠳᠡᠭᠡ ᠤᠷᠢᠳ ᠬᠤᠵᠢᠳ ︽ᠲᠦᠴᠢᠦᠸᠠᠨ ᠰᠢᠶᠠᠨ ᠤ ᠶᠠᠩᠭᠠᠷ ᠤᠨ ᠤᠷᠤᠯᠳᠤᠭᠠᠨ︾ ᠤ ᠨᠢᠭᠡᠳᠦᠭᠡᠷ ᠳᠡᠰ ᠤᠨ ᠱᠠᠩᠨᠠᠯ᠂ ᠲᠦᠴᠢᠦᠸᠠᠨ ᠰᠢᠶᠠᠨ ᠤ ᠬᠤᠷᠢ ᠶᠢᠰᠦᠳᠦᠭᠡᠷ ᠬᠤᠭᠤᠴᠠᠭᠠᠨ ᠤ ︽ᠤᠯᠠᠭᠠᠨ ᠲᠠᠪᠤᠨ ᠰᠠᠷ᠎ᠠ ᠶᠢᠨ ᠮᠥᠩᠭᠦᠨ ᠪᠥᠮᠪᠦᠭᠡ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠤ ᠬᠤᠶᠠᠳᠤᠭᠠᠷ ᠲᠤ᠂ ᠭᠤᠷᠪᠠᠳᠤᠭᠠᠷ ᠬᠤᠭᠤᠴᠠᠭᠠᠨ ᠤ ᠬᠢᠩᠭᠠᠨ ᠠᠶᠢᠮᠠᠭ ᠤᠨ ᠲᠠᠯᠠᠪᠠᠢ ᠶᠢᠨ ᠪᠥᠵᠢᠭ ᠤᠨ ᠤᠷᠤᠯᠳᠤᠭᠠᠨ ᠤ ︽ᠬᠠᠮᠤᠭ ᠤᠨ ᠰᠠᠶᠢᠨ ᠴᠤᠭ ᠵᠢᠪᠬᠤᠭ᠎ᠠ ᠶᠢᠨ ᠱᠠᠩᠨᠠᠯ︾ ᠵᠡᠷᠭᠡ ᠱᠠᠩᠨᠠᠯ ᠢ ᠬᠦᠷᠲᠡᠵᠦ᠂ 2022 ᠣᠨ ᠤ 3 ᠰᠠᠷ᠎ᠠ ᠳᠤ ︽ᠪᠦᠬᠦ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠰᠣᠶᠣᠯ ᠤᠨ ᠦᠷᠳᠡᠭᠡ︾ ᠪᠠᠷ ᠰᠣᠩᠭᠤᠭᠳᠠᠵᠠᠢ᠃   ᠬᠤᠤ ᠶᠤᠸᠠᠨ ᠶᠤᠸᠠᠨ ᠤ ᠠᠵᠢᠯ ᠨᠢ ᠤᠳᠤᠷᠢᠳᠤᠯᠭ᠎ᠠ ᠪᠣᠯᠣᠨ ᠲᠣᠰᠬᠤᠨ ᠤ ᠠᠷᠠᠳ ᠤᠨ ᠵᠥᠪᠰᠢᠶᠡᠷᠡᠯ ᠢ ᠣᠯᠣᠭᠰᠠᠨ ᠪᠣᠯᠪᠠᠴᠤ᠂ ᠲᠡᠷᠡ ᠶᠡᠷᠦ ᠠᠴᠠ ᠥᠪᠡᠷ ᠢ ᠪᠠᠨ ᠬᠢᠷᠢ ᠵᠡᠷᠭᠡ ᠰᠠᠶᠢᠨ ᠬᠢᠵᠦ ᠪᠠᠶᠢᠨ᠎ᠠ ᠭᠡᠵᠦ ᠪᠤᠳᠤᠭ᠎ᠠ ᠦᠭᠡᠢ᠃ ᠲᠣᠰᠬᠤᠨ ᠤ ᠠᠷᠠᠳ ᠤᠨ ᠮᠠᠭᠲᠠᠭᠠᠯ ᠰᠠᠶᠢᠰᠢᠶᠠᠯ ᠳᠤ ᠬᠠᠨᠳᠤᠬᠤ ᠳᠠᠭᠠᠨ ᠬᠤᠤ ᠶᠤᠸᠠᠨ ᠶᠤᠸᠠᠨ᠄ ︽ᠤᠳᠬ᠎ᠠ ᠤᠷᠠᠯᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠥᠪᠡᠷ ᠤᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠂ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠪᠢ ᠥᠪᠡᠷ ᠤᠨ ᠢᠯᠴᠢ ᠪᠠᠨ ᠪᠠᠳᠠᠷᠠᠭᠤᠯᠵᠤ᠂ ᠤᠯᠠᠨ ᠲᠦᠮᠡᠨ ᠳᠤ ᠴᠢᠳᠠᠯ ᠤᠨ ᠬᠢᠷᠢ ᠪᠠᠷ ᠢᠶᠠᠨ ᠬᠢᠵᠦ ᠥᠭᠭᠦᠨ᠎ᠡ︾ ᠭᠡᠵᠦ ᠦᠷᠭᠦᠯᠵᠢ ᠬᠡᠯᠡᠳᠡᠭ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号