ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ ᠬᠢᠩᠭᠠᠨ ᠠᠶᠢᠮᠠᠭ ᠤᠨ ᠨᠠᠭᠠᠳᠤᠮ ᠡᠬᠢᠯᠡᠪᠡ
ᠨᠡᠶᠢᠲᠡᠯᠡᠭᠰᠡᠨ ᠴᠠᠭ᠄
2022/8/10
     ᠬᠤ᠋ ᠾᠧ ᠫᠢᠩ ᠣᠷᠣᠯᠴᠠᠵᠤ ᠸᠠᠩ ᠯᠢ ᠰᠢᠶᠠ ᠪᠠᠶᠠᠷ ᠤᠨ ᠦᠭᠡ ᠬᠡᠯᠡᠵᠦ ᠪᠦᠦ ᠰᠢᠶᠠᠨ ᠬᠤᠸᠠ ᠡᠬᠢᠯᠡᠯᠲᠡ ᠶᠢᠨ ᠶᠣᠰᠣᠯᠠᠯ ᠢ ᠡᠷᠬᠢᠯᠡᠵᠤ ᠵᠠᠩ ᠰᠢᠶᠤᠤ ᠪᠢᠩ  ᠤᠭᠳᠤᠯᠭ᠎ᠠ ᠶᠢᠨ ᠦᠭᠡ  ᠶᠠᠷᠢᠵᠠᠢ           8 ᠳ᠋ᠤᠭᠠᠷ ᠰᠠᠷ᠎ᠠ ᠶᠢᠨ 8 ᠤ ᠡᠳᠦᠷ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 ᠣᠨ ᠤ ᠬᠢᠩᠭᠠᠨ ᠠᠶᠢᠮᠠᠭ ᠤᠨ ᠨᠠᠭᠠᠳᠤᠮ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠪᠡ᠃
   ᠰᠣᠶᠣᠯ ᠪᠠ ᠵᠤᠭᠠᠴᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠳᠠᠷᠤᠭ᠎ᠠ ᠬᠤ᠋ ᠡᡁᠧ ᠫᠢᠩ ᠬᠤᠷᠠᠯ ᠳᠤ ᠣᠷᠣᠯᠴᠠᠵᠤ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠤᠭᠳᠤᠯᠭ᠎ᠠ ᠶᠢᠨ ᠦᠭᠡ  ᠶᠠᠷᠢᠵᠠᠢ᠃
   ᠸᠠᠩ ᠯᠢ ᠰᠢᠶᠠ ᠠᠴᠠ 1957 ᠣᠨ ᠳᠤ ᠤᠯᠠᠭᠠᠨᠮᠥ᠋ᠴᠢᠷ ᠥᠪᠥᠷ ᠮᠣᠩᠭᠤᠯ ᠤᠨ ᠲᠠᠯ᠎ᠠ ᠨᠤᠲᠤᠭ ᠲᠤ ᠮᠡᠨᠳᠦᠯᠡᠭᠰᠡᠨ ᠠᠴᠠ ᠨᠠᠰᠢ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠨᠡᠶᠢᠭᠡᠮ ᠵᠢᠷᠤᠮ ᠤᠨ ᠰᠣᠶᠣᠯ ᠤᠨ  ᠴᠡᠴᠡᠭᠯᠡᠨ ᠬᠦᠭᠵᠢᠯᠳᠡ ᠪᠠ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠷᠣᠯᠠᠭᠤᠯᠵᠤ ᠪᠣᠯᠤᠰᠢ ᠦᠭᠡᠢ ᠬᠤᠪᠢ ᠨᠡᠮᠡᠷᠢ ᠦᠵᠡᠭᠦᠯᠵᠡᠢ᠃ ᠤᠯᠠᠭᠠᠨᠮᠥ᠋ᠴᠢᠷ ᠤᠨ ᠬᠢᠨ   ᠢ ᠬᠦᠰᠦᠬᠦ ᠨᠢ ᠰᠢ ᠶᠢᠨ ᠫᠢᠩ ᠶᠡᠷᠦᠩᠬᠡᠶ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠯᠢᠳᠡᠭ ᠤᠯᠠᠮᠵᠢᠯᠠᠯ ᠢᠶᠠᠨ ᠬᠦᠴᠦᠯᠡᠨ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠭᠦᠨ ᠦᠨᠳᠦᠰᠦᠯᠡᠵᠦ᠂ ᠦᠨᠳᠦᠰᠦᠨ ᠱᠠᠲᠤᠨ ᠤ ᠤᠯᠠᠨ ᠲᠦᠮᠡᠨ ᠳᠤ ᠪᠦᠬᠦ ᠰᠡᠳᠬᠢᠯ ᠢᠶᠠᠷ ᠢᠶᠠᠨ ᠦᠢᠯᠡᠴᠢᠯᠡᠵᠦ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠤ ᠳᠤᠮᠳᠠ ᠳᠡᠯᠭᠡᠷᠡᠵᠦ ᠥᠷᠭᠡᠵᠢᠭᠰᠡᠨ᠂ ᠦᠯᠡᠳᠡᠵᠦ ᠳᠡᠶᠢᠯᠬᠦ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠨᠠᠮ ᠢᠶᠠᠨ ᠮᠠᠭᠲᠠᠨ ᠳᠠᠭᠤᠯᠠᠭᠰᠠᠨ᠂ ᠡᠬᠡ ᠤᠯᠤᠰ ᠢᠶᠠᠨ ᠮᠠᠭᠲᠠᠨ ᠳᠠᠭᠤᠯᠠᠭᠰᠠᠨ᠂ ᠠᠷᠠᠳ ᠲᠦᠮᠡᠨ ᠢᠶᠠᠨ ᠮᠠᠭᠲᠠᠨ ᠳᠠᠭᠤᠯᠠᠭᠰᠠᠨ᠂ ᠪᠠᠭᠠᠲᠤᠷᠴᠤᠳ ᠢᠶᠠᠨ ᠮᠠᠭᠲᠠᠨ ᠳᠠᠭᠤᠯᠠᠭᠰᠠᠨ᠂ ᠴᠠᠭ ᠦᠶ᠎ᠡ ᠪᠠᠨ ᠮᠠᠭᠲᠠᠨ ᠳᠠᠭᠤᠯᠠᠭᠰᠠᠨ ᠨᠡᠩ ᠤᠯᠠᠨ ᠭᠤᠶᠢᠳᠠ ᠰᠠᠶᠢᠬᠠᠨ ᠲᠣᠭᠯᠠᠯᠲᠠ ᠪᠠᠨ ᠡᠷᠭᠦᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ︾ ᠭᠡᠬᠦ ᠲᠤᠭ ᠢ ᠲᠠᠯ᠎ᠠ ᠨᠤᠲᠤᠭ ᠲᠤ ᠥᠨᠳᠥᠷ ᠨᠠᠮᠢᠷᠠᠭᠤᠯᠵᠤ᠂ ᠰᠢᠨ᠎ᠡ ᠴᠠᠭ ᠦᠶ᠎ᠡ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠠᠩ ᠰᠢᠶᠤᠤ ᠪᠢᠩ᠂ ᠬᠢᠩᠭᠠᠨ ᠠᠶᠢᠮᠠᠭ ᠪᠣᠯ ᠨᠠᠮ ᠤᠨ ᠤᠳᠤᠷᠢᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠮᠡᠨᠳᠦᠯᠡᠭᠰᠡᠨ ᠭᠠᠵᠠᠷ ᠮᠥᠨ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠭᠦᠯᠬᠦ ᠠᠶᠢᠮᠠᠭ︾ ᠮᠥᠨ᠂ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠮᠥᠨ᠂ ᠪᠦᠬᠦ ᠤᠯᠤᠰ ᠤᠨ ᠨᠡᠷᠡᠳᠦ ᠵᠤᠭᠠᠴᠠᠯ ᠤᠨ ᠵᠣᠷᠢᠭᠰᠠᠨ ᠭᠠᠵᠠᠷ ᠮᠥᠨ᠃ ᠤᠢᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠪᠢᠰᠬᠠᠯ ᠤᠨ  ᠤᠳᠤᠮᠰᠢᠯ ᠢ ᠤᠯᠠᠮᠵᠢᠯᠠᠵᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠪᠣᠯᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠠᠮᠢ ᠠᠬᠤᠢ ᠶᠢ  ᠤᠷᠢᠳ ᠢᠶᠠᠷ ᠪᠤᠳᠤᠯᠬᠢᠯᠠᠨ᠂᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠶᠠᠪᠤᠬᠤ ᠳᠤᠲᠤᠮ ᠪᠠᠲᠤᠵᠢᠪᠠ᠃  ᠲᠤᠰ ᠤᠳᠠᠭ᠎ᠠ ᠶᠢᠨ ᠤᠷᠠᠯᠢᠭ ᠤᠨ ᠨᠠᠶᠢᠷ ᠢ ᠡᠷᠬᠢᠯᠡᠭᠰᠡᠨ ᠨᠢ ᠬᠢᠩᠭᠠᠨ ᠠᠶᠢᠮᠠᠭ ᠤᠨ ᠬᠥᠭᠵᠢᠯᠲᠡ ᠳᠤ ᠬᠦᠴᠦᠷᠬᠡᠭ ᠶᠡᠭᠡ ᠤᠶᠤᠨ ᠰᠠᠨᠠᠭ᠎ᠠ ᠰᠣᠶᠣᠯ ᠤᠨ ᠬᠥᠳᠡᠯᠭᠡᠬᠦ ᠬᠦᠴᠦᠨ ᠢ ᠨᠡᠮᠡᠷᠢᠯᠡᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ ᠵᠣᠷᠢᠭ ᠢᠶᠠᠨ ᠬᠥᠪᠴᠢᠯᠡᠵᠦ᠂ ᠴᠥᠬᠦᠷᠡᠰᠢ ᠦᠭᠡᠢ ᠴᠢᠷᠮᠠᠶᠢᠨ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠨᠢ ᠯᠠᠪᠲᠠᠢ ᠶᠤᠮ ᠭᠡᠵᠠᠢ᠃
   ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠨᠢ ︽ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ — ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠶ᠎ᠠ︾ ᠭᠡᠬᠦ ᠭᠤᠤᠯ ᠰᠡᠳᠦᠪ ᠢᠶᠠᠷ᠂  ᠶᠡᠷᠦᠩᠬᠡᠶ ᠱᠦᠵᠢ ᠰᠢ ᠶᠢᠨ ᠫᠢᠩ   ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠲᠠᠪᠤᠨ ᠵᠢᠯ ᠤᠨ ᠲᠤᠷᠰᠢᠬᠢ ᠤᠯᠠᠭᠠᠨᠮᠥ᠋ᠴᠢᠷ ᠤᠨ  ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠬᠠᠷᠠᠭᠤᠯᠪᠠ᠃ ᠤᠷᠠᠯᠢᠭ ᠤᠨ ᠪᠠᠶᠠᠷ ᠤᠨ ᠬᠤᠭᠤᠴᠠᠭᠠᠨ ᠳᠤ᠂ ᠤᠯᠠᠭᠠᠨᠮᠥ᠋ᠴᠢᠷ ᠤᠨ ᠭᠡᠰᠢᠭᠦᠳ ᠪᠠᠰᠠ ᠲᠠᠷᠢᠶᠠᠨ ᠭᠠᠵᠠᠷ᠂ ᠮᠠᠯᠵᠢᠬᠤ ᠣᠷᠣᠨ ᠤ ᠬᠠᠳᠤᠯᠠᠩ ᠪᠡᠯᠴᠢᠭᠡᠷ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠲᠣᠭᠯᠠᠯᠲᠠ ᠭᠠᠷᠭᠠᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠰᠣᠶᠣᠯ ᠤᠨ  ᠬᠦᠨᠡᠰᠦ ᠬᠠᠩᠭᠠᠬᠤ ᠪᠤᠯᠤᠨ᠎ᠠ᠃    ᠡᠬᠢᠯᠡᠯᠲᠡ ᠶᠢᠨ ᠶᠣᠰᠣᠯᠠᠯ᠂ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ︽ᠨᠢᠭᠡ ᠵᠦᠢᠯ ᠳᠤ ᠮᠡᠷᠭᠡᠰᠢᠵᠦ ᠣᠯᠠᠨ ᠵᠦᠢᠯ ᠤᠨ ᠴᠠᠭᠠᠷᠠᠭᠰᠠᠨ︾ ᠤᠷᠤᠯᠳᠤᠭᠠᠨ᠂ ᠤᠯᠠᠭᠠᠨᠮᠥ᠋ᠴᠢᠷ ᠤᠨ ᠥᠭᠡᠷᠡᠴᠢᠯᠡᠯᠲᠡ ᠪᠠ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ᠂ ᠤᠷᠠᠯᠢᠭ ᠤᠨ ᠪᠠᠶᠠᠷ ᠤᠨ ᠲᠡᠭᠦᠰᠬᠦ ᠶᠣᠰᠣᠯᠠᠯ ᠤᠨ ᠵᠢᠷᠭᠤᠭᠠᠨ ᠵᠦᠢᠯ ᠤᠨ ᠠᠵᠢᠯᠯᠠᠭ᠎ᠠ ᠶᠢ ᠡᠷᠬᠢᠯᠡᠬᠦ ᠠᠴᠠ ᠭᠠᠳᠠᠨ᠎ᠠ᠂ ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠤᠭᠠᠴᠠᠯ ᠤᠨ ᠡᠬᠢ ᠪᠠᠶᠠᠯᠢᠭ ᠢ ᠲᠠᠨᠢᠯᠴᠠᠭᠤᠯᠬᠤ ᠪᠠᠷ᠂ ᠲᠤᠰ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ᠬᠤᠭᠤᠴᠠᠭᠠᠨ ᠳᠤ ᠬᠢᠩᠭᠠᠨ ᠠᠶᠢᠮᠠᠭ ᠤᠨ ᠨᠠᠭᠠᠳᠤᠮ ᠢ ᠵᠡᠷᠭᠡᠪᠡᠷ ᠶᠠᠪᠤᠭᠳᠠᠭᠤᠯᠵᠤ᠂ ᠰᠢᠯᠦᠭ ᠳᠠᠭᠤᠯᠠᠯ ᠤᠨ ᠨᠠᠭᠠᠳᠤᠮ᠂ ᠤᠯᠠᠮᠵᠢᠯᠠᠯᠲᠤ ᠠᠮᠲᠠᠲᠤ ᠢᠳᠡᠭᠡᠨ ᠤ ᠨᠠᠭᠠᠳᠤᠮ᠂ ᠳᠠᠭᠤᠤ ᠬᠥᠭᠵᠢᠮ ᠤᠨ ᠨᠠᠭᠠᠳᠤᠮ᠂ ᠮᠣᠷᠢ ᠤᠷᠤᠯᠳᠤᠬᠤ᠂ ᠰᠤᠷ ᠬᠠᠷᠪᠤᠬᠤ᠂ ᠪᠥᠬᠡ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠵᠡᠷᠭᠡᠪᠡᠷ ᠶᠠᠪᠤᠭᠳᠠᠭᠤᠯᠬᠤ ᠪᠤᠯᠤᠨ᠎ᠠ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠲᠤᠭ ᠤᠨ ᠠᠩᠭᠢ᠂ ᠬᠤᠷᠠᠯ ᠤᠨ ᠲᠤᠭ   ᠤᠨ ᠠᠩᠭᠢ᠂ ᠬᠤᠷᠠᠯ ᠤᠨ ᠰᠦᠯᠳᠡ ᠶᠢᠨ ᠠᠩᠭᠢ  ᠲᠠᠯᠠᠪᠠᠢ ᠳᠤ ᠤᠷᠤᠭᠰᠠᠨ ᠤ ᠳᠠᠷᠠᠭ᠎ᠠ᠂ 22 ᠤᠯᠠᠭᠠᠨᠮᠥ᠋ᠴᠢᠷ ᠤᠨ ᠠᠩᠭᠢ ᠪᠠᠶᠢᠭᠤᠯᠤᠭᠳᠠᠭᠰᠠᠨ ᠣᠨ ᠵᠢᠯ ᠤᠨ ᠳᠠᠷᠠᠭᠠᠯᠠᠯ ᠢᠶᠠᠷ ᠲᠠᠯᠠᠪᠠᠢ ᠳᠤ ᠤᠷᠤᠵᠦ ᠲᠤᠭᠯᠠᠯᠳᠠ ᠭᠠᠷᠭᠠᠨ᠂ ᠦᠷᠭᠡᠨ ᠤᠯᠠᠨ ᠦᠵᠡᠭᠴᠢᠳ ᠲᠤ ᠲᠠᠭᠤᠤ  ᠂ᠬᠤᠯᠪᠤᠭ᠎ᠠ᠂ ᠦᠵᠡᠭᠳᠡᠯᠳᠦ ᠪᠦᠵᠢᠭ ᠵᠡᠷᠭᠡ ᠦᠯᠠᠨ ᠶᠠᠩᠵᠦ ᠶᠢᠨ ᠬᠡᠯᠪᠡᠷᠢ ᠲᠠᠢ᠂ ᠭᠤᠶᠢᠳᠠ ᠰᠠᠶᠢᠬᠠᠨ ᠠᠭᠤᠯᠭ᠎ᠠ ᠲᠠᠢ ᠤᠷᠠᠨ ᠰᠠᠶᠢᠬᠠᠨ ᠤ ᠲᠣᠭᠯᠠᠯᠲᠠ ᠨᠢ ᠦᠵᠡᠭᠴᠢᠳ ᠤᠨ ᠠᠩᠬᠠᠷᠤᠯ ᠢ ᠳᠠᠲᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 17  ᠲᠦᠮᠡ ᠭᠠᠷᠤᠢ ᠮᠠᠯᠴᠢᠨ ᠲᠠᠷᠢᠶᠠᠴᠢᠨ ᠣᠷᠣᠯᠴᠠᠵᠦ᠂ ᠳ᠋ᠦᠩᠰᠢᠭᠤᠷ ᠭᠠᠷᠤᠢ ᠰᠦᠯᠵᠢᠶᠡᠨ  ᠠᠨᠳᠠ ᠰᠦᠯᠵᠢᠶᠡᠨ ᠠᠴᠠ ᠡᠬᠢᠯᠡᠯᠳᠡ ᠶᠢᠨ ᠶᠤᠰᠤᠯᠠᠯ ᠢ ᠰᠤᠨᠢᠷᠬᠠᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号