2022 · ᠬᠢᠩᠭᠠᠨ ᠠᠶᠢᠮᠠᠭ ᠤᠨ ᠨᠠᠭᠠᠳᠤᠮ ᠵᠢᠴᠢ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/8/10
       8 ᠰᠠᠷ᠎ᠠ ᠶᠢᠨ 7 ᠤ ᠡᠳᠦᠷ᠂ 2022 · ᠬᠢᠩᠭᠠᠨ ᠠᠶᠢᠮᠠᠭ ᠤᠨ ᠨᠠᠭᠠᠳᠤᠮ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠬᠤᠩ ᠼᠠᠢ ᠬᠤᠷᠠᠯ   ᠢ ᠡᠷᠭᠢᠯᠡᠪᠡ᠃    ᠰᠦᠬᠡ ᠠᠶᠢᠮᠠᠭ ᠤᠨ ᠨᠠᠮ ᠤᠨ  ᠬᠤᠷᠢᠢᠶ᠎ᠠ᠂ ᠵᠠᠬᠢᠷᠭ᠎ᠠ ᠶᠢᠨ ᠡᠮᠦᠨ᠎ᠡ ᠠᠴᠠ ᠤᠷᠢᠭᠳᠠᠭᠰᠠᠨ ᠠᠵᠤ ᠠᠬᠤᠶᠢᠯᠠᠯᠲᠠᠳ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠤᠯᠠᠨ ᠢᠶᠠᠷ ᠢᠶᠠᠨ ᠬᠢᠩᠭᠠᠨ ᠠᠶᠢᠮᠠᠭ ᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠢᠩᠭᠠᠨ ᠠᠶᠢᠮᠠᠭ ᠤᠨ ᠬᠢᠨ ᠠᠮᠢ ᠠᠬᠤᠢ ᠶᠢ  ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠬᠦᠴᠦᠯᠡᠨ ᠪᠠᠶᠢᠭᠤᠯᠵᠤ᠂ ᠴᠡᠪᠡᠷ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠦᠢᠯᠡᠳᠬᠦ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠳᠦ ᠵᠤᠭᠠᠴᠠᠯ ᠤᠨ ᠬᠠᠷᠠᠯᠲᠠ ᠶᠢᠨ ᠣᠷᠣᠨ ᠢ ᠪᠦᠳᠦᠭᠡᠨ ᠪᠠᠶᠢᠭᠤᠯᠤᠨ᠎ᠠ ᠭᠡᠪᠡ᠃ ᠪᠢᠳᠡ ᠡᠷᠳᠡᠨᠢ ᠰᠢᠰᠢ᠂ ᠤᠰᠤᠨ ᠲᠤᠲᠤᠷᠭ᠎ᠠ᠂ ᠠᠯᠠᠰᠢᠨ ᠦᠬᠡᠷ᠂  ᠰᠦ ᠶᠢᠨ ᠦᠢᠯᠡᠰ᠂ ᠰᠣᠶᠣᠯ ᠵᠤᠭᠠᠴᠠᠯ᠂ ᠠᠷᠢᠭᠤᠨ ᠴᠡᠪᠡᠷ ᠡᠨᠧᠷᠭᠢ ᠵᠡᠷᠭᠡ 20 ᠭᠤᠣᠯᠳᠠᠯᠭ᠎ᠠ ᠲᠠᠢ ᠠᠵᠤ ᠦᠢᠯᠡᠰ ᠤᠨ  ᠬᠡᠯᠬᠢᠶ᠎ᠡ ᠶᠢ ᠪᠠᠶᠢᠭᠤᠯᠵᠤ᠂ ᠬᠢᠩᠭᠠᠨ ᠠᠶᠢᠮᠠᠭ ᠤᠨ ᠠᠵᠤ ᠠᠬᠤᠢ ᠶᠢ ᠲᠣᠭᠲᠠᠪᠤᠷᠢᠵᠢᠭᠤᠯᠬᠤ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠠᠵᠤ ᠦᠢᠯᠡᠳᠪᠦᠷᠢ ᠶᠢᠨ ᠠᠵᠤ ᠠᠬᠤᠢ ᠶᠢ ᠳᠡᠮᠵᠢᠬᠦ ᠵᠡᠷᠭᠡ ᠲᠦᠷᠦ ᠶᠢᠨ ᠪᠤᠳᠤᠯᠭ᠎ᠠ ᠨᠤᠭᠤᠳ ᠢ ᠲᠣᠭᠲᠠᠭᠠᠵᠤ᠂ ᠠᠵᠤ ᠦᠢᠯᠡᠰ ᠤᠨ ᠬᠡᠯᠬᠢᠶ᠎ᠡ ᠨᠢᠭᠡᠪᠦᠷᠢ ᠳᠤ ᠪᠡᠯᠡ ᠣᠷᠣᠭᠤᠯᠤᠯᠲᠠ ᠲᠠᠢ ᠪᠠᠶᠢᠵᠤ᠂ ᠬᠤᠷᠰᠢᠭᠰᠠᠨ ᠠᠵᠤ ᠠᠬᠤᠶᠢᠯᠠᠯ ᠯᠤᠭ᠎ᠠ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ  ᠭᠡᠪᠡ᠃    ᠲᠣᠰ ᠤᠳᠠᠭ᠎ᠠ ᠲᠥᠪᠯᠡᠷᠡᠭᠦᠯᠦᠨ ᠭᠡᠷ᠎ᠡ ᠲᠣᠭᠲᠠᠬᠤ ᠳᠤ ᠵᠤᠭᠠᠴᠠᠯ᠂ ᠴᠡᠪᠡᠷ ᠡᠨᠧᠷᠭᠢ᠂ ᠡᠷᠳᠡᠨᠢ ᠰᠢᠰᠢ᠂ ᠠᠯᠠᠰᠢᠨ ᠦᠬᠡᠷ᠂  ᠰᠦ᠂ ᠣᠶ ᠵᠢᠮᠢᠰ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠴᠢᠯᠠᠭᠰᠠᠨ ᠠᠵᠤ ᠠᠬᠤᠶ ᠵᠡᠷᠭᠡ ᠠᠵᠤ  ᠦᠢᠯᠡᠰ ᠲᠤ ᠬᠤᠯᠪᠣᠭᠳᠠᠭᠰᠠᠨ 23 ᠲᠥᠷᠥᠯ ᠵᠦᠢᠯ ᠪᠠᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 230 ᠳ᠋ᠦᠩᠰᠢᠭᠤᠷ ᠲᠥᠭᠦᠷᠢᠭ ᠢ ᠳᠠᠪᠠᠵᠠᠶ  ᠡᠯ᠎ᠡ ᠠᠵᠤ ᠠᠬᠤᠶᠢᠯᠠᠯᠲᠠᠨ ᠤ ᠲᠥᠯᠥᠭᠡᠯᠡᠭᠴᠢ᠂ ᠭᠠᠳᠠᠭᠠᠳᠤ ᠳᠤ ᠰᠠᠭᠤᠭ᠎ᠠ ᠬᠤᠳᠠᠯᠳᠤᠭᠠᠴᠢᠨ ᠤᠷᠢᠬᠤ ᠪᠠᠶᠢᠭᠤᠯᠤᠮᠵᠢ ᠶᠢᠨ ᠲᠥᠯᠥᠭᠡᠯᠡᠭᠴᠢ᠂ ᠠᠶᠢᠮᠠᠭ ᠤᠨ ᠤᠳᠤᠷᠢᠳᠤᠯᠭ᠎ᠠ ᠰᠢᠤᠢ ᠪᠦᠦ ᠴᠢᠤᠸᠠᠨ᠂ ᠶᠠᠩ ᠵᠢᠶ ᠫᠧᠩ᠂ ᠯᠢᠦ ᠵᠥᠩ᠂ ᠯᠢᠦ ᠮᠢᠨ᠂ ᠸᠠᠩ ᠰᠢ ᠯᠢᠨ᠂ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠬᠢᠩᠭᠠᠨ  ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号