8 ᠳ᠋ᠤᠭᠠᠷ ᠰᠠᠷ᠎ᠠ ᠶᠢᠨ 8 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 16 ᠨᠡᠮᠡᠭᠳᠡᠵᠡᠢ | ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 13 | ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠠᠶᠢᠵᠤ᠂ ᠡᠪᠡᠳᠴᠢᠨ ᠤ ᠢᠯᠡᠷᠡᠯ ᠦᠭᠡᠢ 1 | ᠬᠠᠯᠳᠠᠪᠤᠷᠢᠯᠠᠭᠳᠠᠭᠴᠢ ᠶᠢ ᠪᠠᠭᠲᠠᠭᠠᠨ᠎ᠠ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 3 ᠨᠡᠮᠡᠭᠳᠡᠵᠡᠢ᠂ ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠤᠢ᠃ | ᠬᠢᠯᠢ ᠶᠢᠨ ᠭᠠᠳᠠᠨ᠎ᠠ ᠠᠴᠠ ᠣᠷᠤᠵᠣ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠵᠢᠱᠢᠶ᠎ᠡ ︵ | ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ | ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠲᠤᠬᠠᠢ ᠶᠢᠨ ᠭᠠᠵᠠᠷ ᠤᠨ | ᠲᠣᠳᠣᠯᠠᠭᠰᠠᠨ 2 ᠡᠪᠡᠳᠴᠢᠨ ᠤ ᠵᠢᠱᠢᠶ᠎ᠡ ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ | ᠢᠯᠠᠷᠢᠰᠢᠵᠤ ᠡᠮᠨᠡᠯᠭᠡ ᠠᠴᠠ ᠭᠠᠷᠪᠠ᠃ | 8 ᠳ᠋ᠤᠭᠠᠷ ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 88 ᠪᠠᠶᠢᠵᠤ᠂ ᠡᠭᠦᠨ ᠳᠤ | ᠪᠣᠭᠤᠲᠤ ᠬᠤᠲᠠ ᠳᠤ 2 ︵ᠴᠦᠮ ᠴᠢᠩᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 33 ︵ᠡᠷᠢᠶᠡᠨ | ᠬᠤᠲᠠ ᠳᠤ 31᠂ ᠰᠦᠨᠢᠳ ᠪᠠᠷᠠᠭᠤᠨ ᠬᠤᠰᠢᠭᠤᠨ ᠳᠤ 2︶᠂ ᠤᠯᠠᠭᠠᠨᠴᠠᠪ ᠬᠤᠲᠠ ᠳᠤ 48 ︵ᠵᠢᠨᠢᠩ | ᠲᠣᠭᠤᠷᠢᠭ ᠲᠤ 6᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 40᠂ ᠱᠠᠩᠲᠦ ᠰᠢᠶᠠᠨ ᠳᠤ 2︶᠂ | ᠣᠷᠳᠤᠰ ᠬᠤᠲᠠ ᠳᠤ 3 ︵ᠴᠥᠮ ᠡᠵᠡᠨ ᠬᠤᠷᠤᠭ᠎ᠠ ᠬᠤᠰᠢᠭᠤᠨ ᠳᠤ︶᠂ ᠪᠠᠶᠠᠨᠨᠠᠭᠤᠷ ᠬᠤᠲᠠ ᠳᠤ 1 ︵ | ᠤᠷᠠᠳ ᠤᠨ ᠳᠤᠮᠳᠠᠳᠤ ᠬᠤᠰᠢᠭᠤᠨ ᠳᠤ︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶ | ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 31 ᠪᠠᠶᠢᠵᠤ᠂ ᠡᠭᠦᠨ ᠳᠤ | ᠰᠢᠯᠢ ᠶᠢᠨ ᠭᠤᠣᠯ ᠠᠶᠢᠮᠠᠭ ᠲᠤ 21 ︵ᠡᠷᠢᠶᠡᠨ ᠬᠤᠲᠠᠨ ᠳᠤ 20᠂ ᠰᠦᠨᠢᠳ ᠪᠠᠷᠠᠭᠤᠨ ᠬᠤᠰᠢᠭᠤᠨ ᠳᠤ 1︶᠂ | ᠤᠯᠠᠭᠠᠨᠴᠠᠪ ᠬᠤᠲᠠ ᠳᠤ 10 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ | 9︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 8᠂ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 17 ᠪᠠᠶᠢᠨ᠎ᠠ᠂ ᠴᠦᠮ ᠬᠦᠬᠡᠬᠤᠳᠠ ᠳᠤ ᠪᠤᠢ᠃ ᠡᠳᠡᠭᠡᠷ | ᠬᠦᠮᠦᠰ ᠢ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | | |