ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︽ᠬᠢᠩᠭᠠᠨ ᠠᠶᠢᠮᠠᠭ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠮᠲᠤᠪᠠᠷ ᠬᠠᠷᠠᠭᠠᠯᠵᠠᠬᠤ ᠲᠤᠬᠠᠶ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠨᠠᠷᠢᠨ ᠲᠦᠷᠢᠮ︾ ᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/8/11
         ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2022﹈ 23 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                                                    2022 ᠣᠨ ᠤ 6 ᠰᠠᠷ᠎ᠠ ᠶᠢᠨ 30 ᠤ ᠡᠳᠦᠷ     ᠬᠢᠩᠭᠠᠨ ᠠᠶᠢᠮᠠᠭ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠮᠲᠤᠪᠠᠷ ᠬᠠᠷᠠᠭᠠᠯᠵᠠᠬᠤ ᠲᠤᠬᠠᠶ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠨᠠᠷᠢᠨ ᠲᠦᠷᠢᠮ     ᠨᠢᠭᠡᠳᠦᠭᠡᠷ ᠪᠦᠯᠦᠭ    ᠶᠡᠷᠦᠩᠬᠡᠢ  ᠲᠦᠷᠢᠮ    ᠨᠢᠭᠡᠳᠦᠭᠡᠷ ᠵᠦᠢᠯ    ᠲᠣᠭᠲᠠᠭᠠᠬᠤ ᠦᠨᠳᠦᠰᠦ ᠪᠠᠷᠢᠮᠲᠠ  ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠳᠣᠷᠣᠭᠰᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠭᠡᠵᠦ ᠲᠣᠪᠴᠢᠯᠠᠨ᠎ᠠ︶ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠰᠠᠭᠤᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ  ᠵᠢᠯᠣᠭᠤᠳᠬᠤ ᠰᠠᠨᠠᠯ︾ ᠢ ᠦᠨᠳᠦᠰᠦᠯᠡᠪᠡᠯ ︵ᠲᠥᠷᠥ ᠠᠯᠪᠠᠨ ᠲᠠᠷᠬᠠᠭᠠᠭᠰᠠᠨ ︹ 2021 ︺ 14 ᠳ᠋ᠤᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ  ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 82 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ ︾ ︵ᠥᠪᠥᠷ ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ︹ 2021 ︺ 42 ᠳ᠋ᠤᠭᠠᠷ ᠲᠣᠭᠠᠲᠤ︶ ᠤᠨ ᠱᠠᠭᠠᠷᠳᠠᠯᠭ᠎ᠠ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ᠎ᠠ᠃    ᠬᠤᠶᠠᠳᠤᠭᠠᠷ ᠵᠦᠢᠯ    ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠵᠤ᠂ ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠨ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠥᠭᠡᠷᠡᠴᠢᠯᠡᠯᠲᠡ ᠬᠢᠵᠦ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠ ᠬᠤᠪᠢ ᠬᠥᠮᠦᠨ ᠤ ᠲᠠᠩᠰᠠᠨ ᠡᠷᠦᠬᠡ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢ ᠪᠠᠶᠢᠭᠤᠯᠤᠨ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠣᠯᠭᠤᠮᠵᠢ ᠶᠢ ᠳᠡᠭᠡᠭᠰᠢᠯᠡᠭᠦᠯᠦᠨ᠎ᠡ᠃    ᠭᠤᠷᠪᠠᠳᠤᠭᠠᠷ ᠵᠦᠢᠯ  ᠦᠨᠳᠦᠰᠦᠨ ᠵᠠᠷᠴᠢᠮ᠃ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠬᠠᠷᠢᠯᠴᠠᠨ ᠬᠠᠷᠠᠭᠠᠯᠵᠠᠬᠤ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠲᠣᠭᠲᠠᠭᠤᠨ ᠢᠶᠠᠷ ᠰᠢᠯᠵᠢᠬᠦ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠬᠠᠷᠠᠭᠠᠯᠵᠠᠯ ᠤᠨ ᠤᠷᠤᠭᠰᠢᠲᠠᠢ ᠵᠣᠯᠭᠠᠯᠳᠤᠬᠤ ᠶᠢ ᠪᠠᠲᠤᠯᠠᠬᠤ ᠬᠡᠷᠡᠭᠲᠡᠢ᠃ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠪᠠ ᠬᠤᠪᠢ ᠬᠥᠮᠦᠨ ᠤ ᠲᠠᠩᠰᠠᠨ ᠡᠷᠦᠬᠡ ᠶᠢᠨ ᠲᠦᠷᠢᠮ ᠢ ᠰᠠᠶᠢᠵᠢᠷᠠᠭᠤᠯᠬᠤ ᠶᠢ ᠵᠡᠷᠭᠡᠪᠡᠷ ᠠᠬᠢᠭᠤᠯᠵᠤ᠂ ᠠᠯᠬᠤᠮ ᠠᠯᠬᠤᠮ ᠢᠶᠠᠷ ᠬᠤᠪᠢᠷᠠᠭᠤᠯᠤᠨ᠎ᠠ᠃    ᠬᠤᠶᠠᠳᠤᠭᠠᠷ ᠪᠦᠯᠦᠭ       ᠬᠤᠪᠢ ᠬᠥᠮᠦᠨ ᠤ ᠲᠠᠩᠰᠠᠨ ᠡᠷᠦᠭᠡ ᠶᠢᠨ ᠬᠠᠮᠢᠶᠠᠷᠤᠯᠲᠠ  ᠳᠥᠷᠪᠡᠳᠦᠭᠡᠷ ᠵᠦᠢᠯ    ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ ᠠᠷᠭ᠎ᠠ ᠶᠢ ᠬᠠᠯᠠᠨ ᠰᠠᠶᠢᠵᠢᠷᠠᠭᠤᠯᠬᠤ ᠬᠡᠷᠡᠭᠲᠡᠶ᠃ 2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ ᠡᠷᠦᠬᠡ ᠳᠤ ᠲᠣᠰ ᠬᠥᠮᠦᠨ ᠤ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ 2% ᠤᠨ ᠲᠤᠰᠢᠶᠠᠬᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠪᠤᠳᠤᠵᠤ ᠣᠷᠣᠭᠤᠯᠤᠨ᠎ᠠ᠃ ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠳᠤ᠂ ᠳᠡᠭᠡᠷ᠎ᠡ ᠵᠢᠯ ᠤᠨ ᠪᠥᠬᠦ ᠣᠷᠣᠨ ᠤ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ 3% ᠶᠢᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠵᠤ᠂ 2023 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ 2% ᠤᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠳᠤ ᠤᠷᠤᠭᠤᠯᠤᠨ᠎ᠠ᠃    ᠲᠠᠪᠤᠳᠤᠭᠠᠷ ᠵᠦᠢᠯ   ᠬᠤᠪᠢ ᠬᠥᠮᠦᠨ ᠤ ᠲᠠᠩᠰᠠᠨ ᠡᠷᠦᠬᠡ ᠶᠢᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠶᠢ ᠳᠠᠭᠠᠳᠬᠠᠯ ᠳᠤ ᠣᠷᠣᠭᠰᠠᠳ ᠤᠨ ᠲᠣᠰ ᠬᠥᠮᠦᠨ ᠵᠢᠴᠢ ᠲᠡᠭᠦᠨ ᠤ ᠬᠠᠨᠢ ᠢᠵᠢᠯᠢ᠂ ᠡᠴᠢᠭᠡ ᠡᠬᠡ᠂ ᠦᠷ᠎ᠡ ᠬᠡᠤᠬᠡᠳ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠦᠭᠡᠳ ᠪᠣᠶ ᠪᠣᠯᠤᠭᠰᠠᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ︔ ᠳᠠᠭᠠᠳᠬᠠᠯ ᠳᠤ ᠣᠷᠣᠭᠰᠠᠳ ᠤᠨ ᠲᠣᠰ ᠬᠥᠮᠦᠨ ᠵᠢᠴᠢ ᠲᠡᠭᠦᠨ ᠤ ᠬᠠᠨᠢ ᠢᠵᠢᠯᠢ᠂ ᠡᠴᠢᠭᠡ ᠡᠬᠡ᠂ ᠦᠷ᠎ᠡ ᠬᠡᠤᠬᠡᠳ ᠨᠢ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠵᠠᠷᠤᠳᠠᠯ︔ ᠳᠠᠭᠠᠳᠬᠠᠯ ᠳᠤ ᠣᠷᠣᠯᠴᠠᠭᠰᠠᠳ ᠤᠨ ᠬᠠᠨᠢ ᠢᠵᠢᠯᠢ᠂ ᠡᠴᠢᠭᠡ ᠡᠬᠡ᠂ ᠦᠷ᠎ᠡ ᠬᠡᠤᠬᠡᠳ ᠨᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠳᠤ ᠣᠷᠣᠯᠴᠠᠭᠰᠠᠨ ᠬᠤᠪᠢ ᠬᠥᠮᠦᠨ ᠤ  ᠰᠦᠢᠳᠭᠡᠯ ᠲᠤᠰᠢᠶᠠᠬᠤ ᠬᠡᠷᠡᠭᠲᠡᠶ᠃    ᠵᠢᠷᠭᠤᠳᠤᠭᠠᠷ ᠵᠦᠢᠯ    ᠬᠤᠪᠢ ᠬᠥᠮᠦᠨ ᠤ ᠲᠠᠩᠰᠠᠨ ᠡᠷᠦᠬᠡ ᠶᠢᠨ ᠳᠥᠯᠥᠬᠦ ᠥᠬᠡᠶ ᠬᠦᠷᠢᠶ᠎ᠡ ᠬᠡᠪᠴᠢᠶ᠎ᠡ᠃ ᠬᠤᠪᠢ ᠬᠥᠮᠦᠨ ᠤ ᠳᠠᠩᠰᠠᠨ ᠡᠷᠦᠬᠡ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠪᠤᠶᠤ ᠪᠡᠶ᠎ᠡ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ ᠵᠡᠷᠭᠡ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠪᠠᠭᠲᠠᠬᠤ ᠦᠭᠡᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃    ᠭᠤᠷᠪᠠᠳᠤᠭᠠᠷ ᠪᠦᠯᠦᠭ    ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ  ᠪᠠᠲᠤᠯᠠᠭ᠎ᠠ  ᠳᠣᠯᠣᠳᠤᠭᠠᠷ ᠵᠦᠢᠯ    ᠬᠠᠮᠤᠷᠬᠤ ᠬᠡᠪᠴᠢᠶ᠎ᠡ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠳ  ᠃    ᠨᠠᠢᠮᠠᠳᠤᠭᠠᠷ ᠵᠦᠢᠯ    ᠵᠣᠭᠤᠰ ᠥᠭᠬᠦ ᠬᠡᠪᠴᠢᠶ᠎ᠡ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ  ᠦᠢᠯᠡᠴᠢᠯᠡᠭᠡᠨ ᠤ ᠲᠥᠷᠥᠯ ᠵᠦᠢᠯ᠃    ᠶᠢᠰᠦᠳᠦᠭᠡᠷ ᠵᠦᠢᠯ   ᠵᠣᠭᠤᠰ ᠥᠭᠬᠦ ᠪᠠᠷᠢᠮᠵᠢᠶ᠎ᠠ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠴᠢᠯᠡᠭᠡᠨ ᠤ ᠵᠠᠷᠤᠳᠠᠯ ᠤᠨ ᠵᠢᠯ ᠤᠨ ᠨᠡᠶᠢᠲᠡ ᠡᠬᠢᠯᠡᠵᠦ ᠳᠥᠯᠥᠬᠦ ᠬᠢᠵᠠᠭᠠᠷ ᠨᠢ 1000 ᠲᠥᠭᠦᠷᠢᠭ᠂ ᠵᠢᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠨᠢ ᠠᠵᠢᠯ ᠳᠤ ᠪᠠᠶᠢᠭ᠎ᠠ ᠠᠵᠢᠯᠲᠠᠨ ᠠᠵᠢᠯᠴᠢᠨ 4000 ᠲᠥᠭᠦᠷᠢᠭ᠂ ᠠᠵᠢᠯ ᠠᠴᠠ ᠪᠠᠨ ᠪᠠᠭᠤᠵᠤ ᠠᠮᠠᠷᠠᠭᠰᠠᠳ 5000 ᠲᠥᠭᠦᠷᠢᠭ ᠪᠣᠯᠤᠨ᠎ᠠ᠃ ᠡᠬᠢᠯᠡᠵᠦ ᠳᠥᠯᠥᠬᠦ ᠱᠤᠭᠤᠮ ᠤᠨ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠤᠨ ᠳᠥᠯᠥᠬᠦ ᠬᠠᠷᠢᠴᠠᠯ ᠨᠢ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ 55%᠂ ᠠᠵᠢᠯ ᠠᠴᠠ ᠪᠠᠨ ᠪᠠᠭᠤᠵᠤ ᠠᠮᠠᠷᠠᠭᠰᠠᠳ 60% ᠪᠣᠯᠤᠨ᠎ᠠ︔ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ 65%᠂ ᠠᠵᠢᠯ ᠠᠴᠠ ᠪᠠᠨ ᠪᠠᠭᠤᠵᠤ ᠠᠮᠠᠷᠠᠭᠰᠠᠳ 70%᠃    ᠠᠷᠪᠠᠳᠤᠭᠠᠷ ᠵᠦᠢᠯ     ᠲᠥᠷᠥ ᠶᠢᠨ ᠪᠣᠳᠣᠯᠭ᠎ᠠ ᠶᠢ ᠵᠣᠯᠭᠠᠭᠤᠯᠬᠤ᠃    ︵ᠨᠢᠭᠡ︶ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠣᠨ ᠤ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠦᠨᠳᠦᠰᠦᠨ ᠡᠮᠴᠢᠯᠡᠭᠡᠨ ᠤ ᠳᠠᠭᠠᠳᠬᠠᠯ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠨ ᠤ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠳᠤ ᠣᠷᠣᠭᠤᠯᠤᠨ ᠪᠤᠳᠤᠨ᠎ᠠ᠃    ︵ᠬᠤᠶᠠᠷ︶︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠣᠨᠣᠰᠢᠯᠠᠨ ᠡᠮᠨᠡᠬᠦ ᠲᠥᠷᠥᠯ ᠵᠦᠢᠯ ᠤᠨ ᠭᠠᠷᠴᠠᠭ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠤ  ᠦᠢᠯᠡᠴᠢᠯᠡᠭᠡᠨ ᠤ ᠪᠡᠯᠡᠳᠬᠡᠮᠵᠢ ᠶᠢᠨ ᠲᠥᠷᠥᠯ ᠵᠦᠢᠯ ᠤᠨ ᠬᠦᠷᠢᠶ᠎ᠡ ᠬᠡᠪᠴᠢᠶ᠎ᠡ︾ ᠳᠤ ᠲᠣᠭᠲᠠᠭᠠᠭᠰᠠᠨ ᠬᠡᠪᠴᠢᠶᠡᠨ ᠳᠣᠲᠣᠷᠠᠬᠢ ᠬᠥᠬᠡᠭᠴᠢᠨ ᠲᠥᠷᠥᠯ ᠤᠨ ᠲᠥᠷᠥᠯ ᠵᠦᠢᠯ ᠤᠨ ᠬᠤᠪᠢ ᠬᠥᠮᠦᠨ ᠤ ᠤᠷᠢᠳᠠᠪᠠᠷ ᠡᠭᠦᠷᠭᠡᠯᠡᠬᠦ ᠬᠠᠷᠢᠴᠠᠯ ᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠲᠥᠷᠥ ᠶᠢᠨ ᠪᠣᠳᠣᠯᠭ᠎ᠠ ᠳᠠᠬᠢ ᠬᠥᠬᠡᠭᠴᠢᠨ ᠲᠥᠷᠥᠯ ᠤᠨ ᠲᠥᠷᠥᠯ ᠵᠦᠢᠯ ᠤᠨ ᠲᠣᠭᠠᠴᠠᠭ᠎ᠠ ᠬᠢᠬᠦ  ᠪᠠᠷᠢᠮᠵᠢᠶ᠎ᠠ ᠪᠠᠷ ᠬᠡᠷᠡᠭᠵᠢᠭᠦᠯᠦᠨ᠎ᠡ᠃    ︵ᠭᠤᠷᠪᠠ︶ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠤ ᠲᠥᠷᠥ ᠶᠢᠨ ᠪᠣᠳᠣᠯᠭ᠎ᠠ ᠯᠤᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠪᠠ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠤ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠭᠥᠷᠳᠡᠵᠦ ᠪᠣᠯᠤᠨ᠎ᠠ᠂ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠤ ᠲᠥᠷᠥ ᠶᠢᠨ ᠪᠣᠳᠣᠯᠭ᠎ᠠ ᠶᠢ ᠮᠠᠨ ᠤ ᠠᠶᠢᠮᠠᠭ ᠤᠨ ᠣᠲᠣ ᠶᠢᠨ ᠬᠡᠷᠡᠭᠵᠢᠭᠦᠯᠵᠦ ᠥᠪᠡᠷᠲᠡᠭᠡᠨ ᠵᠠᠰᠠᠬᠤ ᠣᠷᠣᠨ ᠠᠴᠠ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠡᠪᠴᠢᠶᠡᠨ ᠳᠤ ᠬᠠᠷᠢᠶᠠᠯᠠᠭᠳᠠᠬᠤ ᠥᠬᠡᠶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠲᠥᠷᠥᠯ ᠳᠤ᠂ ᠳᠠᠭᠢᠵᠤ ᠰᠢᠨ᠎ᠡ ᠪᠠᠷ ᠬᠥᠮᠦᠨ ᠨᠡᠮᠡᠬᠦ ᠥᠬᠡᠶ᠂ ᠨᠢᠭᠡᠨᠲᠡ ᠣᠷᠣᠭᠤᠯᠤᠭᠰᠠᠨ ᠬᠥᠮᠦᠰ ᠲᠤ ᠲᠣᠭᠲᠠᠭᠠᠯ ᠶᠣᠰᠣᠭᠠᠷ ᠦᠷᠭᠦᠯᠵᠢᠯᠡᠨ ᠣᠯᠭᠤᠮᠵᠢ ᠬᠦᠷᠲᠡᠭᠡᠨ᠎ᠡ᠃        ᠳᠥᠷᠪᠡᠳᠦᠭᠡᠷ ᠪᠦᠯᠦᠭ     ᠬᠠᠮᠢᠶᠠᠷᠬᠤ ᠪᠠ ᠬᠢᠨᠠᠯᠲᠠ ᠲᠠᠯᠪᠢᠬᠤ    ᠠᠷᠪᠠᠨ ᠨᠢᠭᠡᠳᠦᠭᠡᠷ ᠵᠦᠢᠯ    ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠃ ᠡᠭᠦᠳᠡᠨ ᠡᠮᠨᠡᠯᠭᠡ ᠶᠢᠨ ᠪᠠᠲᠤᠯᠠᠭ᠎ᠠ ᠯᠤᠭ᠎ᠠ ᠵᠣᠬᠢᠴᠠᠯᠳᠤᠭᠰᠠᠨ ᠵᠠᠷᠤᠳᠠᠯ ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠥᠭᠬᠦ ᠠᠷᠭ᠎ᠠ ᠮᠠᠶ᠋ᠢᠭ ᠤᠨ ᠲᠦᠷᠦᠯ ᠬᠤᠪᠢᠶᠠᠭᠰᠠᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠪᠠ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ  ᠦᠢᠯᠡᠴᠢᠯᠡᠬᠦ ᠲᠦᠷᠢᠮ ᠤᠨ ᠪᠠᠶᠢᠭᠤᠯᠤᠯᠲᠠ ᠶᠢ ᠳᠡᠮᠵᠢᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠤ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠥᠷᠨᠢᠭᠦᠯᠵᠦ᠂ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠪᠠ ᠤᠳᠠᠭᠠᠨ ᠴᠢᠨᠠᠷᠲᠠᠶ ᠡᠪᠡᠳᠴᠢᠨ ᠢ ᠬᠠᠷᠢᠯᠴᠠᠨ ᠤᠶᠠᠯᠳᠤᠭᠤᠯᠬᠤ ᠶᠢ ᠢᠳᠡᠪᠬᠢᠲᠡᠶ ᠪᠠᠷ ᠰᠦᠪᠡᠭᠴᠢᠯᠡᠨ᠎ᠡ᠃    ᠨᠥᠬᠦᠴᠡᠯ ᠳᠤ ᠨᠡᠶᠢᠴᠡᠬᠦ ︽ᠢᠨᠲ᠋ᠤᠷ ᠰᠦᠯᠵᠢᠶ᠎ᠡ +︾ ᠡᠮᠴᠢᠯᠡᠭᠡᠨ ᠤ  ᠦᠢᠯᠡᠴᠢᠯᠡᠭᠡ ᠶᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃    ᠠᠷᠪᠠᠨ ᠬᠤᠶᠠᠳᠤᠭᠠᠷ ᠵᠦᠢᠯ    ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠡᠮᠴᠢᠯᠡᠭᠡᠨ ᠤ ᠪᠠᠶᠢᠭᠤᠯᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠢᠨᠠᠨ ᠪᠤᠳᠤᠬᠤ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠳ᠂ ᠡᠮᠴᠢᠯᠡᠭᠡᠨ ᠤ ᠳᠠᠭᠠᠳᠬᠠᠯ ᠤᠨ ᠭᠠᠷᠲᠠᠨ  ᠭᠦᠢᠴᠡᠳᠭᠡᠬᠦ ᠪᠠᠶᠢᠭᠤᠯᠤᠮᠵᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ  ᠰᠢᠢᠳᠪᠦᠷᠢᠯᠡᠵᠦ᠂ ᠰᠠᠭᠤᠷᠢ ᠮᠥᠩᠭᠦ ᠶᠢᠨ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠨ᠎ᠠ᠃    ᠠᠷᠪᠠᠨ ᠭᠤᠷᠪᠠᠳᠤᠭᠠᠷ ᠵᠦᠢᠯ    ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ  ᠦᠢᠯᠡᠴᠢᠯᠡᠭᠡᠨ ᠤ ᠬᠠᠮᠢᠶᠠᠷᠤᠯᠲᠠ᠃    ︵ᠨᠢᠭᠡ︶ ᠵᠥᠪᠳᠡᠯᠴᠡᠨ ᠬᠠᠮᠢᠶᠠᠷᠬᠤ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠳᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠥᠪᠳᠡᠯᠴᠡᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠠᠴᠠ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠵᠥᠪᠯᠡᠯᠴᠡᠭᠡᠷ ᠲᠣᠭᠲᠠᠵᠤ᠂ ᠵᠥᠪᠳᠡᠯᠴᠡᠨ ᠬᠡᠯᠡᠯᠴᠡᠬᠦ ᠲᠣᠭᠲᠠᠴᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠲᠣᠭᠲᠠᠭᠠᠵᠤ ᠦᠨᠡᠯᠡᠨ ᠵᠢᠱᠢᠬᠦ ᠪᠠᠷᠢᠮᠵᠢᠶ᠎ᠠ ᠶᠢ ᠴᠢᠩᠳᠠᠯᠠᠵᠤ᠂ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠡᠮ ᠤᠨ ᠵᠦᠢᠯ ︵ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ︶ ᠢ ᠤᠷᠢᠳᠠᠪᠠᠷ ᠬᠡᠷᠡᠭᠯᠡᠬᠦ᠂ ᠥᠪᠡᠷ ᠤᠨ ᠵᠠᠷᠤᠳᠠᠯ ᠤᠨ ᠬᠠᠷᠢᠴᠠᠯ ᠢ ᠬᠢᠵᠠᠭᠠᠷᠯᠠᠬᠤ᠂ ᠲᠣᠭᠲᠠᠭᠠᠯ ᠠᠴᠠ ᠵᠥᠷᠢᠴᠡᠨ ᠶᠡᠭᠡ ᠵᠣᠷ ᠪᠢᠴᠢᠵᠦ ᠥᠭᠬᠦ ᠵᠡᠷᠭᠡ ᠶᠢ ᠵᠥᠪᠯᠡᠯᠴᠡᠭᠡᠷ ᠤᠨ ᠬᠠᠮᠢᠶᠠᠷᠤᠯᠲᠠ ᠳᠤ ᠣᠷᠣᠭᠤᠯᠤᠨ᠂ ᠵᠥᠪᠯᠡᠯᠴᠡᠭᠡᠷ ᠤᠨ ᠵᠦᠢᠯ ᠵᠤᠷᠪᠤᠰ ᠵᠢᠴᠢ  ᠭᠦᠢᠴᠡᠳᠭᠡᠯ ᠲᠤᠭ᠎ᠠ ᠶᠢᠨ ᠬᠢᠵᠠᠭᠠᠷᠯᠠᠬᠤ  ᠦᠢᠯᠡᠳᠦᠯ ᠢ ᠴᠢᠩᠭᠠᠷᠠᠭᠤᠯᠤᠨ᠎ᠠ᠃    ︵ᠬᠤᠶᠠᠷ︶ ᠡᠮᠴᠢᠯᠡᠭᠦᠯᠬᠦ ᠬᠠᠮᠢᠶᠠᠷᠤᠯᠲᠠ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ ᠦᠶ᠎ᠡ ᠳᠤ᠂ ᠲᠣᠰ ᠬᠥᠮᠦᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠳᠠᠭᠠᠳᠬᠠᠯ ᠳᠤ ᠣᠷᠣᠯᠴᠠᠵᠤ  ᠰᠦᠢᠳᠭᠡᠯ ᠲᠤᠰᠢᠶᠠᠭᠰᠠᠨ ᠭᠡᠷᠡᠴᠢ ᠪᠠᠷᠢᠮᠲᠠ ᠪᠠᠨ ᠭᠠᠷᠭᠠᠵᠤ ᠥᠭᠬᠦ ᠬᠡᠷᠡᠭᠲᠡᠶ᠃ ᠡᠮᠴᠢᠯᠡᠭᠡ ᠶᠢ ᠬᠦᠯᠢᠶᠡᠨ ᠠᠪᠬᠤ ᠡᠮᠴᠢ ᠲᠡᠭᠦᠨ ᠤ ᠪᠡᠶ᠎ᠡ ᠶᠢᠨ ᠭᠠᠷᠤᠯ ᠢ ᠨᠠᠷᠢᠨ ᠬᠢᠨᠠᠮᠠᠭᠠᠶ ᠪᠠᠷ ᠬᠠᠷᠭᠤᠭᠤᠯᠵᠤ᠂ ᠬᠥᠮᠦᠨ ᠪᠠ ᠭᠡᠷᠡᠴᠢ ᠶᠢᠨ ᠬᠠᠷᠢᠯᠴᠠᠨ ᠨᠡᠶᠢᠴᠡᠬᠦ ᠶᠢ ᠦᠨᠡᠨ ᠬᠦ ᠪᠠᠲᠤᠯᠠᠬᠤ  ᠬᠡᠷᠡᠭᠲᠡᠢ᠃    ︵ᠭᠤᠷᠪᠠ︶ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠦᠨᠳᠦᠰᠦᠨ ᠡᠮᠴᠢᠯᠡᠭᠡᠨ ᠤ ᠳᠠᠭᠠᠳᠬᠠᠯ ᠪᠠ ᠡᠮᠴᠢᠯᠡᠭᠡ ᠡᠷᠡᠭᠦᠯ ᠬᠠᠮᠠᠭᠠᠯᠠᠯ ᠤᠨ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠳᠠᠭᠠᠳᠬᠠᠯ ᠳᠤ ᠣᠷᠣᠯᠴᠠᠭᠴᠢ ᠡᠪᠡᠳᠴᠢᠨ ᠦᠵᠡᠭᠦᠯᠬᠦ ᠶᠠᠪᠤᠴᠠ ᠳᠤ ︽ᠡᠪᠡᠳᠴᠢᠨ ᠤ ᠪᠠᠶᠢᠳᠠᠯ ᠳᠤᠨᠢ ᠲᠣᠬᠢᠷᠠᠭᠤᠯᠤᠨ ᠵᠠᠰᠠᠬᠤ᠂ ᠵᠦᠶ ᠵᠣᠬᠢᠰᠲᠠᠶ ᠪᠠᠶᠢᠴᠠᠭᠠᠬᠤ᠂ ᠵᠦᠶ ᠵᠣᠬᠢᠰᠲᠠᠶ ᠡᠮ ᠬᠡᠷᠡᠭᠯᠡᠬᠦ︾ ᠵᠠᠷᠴᠢᠮ ᠢ ᠪᠠᠷᠢᠮᠲᠠᠯᠠᠨ᠂ ᠡᠭᠦᠳᠡᠨ ᠡᠮᠨᠡᠯᠭᠡ ᠶᠢᠨ ᠡᠮᠴᠢᠯᠡᠭᠡᠨ ᠤ  ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠵᠦᠶ ᠵᠣᠬᠢᠰᠲᠠᠶ ᠪᠠᠷ ᠡᠮᠨᠡᠭᠦᠯᠬᠦ ᠶᠢ ᠬᠥᠲᠥᠯᠦᠨ ᠵᠢᠯᠣᠭᠤᠳᠴᠤ᠂ ᠡᠪᠡᠳᠴᠢᠨ ᠦᠵᠡᠭᠦᠯᠬᠦ ᠳᠤ ᠳᠠᠩᠰᠠᠯᠠᠯ ᠲᠠᠢ᠂ ᠡᠮ ᠬᠡᠷᠡᠭᠯᠡᠬᠦ ᠳᠤ ᠵᠣᠷ ᠲᠠᠢ᠂ ᠰᠦᠢᠳᠬᠡᠯ ᠬᠤᠷᠢᠶᠠᠬᠤ ᠳᠤ ᠪᠠᠷᠢᠮᠲᠠ ᠲᠠᠢ ᠪᠠᠶᠢᠬᠤ ᠬᠡᠷᠡᠭᠲᠡᠶ᠃    ᠲᠠᠪᠤᠳᠤᠭᠠᠷ ᠪᠦᠯᠦᠭ     ᠵᠣᠬᠢᠶᠠᠨ ᠪᠠᠶᠢᠭᠤᠯᠵᠤ ᠬᠡᠷᠡᠭᠵᠢᠭᠦᠯᠬᠦ    ᠠᠷᠪᠠᠨ ᠳᠥᠷᠪᠡᠳᠦᠭᠡᠷ ᠵᠦᠢᠯ    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ 2023 ᠣᠨ ᠠᠴᠠ ᠡᠮᠦᠨ᠎ᠡ ᠡᠯ᠎ᠡ ᠬᠤᠰᠢᠭᠤ ᠰᠢᠶᠠᠨ ᠬᠤᠲᠠ ᠨᠤᠭᠤᠳ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠴᠠᠭ ᠲᠤᠨᠢ ᠳᠣᠭᠢᠷᠠᠭᠤᠯᠤᠨ ᠲᠣᠬᠢᠷᠠᠭᠤᠯᠤᠯᠲᠠ ᠬᠢᠵᠦ᠂ ᠠᠶᠢᠮᠠᠭ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃    ᠠᠷᠪᠠᠨ ᠲᠠᠪᠤᠳᠤᠭᠠᠷ ᠵᠦᠢᠯ    ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠡᠯ᠎ᠡ ᠬᠤᠰᠢᠭᠤ ᠰᠢᠶᠠᠨ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠦᠢᠯᠡᠴᠢᠯᠡᠭᠡᠨ ᠤ ᠤᠬᠠᠭᠤᠯᠭ᠎ᠠ ᠶᠢ ᠢᠳᠡᠪᠬᠢᠲᠡᠶ ᠰᠠᠶᠢᠲᠤᠷ ᠬᠢᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠨᠢ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ᠂ ᠲᠦᠷᠢᠮ ᠤᠨ ᠨᠠᠩ ᠲᠥᠪ ᠭᠤᠤᠯᠴᠢ ᠨᠠᠩ ᠦᠷᠭᠦᠯᠵᠢᠯᠡᠬᠦ ᠶᠢ ᠠᠬᠢᠭᠤᠯᠬᠤ ᠳᠤ ᠦᠵᠡᠭᠦᠯᠬᠦ ᠴᠢᠬᠤᠯᠠ  ᠦᠢᠯᠡᠳᠦᠯ ᠢ  ᠭᠦᠢᠴᠡᠳ ᠤᠬᠠᠭᠤᠯᠵᠤ᠂ ᠡᠮᠴᠢᠯᠡᠭᠡᠨ ᠤ ᠳᠠᠭᠠᠳᠬᠠᠯ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠤᠰᠠᠯᠠᠬᠤ ᠶᠢᠨ ᠴᠢᠬᠤᠯᠠ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠡᠯ᠎ᠡ ᠲᠠᠯ᠎ᠠ ᠶᠢᠨ ᠬᠢᠨ ᠤ ᠥᠭᠡᠷᠡᠴᠢᠯᠡᠯᠲᠡ ᠶᠢ ᠳᠡᠮᠵᠢᠨ ᠬᠠᠮᠵᠢᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ  ᠭᠦᠢᠴᠡᠳ ᠳᠠᠶᠢᠴᠢᠯᠠᠨ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ  ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠵᠢᠱᠢᠯᠲᠡ ᠶᠢ ᠵᠦᠢ ᠵᠣᠬᠢᠰᠲᠠᠶ ᠪᠠᠷ ᠬᠥᠲᠥᠯᠥᠨ ᠵᠢᠯᠣᠭᠤᠳᠬᠤ ᠬᠡᠷᠡᠭᠲᠡᠶ᠃    ᠵᠢᠷᠭᠤᠳᠤᠭᠠᠷ ᠪᠦᠯᠦᠭ     ᠲᠠᠠᠭᠠᠯᠳᠤᠭᠤᠯᠤᠭᠰᠠᠨ ᠲᠦᠷᠢᠮ    ᠠᠷᠪᠠᠨ ᠵᠢᠷᠭᠤᠳᠤᠭᠠᠷ ᠵᠦᠢᠯ     ᠲᠣᠰ ᠨᠠᠷᠢᠨ ᠲᠦᠷᠢᠮ ᠢ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠤᠰ ᠨᠠᠷᠢᠨ ᠲᠥᠷᠢᠮ   ᠤᠨ ᠲᠣᠭᠲᠠᠭᠠᠯ ᠲᠠᠢ ᠨᠡᠶᠢᠴᠡᠬᠦ ᠥᠭᠡᠢ ᠪᠥᠬᠦᠨ  ᠢ ᠲᠤᠰ ᠨᠠᠷᠢᠨ ᠲᠥᠷᠢᠮ   ᠤᠨ ᠶᠣᠰᠣᠭᠠᠷ ᠬᠡᠷᠡᠭᠵᠢᠭᠦᠯᠦᠨ᠎ᠡ᠃    ᠠᠷᠪᠠᠨ ᠳᠣᠯᠣᠳᠤᠭᠠᠷ ᠵᠦᠢᠯ     ᠲᠣᠰ ᠨᠠᠷᠢᠨ ᠲᠦᠷᠢᠮ ᠢ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠬᠡᠷᠪᠡ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠠᠢ ᠪᠠᠶᠢᠪᠠᠯ᠂ ᠱᠠᠭᠠᠷᠳᠠᠯᠭ᠎ᠠ ᠶᠣᠰᠣᠭᠠᠷ ᠬᠥᠳᠡᠯᠦᠩᠭᠦᠶ ᠪᠠᠷ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠠᠶᠢᠮᠠᠭ   ᠤᠨ ᠵᠠᠬᠢᠷᠭ᠎ᠠ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃  
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号