︽ᠬᠢᠩᠭᠠᠨ ᠠᠶᠢᠮᠠᠭ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ  ᠶᠢᠨ ᠬᠠᠷᠢᠯᠴᠠᠨ ᠲᠤᠰᠠᠯᠠᠯᠵᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠨᠠᠷᠢᠨ ᠲᠦᠷᠢᠮ ︾
ᠨᠡᠶᠢᠲᠡᠯᠡᠭᠰᠡᠨ ᠴᠠᠭ᠄
2022/8/3
   ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠰᠠᠭᠤᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠢᠯᠢᠳᠡᠭᠵᠢᠭᠦᠯᠬᠦ ᠶᠢᠨ ᠲᠥᠯᠥᠭᠡ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ  ᠶᠢᠨ  ᠬᠠᠷᠢᠯᠴᠠᠨ ᠲᠤᠰᠠᠯᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ  ᠵᠢᠯᠣᠭᠤᠳᠬᠤ ᠰᠠᠨᠠᠯ︾ ᠢ ᠦᠨᠳᠦᠰᠦᠯᠡᠪᠡᠯ ︵ᠲᠥᠷᠥ ᠠᠯᠪᠠᠨ ᠲᠠᠷᠬᠠᠭᠠᠭᠰᠠᠨ ︹ 2021 ︺14 ᠳ᠋ᠤᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢ  ᠬᠠᠷᠢᠯᠴᠠᠨ ᠲᠤᠰᠠᠯᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ  ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 82 ᠳ᠋ᠤᠭᠠᠷ ᠲᠣᠭᠠᠲᠤ︶᠂ ︽ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ︹ 2021 ︺ 42 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ︽ᠬᠢᠩᠭᠠᠨ ᠠᠶᠢᠮᠠᠭ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ  ᠬᠠᠷᠢᠯᠴᠠᠨ ᠲᠤᠰᠠᠯᠠᠯᠵᠠᠬᠤ ᠪᠠᠲᠤᠯᠠᠭ᠎ᠠ ᠶᠢᠨ ᠲᠣᠭᠲᠠᠴᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠲᠠᠷᠬᠠᠭᠠᠪᠠ᠃ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠄    — ᠥᠭᠡᠷᠡᠴᠢᠯᠡᠯᠲᠡ ᠶᠢᠨ ᠠᠴᠢ ᠬᠤᠯᠪᠣᠭᠳᠠᠯ —  1.  ᠲᠤᠰᠠᠯᠠᠯᠵᠠᠬᠤ ᠪᠠᠲᠤᠯᠠᠭ᠎ᠠ ᠶᠢᠨ ᠵᠠᠭᠪᠤᠷ ᠢ ᠰᠢᠯᠢᠳᠡᠭᠵᠢᠭᠦᠯᠤᠨ᠎ᠡ    ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠣᠯᠠᠨ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ  ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠦᠨᠳᠦᠰᠦᠨ ᠳᠥᠯᠥᠬᠦ ᠬᠡᠪᠴᠢᠶᠡᠨ ᠳᠤ ᠣᠷᠣᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠪᠠᠲᠤᠯᠠᠭ᠎ᠠ ᠶᠢᠨ ᠲᠦᠷᠢᠮ ᠤᠨ ᠳᠤᠲᠠᠭᠤᠳᠠᠯ ᠢ ᠨᠥᠬᠦᠪᠥᠷᠢᠯᠡᠨ᠎ᠠ᠃   2. ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ  ᠲᠡᠭᠡᠭᠰᠢᠯᠡᠭᠦᠯᠤᠨ᠎ᠡ    ᠬᠤᠪᠢ ᠬᠥᠮᠦᠨ ᠤ ᠲᠠᠩᠰᠠᠨ ᠡᠷᠤᠭᠡ ᠶᠢ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠬᠤᠪᠢ ᠬᠥᠮᠦᠨ ᠤ ᠲᠠᠩᠰᠠᠨ ᠡᠷᠤᠭᠡ ᠶᠢ ᠭᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠬᠦ ᠰᠢᠨ᠎ᠡ ᠲᠣᠭᠲᠠᠴᠠ ᠶᠢ ᠪᠠᠶᠢᠭᠤᠯᠤᠨ᠎ᠠ᠃ 3. ᠡᠮᠴᠢᠯᠡᠭᠡᠨ ᠤ ᠡᠬᠢ ᠪᠠᠶᠠᠯᠢᠭ ᠤᠨ ᠵᠦᠶ ᠵᠣᠬᠢᠰᠲᠠᠶ  ᠲᠤᠬᠢᠷᠠᠭᠤᠯᠤᠯᠳᠠ ᠶᠢ ᠠᠬᠢᠭᠤᠯᠤᠨ᠎ᠠ    ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢᠨ ᠬᠥᠲᠥᠯᠦᠨ ᠳᠠᠭᠠᠭᠤᠯᠬᠤ  ᠦᠢᠯᠡᠳᠦᠯ ᠢ ᠪᠠᠳᠠᠷᠠᠭᠤᠯᠵᠤ ᠂ ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠂ ᠡᠮᠨᠡᠯᠭᠡ ᠶᠢᠨ ᠬᠤᠷᠢᠶ᠎ᠠ ᠶᠢᠨ ᠵᠣᠷ ᠢ ᠭᠠᠳᠠᠭᠰᠢ ᠳᠣᠭᠢᠷᠠᠭᠤᠯᠬᠤ ᠵᠡᠷᠭᠡ ᠶᠢ ᠬᠠᠮᠵᠢᠯᠴᠠᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠳᠠᠮᠵᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ᠃ — ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ   ᠶᠢ ᠰᠠᠶᠢᠵᠢᠷᠠᠭᠤᠯᠬᠤ ᠠᠷᠭ᠎ᠠ — 01   1. ᠬᠤᠪᠢ ᠬᠥᠮᠦᠨ ᠤ ᠳᠠᠩᠰᠠᠨ ᠡᠷᠦᠬᠡ ᠳᠤ ᠪᠣᠳᠣᠵᠤ ᠣᠷᠣᠭᠤᠯᠬᠤ ᠪᠠᠷᠢᠮᠵᠢᠶ᠎ᠠ ᠶᠢ ᠲᠣᠬᠢᠷᠠᠭᠤᠯᠤᠨ᠎ᠠ2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ ᠡᠷᠦᠬᠡ ᠳᠤ ᠲᠣᠰ ᠬᠥᠮᠦᠨ ᠤ  ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ 2% ᠤᠨ ᠲᠤᠰᠢᠶᠠᠬᠤ ᠦᠨᠳᠦᠰᠦᠨ  ᠡᠮᠴᠢᠯᠡᠭᠡᠨ ᠤ ᠳᠠᠭᠠᠳᠬᠠᠯ ᠤᠨ  ᠰᠦᠢᠳᠭᠡᠯ ᠢ ᠪᠤᠳᠤᠵᠤ ᠣᠷᠣᠭᠤᠯᠤᠨ᠎ᠠ᠃ ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠳᠤ᠂ ᠳᠡᠭᠡᠷ᠎ᠡ ᠵᠢᠯ ᠤᠨ ᠪᠥᠬᠦ ᠣᠷᠣᠨ ᠤ ᠳᠤᠮᠳᠠᠴᠢ  ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ 3% ᠶᠢᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠵᠤ᠂ 2023 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ 2% ᠤᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠪᠣᠳᠣᠵᠤ ᠣᠷᠣᠭᠤᠯᠤᠨ᠎ᠠ᠃02    ᠬᠤᠪᠢ ᠬᠥᠮᠦᠨ ᠤ ᠳᠠᠩᠰᠠᠨ ᠡᠷᠦᠬᠡ ᠶᠢᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ    ᠳᠠᠭᠠᠳᠬᠠᠯ ᠳᠤ ᠣᠷᠣᠭᠰᠠᠳ ᠤᠨ ᠲᠣᠰ ᠬᠥᠮᠦᠨ ᠵᠢᠴᠢ ᠲᠡᠭᠦᠨ ᠤ  ᠬᠠᠨᠢ ᠢᠵᠢᠯ᠂ ᠡᠴᠢᠭᠡ ᠡᠬᠡ᠂ ᠦᠷ᠎ᠡ ᠬᠡᠤᠬᠡᠳ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠦᠭᠡᠳ ᠪᠣᠶ ᠪᠣᠯᠤᠭᠰᠠᠨ ᠬᠤᠪᠢ ᠬᠥᠮᠦᠨ ᠡᠬᠦᠷᠭᠡᠯᠡᠭᠰᠡᠨ ᠡᠮᠴᠢᠯᠡᠭᠡᠨ ᠤ ᠵᠠᠷᠤᠳᠠᠯ  ᠃    ᠳᠠᠭᠠᠳᠬᠠᠯ ᠳᠤ ᠣᠷᠣᠭᠰᠠᠳ ᠤᠨ ᠲᠣᠰ ᠬᠥᠮᠦᠨ ᠵᠢᠴᠢ ᠲᠡᠭᠦᠨ ᠤ ᠬᠠᠨᠢ ᠢᠵᠢᠯ᠂ ᠡᠴᠢᠭᠡ ᠡᠬᠡ᠂ ᠦᠷ᠎ᠡ ᠬᠡᠤᠬᠡᠳ ᠨᠢ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ  ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ  ᠡᠬᠦᠷᠭᠡᠯᠡᠭᠰᠡᠨ ᠵᠠᠷᠤᠳᠠᠯ  ᠃    ᠳᠠᠭᠠᠳᠬᠠᠯ ᠳᠤ ᠣᠷᠣᠯᠴᠠᠭᠰᠠᠳ ᠤᠨ ᠬᠠᠨᠢ ᠢᠵᠢᠯ᠂ ᠡᠴᠢᠭᠡ ᠡᠬᠡ᠂ ᠦᠷ᠎ᠡ ᠬᠡᠤᠬᠡᠳ ᠨᠢ ᠰᠠᠭᠤᠭᠠᠯᠢ ᠠᠷᠠᠳ ᠤᠨ  ᠡᠮᠴᠢᠯᠡᠭᠡᠨ ᠤ ᠳᠠᠭᠠᠳᠬᠠᠯ᠂ ᠠᠵᠢᠯᠲᠠᠨ ᠠᠵᠢᠯᠴᠢᠨ ᠤ ᠶᠡᠭᠡ ᠲᠣᠭᠠᠨ ᠤ  ᠡᠮᠴᠢᠯᠡᠭᠡᠨ ᠤ ᠵᠠᠷᠤᠳᠠᠯ ᠤᠨ ᠨᠥᠬᠦᠪᠥᠷᠢ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠳᠤ ᠣᠷᠣᠯᠴᠠᠭᠰᠠᠨ ᠬᠤᠪᠢ ᠬᠥᠮᠦᠨ ᠤ  ᠲᠤᠰᠢᠶᠠᠭᠰᠠᠨ ᠰᠦᠢᠳᠭᠡᠯ  ᠃ 03    ᠬᠤᠪᠢ ᠬᠥᠮᠦᠨ ᠤ ᠳᠠᠩᠰᠠᠨ ᠡᠷᠦᠬᠡ ᠶᠢ ᠬᠡᠷᠡᠭᠯᠡᠬᠦ ᠬᠠᠮᠢᠶᠠᠷᠤᠯᠲᠠ ᠶᠢᠨ  ᠠᠷᠭ᠎ᠠ   ᠶᠢ ᠪᠦᠷᠢᠨᠰᠢᠭᠦᠯᠦᠨ᠎ᠡ    ᠬᠤᠪᠢ ᠬᠥᠮᠦᠨ ᠤ ᠳᠠᠩᠰᠠᠨ ᠡᠷᠦᠬᠡ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠪᠤᠶᠤ ᠪᠡᠶ᠎ᠡ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ ᠵᠡᠷᠭᠡ ᠦᠨᠳᠦᠰᠦᠨ  ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠪᠠᠭᠲᠠᠬᠤ ᠦᠭᠡᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃    — — ᠠᠵᠢᠯᠲᠠᠨ ᠠᠵᠢᠯᠴᠢᠨ ᠤ ᠡᠩ ᠤᠨ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ — — 01    ᠪᠦᠷᠬᠦᠯᠲᠡ ᠶᠢᠨ  ᠬᠦᠷᠢᠶ᠎ᠡ ᠬᠡᠪᠴᠢᠶ᠎ᠡ    ᠪᠥᠬᠦ ᠠᠶᠢᠮᠠᠭ ᠤᠨ ᠠᠵᠢᠯᠲᠠᠨ ᠠᠵᠢᠯᠴᠢᠨ ᠤ ᠦᠨᠳᠦᠰᠦᠨ  ᠡᠮᠴᠢᠯᠡᠭᠡᠨ‌‍ᠶᠢᠨ ᠳᠠᠭᠠᠳᠬᠠᠯ ᠳᠤ ᠣᠷᠣᠯᠴᠠᠭᠰᠠᠨ ᠬᠥᠮᠦᠰ᠃ 02    ᠥᠭᠭᠦᠯᠲᠡ ᠶᠢᠨ ᠬᠦᠷᠢᠶ᠎ᠡ ᠬᠡᠪᠴᠢᠶ᠎ᠡ    ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ  ᠦᠢᠯᠡᠴᠢᠯᠡᠭᠡᠨ ᠤ ᠲᠥᠷᠥᠯ  ᠵᠦᠢᠯ᠃ 03    ᠥᠭᠬᠦ ᠪᠠᠷᠢᠮᠵᠢᠶ᠎ᠠ    ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠴᠢᠯᠡᠭᠡᠨ ᠤ ᠵᠠᠷᠤᠳᠠᠯ ᠤᠨ ᠵᠢᠯ ᠤᠨ ᠨᠡᠶᠢᠲᠡ ᠡᠬᠢᠯᠡᠵᠦ ᠳᠥᠯᠥᠬᠦ ᠬᠢᠵᠠᠭᠠᠷ ᠨᠢ 1000 ᠲᠥᠭᠦᠷᠢᠭ᠂ ᠵᠢᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠨᠢ ᠠᠵᠢᠯ ᠳᠤ ᠪᠠᠶᠢᠭ᠎ᠠ ᠠᠵᠢᠯᠲᠠᠨ ᠠᠵᠢᠯᠴᠢᠨ 4000 ᠲᠥᠭᠦᠷᠢᠭ᠂ ᠠᠵᠢᠯ ᠠᠴᠠ ᠪᠠᠨ ᠪᠠᠭᠤᠵᠤ ᠠᠮᠠᠷᠠᠭᠰᠠᠳ 5000 ᠲᠥᠭᠦᠷᠢᠭ ᠪᠣᠯᠤᠨ᠎ᠠ᠃ ᠡᠬᠢᠯᠡᠵᠦ ᠳᠥᠯᠥᠬᠦ ᠱᠤᠭᠤᠮ ᠤᠨ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠤᠨ ᠳᠥᠯᠥᠬᠦ ᠬᠠᠷᠢᠴᠠᠯ ᠨᠢ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ 55%᠂ ᠠᠵᠢᠯ ᠠᠴᠠ ᠪᠠᠨ ᠪᠠᠭᠤᠵᠤ ᠠᠮᠠᠷᠠᠭᠰᠠᠳ 60% ᠪᠣᠯᠤᠨ᠎ᠠ︔ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠳᠤ ᠪᠠᠶᠢᠭ᠎ᠠ ᠠᠵᠢᠯᠲᠠᠨ 65%᠂ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ 70%᠃ 04    ᠲᠦᠷᠦ ᠶᠢᠨ ᠪᠤᠳᠤᠯᠭ᠎ᠠ ᠶᠢ ᠵᠣᠯᠭᠠᠭᠤᠯᠬᠤ    ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠣᠨ ᠤ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠶᠢ ᠦᠨᠳᠦᠰᠦᠨ ᠡᠮᠴᠢᠯᠡᠭᠡᠨ ᠤ ᠳᠠᠭᠠᠳᠬᠠᠯ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠨ ᠤ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠳᠤ  ᠤᠷᠤᠭᠤᠯᠤᠨ᠎ᠠ᠃      — ᠬᠠᠮᠢᠶᠠᠷᠤᠯᠲᠠ ᠬᠢᠭᠡᠳ ᠬᠢᠨᠠᠯᠲᠠ— 01    ᠡᠮᠨᠡᠯᠭᠡ ᠶᠢᠨ ᠳᠠᠭᠠᠳᠬᠠᠯ ᠤᠨ ᠲᠥᠯᠥᠪᠦᠷᠢ ᠶᠢᠨ ᠬᠠᠮᠢᠶᠠᠷᠤᠯᠳᠠ    ᠨᠥᠬᠦᠴᠡᠯ ᠳᠤ ᠨᠡᠶᠢᠴᠡᠬᠦ ︽ᠢᠨᠲ᠋ᠧᠷ ᠰᠦᠯᠵᠢᠶ᠎ᠡ +︾ ᠡᠮᠴᠢᠯᠡᠭᠡᠨ ᠤ  ᠦᠢᠯᠡᠴᠢᠯᠡᠭᠡ  ᠶᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ 02    ᠨᠠᠰᠤ ᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ    ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠳ᠂ ᠡᠮᠴᠢᠯᠡᠭᠡᠨ ᠤ ᠳᠠᠭᠠᠳᠬᠠᠯ ᠤᠨ ᠭᠠᠷᠲᠠᠨ  ᠭᠦᠢᠴᠡᠳᠭᠡᠬᠦ ᠪᠠᠶᠢᠭᠤᠯᠤᠮᠵᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠠᠭᠤᠷᠢ ᠮᠥᠩᠭᠦ ᠶᠢᠨ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠨ᠎ᠠ᠃ 03    ᠨᠠᠰᠤ ᠵᠢᠯ ᠤᠨ ᠳᠠᠭᠠᠳᠬᠠᠯ ᠤᠨ ᠡᠷᠭᠢᠯᠡᠨ  ᠭᠦᠢᠴᠡᠳᠭᠡᠬᠦ  ᠦᠢᠯᠡᠴᠢᠯᠡᠭᠡᠨ ᠤ ᠬᠠᠮᠢᠶᠠᠷᠤᠯᠲᠠ    ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠪᠡᠳᠴᠢᠨ ᠦᠵᠡᠭᠦᠯᠬᠦ ᠳᠤ ᠳᠠᠩᠰᠠᠯᠠᠯ ᠲᠠᠢ᠂ ᠡᠮ ᠬᠡᠷᠡᠭᠯᠡᠬᠦ ᠳᠤ ᠵᠣᠷ ᠲᠠᠢ᠂  ᠰᠦᠢᠳᠭᠡᠯ ᠬᠤᠷᠢᠶᠠᠬᠤ ᠳᠤ ᠪᠠᠷᠢᠮᠲᠠ ᠲᠠᠢ ᠪᠠᠶᠢᠬᠤ ᠬᠡᠷᠡᠭᠲᠡᠶ᠃    ᠲᠣᠰ ᠨᠠᠷᠢᠨ ᠲᠦᠷᠢᠮ ᠢ 2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号