ᠳᠤᠮᠳᠠᠳᠤ ᠤᠯᠤᠰ · ᠥᠪᠥᠷ ᠮᠣᠩᠭᠤᠯ ᠤᠨ ᠳᠥᠷᠪᠡᠳᠦᠭᠡᠷ ᠬᠤᠭᠤᠴᠠᠭᠠᠨ ᠤ ᠡᠪᠡᠰᠦ ᠪᠡᠯᠴᠢᠭᠡᠷ ᠤᠨ ᠠᠵᠤ ᠦᠢᠯᠡᠰ ᠤᠨ ᠶᠡᠭᠡ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/8/31
    8 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠡᠪᠡᠰᠦ ᠪᠡᠯᠴᠢᠭᠡᠷ ᠤᠨ ᠠᠵᠤ ᠦᠢᠯᠡᠰ ᠤᠨ  ᠬᠥᠭᠵᠢᠯᠲᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ ᠳᠤᠮᠳᠠᠳᠤ ᠤᠯᠤᠰ · ᠥᠪᠥᠷ ᠮᠣᠩᠭᠤᠯ ᠤᠨ  ᠳᠥᠷᠪᠡᠳᠦᠭᠡᠷ ᠬᠤᠭᠤᠴᠠᠭᠠᠨ ᠤ ᠡᠪᠡᠰᠦ ᠪᠡᠯᠴᠢᠭᠡᠷ ᠤᠨ ᠠᠵᠤ ᠦᠢᠯᠡᠰ ᠤᠨ ᠶᠡᠭᠡ ᠬᠤᠷᠠᠯ ᠬᠢᠩᠭᠠᠨ ᠠᠶᠢᠮᠠᠭ ᠤᠨ  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠪᠡ᠃        ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠷᠠᠳᠴᠢᠯᠠᠭᠰᠠᠨ  ᠬᠤᠯᠪᠣᠭ᠎ᠠ ᠶᠢᠨ ᠲᠥᠪ ᠬᠤᠷᠢᠶᠠᠨ ᠤ ᠪᠠᠶᠢᠩᠭᠤ ᠶᠢᠨ ᠭᠡᠰᠢᠭᠦᠨ ᠳ᠋ᠦᠩ ᠾᠧᠩ ᠠᠶᠢᠮᠠᠭ ᠤᠨ ᠨᠠᠮ ᠤᠨ ᠬᠤᠷᠢᠶᠠᠨ ᠤ  ᠱᠦᠵᠢ ᠵᠠᠩ ᠰᠢᠶᠣᠣ ᠪᠢᠩ᠂ ᠳᠤᠮᠳᠠᠳᠤ ᠤᠯᠤᠰ ᠤᠨ ᠮᠠᠯ ᠠᠵᠤ ᠠᠬᠤᠢ ᠶᠢᠨ ᠨᠡᠶᠢᠭᠡᠮᠯᠢᠭ ᠤᠨ ᠡᠪᠡᠰᠦᠨ ᠤ  ᠦᠢᠯᠡᠰ ᠤᠨ ᠬᠤᠪᠢᠶᠠᠷᠢ ᠨᠡᠶᠢᠭᠡᠮᠯᠢᠭ ᠤᠨ ᠳᠠᠷᠤᠭ᠎ᠠ ᠯᠦ ᠰᠢᠨ ᠱᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ  ᠬᠦᠷᠢᠶᠡᠯᠡᠩ ᠤᠨ ᠤᠷᠭᠤᠮᠠᠯ ᠤᠨ ᠰᠤᠳᠤᠯᠭᠠᠨ ᠤ ᠭᠠᠵᠠᠷ ᠤᠨ ᠰᠤᠳᠤᠯᠤᠭᠴᠢ᠂ ᠬᠤᠨᠢ ᠡᠪᠡᠰᠦᠨ ᠤ ᠲᠤᠰᠬᠠᠢ  ᠮᠡᠷᠭᠡᠵᠢᠯᠲᠡᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠨᠢ ᠡᠪᠡᠰᠦᠨ ᠤ ᠲᠤᠰᠬᠠᠢ  ᠮᠡᠷᠭᠡᠵᠢᠯᠲᠡᠨ ᠯᠢᠦ ᠭᠥᠩ ᠱᠧ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠳᠤᠮᠳᠠᠳᠤ  ᠤᠯᠤᠰ ᠤᠨ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ ᠤᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ  ᠳᠠᠷᠤᠭ᠎ᠠ ᠯᠢᠦ ᠢᠦᠢ ᠯᠠᠨ᠂ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠠᠩ ᠫᠧᠢ ᠵᠥᠩ ᠡᠬᠢᠯᠡᠯᠲᠡ ᠶᠢᠨ  ᠶᠣᠰᠣᠯᠠᠯ ᠳᠤ ᠣᠷᠣᠯᠴᠠᠪᠠ᠃       ᠶᠡᠭᠡ ᠬᠤᠷᠠᠯ ᠨᠢ ︽ᠡᠪᠡᠰᠦ ᠪᠡᠯᠴᠢᠭᠡᠷ ᠢᠶᠠᠷ ᠦᠢᠯᠡᠰ ᠢᠶᠠᠨ ᠪᠣᠯᠭᠠᠬᠤ ·ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ︾ ᠪᠠᠷ ᠭᠤᠣᠯ ᠰᠡᠳᠦᠪ ᠪᠣᠯᠭᠠᠵᠤ᠂ ᠤᠳᠤ ᠦᠶ᠎ᠡ ᠶᠢᠨ ᠡᠪᠡᠰᠦ ᠪᠣᠷᠳᠤᠭ᠎ᠠ ᠶᠢᠨ ᠠᠵᠤ ᠦᠢᠯᠡᠰ ᠤᠨ  ᠰᠢᠰᠲ᠋ᠧᠮ᠂ ᠲᠠᠯ᠎ᠠ ᠨᠤᠲᠤᠭ ᠤᠨ ᠮᠠᠯ ᠠᠵᠤ ᠠᠬᠤᠢ ᠪᠣᠯᠣᠨ ᠲᠠᠯ᠎ᠠ ᠨᠤᠲᠤᠭ ᠤᠨ ᠠᠮᠢ ᠠᠬᠤᠢ ᠶᠢ ᠵᠣᠬᠢᠴᠠᠩᠭᠤᠢ ᠪᠠᠷ  ᠬᠥᠭᠵᠢᠭᠦᠯᠬᠦ᠂ ᠡᠪᠡᠰᠦ ᠪᠡᠯᠴᠢᠭᠡᠷ ᠤᠨ ᠰᠢᠨ᠎ᠡ ᠮᠡᠷᠭᠡᠵᠢᠯ ᠢ ᠬᠤᠪᠢᠷᠠᠭᠤᠯᠬᠤ ᠲᠣᠭᠲᠠᠴᠠ ᠶᠢᠨ ᠪᠠᠶᠢᠭᠤᠯᠤᠮᠵᠢ ᠵᠡᠷᠭᠡ  ᠴᠢᠬᠤᠯᠠ ᠶᠡᠭᠡ ᠰᠡᠳᠦᠪ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠡᠢ᠃ ᠶᠡᠭᠡ ᠬᠤᠷᠠᠯ ᠨᠢ ᠲᠠᠷᠢᠶᠠᠴᠢᠨ ᠲᠠᠢ  ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠵᠠᠷᠴᠢᠮ ᠢᠶᠠᠷ᠂ ᠲᠤᠰᠬᠠᠢ ᠠᠵᠢᠯ ᠤᠨ ᠬᠤᠷᠰᠢᠶ᠎ᠠ᠂ ᠮᠠᠯᠴᠢᠨ  ᠲᠠᠷᠢᠶᠠᠴᠢᠨ ᠢ ᠤᠷᠢᠵᠤ᠂ ᠦᠵᠡᠰᠬᠦᠯᠡᠩ ᠢ ᠲᠣᠭᠤᠷᠢᠨ ᠦᠵᠡᠭᠦᠯᠵᠦ᠂ ᠰᠠᠨᠠᠯ ᠢᠶᠠᠨ ᠰᠣᠯᠢᠯᠴᠠᠬᠤ ᠶᠢᠨ ᠬᠠᠮᠲᠤ  ᠲᠠᠶᠢᠰᠠᠨ ᠳᠤ ᠭᠠᠷᠴᠤ ᠶᠠᠷᠢᠶᠠᠨ ᠤ ᠲᠠᠪᠴᠠᠩ ᠳᠤ ᠣᠷᠣᠯᠴᠠᠵᠤ᠂ ᠡᠯ᠎ᠡ ᠡᠲᠡᠭᠡᠳ ᠤᠨ ᠬᠢᠨ ᠲᠠᠢ ᠡᠪᠡᠰᠦ  ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠯᠡᠭᠡ ᠶᠢ ᠶᠠᠷᠢᠯᠴᠠᠪᠠ᠃          ᠶᠡᠭᠡ ᠬᠤᠷᠠᠯ ᠤᠨ ᠬᠤᠭᠤᠴᠠᠭᠠᠨ ᠳᠤ᠂ ︽ᠬᠤᠨᠢ ᠡᠪᠡᠰᠦᠨ ᠤ ᠠᠵᠤ ᠦᠢᠯᠡᠰ ᠤᠨ ᠮᠡᠷᠭᠡᠵᠢᠯ ᠤᠨ  ᠦᠢᠯᠡᠴᠢᠯᠡᠭᠡᠨ ᠤ ᠬᠤᠷᠠᠯ︾ ᠢ ᠡᠷᠭᠢᠯᠡᠵᠦ᠂ ︽ᠵᠠᠭᠤᠨ ᠲᠦᠮᠡᠨ ᠮᠦ︾ ᠶᠢᠨ ᠬᠤᠨᠢ ᠡᠪᠡᠰᠦᠨ ᠤ ᠰᠠᠭᠤᠷᠢᠨ  ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠪᠡ᠃ ᠡᠪᠡᠰᠦ ᠪᠡᠯᠴᠢᠭᠡᠷ ᠤᠨ  ᠠᠵᠤ ᠦᠢᠯᠡᠰ ᠢ ᠡᠷᠬᠢᠯᠡᠵᠦ ᠪᠠᠶᠢᠭ᠎ᠠ 12 ᠠᠵᠤ ᠠᠬᠤᠶᠢᠯᠠᠯ ᠤᠨ ᠲᠥᠯᠥᠭᠡᠯᠡᠭᠴᠢ ᠶᠡᠭᠡ ᠬᠤᠷᠠᠯ ᠳᠡᠭᠡᠷ᠎ᠡ ᠡᠪᠡᠰᠦ  ᠪᠡᠯᠴᠢᠭᠡᠷ ᠤᠨ ᠠᠵᠤ ᠦᠢᠯᠡᠰ ᠤᠨ ᠬᠤᠯᠪᠣᠭᠠᠲᠤ ᠴᠣᠭᠴᠠ ᠶᠢᠨ ᠲᠤᠩᠬᠠᠭ ᠢ ᠨᠡᠶᠢᠲᠡᠯᠡᠵᠡᠢ᠃       ᠣᠶ ᠰᠢᠭᠤᠢ ᠡᠪᠡᠰᠦ ᠪᠡᠯᠴᠢᠭᠡᠷ ᠵᠢᠴᠢ ᠲᠠᠷᠢᠶᠠᠯᠠᠩ ᠮᠠᠯ ᠠᠵᠤ ᠠᠬᠤᠢ ᠵᠡᠷᠭᠡ ᠬᠠᠮᠢᠶ᠎ᠠ ᠪᠦᠬᠦᠢ ᠰᠠᠯᠠᠭ᠎ᠠ  ᠮᠥᠴᠢᠷ ᠵᠢᠴᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ  ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ  ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠤᠯᠤᠰ ᠤᠨ ᠳᠣᠲᠣᠭᠠᠳᠤ ᠶᠢᠨ ᠨᠠᠷᠠᠲᠠᠢ ᠡᠪᠡᠰᠦᠨ ᠤ  ᠦᠢᠯᠡᠰ ᠤᠨ ᠠᠵᠤ ᠠᠬᠤᠶᠢᠯᠠᠯ᠂ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠲᠥᠯᠥᠭᠡᠯᠡᠭᠴᠢ 200 ᠭᠠᠷᠤᠢ  ᠬᠥᠮᠥᠨ ᠬᠤᠷᠠᠯ ᠳᠤ ᠣᠷᠣᠯᠴᠠᠵᠠᠢ᠃       ᠬᠤᠷᠠᠯ ᠳᠤ ᠣᠷᠣᠯᠴᠠᠭᠰᠠᠳ ᠪᠠᠰᠠ ᠡᠷᠬᠢᠲᠦ ᠤᠢ ᠰᠢᠭᠤᠢ ᠶᠢᠨ ᠲᠠᠯᠠᠪᠠᠢ ᠶᠢᠨ ᠳᠤᠮᠳᠠᠳᠤ ᠤᠯᠤᠰ ᠤᠨ  ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠨᠢ ᠡᠪᠡᠰᠦᠨ ᠤ ᠰᠠᠭᠤᠷᠢᠨ ᠭᠠᠵᠠᠷ᠂ ᠵᠦᠩ ᠯᠢ ᠶᠢᠨ ᠦᠬᠡᠷ ᠤᠨ  ᠲᠠᠯᠠᠪᠠᠢ᠂ ᠠᠯᠳᠠᠷ ᠤᠨ ᠡᠪᠡᠰᠦ ᠪᠣᠷᠳᠣᠭᠠᠨ ᠤ ᠠᠵᠤ ᠦᠢᠯᠡᠰ ᠤᠨ ᠬᠦᠷᠢᠶᠡᠯᠡᠩ᠂ ᠨᠣᠭᠤᠭᠠᠨ ᠤᠰᠤᠨ ᠤ  ᠡᠭᠦᠯᠳᠡᠷ ᠤᠨ ᠮᠠᠯ ᠤᠨ ᠲᠠᠯᠠᠪᠠᠢ ᠶᠢᠨ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠡᠪᠡᠰᠦᠨ ᠤ  ᠦᠢᠯᠡᠰ ᠤᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠦᠷᠲᠡᠭᠡ ᠵᠡᠷᠭᠡ ᠭᠠᠵᠠᠷ ᠢᠶᠠᠷ ᠭᠦᠨᠵᠡᠭᠡᠶᠢᠷᠡᠨ ᠲᠣᠭᠤᠷᠢᠨ  ᠦᠵᠡᠪᠡ᠃      ᠬᠢᠩᠭᠠᠨ ᠳᠠᠪᠠᠭ᠎ᠠ ᠶᠢᠨ ᠳᠡᠭᠡᠷᠡᠬᠢ ᠬᠢᠩᠭᠠᠨ ᠠᠶᠢᠮᠠᠭ᠃ ᠥᠪᠡᠷᠮᠢᠴᠡ ᠭᠠᠵᠠᠷ ᠵᠦᠢ ᠶᠢᠨ ᠪᠠᠶᠢᠷᠢᠯᠠᠯ ᠨᠢ ᠬᠢᠩᠭᠠᠨ  ᠠᠶᠢᠮᠠᠭ ᠲᠤ ᠨᠤᠲᠤᠭ ᠪᠡᠯᠴᠢᠭᠡᠷ ᠤᠨ ᠲᠥᠷᠥᠯ ᠵᠦᠢᠯ ᠪᠦᠷᠢᠨ᠂ ᠭᠠᠷᠤᠯᠲᠠ ᠥᠨᠳᠥᠷ᠂ ᠪᠣᠳᠠᠰ ᠤᠨ ᠲᠥᠷᠥᠯ ᠵᠦᠢᠯ  ᠡᠯᠪᠡᠭ ᠪᠠᠶᠠᠯᠢᠭ ᠣᠨᠴᠠᠯᠢᠭ ᠢ ᠣᠯᠭᠤᠵᠤ᠂ ᠶᠡᠷᠦᠩᠬᠡᠢ ᠲᠠᠯᠠᠪᠠᠶ ᠨᠢ 3402 ᠲᠦᠮᠡᠨ ᠮᠦ ᠨᠤᠲᠤᠭ ᠪᠡᠯᠴᠢᠭᠡᠷ ᠲᠤ  5 ᠶᠡᠭᠡ ᠲᠥᠷᠥᠯ᠂ 10 ᠳᠡᠳ᠋ ᠲᠥᠷᠥᠯ ᠪᠠ 79 ᠬᠡᠯᠪᠡᠷᠢ ᠶᠢᠨ ᠨᠤᠲᠤᠭ ᠪᠡᠯᠴᠢᠭᠡᠷ ᠪᠠᠭᠲᠠᠨ᠎ᠠ᠃ ᠢᠯᠠᠩᠭᠤᠶ᠎ᠠ  ᠳᠤᠯᠠᠭᠠᠨ ᠴᠢᠨᠠᠷᠲᠠᠢ ᠨᠤᠭᠤ ᠶᠢᠨ ᠨᠤᠲᠤᠭ ᠪᠡᠯᠴᠢᠭᠡᠷ ᠨᠢ ᠬᠢᠩᠭᠠᠨ ᠠᠶᠢᠮᠠᠭ ᠤᠨ ᠨᠤᠲᠤᠭ ᠪᠡᠯᠴᠢᠭᠡᠷ ᠢ  ᠪᠦᠷᠢᠯᠳᠦᠭᠦᠯᠬᠦ ᠨᠢᠭᠡᠨ ᠭᠤᠣᠯ ᠲᠥᠷᠥᠯ ᠬᠡᠯᠪᠡᠷᠢ ᠪᠣᠯᠤᠭᠰᠠᠨ ᠤ ᠬᠤᠪᠢ ᠳᠤ᠂ ᠶᠡᠷᠦᠩᠬᠡᠢ ᠲᠠᠯᠠᠪᠠᠶ ᠨᠢ 2338  ᠲᠦᠮᠡᠨ ᠮᠦ ᠪᠠᠶᠢᠵᠤ᠂ ᠪᠥᠬᠦ ᠠᠶᠢᠮᠠᠭ ᠤᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ ᠶᠢᠨ 68.7% ᠶᠢ  ᠡᠵᠡᠯᠡᠵᠦ᠂ ᠠᠰᠢᠭᠯᠠᠵᠤ ᠪᠣᠯᠬᠤ ᠲᠠᠯᠠᠪᠠᠶ ᠨᠢ 2203 ᠲᠦᠮᠡᠨ ᠮᠦ ᠪᠠᠶᠢᠵᠤ᠂ ᠪᠥᠬᠦ ᠠᠶᠢᠮᠠᠭ ᠤᠨ ᠠᠰᠢᠭᠯᠠᠵᠤ  ᠪᠣᠯᠬᠤ ᠨᠤᠲᠤᠭ ᠪᠡᠯᠴᠢᠭᠡᠷ ᠤᠨ ᠲᠠᠯᠠᠪᠠᠶ ᠶᠢᠨ 69.2% ᠢ ᠡᠵᠡᠯᠡᠵᠦ᠂ ᠬᠤᠨᠢ ᠡᠪᠡᠰᠦ ᠨᠢ ᠭᠤᠣᠯ ᠳᠠᠪᠠᠭᠤᠯᠢᠭ  ᠡᠭᠦᠯᠳᠡᠷ ᠤᠨ ᠤᠷᠭᠤᠮᠠᠯ ᠪᠣᠯᠤᠭᠰᠠᠨ ᠤ ᠬᠤᠪᠢ ᠳᠤ᠂ ᠡᠪᠡᠰᠦᠨ ᠤ ᠴᠢᠨᠠᠷ ᠨᠢ ᠵᠥᠭᠡᠯᠡᠨ᠂ ᠰᠢᠯᠢᠳᠡᠭ ᠰᠠᠶᠢᠨ  ᠪᠠᠶᠢᠵᠤ᠂ ᠬᠢᠩᠭᠠᠨ ᠠᠶᠢᠮᠠᠭ ᠨᠢ ᠬᠤᠨᠢ ᠡᠪᠡᠰᠦᠨ ᠤ ᠠᠵᠤ ᠦᠢᠯᠡᠰ ᠢ ᠬᠥᠭᠵᠢᠭᠦᠯᠬᠦ ᠪᠠᠶᠢᠭᠠᠯᠢ ᠶᠢᠨ  ᠳᠠᠪᠠᠭᠤᠯᠢᠭ ᠲᠠᠢ ᠶᠤᠮ᠃ ᠣᠳᠣᠬᠠᠨ ᠳᠤ᠂ ᠬᠢᠩᠭᠠᠨ ᠠᠶᠢᠮᠠᠭ ᠤᠨ ᠬᠢᠨ ᠤᠳᠤ ᠦᠶ᠎ᠡ ᠶᠢᠨ ᠮᠠᠯ ᠠᠵᠤ ᠠᠬᠤᠢ  ᠲᠠᠷᠢᠶᠠᠯᠠᠩ ᠲᠠᠢ ᠵᠣᠬᠢᠴᠠᠭᠰᠠᠨ ᠲᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ ᠴᠢᠷᠮᠠᠶᠢᠨ  ᠪᠠᠶᠢᠭᠤᠯᠵᠤ᠂ ᠲᠡᠵᠢᠭᠡᠯ ᠡᠪᠡᠰᠦᠨ ᠤ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ︽ᠳᠤᠮᠳᠠᠳᠤ  ᠤᠯᠤᠰ ᠤᠨ ᠬᠤᠨᠢᠨ ᠡᠪᠡᠰᠦᠨ ᠤ ᠨᠤᠲᠤᠭ︾ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠃      
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号