ᠬᠢᠩᠭᠠᠨ ᠠᠶᠢᠮᠠᠭ ᠤᠨ ᠲᠠᠷᠢᠶᠠᠯᠠᠩ ᠤᠨ ᠣᠨᠴᠠ ᠭᠠᠷᠤᠯᠲᠠ ᠱᠠᠩᠬᠠᠶ ᠳᠤ  ᠲᠡᠯᠭᠡᠭᠳᠡᠪᠡ
ᠨᠡᠶᠢᠲᠡᠯᠡᠭᠰᠡᠨ ᠴᠠᠭ᠄
2022/8/31
   8 ᠰᠠᠷ᠎ᠠ ᠶᠢᠨ 30 ᠤ ᠡᠳᠦᠷ᠂ ︽ ᠠᠮᠳᠠ ᠶᠢᠨ ᠳᠡᠭᠡᠵᠢ ᠲᠤᠳᠤᠷᠭ᠎ᠠ᠂ ᠲᠤᠳᠤᠷᠭ᠎ᠠ ᠶᠢᠨ ᠡᠬᠢ ᠰᠤᠷᠪᠤᠯᠵᠢ ᠬᠢᠩᠭᠠᠨ — 2022 ᠳᠤᠮᠳᠠᠳᠤ ᠤᠯᠤᠰ · ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ ᠦᠶ᠋ᠯᠡᠰ ᠤᠨ ᠬᠥᠭᠵᠢᠯᠲᠡ ᠶᠢᠨ ᠲᠦᠷᠦᠭᠦᠴᠦᠳ ᠤᠨ ᠬᠤᠷᠠᠯ ᠵᠢᠴᠢ ᠲᠠᠷᠢᠶᠠᠯᠠᠩ ᠤᠨ ᠣᠨᠴᠠ ᠰᠢᠯᠢᠳᠡᠭ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠠᠬᠢᠶᠠᠯᠭ᠎ᠠ ᠶᠢᠨ ᠬᠤᠷᠠᠯ︾ ᠱᠠᠩᠬᠠᠶ ᠳᠤ ᠶᠠᠪᠤᠭᠳᠠᠪᠠ᠃ ᠬᠢᠩᠭᠠᠨ ᠠᠶᠢᠮᠠᠭ ᠤᠨ  ᠤᠷᠤᠨ ᠨᠤᠳᠤᠭ ᠤᠨ ᠨᠡᠷᠡᠳᠦ ᠲᠡᠮᠳᠡᠭ ᠤᠨ ᠳᠦᠷᠢ ᠲᠥᠷᠬᠦ ᠶᠢ ᠨᠡᠶᠢᠲᠡᠯᠡᠬᠦ ᠬᠠᠯᠠᠮᠰᠢᠯ ᠵᠢᠴᠢ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠬᠦᠴᠦᠨ ᠢ ᠠᠰᠢᠭᠯᠠᠨ᠂ ᠬᠢᠩᠭᠠᠨ ᠠᠶᠢᠮᠠᠭ ᠤᠨ ᠲᠤᠲᠤᠷᠭ᠎ᠠ ᠵᠡᠷᠭᠡ ᠴᠢᠨᠠᠷ ᠰᠠᠶᠢᠲᠠᠶ ᠤᠨᠴᠠᠯᠢᠬᠳᠤ ᠲᠠᠷᠢᠶᠠᠯᠠᠩ   ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠥᠪᠥᠷ ᠮᠣᠩᠭᠤᠯ ᠠᠴᠠ ᠭᠠᠷᠴᠤ᠂ ᠪᠥᠬᠦ ᠤᠯᠤᠰ ᠤᠨ ᠵᠠᠬ᠎ᠠ ᠳᠡᠯᠭᠡᠭᠦᠷ ᠲᠤ ᠣᠷᠣᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠢᠩᠭᠠᠨ ᠠᠶᠢᠮᠠᠭ ᠤᠨ 24 ᠠᠵᠤ ᠠᠬᠤᠶᠢᠯᠠᠯ ᠤᠨ 77 ᠵᠦᠢᠯ ᠤᠨ ᠦᠢᠯᠡᠳᠬᠦᠨ ᠢ ᠳᠡᠯᠭᠡᠨ ᠦᠵᠡᠭᠦᠯᠪᠡ᠃ ᠲᠤᠬᠠᠢ ᠶᠢᠨ ᠲᠠᠯᠠᠪᠠᠢ ᠶᠢ ᠰᠢᠯᠭᠠᠨ ᠦᠵᠡᠬᠦ ᠭᠤᠭᠴᠤᠭ᠎ᠠ ᠳᠤ᠂ ᠬᠢᠩᠭᠠᠨ ᠠᠶᠢᠮᠠᠭ ᠤᠨ ᠲᠤᠲᠤᠷᠭ᠎ᠠ᠂  ᠠᠭᠠᠯᠢᠭ ᠠᠯᠢᠮ᠎ᠠ᠂ ᠦᠬᠡᠷ ᠬᠤᠨᠢᠨ ᠮᠢᠬ᠎ᠠ ᠵᠡᠷᠭᠡ ᠠᠷᠪᠠᠨ ᠭᠠᠵᠠᠷ ᠤᠨ ᠠᠩᠬᠢᠯᠤᠮ᠎ᠠ ᠦᠨᠦᠷ ᠲᠠᠢ ︽ᠬᠢᠩᠭᠠᠨ ᠠᠶᠢᠮᠠᠭ ᠤᠨ ᠦᠨᠦᠷ ᠠᠮᠲᠠ︾ ᠨᠢ ᠪᠦᠬᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢᠳ ᠤᠨ ᠠᠩᠬᠠᠷᠤᠯ ᠢ ᠲᠠᠲᠠᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠤᠨᠴᠠᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠥᠷᠭᠡᠨ ᠳᠡᠯᠭᠡᠷ ᠢᠷᠠᠭᠤ ᠠᠯᠳᠠᠷ ᠢ ᠣᠯᠵᠠᠢ᠃    ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ — ᠪᠠᠶᠢᠭᠠᠯᠢᠯᠢᠭ ᠬᠢᠩᠭᠠᠨ ᠠᠶᠢᠮᠠᠭ ᠠᠴᠠ ᠲᠦᠮᠡᠨ ᠪᠣᠳᠠᠰ ᠠᠮᠢᠯᠠᠨ᠎ᠠ᠃ ᠬᠢᠩᠭᠠᠨ ᠠᠶᠢᠮᠠᠭ ᠪᠣᠯ ᠤᠯᠤᠰ ᠤᠨ ᠳᠣᠲᠣᠭᠠᠳᠤ ᠶᠢᠨ ᠬᠠᠮᠤᠭ ᠤᠨ ᠣᠨᠴᠠᠯᠢᠭ ᠲᠠᠢ᠂ ᠬᠠᠮᠤᠭ ᠤᠨ ᠨᠡᠶᠢᠲᠡᠯᠢᠭ ᠵᠢᠱᠢᠶ᠎ᠡ ᠪᠣᠯᠬᠤ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠣᠷᠣᠨ ᠮᠥᠨ᠂ ᠪᠠᠰᠠ ᠴᠤ ᠳᠡᠯᠡᠬᠡᠶ ᠨᠡᠶᠢᠲᠡ ᠪᠠᠷ ᠢᠶᠠᠨ ᠮᠡᠳᠡᠷᠡᠵᠦ ᠪᠠᠶᠢᠭ᠎ᠠ ︽ᠬᠠᠮᠤᠭ ᠤᠨ ᠰᠠᠶᠢᠨ ᠦᠬᠡᠷ ᠲᠡᠵᠢᠭᠡᠬᠦ ᠪᠦᠰᠡ︾ ︽ᠡᠷᠳᠡᠨᠢ ᠰᠢᠰᠢ ᠳᠠᠷᠢᠬᠤ ᠰᠢᠵᠢᠷ ᠠᠯᠲᠠᠨ  ᠪᠦᠰᠡ︾ ᠪᠠ ︽ ᠭᠦᠢᠳᠡᠨ ᠭᠠᠵᠠᠷ ᠤᠨ ᠤᠰᠤᠨ ᠲᠤᠲᠤᠷᠭ᠎ᠠ ᠳᠠᠷᠢᠬᠤ ᠰᠢᠵᠢᠷ ᠠᠯᠲᠠᠨ  ᠪᠦᠰᠡ︾ ᠮᠥᠨ᠃  ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠢᠨ ᠲᠤᠲᠤᠷᠭ᠎ᠠ ᠶᠢᠨ ᠲᠦᠷᠦᠯ ᠲᠡᠮᠳᠡᠭ ᠢᠶᠠᠷ ᠬᠦᠳᠦᠯᠦᠨ ᠳᠠᠭᠠᠭᠤᠯᠬᠤ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ᠂ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠢᠴᠢ ᠳᠡᠭᠡᠳᠦ ᠲᠡᠰ ᠤᠨ ᠰᠦ ᠶᠢᠨ ᠦᠢᠯᠡᠰ ᠤᠨ ᠦᠢᠯᠡᠳᠪᠦᠷᠢᠯᠡᠯ ᠤᠨ ᠰᠠᠭᠤᠷᠢᠨ ᠤ ᠪᠦᠳᠦᠬᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠤᠮᠤ ᠳᠦᠷᠦᠯ ᠵᠦᠢᠯ ᠢᠶᠠᠷ ᠠᠵᠤ ᠦᠢᠯᠡᠰ ᠤᠨ  ᠬᠡᠯᠬᠢᠶ᠎ᠡ ᠶᠢ ᠬᠥᠳᠡᠯᠭᠡᠬᠦ ᠪᠠ ᠤᠷᠲᠤᠳᠬᠠᠨ ᠨᠥᠬᠦᠪᠥᠷᠢᠯᠡᠬᠦ ᠪᠠᠷ ᠳᠠᠮᠵᠢᠭᠤᠯᠵᠤ᠂ ᠬᠢᠩᠭᠠᠨ ᠠᠶᠢᠮᠠᠭ ᠢ ᠴᠢᠨᠠᠷ ᠰᠠᠶᠢᠲᠠᠢ ᠪᠣᠬᠢᠷᠲᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠪᠣᠯᠭᠠᠨ ᠪᠦᠳᠦᠬᠡᠨ ᠪᠠᠶᠢᠭᠤᠯᠵᠤ ᠪᠤᠢ᠃    ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠲᠤᠰᠬᠠᠢ ᠮᠡᠷᠭᠡᠵᠢᠯᠲᠡᠳ ︽ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ ᠦᠢᠯᠡᠰ ᠤᠨ ᠳᠠᠪᠠᠭᠤᠯᠢᠭ ᠵᠢᠴᠢ ᠢᠷᠡᠭᠡᠳᠦᠢ ᠶᠢᠨ ᠬᠥᠭᠵᠢᠯᠲᠡ︾᠂ ︽ᠲᠤᠲᠤᠷᠭ᠎ᠠ ᠪᠣᠯᠪᠠᠰᠤᠷᠠᠭᠤᠯᠬᠤ ᠪᠠ ᠰᠢᠮ᠎ᠡ ᠲᠡᠵᠢᠭᠡᠯ ᠡᠷᠡᠭᠦᠯ ᠮᠡᠨᠳᠦ︾᠂ ︽ᠰᠠᠶᠢᠨ ᠲᠤᠲᠤᠷᠭ᠎ᠠ ᠪᠣᠯ ᠬᠤᠭᠤᠯᠠᠨ ᠲᠢᠩᠬᠢᠮ ᠤᠨ ᠬᠠᠮᠤᠭ ᠤᠨ ᠶᠡᠭᠡ ᠡᠭᠦᠷᠭᠡ ᠬᠠᠷᠢᠭᠤᠴᠠᠯᠭ᠎ᠠ ᠮᠥᠨ︾ ᠵᠡᠷᠭᠡ ᠠᠭᠤᠯᠭ᠎ᠠ ᠶᠢᠨ ᠲᠣᠭᠤᠷᠢᠨ ᠳᠤ ᠭᠤᠣᠯ ᠰᠡᠳᠦᠪᠲᠦ ᠶᠠᠷᠢᠶ᠎ᠠ ᠲᠠᠯᠪᠢᠵᠠᠢ᠃ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠠᠶᠢᠮᠠᠭ ᠤᠨ ᠵᠠᠬᠢᠷᠭ᠎ᠠ᠂ ᠵᠠᠯᠠᠶᠢᠳ ᠬᠤᠰᠢᠭᠤ᠂ ᠬᠢᠩᠭᠠᠨ ᠠᠶᠢᠮᠠᠭ ᠤᠨ ᠬᠡᠰᠡᠭ ᠲᠣᠯᠣᠭᠠᠶᠢᠯᠠᠭᠴᠢ ᠠᠵᠤ ᠠᠬᠤᠶᠢᠯᠠᠯ ᠨᠢ ᠢ ᠬᠠᠢ ᠶᠢᠨ ᠵᠢᠶᠠ ᠯᠢ ᠶᠢᠨ ᠯᠦᠩ ᠢᠦᠢ ᠠᠮᠤ ᠪᠤᠳᠠᠭ᠎ᠠ ᠲᠤᠰᠤ ᠢᠳᠡᠭᠡᠨ ᠤ ᠬᠢᠵᠠᠭᠠᠷᠲᠤ ᠺᠣᠮᠫᠠᠨᠢ᠂ ᠱᠠᠩᠬᠠᠢ ᠶᠢᠨ ᠰᠢᠶᠦ᠋ᠨ ᠽᠠᠨ ᠬᠠᠩᠭᠠᠯᠭ᠎ᠠ ᠶᠢᠨ  ᠬᠡᠯᠬᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠩᠬᠠᠢ ᠶᠢᠨ ᠰᠢᠨ ᠲᠢᠶᠠᠨ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ 9 ᠠᠵᠤ ᠠᠬᠤᠶᠢᠯᠠᠯ ᠲᠠᠢ ᠭᠡᠷ᠎ᠡ ᠲᠣᠭᠲᠠᠵᠠᠢ᠃ ᠱᠠᠩᠬᠠᠶ ᠶᠢᠨ ᠵᠠᠬ᠎ᠠ ᠳᠡᠯᠭᠡᠭᠦᠷ ᠤᠨ ᠲᠠᠪᠴᠠᠩ ᠢ ᠠᠰᠢᠭᠯᠠᠨ᠂  ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠶ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠶᠢᠯᠡᠰᠵᠢᠯᠲᠡ᠂ ᠬᠡᠪᠴᠢᠶᠡᠵᠢᠯᠲᠡ᠂  ᠬᠥᠭᠵᠢᠯᠲᠡ ᠶᠢ ᠠᠬᠢᠭᠤᠯᠤᠨ᠎ᠠ᠃    ᠬᠤᠷᠠᠯ ᠤᠨ ᠬᠤᠭᠤᠴᠠᠭᠠᠨ ᠳᠤ ᠪᠠᠰᠠ ︽ᠭᠤᠤᠯ ᠰᠡᠳᠦᠪᠲᠦ ᠶᠠᠷᠢᠯᠴᠠᠭ᠎ᠠ︾ ᠡᠷᠭᠢᠯᠡᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠪᠠᠶᠢᠭᠤᠯᠤᠮᠵᠢ ᠳᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ︽ᠬᠢᠩᠭᠠᠨ ᠠᠶᠢᠮᠠᠭ ᠤᠨ ᠲᠤᠲᠤᠷᠭ᠎ᠠ ᠶᠢ ᠬᠡᠷᠬᠢᠨ ᠲᠦᠭ ᠲᠦᠮᠡᠨ ᠠᠶᠢᠯ ᠡᠷᠦᠬᠡ ᠳᠤ ᠣᠷᠣᠭᠤᠯᠬᠤ︾ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ᠂ ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠪᠠ᠃    ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠦᠷᠦ ᠶᠢᠨ ᠪᠤᠳᠤᠯᠭ᠎ᠠ ᠶᠢᠨ ᠲᠤᠰᠬᠠᠢ ᠮᠡᠷᠭᠡᠵᠢᠯᠲᠡᠨ ᠤ ᠵᠥᠪᠯᠡᠯᠭᠡ ᠥᠭᠬᠦ ᠵᠥᠪᠯᠡᠯ ᠤᠨ ᠭᠡᠰᠢᠭᠦᠨ᠂ ᠳᠤᠮᠳᠠᠳᠤ ᠤᠯᠤᠰ ᠤᠨ ᠠᠮᠤ ᠳᠤᠰᠤᠨ ᠤ ᠰᠤᠳᠤᠯᠭᠠᠨ ᠤ ᠨᠡᠶᠢᠭᠡᠮᠯᠢᠭ ᠤᠨ ᠲᠦᠷᠦᠭᠦᠦ ᠲᠤᠰᠬᠠᠢ ᠮᠡᠷᠭᠡᠵᠢᠯᠲᠡᠨ᠂ ᠳᠤᠮᠳᠠᠳᠤ ᠤᠯᠤᠰ ᠤᠨ ᠠᠮᠤ ᠳᠤᠰᠤᠨ ᠤ ᠰᠤᠳᠤᠯᠭᠠᠨ ᠤ ᠨᠡᠶᠢᠭᠡᠮᠯᠢᠭ ᠤᠨ ᠢᠳᠡᠭᠡᠨ ᠤ ᠬᠤᠪᠢᠶᠠᠷᠢ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ᠂ ᠪᠦᠬᠦ ᠠᠮᠤ ᠪᠤᠳᠠᠭᠠᠨ ᠤ ᠢᠳᠡᠭᠡᠨ ᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠤᠯᠪᠣᠭᠠᠨ ᠤ ᠨᠡᠷ᠎ᠡ ᠬᠦᠨᠳᠦᠲᠦ ᠬᠡᠷᠡᠭ ᠡᠷᠬᠢᠯᠡᠭᠴᠢᠳ ᠤᠨ ᠳᠠᠷᠤᠭ᠎ᠠ᠂ ᠤᠯᠤᠰ ᠤᠨ ᠡᠯᠳᠡᠪ ᠠᠮᠤ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢᠨ ᠬᠤᠯᠪᠣᠭᠠᠨ ᠤ ᠨᠡᠷ᠎ᠡ ᠬᠦᠨᠳᠦᠲᠦ ᠬᠡᠷᠡᠭ ᠡᠷᠬᠢᠯᠡᠭᠴᠢᠳ ᠤᠨ ᠳᠠᠷᠤᠭ᠎ᠠ ᠶᠣᠣ ᠬᠤᠢ  ᠶᠤᠸᠠᠨ᠂ ᠳᠤᠮᠳᠠᠳᠤ ᠤᠯᠤᠰ ᠤᠨ ᠠᠮᠤ ᠪᠤᠳᠠᠭᠠᠨ ᠤ ᠰᠤᠳᠤᠯᠭᠠᠨ ᠤ ᠨᠡᠶᠢᠭᠡᠮᠯᠢᠭ ᠤᠨ ᠢᠳᠡᠭᠡᠨ ᠤ ᠬᠤᠪᠢᠶᠠᠷᠢ ᠨᠡᠶᠢᠭᠡᠮᠯᠢᠭ ᠤᠨ ᠪᠠᠶᠢᠩᠭᠤ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠰᠢ ᠶᠢᠨ ᠳᠤᠮᠳᠠᠳᠤ ᠤᠯᠤᠰ ᠤᠨ ᠠᠮᠤ ᠪᠤᠳᠠᠭᠠᠨ ᠤ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠢᠨᠵᠧᠨᠧᠷ ᠵᠦ ᠰᠢᠶᠤᠤ ᠪᠢᠩ᠂ ᠬᠢᠩᠭᠠᠨ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ ᠯᠢᠦ ᠮᠢᠨ ᠬᠤᠷᠠᠯ ᠳᠤ ᠣᠷᠣᠯᠴᠠᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号