8 ᠰᠠᠷ᠎ᠠ ᠶᠢᠨ 30 ᠤ ᠡᠳᠦᠷ᠂ ︽ ᠠᠮᠳᠠ ᠶᠢᠨ ᠳᠡᠭᠡᠵᠢ ᠲᠤᠳᠤᠷᠭ᠎ᠠ᠂ ᠲᠤᠳᠤᠷᠭ᠎ᠠ ᠶᠢᠨ ᠡᠬᠢ ᠰᠤᠷᠪᠤᠯᠵᠢ | ᠬᠢᠩᠭᠠᠨ — 2022 ᠳᠤᠮᠳᠠᠳᠤ ᠤᠯᠤᠰ · ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ ᠦᠶ᠋ᠯᠡᠰ ᠤᠨ | ᠬᠥᠭᠵᠢᠯᠲᠡ ᠶᠢᠨ ᠲᠦᠷᠦᠭᠦᠴᠦᠳ ᠤᠨ ᠬᠤᠷᠠᠯ ᠵᠢᠴᠢ ᠲᠠᠷᠢᠶᠠᠯᠠᠩ ᠤᠨ ᠣᠨᠴᠠ ᠰᠢᠯᠢᠳᠡᠭ ᠪᠦᠲᠦᠭᠡᠭᠳᠡᠬᠦᠨ ᠤ | ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠠᠬᠢᠶᠠᠯᠭ᠎ᠠ ᠶᠢᠨ ᠬᠤᠷᠠᠯ︾ ᠱᠠᠩᠬᠠᠶ ᠳᠤ ᠶᠠᠪᠤᠭᠳᠠᠪᠠ᠃ | ᠬᠢᠩᠭᠠᠨ ᠠᠶᠢᠮᠠᠭ ᠤᠨ ᠤᠷᠤᠨ ᠨᠤᠳᠤᠭ ᠤᠨ ᠨᠡᠷᠡᠳᠦ ᠲᠡᠮᠳᠡᠭ ᠤᠨ ᠳᠦᠷᠢ ᠲᠥᠷᠬᠦ ᠶᠢ ᠨᠡᠶᠢᠲᠡᠯᠡᠬᠦ ᠬᠠᠯᠠᠮᠰᠢᠯ ᠵᠢᠴᠢ | ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠬᠦᠴᠦᠨ ᠢ ᠠᠰᠢᠭᠯᠠᠨ᠂ ᠬᠢᠩᠭᠠᠨ ᠠᠶᠢᠮᠠᠭ ᠤᠨ ᠲᠤᠲᠤᠷᠭ᠎ᠠ ᠵᠡᠷᠭᠡ ᠴᠢᠨᠠᠷ ᠰᠠᠶᠢᠲᠠᠶ ᠤᠨᠴᠠᠯᠢᠬᠳᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠥᠪᠥᠷ ᠮᠣᠩᠭᠤᠯ ᠠᠴᠠ ᠭᠠᠷᠴᠤ᠂ ᠪᠥᠬᠦ ᠤᠯᠤᠰ ᠤᠨ | ᠵᠠᠬ᠎ᠠ ᠳᠡᠯᠭᠡᠭᠦᠷ ᠲᠤ ᠣᠷᠣᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠢᠩᠭᠠᠨ ᠠᠶᠢᠮᠠᠭ ᠤᠨ 24 ᠠᠵᠤ ᠠᠬᠤᠶᠢᠯᠠᠯ ᠤᠨ 77 | ᠵᠦᠢᠯ ᠤᠨ ᠦᠢᠯᠡᠳᠬᠦᠨ ᠢ ᠳᠡᠯᠭᠡᠨ ᠦᠵᠡᠭᠦᠯᠪᠡ᠃ ᠲᠤᠬᠠᠢ ᠶᠢᠨ ᠲᠠᠯᠠᠪᠠᠢ ᠶᠢ ᠰᠢᠯᠭᠠᠨ ᠦᠵᠡᠬᠦ ᠭᠤᠭᠴᠤᠭ᠎ᠠ ᠳᠤ᠂ | ᠬᠢᠩᠭᠠᠨ ᠠᠶᠢᠮᠠᠭ ᠤᠨ ᠲᠤᠲᠤᠷᠭ᠎ᠠ᠂ ᠠᠭᠠᠯᠢᠭ ᠠᠯᠢᠮ᠎ᠠ᠂ ᠦᠬᠡᠷ ᠬᠤᠨᠢᠨ ᠮᠢᠬ᠎ᠠ ᠵᠡᠷᠭᠡ ᠠᠷᠪᠠᠨ ᠭᠠᠵᠠᠷ ᠤᠨ | ᠠᠩᠬᠢᠯᠤᠮ᠎ᠠ ᠦᠨᠦᠷ ᠲᠠᠢ ︽ᠬᠢᠩᠭᠠᠨ ᠠᠶᠢᠮᠠᠭ ᠤᠨ ᠦᠨᠦᠷ ᠠᠮᠲᠠ︾ ᠨᠢ ᠪᠦᠬᠦ ᠤᠯᠤᠰ ᠤᠨ ᠡᠯ᠎ᠡ ᠭᠠᠵᠠᠷ ᠤᠨ | ᠬᠡᠷᠡᠭᠯᠡᠭᠴᠢᠳ ᠤᠨ ᠠᠩᠬᠠᠷᠤᠯ ᠢ ᠲᠠᠲᠠᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠤᠨᠴᠠᠯᠢᠭᠳᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠥᠷᠭᠡᠨ ᠳᠡᠯᠭᠡᠷ ᠢᠷᠠᠭᠤ ᠠᠯᠳᠠᠷ ᠢ ᠣᠯᠵᠠᠢ᠃ | ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ — ᠪᠠᠶᠢᠭᠠᠯᠢᠯᠢᠭ ᠬᠢᠩᠭᠠᠨ ᠠᠶᠢᠮᠠᠭ ᠠᠴᠠ ᠲᠦᠮᠡᠨ ᠪᠣᠳᠠᠰ | ᠠᠮᠢᠯᠠᠨ᠎ᠠ᠃ ᠬᠢᠩᠭᠠᠨ ᠠᠶᠢᠮᠠᠭ ᠪᠣᠯ ᠤᠯᠤᠰ ᠤᠨ ᠳᠣᠲᠣᠭᠠᠳᠤ ᠶᠢᠨ ᠬᠠᠮᠤᠭ ᠤᠨ ᠣᠨᠴᠠᠯᠢᠭ ᠲᠠᠢ᠂ ᠬᠠᠮᠤᠭ ᠤᠨ | ᠨᠡᠶᠢᠲᠡᠯᠢᠭ ᠵᠢᠱᠢᠶ᠎ᠡ ᠪᠣᠯᠬᠤ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠣᠷᠣᠨ | ᠮᠥᠨ᠂ ᠪᠠᠰᠠ ᠴᠤ ᠳᠡᠯᠡᠬᠡᠶ ᠨᠡᠶᠢᠲᠡ ᠪᠠᠷ ᠢᠶᠠᠨ ᠮᠡᠳᠡᠷᠡᠵᠦ ᠪᠠᠶᠢᠭ᠎ᠠ ︽ᠬᠠᠮᠤᠭ ᠤᠨ ᠰᠠᠶᠢᠨ ᠦᠬᠡᠷ ᠲᠡᠵᠢᠭᠡᠬᠦ | ᠪᠦᠰᠡ︾ ︽ᠡᠷᠳᠡᠨᠢ ᠰᠢᠰᠢ ᠳᠠᠷᠢᠬᠤ ᠰᠢᠵᠢᠷ ᠠᠯᠲᠠᠨ ᠪᠦᠰᠡ︾ ᠪᠠ ︽ ᠭᠦᠢᠳᠡᠨ ᠭᠠᠵᠠᠷ ᠤᠨ ᠤᠰᠤᠨ | ᠲᠤᠲᠤᠷᠭ᠎ᠠ ᠳᠠᠷᠢᠬᠤ ᠰᠢᠵᠢᠷ ᠠᠯᠲᠠᠨ ᠪᠦᠰᠡ︾ ᠮᠥᠨ᠃ ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠢᠨ | ᠲᠤᠲᠤᠷᠭ᠎ᠠ ᠶᠢᠨ ᠲᠦᠷᠦᠯ ᠲᠡᠮᠳᠡᠭ ᠢᠶᠠᠷ ᠬᠦᠳᠦᠯᠦᠨ ᠳᠠᠭᠠᠭᠤᠯᠬᠤ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ᠂ | ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠢᠴᠢ ᠳᠡᠭᠡᠳᠦ ᠲᠡᠰ ᠤᠨ ᠰᠦ ᠶᠢᠨ | ᠦᠢᠯᠡᠰ ᠤᠨ ᠦᠢᠯᠡᠳᠪᠦᠷᠢᠯᠡᠯ ᠤᠨ ᠰᠠᠭᠤᠷᠢᠨ ᠤ ᠪᠦᠳᠦᠬᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠤᠮᠤ | ᠳᠦᠷᠦᠯ ᠵᠦᠢᠯ ᠢᠶᠠᠷ ᠠᠵᠤ ᠦᠢᠯᠡᠰ ᠤᠨ ᠬᠡᠯᠬᠢᠶ᠎ᠡ ᠶᠢ ᠬᠥᠳᠡᠯᠭᠡᠬᠦ ᠪᠠ ᠤᠷᠲᠤᠳᠬᠠᠨ ᠨᠥᠬᠦᠪᠥᠷᠢᠯᠡᠬᠦ ᠪᠠᠷ | ᠳᠠᠮᠵᠢᠭᠤᠯᠵᠤ᠂ ᠬᠢᠩᠭᠠᠨ ᠠᠶᠢᠮᠠᠭ ᠢ ᠴᠢᠨᠠᠷ ᠰᠠᠶᠢᠲᠠᠢ ᠪᠣᠬᠢᠷᠲᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠪᠣᠯᠭᠠᠨ ᠪᠦᠳᠦᠬᠡᠨ ᠪᠠᠶᠢᠭᠤᠯᠵᠤ ᠪᠤᠢ᠃ | ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠲᠤᠰᠬᠠᠢ ᠮᠡᠷᠭᠡᠵᠢᠯᠲᠡᠳ ︽ᠬᠢᠩᠭᠠᠨ ᠠᠶᠢᠮᠠᠭ ᠤᠨ | ᠲᠤᠲᠤᠷᠭ᠎ᠠ ᠶᠢᠨ ᠠᠵᠤ ᠦᠢᠯᠡᠰ ᠤᠨ ᠳᠠᠪᠠᠭᠤᠯᠢᠭ ᠵᠢᠴᠢ ᠢᠷᠡᠭᠡᠳᠦᠢ ᠶᠢᠨ ᠬᠥᠭᠵᠢᠯᠲᠡ︾᠂ ︽ᠲᠤᠲᠤᠷᠭ᠎ᠠ | ᠪᠣᠯᠪᠠᠰᠤᠷᠠᠭᠤᠯᠬᠤ ᠪᠠ ᠰᠢᠮ᠎ᠡ ᠲᠡᠵᠢᠭᠡᠯ ᠡᠷᠡᠭᠦᠯ ᠮᠡᠨᠳᠦ︾᠂ ︽ᠰᠠᠶᠢᠨ ᠲᠤᠲᠤᠷᠭ᠎ᠠ ᠪᠣᠯ ᠬᠤᠭᠤᠯᠠᠨ ᠲᠢᠩᠬᠢᠮ ᠤᠨ | ᠬᠠᠮᠤᠭ ᠤᠨ ᠶᠡᠭᠡ ᠡᠭᠦᠷᠭᠡ ᠬᠠᠷᠢᠭᠤᠴᠠᠯᠭ᠎ᠠ ᠮᠥᠨ︾ ᠵᠡᠷᠭᠡ ᠠᠭᠤᠯᠭ᠎ᠠ ᠶᠢᠨ ᠲᠣᠭᠤᠷᠢᠨ ᠳᠤ ᠭᠤᠣᠯ ᠰᠡᠳᠦᠪᠲᠦ | ᠶᠠᠷᠢᠶ᠎ᠠ ᠲᠠᠯᠪᠢᠵᠠᠢ᠃ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠠᠶᠢᠮᠠᠭ ᠤᠨ ᠵᠠᠬᠢᠷᠭ᠎ᠠ᠂ ᠵᠠᠯᠠᠶᠢᠳ | ᠬᠤᠰᠢᠭᠤ᠂ ᠬᠢᠩᠭᠠᠨ ᠠᠶᠢᠮᠠᠭ ᠤᠨ ᠬᠡᠰᠡᠭ ᠲᠣᠯᠣᠭᠠᠶᠢᠯᠠᠭᠴᠢ ᠠᠵᠤ ᠠᠬᠤᠶᠢᠯᠠᠯ ᠨᠢ ᠢ ᠬᠠᠢ ᠶᠢᠨ ᠵᠢᠶᠠ ᠯᠢ ᠶᠢᠨ | ᠯᠦᠩ ᠢᠦᠢ ᠠᠮᠤ ᠪᠤᠳᠠᠭ᠎ᠠ ᠲᠤᠰᠤ ᠢᠳᠡᠭᠡᠨ ᠤ ᠬᠢᠵᠠᠭᠠᠷᠲᠤ ᠺᠣᠮᠫᠠᠨᠢ᠂ ᠱᠠᠩᠬᠠᠢ ᠶᠢᠨ ᠰᠢᠶᠦ᠋ᠨ ᠽᠠᠨ | ᠬᠠᠩᠭᠠᠯᠭ᠎ᠠ ᠶᠢᠨ ᠬᠡᠯᠬᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠩᠬᠠᠢ ᠶᠢᠨ ᠰᠢᠨ | ᠲᠢᠶᠠᠨ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ 9 ᠠᠵᠤ ᠠᠬᠤᠶᠢᠯᠠᠯ ᠲᠠᠢ ᠭᠡᠷ᠎ᠡ | ᠲᠣᠭᠲᠠᠵᠠᠢ᠃ ᠱᠠᠩᠬᠠᠶ ᠶᠢᠨ ᠵᠠᠬ᠎ᠠ ᠳᠡᠯᠭᠡᠭᠦᠷ ᠤᠨ ᠲᠠᠪᠴᠠᠩ ᠢ ᠠᠰᠢᠭᠯᠠᠨ᠂ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠢᠩᠭᠠᠨ ᠠᠶᠢᠮᠠᠭ ᠤᠨ ᠴᠢᠨᠠᠷ | ᠰᠠᠶᠢᠲᠠᠶ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠶᠢᠯᠡᠰᠵᠢᠯᠲᠡ᠂ | ᠬᠡᠪᠴᠢᠶᠡᠵᠢᠯᠲᠡ᠂ ᠬᠥᠭᠵᠢᠯᠲᠡ ᠶᠢ ᠠᠬᠢᠭᠤᠯᠤᠨ᠎ᠠ᠃ | ᠬᠤᠷᠠᠯ ᠤᠨ ᠬᠤᠭᠤᠴᠠᠭᠠᠨ ᠳᠤ ᠪᠠᠰᠠ ︽ᠭᠤᠤᠯ ᠰᠡᠳᠦᠪᠲᠦ ᠶᠠᠷᠢᠯᠴᠠᠭ᠎ᠠ︾ ᠡᠷᠭᠢᠯᠡᠵᠦ᠂ ᠵᠠᠰᠠᠭ ᠤᠨ ᠣᠷᠳᠣᠨ | ᠂ ᠠᠵᠤ ᠠᠬᠤᠶᠢᠯᠠᠯ᠂ ᠪᠠᠶᠢᠭᠤᠯᠤᠮᠵᠢ ᠳᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ︽ᠬᠢᠩᠭᠠᠨ | ᠠᠶᠢᠮᠠᠭ ᠤᠨ ᠲᠤᠲᠤᠷᠭ᠎ᠠ ᠶᠢ ᠬᠡᠷᠬᠢᠨ ᠲᠦᠭ ᠲᠦᠮᠡᠨ ᠠᠶᠢᠯ ᠡᠷᠦᠬᠡ ᠳᠤ ᠣᠷᠣᠭᠤᠯᠬᠤ︾ ᠠᠰᠠᠭᠤᠳᠠᠯ ᠤᠨ ᠲᠤᠬᠠᠶ | ᠭᠦᠨᠵᠡᠭᠡᠶ ᠰᠤᠳᠤᠯᠤᠨ ᠶᠠᠷᠢᠯᠴᠠᠵᠤ᠂ ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠳᠤ | ᠠᠷᠭ᠎ᠠ ᠤᠬᠠᠭᠠᠨ ᠭᠠᠷᠭᠠᠪᠠ᠃ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠦᠷᠦ ᠶᠢᠨ ᠪᠤᠳᠤᠯᠭ᠎ᠠ ᠶᠢᠨ ᠲᠤᠰᠬᠠᠢ ᠮᠡᠷᠭᠡᠵᠢᠯᠲᠡᠨ ᠤ | ᠵᠥᠪᠯᠡᠯᠭᠡ ᠥᠭᠬᠦ ᠵᠥᠪᠯᠡᠯ ᠤᠨ ᠭᠡᠰᠢᠭᠦᠨ᠂ ᠳᠤᠮᠳᠠᠳᠤ ᠤᠯᠤᠰ ᠤᠨ ᠠᠮᠤ ᠳᠤᠰᠤᠨ ᠤ ᠰᠤᠳᠤᠯᠭᠠᠨ ᠤ | ᠨᠡᠶᠢᠭᠡᠮᠯᠢᠭ ᠤᠨ ᠲᠦᠷᠦᠭᠦᠦ ᠲᠤᠰᠬᠠᠢ ᠮᠡᠷᠭᠡᠵᠢᠯᠲᠡᠨ᠂ ᠳᠤᠮᠳᠠᠳᠤ ᠤᠯᠤᠰ ᠤᠨ ᠠᠮᠤ ᠳᠤᠰᠤᠨ ᠤ ᠰᠤᠳᠤᠯᠭᠠᠨ ᠤ | ᠨᠡᠶᠢᠭᠡᠮᠯᠢᠭ ᠤᠨ ᠢᠳᠡᠭᠡᠨ ᠤ ᠬᠤᠪᠢᠶᠠᠷᠢ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ᠂ ᠪᠦᠬᠦ ᠠᠮᠤ ᠪᠤᠳᠠᠭᠠᠨ ᠤ | ᠢᠳᠡᠭᠡᠨ ᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠤᠯᠪᠣᠭᠠᠨ ᠤ ᠨᠡᠷ᠎ᠡ ᠬᠦᠨᠳᠦᠲᠦ ᠬᠡᠷᠡᠭ | ᠡᠷᠬᠢᠯᠡᠭᠴᠢᠳ ᠤᠨ ᠳᠠᠷᠤᠭ᠎ᠠ᠂ ᠤᠯᠤᠰ ᠤᠨ ᠡᠯᠳᠡᠪ ᠠᠮᠤ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠪᠠᠶᠢᠯᠳᠤᠬᠤ ᠪᠤᠳᠤᠯᠭ᠎ᠠ ᠶᠢᠨ ᠬᠤᠯᠪᠣᠭᠠᠨ ᠤ ᠨᠡᠷ᠎ᠡ ᠬᠦᠨᠳᠦᠲᠦ ᠬᠡᠷᠡᠭ ᠡᠷᠬᠢᠯᠡᠭᠴᠢᠳ ᠤᠨ ᠳᠠᠷᠤᠭ᠎ᠠ ᠶᠣᠣ | ᠬᠤᠢ ᠶᠤᠸᠠᠨ᠂ ᠳᠤᠮᠳᠠᠳᠤ ᠤᠯᠤᠰ ᠤᠨ ᠠᠮᠤ ᠪᠤᠳᠠᠭᠠᠨ ᠤ ᠰᠤᠳᠤᠯᠭᠠᠨ ᠤ ᠨᠡᠶᠢᠭᠡᠮᠯᠢᠭ ᠤᠨ ᠢᠳᠡᠭᠡᠨ ᠤ ᠬᠤᠪᠢᠶᠠᠷᠢ | ᠨᠡᠶᠢᠭᠡᠮᠯᠢᠭ ᠤᠨ ᠪᠠᠶᠢᠩᠭᠤ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠰᠢ ᠶᠢᠨ ᠳᠤᠮᠳᠠᠳᠤ ᠤᠯᠤᠰ ᠤᠨ ᠠᠮᠤ | ᠪᠤᠳᠠᠭᠠᠨ ᠤ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ | ᠢᠨᠵᠧᠨᠧᠷ ᠵᠦ ᠰᠢᠶᠤᠤ ᠪᠢᠩ᠂ ᠬᠢᠩᠭᠠᠨ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ ᠯᠢᠦ ᠮᠢᠨ ᠬᠤᠷᠠᠯ ᠳᠤ ᠣᠷᠣᠯᠴᠠᠪᠠ᠃ |