ᠵᠠᠩ ᠰᠢᠶᠤᠤ ᠪᠢᠩ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ  ᠵᠢᠵᠢᠭᠦᠷᠯᠡᠨ ᠰᠤᠷᠪᠤᠯᠵᠢᠯᠠᠭ᠎ᠠ  ᠬᠦᠯᠢᠶᠡᠪᠡ
ᠨᠡᠶᠢᠲᠡᠯᠡᠭᠰᠡᠨ ᠴᠠᠭ᠄
2022/8/31
    8 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠬᠦ ᠲᠠᠰᠤᠭ ᠲᠤ ᠬᠦᠷᠴᠦ ᠵᠢᠵᠢᠭᠦᠷᠯᠡᠨ ᠰᠤᠷᠪᠤᠯᠵᠢᠯᠠᠭ᠎ᠠ ᠬᠦᠯᠢᠶᠡᠪᠡ᠃ ᠲᠡᠷᠡ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ᠂ ᠪᠣᠯᠵᠣᠵᠤ ᠰᠤᠷᠪᠤᠯᠵᠢᠯᠠᠬᠤ᠂ ᠬᠡᠷᠡᠭ ᠢ ᠳᠠᠭᠠᠭᠠᠴᠢᠯᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠶ ᠪᠠᠷ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠬᠠᠷᠢᠭᠤᠯᠲᠠ ᠥᠭᠴᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯ ᠨᠢᠭᠡᠪᠦᠷᠢ ᠶᠢ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠠᠷ ᠪᠣᠳᠠᠲᠠᠶ ᠪᠠᠷ ᠰᠠᠶᠢᠲᠤᠷ  ᠰᠢᠢᠳᠪᠦᠷᠢᠯᠡᠵᠦ  ᠂ ᠤᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠠᠷᠭ᠎ᠠ ᠪᠦᠬᠦᠨ ᠢ ᠰᠦᠪᠡᠭᠴᠢᠯᠡᠨ ᠰᠠᠶᠢᠲᠤᠷ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃  
 
ᠢᠷᠡᠯᠲᠡ᠄ ᠬᠢᠩᠭᠠᠨ  ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号