8 ᠳ᠋ᠤᠭᠠᠷ ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/8
    8 ᠳ᠋ᠤᠭᠠᠷ ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠡᠢ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠣᠷᠳᠤᠰ ᠬᠤᠲᠠ ᠳᠤ 1 ︵ᠡᠵᠡᠨ ᠬᠤᠷᠤᠭ᠎ᠠ ᠬᠤᠰᠢᠭᠤᠨ ᠳᠤ︶᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠨᠡᠮᠡᠭᠳᠡᠵᠡᠢ ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠤᠢ︶᠃ ᠬᠢᠯᠢ ᠶᠢᠨ ᠭᠠᠳᠠᠨ᠎ᠠ ᠠᠴᠠ ᠣᠷᠤᠵᠣ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 6 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ᠂ ᠴᠦᠮ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠠᠢ︶ ᠨᠡᠮᠡᠭᠳᠡᠪᠡ᠃   8 ᠳ᠋ᠤᠭᠠᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 28 ᠪᠠᠶᠢᠵᠤ᠂ ᠡᠭᠦᠨ ᠳᠤ ᠪᠣᠭᠤᠲᠤ ᠬᠤᠲᠠ ᠳᠤ 2 ︵ᠴᠦᠮ ᠴᠢᠩᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 19 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 6 ︵ᠴᠦᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠣᠷᠳᠤᠰ ᠬᠤᠲᠠ ᠳᠤ 1 ︵ᠡᠵᠡᠨ ᠬᠤᠷᠤᠭ᠎ᠠ ᠬᠤᠰᠢᠭᠤᠨ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 19 ︵ᠴᠦᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 8᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 17᠂ ᠴᠦᠮ ᠬᠦᠬᠡᠬᠤᠳᠠ ᠳᠤ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号