| ᠬᠢᠩᠭᠠᠨ ᠵᠠᠬᠢᠷᠭ᠎ᠠ ᠠᠯᠪᠠᠨ ᠥᠰᠥᠭ ﹇2022﹈ 46 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ | ᠪᠥᠬᠦᠶ ᠰᠠᠯᠠᠭ᠎ᠠ ᠮᠥᠴᠢᠷ ᠲᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ | ᠬᠢᠬᠦ ᠲᠤᠬᠠᠶ ᠮᠡᠳᠡᠭᠳᠡᠯ ︾ ︵ᠥᠪᠥᠷ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ︹ 2022 ︺ 21 ᠳ᠋ᠤᠭᠡᠷ | ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ | 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ | ᠮᠡᠳᠡᠭᠳᠡᠶ᠎ᠡ᠄ | ᠨᠢᠭᠡ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠬᠡᠪᠴᠢᠶ᠎ᠡ | 1. ᠬᠢᠩᠭᠠᠨ ᠠᠶᠢᠮᠠᠭ ᠤᠨ ᠡᠷᠦᠬᠡ ᠠᠮᠠ ᠶᠢᠨ ᠲᠠᠩᠰᠠ ᠲᠠᠢ ᠮᠥᠷᠲᠡᠭᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠥᠬᠡᠶ ᠠᠵᠢᠯ ᠣᠯᠤᠭᠰᠠᠨ ᠪᠤᠰᠤ ᠰᠠᠭᠤᠭᠠᠯᠢ ᠠᠷᠠᠳ ᠃ | 2. ᠬᠢᠩᠭᠠᠨ ᠠᠶᠢᠮᠠᠭ ᠤᠨ ᠬᠠᠷᠢᠶ᠎ᠠ ᠣᠷᠣᠨ ᠳᠠᠬᠢ ᠣᠷᠣᠰᠢᠨ ᠰᠠᠭᠤᠬᠤ ᠦᠨᠡᠮᠯᠡᠯ ︵ᠰᠢᠶᠠᠩᠭᠠᠩ ᠣᠣᠮᠧᠨ | ᠲᠠᠶᠢᠸᠠᠨ ᠤ ᠡᠷᠦᠬᠡ ᠠᠮᠠ ᠶᠢᠨ ᠲᠠᠩᠰᠠ ᠶᠢ ᠪᠠᠭᠲᠠᠭᠠᠨ᠎ᠠ︶ ᠲᠠᠢ ᠲᠣᠰ ᠠᠶᠢᠮᠠᠭ ᠤᠨ ᠡᠷᠦᠬᠡ ᠠᠮᠠ ᠶᠢᠨ | ᠲᠠᠩᠰᠠ ᠶᠢᠨ ᠪᠤᠰᠤ ᠮᠥᠷᠲᠡᠭᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ | ᠬᠥᠮᠦᠰ᠃ | ᠬᠤᠶᠠᠷ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠪᠠᠷᠢᠮᠵᠢᠶ᠎ᠠ | 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠨᠢ 380 ᠲᠥᠭᠦᠷᠢᠭ \ ᠬᠥᠮᠦᠨ | ᠪᠣᠯᠤᠨ᠎ᠠ᠃ | ᠳᠠᠭᠠᠳᠬᠠᠯ ᠳᠤ ᠣᠷᠣᠯᠴᠠᠭᠴᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ | ᠲᠤᠰᠢᠶᠠᠭᠰᠠᠨ ᠤ ᠳᠠᠷᠠᠭ᠎ᠠ᠂ ᠣᠯᠭᠤᠮᠵᠢ ᠭᠥᠷᠳᠡᠬᠦ ᠬᠤᠭᠤᠴᠠᠭ᠎ᠠ ᠡᠬᠢᠯᠡᠬᠦ ᠠᠴᠠ ᠡᠮᠦᠨ᠎ᠡ ᠳᠠᠪᠬᠤᠷ ᠰᠦᠢᠳᠭᠡᠯ | ᠲᠤᠰᠢᠶᠠᠭᠰᠠᠨ ᠠᠴᠠ ᠪᠣᠯᠵᠣ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠤᠶᠤ ᠪᠤᠰᠤᠳ ᠨᠢᠭᠡᠳᠦᠯᠲᠡᠶ | ᠲᠥᠯᠥᠪᠯᠡᠬᠦ ᠲᠣᠭᠤᠷᠢᠭ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠪᠠᠯ᠂ ᠰᠦᠢᠳᠭᠡᠯ | ᠢᠶᠠᠨ ᠪᠤᠴᠠᠭᠠᠬᠤ ᠪᠠᠷ ᠭᠤᠶᠤᠴᠢᠯᠠᠵᠤ ᠪᠣᠯᠤᠨ᠎ᠠ᠃ ᠣᠯᠭᠤᠮᠵᠢ ᠭᠥᠷᠳᠡᠬᠦ ᠬᠤᠭᠤᠴᠠᠭᠠᠨ ᠳᠤ ᠤᠷᠤᠭᠰᠠᠨ ᠪᠥᠭᠡᠳ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠠᠷᠢᠴᠠᠭ᠎ᠠ ᠶᠢ ᠳᠣᠷᠭᠤᠨ | ᠵᠣᠭᠰᠣᠭᠠᠭᠰᠠᠨ ᠤ ᠳᠠᠷᠠᠭ᠎ᠠ᠂ ᠳᠠᠭᠢᠵᠤ ᠵᠠᠷᠤᠳᠠᠯ ᠢ ᠪᠤᠴᠠᠭᠠᠬᠤ ᠭᠠᠷ ᠭᠦᠢᠴᠡᠳᠭᠡᠯ ᠬᠢᠬᠦ ᠥᠬᠡᠶ᠃ | ᠭᠤᠷᠪᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠢᠴᠢ ᠬᠠᠷᠠᠭᠠᠯᠵᠠᠯ ᠬᠦᠷᠲᠡᠬᠦ ᠴᠠᠭ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠠᠭ᠄ | 2022 ᠣᠨ ᠤ 9 ᠰᠠᠷ᠎ᠠ ᠶᠢᠨ 1 ᠤ ᠡᠳᠦᠷ — 2023 ᠣᠨ ᠤ 3 ᠰᠠᠷ᠎ᠠ ᠶᠢᠨ24 ᠤ ᠡᠳᠦᠷ | ᠬᠠᠷᠠᠭᠠᠯᠵᠠᠯ ᠬᠦᠷᠲᠡᠬᠦ ᠴᠠᠭ᠄ | 2023 ᠣᠨ ᠤ 1 ᠰᠠᠷ᠎ᠠ ᠶᠢᠨ 1 ᠤ ᠡᠳᠦᠷ — 2023 ᠣᠨ ᠤ12 ᠰᠠᠷ᠎ᠠ ᠶᠢᠨ31 ᠤ ᠡᠳᠦᠷ | ᠲᠦᠷᠪᠡ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ | ︵ᠨᠢᠭᠡ︶ ᠠᠩᠬ᠎ᠠ ᠤᠳᠠᠭ᠎ᠠ ᠳᠠᠭᠠᠳᠬᠠᠯ ᠳᠤ ᠣᠷᠣᠭᠰᠠᠳ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠪᠠᠨ ᠬᠢᠵᠦ | ᠪᠠᠷᠠᠭᠰᠠᠨ ᠤ ᠳᠠᠷᠠᠭ᠎ᠠ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠲᠠᠢ ᠠᠳᠠᠯᠢ ᠪᠠᠶᠢᠬᠤ ᠬᠡᠷᠡᠭᠲᠡᠶ᠃ | ᠳᠣᠤᠷᠠᠬᠢ ᠰᠦᠢᠳᠬᠡᠯ ᠲᠤᠰᠢᠶᠠᠬᠤ ᠠᠷᠭ᠎ᠠ ᠶᠢᠨ ᠨᠢᠭᠡ ᠶᠢ ᠰᠣᠩᠭᠤᠵᠤ ᠰᠦᠢᠳᠬᠡᠯ ᠲᠤᠰᠢᠶᠠᠨ᠎ᠠ᠄ | 1. ᠥᠪᠡᠷ ᠢᠶᠠᠨ ᠰᠦᠢᠳᠭᠡᠯ ᠲᠤᠰᠢᠶᠠᠬᠤ | ᠳᠠᠭᠠᠳᠬᠠᠯ ᠳᠤ ᠣᠷᠣᠯᠴᠠᠭᠴᠢ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ APP᠂ ᠥᠪᠥᠷ | ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠲᠦᠭᠦᠮ ᠫᠷᠤᠭ᠍ᠷᠠᠮ᠂ ᠸᠢᠴᠠᠲ ᠂ ᡁᠢ ᠹᠦ᠋ | ᠪᠤᠤ᠂ ᠮᠦᠩᠬᠡ ᠰᠤᠪᠠᠭ ᠵᠡᠷᠭᠡ ᠠᠷᠭ᠎ᠠ ᠵᠠᠮ ᠢᠶᠠᠷ ᠥᠪᠡᠷ ᠢᠶᠠᠨ ᠲᠤᠰᠢᠶᠠᠵᠤ ᠪᠣᠯᠤᠨ᠎ᠠ᠃ | 2. ᠡᠮᠦᠨ᠎ᠡ ᠲᠠᠪᠴᠠᠩ ᠳᠤ ᠰᠦᠢᠳᠭᠡᠯ ᠲᠤᠰᠢᠶᠠᠬᠤ | ᠳᠠᠭᠠᠳᠬᠠᠯ ᠳᠤ ᠣᠷᠣᠯᠴᠠᠭᠴᠢ ᠡᠷᠦᠬᠡ ᠠᠮᠠ ᠶᠢᠨ ᠳᠡᠪᠲᠡᠷ ᠪᠤᠶᠤ ᠪᠡᠶ᠎ᠡ ᠶᠢᠨ ᠦᠨᠡᠮᠯᠡᠯ ᠢᠶᠠᠨ ᠠᠪᠴᠤ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ | ᠲᠢᠩᠬᠢᠮ ᠤᠨ ᠡᠮᠦᠨ᠎ᠡ ᠲᠠᠪᠴᠠᠩ ᠳᠤ ᠬᠦᠷᠴᠦ ᠰᠦᠢᠳᠭᠡᠯ ᠲᠤᠰᠢᠶᠠᠵᠤ ᠪᠣᠯᠤᠨ᠎ᠠ᠃ | 3. ᠣᠷᠣᠯᠠᠨ ᠬᠤᠷᠢᠶᠠᠵᠤ ᠣᠷᠣᠯᠠᠨ ᠲᠤᠰᠢᠶᠠᠬᠤ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠠᠴᠠ ᠲᠤᠰᠬᠠᠶ ᠬᠥᠮᠦᠨ ᠢᠶᠠᠷ ᠭᠠᠵᠠᠷ ᠣᠷᠣᠨ ᠤ ᠪᠤᠶᠢᠳᠠ | ᠪᠥᠭᠯᠡᠭᠦᠤ᠂ ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠥᠪᠡᠰᠦᠪᠡᠨ ᠰᠦᠢᠳᠭᠡᠯ ᠲᠤᠰᠢᠶᠠᠬᠤ ᠳᠤ ᠳᠣᠭᠢᠷᠠᠬᠤ | ᠥᠬᠡᠶ ᠬᠥᠮᠦᠰ ᠢ ᠵᠢᠭᠠᠨ ᠲᠣᠭᠲᠠᠭᠠᠵᠤ᠂ ᠬᠡᠷ ᠲᠤᠨᠢ ᠬᠦᠷᠴᠦ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠶᠢ | ᠬᠡᠷᠡᠭᠵᠢᠭᠦᠯᠦᠨ᠎ᠡ᠃ | ︵ᠬᠤᠶᠠᠷ︶ ᠳᠣᠤᠷ᠎ᠠ ᠣᠷᠣᠯᠭ᠎ᠠ ᠲᠠᠢ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠷᠭ᠎ᠠ ᠮᠠᠶ᠋ᠢᠭ | | ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠤᠬᠡᠳ ᠤᠨ ᠬᠤᠪᠢ ᠬᠥᠮᠦᠨ ᠤ ᠲᠤᠰᠢᠶᠠᠬᠤ ᠰᠦᠢᠳᠭᠡᠯ ᠤᠨ ᠬᠡᠰᠡᠭ ᠢ ᠡᠮ ᠡᠮᠨᠡᠯᠭᠡ ᠶᠢᠨ ᠠᠪᠤᠷᠠᠨ ᠲᠤᠰᠠᠯᠠᠬᠤ | ᠪᠠᠯᠠ ᠮᠥᠩᠭᠦ ᠪᠠᠷ ᠪᠥᠬᠦ ᠲᠤᠭ᠎ᠠ ᠪᠠᠷ ᠲᠤᠰᠠᠯᠠᠨ᠎ᠠ ᠃ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ | ᠬᠥᠮᠦᠨ ᠠᠮᠠ ᠶᠢᠨ ᠬᠤᠪᠢ ᠬᠥᠮᠦᠨ ᠤ ᠲᠤᠰᠢᠶᠠᠬᠤ ᠰᠦᠢᠳᠭᠡᠯ ᠤᠨ ᠬᠡᠰᠡᠭ ᠢ ᠡᠮ ᠡᠮᠨᠡᠯᠭᠡ ᠶᠢᠨ ᠠᠪᠤᠷᠠᠨ | ᠲᠤᠰᠠᠯᠠᠬᠤ ᠪᠠᠯᠠ ᠮᠥᠩᠭᠦ ᠶᠢᠨ 80% ᠪᠠᠷ ᠲᠤᠰᠠᠯᠠᠨ᠎ᠠ ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠡᠲᠡᠭᠡᠳ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠦᠷᠢᠶ᠎ᠡ | ᠬᠡᠪᠴᠢᠶᠡᠨ ᠳᠤ ᠣᠷᠣᠭᠤᠯᠤᠭᠰᠠᠨ ᠬᠥᠮᠦᠰ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠬᠡᠰᠡᠭ ᠢ | ᠡᠮᠴᠢᠯᠡᠭᠡᠨ ᠤ ᠠᠪᠤᠷᠠᠨ ᠲᠤᠰᠠᠯᠠᠬᠤ ᠪᠠᠯᠠ ᠮᠥᠩᠭᠦ ᠶᠢᠨ 70% ᠵᠣᠭᠤᠰ ᠮᠥᠩᠭᠦ ᠪᠠᠷ ᠲᠤᠰᠠᠯᠠᠨ᠎ᠠ ᠃ | | ︵ᠭᠤᠷᠪᠠ︶ ᠨᠢᠷᠠᠶ ᠬᠡᠤᠬᠡᠳ ᠤᠨ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠠᠷᠭ᠎ᠠ ᠮᠠᠶ᠋ᠢᠭ | ᠨᠢᠷᠠᠶ ᠬᠡᠦᠬᠡᠳ ᠲᠥᠷᠥᠭᠰᠡᠨ ᠤ ᠳᠠᠷᠠᠭ᠎ᠠ 90 ᠡᠳᠦᠷ ︵90 ᠡᠳᠦᠷ ᠢ ᠪᠠᠭᠲᠠᠭᠠᠨ᠎ᠠ︶ ᠤᠨ ᠳᠣᠲᠣᠷ᠎ᠠ ᠬᠢᠨᠠᠨ | ᠬᠠᠮᠠᠭᠠᠯᠠᠭᠴᠢ ᠨᠢ ᠨᠢᠷᠠᠶ ᠬᠡᠦᠬᠡᠳ ᠤᠨ ᠦᠨᠡᠨ ᠨᠡᠷ᠎ᠡ ᠪᠠ ᠬᠦᠴᠦᠨ ᠲᠠᠢ ᠪᠡᠶ᠎ᠡ ᠶᠢᠨ ᠬᠢᠷᠢ ᠬᠡᠮ ᠤᠨ ᠭᠡᠷᠡᠴᠢ ᠪᠠᠷ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠬᠤ ᠳᠡᠩᠰᠡᠯᠡᠯᠲᠡ ᠶᠢ ᠭᠦᠢᠴᠡᠳᠭᠡᠵᠦ᠂ ᠲᠥᠷᠥᠭᠰᠡᠨ ᠲᠤᠬᠠᠶ ᠶᠢᠨ | ᠵᠢᠯ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ | ᠲᠤᠰᠢᠶᠠᠭᠰᠠᠨ ᠤ ᠳᠠᠷᠠᠭ᠎ᠠ᠂ ᠲᠥᠷᠥᠭᠰᠡᠨ ᠡᠳᠦᠷ ᠠᠴᠠ ᠡᠬᠢᠯᠡᠨ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢ | ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠤᠷᠤᠭᠤᠯᠤᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ ᠡᠯ᠎ᠡ | ᠬᠤᠰᠢᠭᠤ ᠰᠢᠶᠠᠨ ᠬᠤᠲᠠ ᠨᠤᠭᠤᠳ ᠳᠠᠭᠠᠳᠬᠠᠯ ᠳᠤ ᠣᠷᠣᠯᠴᠠᠵᠤ ᠰᠦᠶ᠋ᠳᠬᠡᠯ ᠲᠤᠰᠢᠶᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ | ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠤᠳᠤᠷᠢᠳᠤᠯᠭ᠎ᠠ ᠪᠠᠨ | ᠦᠨᠡᠨᠬᠦ ᠴᠢᠩᠭᠠᠳᠬᠠᠨ᠂ ᠦᠳᠲᠡᠷ ᠲᠦᠷᠭᠡᠨ ᠬᠥᠳᠡᠯᠦᠯᠴᠡᠵᠦ᠂ ᠡᠭᠦᠷᠭᠡ ᠪᠠ ᠬᠠᠷᠠᠯᠲᠠ ᠪᠠᠨ ᠲᠣᠳᠣᠷᠬᠠᠶᠢᠯᠠᠨ᠂ | ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ 2023 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 98% ᠠᠴᠠ | ᠳᠡᠭᠡᠭᠰᠢ ᠳᠤ ᠲᠣᠭᠲᠠᠭᠤᠨ ᠪᠠᠶᠢᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ | ᠳᠠᠭᠠᠳᠬᠠᠯ ᠳᠤ ᠣᠷᠣᠯᠴᠠᠬᠤ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠵᠦ᠂ ᠬᠦᠴᠦ ᠪᠠᠨ ᠬᠠᠮᠲᠤᠳᠬᠠᠨ ᠠᠬᠢᠭᠤᠯᠤᠨ᠎ᠠ᠃ | ᠡᠮ ᠡᠮᠨᠡᠯᠭᠡ ᠶᠢᠨ ᠳᠠᠭᠠᠳᠬᠠᠯ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠰᠤᠷᠭᠠᠨ ᠬᠥᠮᠦᠵᠢᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠭᠡ ᠪᠠᠨ | ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠨᠢᠭᠲᠠ ᠬᠠᠮᠵᠢᠯᠴᠠᠬᠤ ᠬᠡᠷᠡᠭᠲᠡᠶ᠃ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠲᠦᠷᠦᠭᠦᠯᠡᠨ ᠵᠣᠬᠢᠶᠠᠨ | ᠪᠠᠶᠢᠭᠤᠯᠬᠤ ᠪᠠ ᠰᠠᠶᠢᠲᠤᠷ ᠬᠢᠬᠦ ᠶᠢ ᠬᠠᠷᠢᠭᠤᠴᠠᠵᠤ᠂ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ | ᠠᠬᠢᠭᠤᠯᠤᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠬᠤᠪᠢ ᠬᠥᠮᠦᠨ ᠤ ᠰᠦᠶ᠋ᠳᠬᠡᠯ ᠲᠤᠰᠢᠶᠠᠵᠤ | ᠲᠠᠲᠠᠪᠤᠷᠢᠯᠠᠬᠤ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶ᠋ᠴᠡᠳᠬᠡᠬᠦ | ᠪᠠᠶᠢᠭᠤᠯᠤᠮᠵᠢ ᠯᠤᠭ᠎ᠠ ᠨᠢᠭᠲᠠ ᠬᠠᠮᠵᠢᠯᠴᠠᠨ᠂ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ ᠶᠢ ᠬᠢᠨᠠᠨ | ᠲᠣᠭᠲᠠᠭᠠᠬᠤ ᠵᠢᠴᠢ ᠰᠦᠶ᠋ᠳᠬᠡᠯ ᠲᠤᠰᠢᠶᠠᠵᠤ ᠬᠥᠮᠥᠷᠭᠡ ᠳᠤ ᠣᠷᠣᠭᠤᠯᠬᠤ ᠡᠯ᠎ᠡ ᠭᠤᠭᠴᠤᠭ᠎ᠠ ᠶᠢᠨ ᠤᠷᠤᠭᠰᠢᠲᠠᠶ | ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠬᠤ ᠳᠤ | ᠬᠡᠷᠡᠭᠰᠡᠬᠦ ᠪᠠᠯᠠ ᠮᠥᠩᠭᠦ ᠶᠢ ᠴᠠᠭ ᠲᠤᠬᠠᠶ ᠳᠤᠨᠢ ᠰᠢᠯᠵᠢᠭᠦᠯᠦᠨ ᠥᠭᠬᠦ ᠬᠡᠷᠡᠭᠲᠡᠶ᠃ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠤᠳ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠰᠤᠷᠤᠭᠴᠢᠳ ᠤᠨ ᠳᠠᠭᠠᠳᠬᠠᠯ ᠳᠤ | ᠣᠷᠣᠯᠴᠠᠬᠤ ᠶᠢ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ | ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 100% ᠳᠤ | ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠨᠠᠷᠢᠯᠢᠭ ᠣᠨᠣᠴᠠᠲᠠᠶ ᠪᠠᠷ ᠠᠪᠤᠷᠠᠨ ᠲᠤᠰᠠᠯᠠᠵᠤ᠂ ᠪᠦᠲᠦᠮᠵᠢᠲᠡᠶ ᠪᠠᠲᠤᠯᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ ᠴᠠᠭ ᠲᠤᠬᠠᠶ ᠳᠤᠨᠢ ᠡᠮᠴᠢᠯᠡᠭᠡᠨ ᠤ ᠪᠠᠲᠤᠯᠠᠭ᠎ᠠ ᠶᠢᠨ | ᠣᠯᠭᠤᠮᠵᠢ ᠭᠥᠷᠳᠡᠬᠦ ᠶᠢ ᠪᠠᠲᠤᠯᠠᠬᠤ ᠶᠢᠨ ᠲᠤᠰᠠᠳᠠ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠯᠠᠭ᠎ᠠ ᠮᠥᠴᠢᠷ ᠤᠳ ᠣᠨᠴᠣᠭᠤᠶ ᠬᠥᠮᠦᠰ ᠤᠨ ᠪᠡᠶ᠎ᠡ ᠶᠢᠨ ᠭᠠᠷᠤᠯ ᠢ ᠨᠤᠲᠠᠯᠠᠨ ᠬᠤᠪᠢᠷᠠᠭᠤᠯᠬᠤ᠂ | ᠲᠤᠭ᠎ᠠ ᠪᠠᠷᠢᠮᠲᠠ ᠬᠦᠷᠭᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ 2023 ᠣᠨ ᠤ 1 ᠳ᠋ᠦᠭᠡᠷ | ᠰᠠᠷ᠎ᠠ ᠶᠢᠨ 10 ᠤ ᠡᠳᠦᠷ ᠠᠴᠠ ᠡᠮᠦᠨ᠎ᠡ ᠣᠷᠣᠯᠭ᠎ᠠ ᠪᠠᠭᠠᠲᠠᠶ ᠬᠥᠮᠦᠨ ᠠᠮᠠ ᠶᠢᠨ ᠨᠡᠷᠡᠰ ᠢ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠠᠩᠭᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠤᠳ ᠣᠷᠣᠯᠭ᠎ᠠ ᠪᠠᠭᠠᠲᠠᠶ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠡᠬᠡ | ᠲᠠᠩᠰᠠ ᠶᠢ ᠪᠠᠶᠢᠭᠤᠯᠵᠤ᠂ ᠨᠢᠭᠡᠳᠦᠯᠲᠡᠶ ᠲᠥᠯᠥᠪᠯᠡᠭᠰᠡᠨ ᠢ ᠨᠢ ᠬᠠᠷᠢᠴᠠᠭᠤᠯᠵᠤ᠂ ᠳᠠᠭᠠᠳᠬᠠᠯ ᠳᠤ ᠣᠷᠤᠭ᠎ᠠ ᠥᠬᠡᠶ | ᠬᠥᠮᠦᠰ ᠢ ᠣᠨᠣᠪᠴᠢᠲᠠᠶ ᠲᠣᠭᠲᠠᠭᠠᠵᠤ᠂ ᠰᠦᠶ᠋ᠳᠬᠡᠯ ᠲᠤᠰᠢᠶᠠᠬᠤ ᠠᠵᠢᠯ ᠢ ᠨᠢᠭᠡᠳ ᠨᠢᠭᠡ ᠪᠠᠷ ᠰᠠᠶᠢᠲᠤᠷ ᠬᠢᠬᠦ | ᠬᠡᠷᠡᠭᠲᠡᠶ᠃ | ︵ᠳᠥᠷᠪᠡ︶ ᠤᠬᠠᠭᠤᠯᠭ᠎ᠠ ᠪᠠᠨ ᠴᠢᠩᠭᠠᠷᠠᠭᠤᠯᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠤᠬᠠᠭᠤᠯᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠬᠠᠷᠢᠯᠴᠠᠨ | ᠬᠠᠪᠰᠤᠷᠤᠯᠴᠠᠵᠤ ᠬᠠᠷᠢᠯᠴᠠᠨ ᠬᠠᠷᠠᠭᠠᠯᠵᠠᠬᠤ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠣᠨᠣᠯᠵᠢᠬᠤᠨ ᠢ ᠶᠡᠬᠡᠪᠡᠷ ᠲᠦᠭᠡᠮᠡᠯᠵᠢᠭᠦᠯᠵᠦ᠂ ᠣᠯᠠᠨ ᠲᠦᠮᠡᠨ ᠤ ᠳᠠᠭᠠᠳᠬᠠᠯ ᠳᠤ | ᠣᠷᠣᠯᠴᠠᠵᠤ ᠰᠦᠶ᠋ᠳᠬᠡᠯ ᠲᠤᠰᠢᠶᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠨᠡᠶᠢᠭᠡᠮ ᠤᠨ ᠵᠢᠱᠢᠯᠲᠡ ᠶᠢ ᠵᠦᠶ | ᠵᠣᠬᠢᠰᠲᠠᠶ ᠬᠥᠲᠥᠯᠦᠨ ᠵᠢᠯᠣᠭᠤᠳᠬᠤ ᠬᠡᠷᠡᠭᠲᠡᠶ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠬᠤ ᠠᠵᠢᠯ ᠳᠤ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠡᠳᠦᠷ ᠤᠨ | ᠲᠣᠬᠢᠷᠠᠭᠤᠯᠤᠯᠲᠠ ᠪᠠᠷ ᠠᠷᠪᠠᠨ ᠡᠳᠦᠷ ᠢᠶᠠᠷ ᠮᠡᠳᠡᠭᠡᠯᠡᠬᠦ ᠲᠦᠷᠢᠮ ᠢ ᠬᠡᠷᠡᠭᠵᠢᠭᠦᠯᠵᠦ᠂ ᠠᠬᠢᠴᠠ ᠪᠠᠷ ᠤᠳᠠᠭᠠᠨ | ᠪᠠᠶᠢᠭ᠎ᠠ ᠬᠤᠰᠢᠭᠤ ᠰᠢᠶᠠᠨ ᠬᠤᠲᠠ ᠳᠤ ᠪᠥᠬᠦ ᠠᠶᠢᠮᠠᠭ ᠲᠤ ᠨᠡᠪᠲᠡᠷᠡᠭᠦᠯᠦᠨ᠎ᠡ᠃ | | 2022 ᠣᠨ ᠤ 8 ᠰᠠᠷ᠎ᠠ ᠶᠢᠨ 18 | | |