ᠲᠤᠮᠤ ᠠᠵᠢᠯ ᠶᠠᠪᠤᠳᠠᠯ ᠤᠨ ᠲᠡᠮᠳᠡᠭᠯᠡᠯ  ︵4 ᠰᠠᠷ᠎ᠠ ᠶᠢᠨ1 ᠤ ᠡᠳᠦᠷ ᠠᠴᠠ4 ᠰᠠᠷ᠎ᠠ ᠶᠢᠨ 30 ᠤ ᠡᠳᠦᠷ︶
ᠨᠡᠶᠢᠲᠡᠯᠡᠭᠰᠡᠨ ᠴᠠᠭ᠄
2022/9/27
 ● 4 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠳᠠᠪᠰᠠᠩ ᠪᠠᠯᠭᠠᠰᠤᠨ ᠤ ᠣᠶᠢᠷᠠᠯᠴᠠᠭ᠎ᠠ ᠺᠦᠨ ᠹᠧᠩ ᠵᠠᠨᠠᠷ ᠤᠨ ᠲᠣᠭᠤᠰᠬᠠᠨ ᠦᠢᠯᠡᠳᠪᠦᠷᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠬᠢᠷ ᠤᠰᠤᠨ ᠤ ᠬᠤᠭᠤᠯᠠᠶ ᠶᠢᠨ ᠲᠣᠣᠷ ᠬᠠᠭᠠᠷᠠᠭᠰᠠᠨ 2 ᠬᠡᠷᠡᠭ ᠢ ᠰᠢᠢᠳᠪᠦᠷᠢᠯᠡᠭᠰᠡᠨ ᠪᠠᠶᠢᠳᠠᠯ ᠪᠣᠯᠤᠨ ᠪᠤᠰᠤᠳ 20 ᠬᠡᠷᠡᠭ ᠢ  ᠰᠢᠢᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠢᠨᠠᠨ ᠪᠠᠶᠢᠴᠠᠭᠠᠬᠤ ᠪᠠ ᠬᠡᠷᠡᠭ ᠢ  ᠰᠢᠢᠳᠪᠦᠷᠢᠯᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃     ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠥᠪᠡᠷᠲᠡᠭᠡᠨ ᠵᠠᠰᠠᠬᠤ ᠣᠷᠣᠨ ᠤ ᠸᠢᠳᠢᠤ᠋ ᠬᠤᠷᠠᠯ ᠳᠤ ᠣᠷᠣᠯᠴᠠᠵᠤ᠂ ᠲᠥᠪ ᠤᠨ ᠭᠤᠷᠪᠠᠳᠤᠭᠠᠷ ᠠᠮᠢ ᠠᠬᠤᠶ  ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠢᠯᠡᠴᠢᠯᠡᠨ ᠮᠡᠳᠡᠭᠦᠯᠦᠭᠰᠡᠨ ᠮᠠᠨ ᠤ ᠠᠶᠢᠮᠠᠭ ᠤᠨ ᠭᠤᠤᠯᠳᠠᠯᠭ᠎ᠠ ᠲᠠᠢ ᠠᠩᠬᠠᠷᠴᠤ ᠪᠠᠶᠢᠭ᠎ᠠ 2 ᠬᠡᠷᠡᠭ ᠢ ᠭᠥᠯᠢᠶᠡᠨ ᠠᠪᠴᠤ ᠰᠢᠢᠳᠪᠦᠷᠢᠯᠡᠭᠰᠡᠨ ︵ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠪᠰᠠᠩ ᠪᠠᠯᠭᠠᠰᠤᠨ ᠤ ᠣᠶᠢᠷ᠎ᠠ ᠬᠠᠪᠢ ᠶᠢᠨ ᠺᠦᠨ ᠹᠧᠩ ᠵᠠᠨᠠᠷ ᠤᠨ ᠲᠣᠭᠤᠰᠬᠠᠨ  ᠦᠢᠯᠡᠳᠪᠦᠷᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠬᠠᠭᠠᠷᠠᠭᠰᠠᠨ︶ ᠪᠠ ᠪᠤᠰᠤᠳ 20 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠸᠠᠩ ᠯᠢ ᠰᠢᠶᠠ ᠳᠤ ᠬᠠᠷᠢᠭᠤ ᠮᠡᠳᠡᠭᠦᠯᠪᠡ᠃       ᠲᠤᠮᠳᠠᠳᠤ ᠤᠯᠤᠰ ᠤᠨ ᠭᠤᠸᠠᠩᠵᠧᠦ ᠶᠢᠨ ᠴᠥᠮ᠎ᠡ ᠶᠢᠨ  ᠡᠨᠧᠷᠭᠢ ᠶᠢᠨ ᠬᠢᠨ ᠲᠠᠢ ᠶᠠᠷᠢᠯᠴᠠᠬᠤ ᠬᠤᠷᠠᠯ ᠬᠢᠪᠡ᠃     ● 4 ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠦᠷᠭᠡᠨ ᠪᠥᠭᠡᠳ ᠥᠨᠳᠥᠷ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ● 4 ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋  ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠭᠦᠨᠵᠡᠭᠡᠶᠢᠷᠡᠨ ᠴᠢᠬᠤᠯᠠ ᠶᠡᠭᠡ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃     ● 4 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ  ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ 7 ᠳ᠋ᠤᠭᠠᠷ ᠤᠳᠠᠭ᠎ᠠ ᠶᠢᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ   ᠡᠵᠡᠮᠳᠡᠭᠰᠡᠨ ᠪᠠᠶᠢᠳᠠᠯ᠂ 2022 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠪᠠ᠃     ● 4 ᠰᠠᠷ᠎ᠠ ᠶᠢᠨ 7 ᠤ ᠡᠳᠦᠷ᠂ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠸᠢᠳᠢᠣ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ● 4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ 2022 ᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠶᠢᠴᠢᠯᠠᠯᠳᠠ ᠶᠢᠨ ᠶᠡᠭᠡ ᠬᠤᠷᠠᠯ ᠸᠢᠳᠢᠣ᠋ ᠶᠢᠨ ᠬᠡᠯᠪᠡᠷᠢ ᠪᠠᠷ ᠬᠤᠷᠠᠯᠳᠤᠵᠤ᠂ ᠠᠶᠢᠮᠠᠭ ᠤᠨ ᠤᠳᠤᠷᠢᠳᠤᠯᠭ᠎ᠠ ᠰᠦᠬᠡ ᠬᠤᠷᠠᠯ ᠳᠤ ᠣᠷᠣᠯᠴᠠᠪᠠ᠃     ● 4 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠸᠢᠳᠢᠣ᠋  ᠬᠡᠯᠪᠡᠷᠢ ᠪᠠᠷ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠲᠦᠴᠢᠦᠸᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃     ● 4 ᠰᠠᠷ᠎ᠠ ᠶᠢᠨ 22 ᠤᠨ ᠡᠳᠦᠷ᠂ ᠦᠳᠡ ᠶᠢᠨ ᠡᠮᠦᠨ᠎ᠡ᠂ ᠤᠯᠠᠭᠠᠨᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃       ᠦᠳᠡ ᠶᠢᠨ ᠬᠤᠶᠢᠨ᠎ᠠ᠂ ᠶᠢᠰᠦᠳᠦᠭᠡᠷ ᠤᠳᠠᠭ᠎ᠠ ᠶᠢᠨ ᠵᠠᠬᠢᠷᠭ᠎ᠠ ᠶᠢᠨ ᠪᠠᠶᠢᠩᠭᠤ ᠶᠢᠨ ᠬᠤᠷᠠᠯ᠂ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ᠂ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠢ ᠡᠷᠭᠢᠯᠡᠨ ᠬᠤᠷᠠᠯᠳᠤᠭᠤᠯᠪᠠ᠃     ● 4 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃     ● 4 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ  ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠪᠦᠳᠦᠭᠡᠨ ᠪᠠᠶᠢᠭᠤᠯᠤᠯᠲᠠ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃     ● 4 ᠰᠠᠷ᠎ᠠ ᠶᠢᠨ 25 ᠤ ᠡᠳᠦᠷ᠂ ᠠᠶᠢᠮᠠᠭ ᠤᠨ ᠵᠠᠬᠢᠷᠭ᠎ᠠ ᠶᠢᠨ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2022 ᠣᠨ ᠤ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠭᠤᠤᠯᠳᠠᠯᠭ᠎ᠠ  ᠶᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ● 4 ᠰᠠᠷ᠎ᠠ ᠶᠢᠨ 26 ᠤ ᠡᠳᠦᠷ᠂ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠪᠥᠬᠦ ᠠᠶᠢᠮᠠᠭ ᠤᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃     ● 4 ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ  ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠬᠤᠷᠠᠯ ᠢ ᠬᠤᠷᠠᠯᠳᠤᠭᠤᠯᠵᠤ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠬᠢᠯᠢ ᠶᠢᠨ ᠬᠠᠮᠠᠭᠠᠯᠠᠯᠲᠠ ᠶᠢᠨ ᠵᠥᠪᠯᠡᠯ ᠪᠣᠯᠤᠨ ᠠᠶᠢᠮᠠᠭ ᠤᠨ ᠨᠠᠮ ᠤᠨ  ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃     ● 4 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号