ᠲᠤᠮᠤ ᠠᠵᠢᠯ ᠶᠠᠪᠤᠳᠠᠯ ᠤᠨ ᠳᠠᠮᠳᠡᠭᠯᠡᠯ ︵5 ᠰᠠᠷ᠎ᠠ ᠶᠢᠨ 1 ᠤ ᠡᠳᠦᠷ ᠠᠴᠠ 31 ᠤ ᠡᠳᠦᠷ︶
ᠨᠡᠶᠢᠲᠡᠯᠡᠭᠰᠡᠨ ᠴᠠᠭ᠄
2022/9/27
    ● 5 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠰᠦᠬᠡ ᠤᠷᠢᠳ ᠬᠤᠵᠢᠳ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠪᠣᠯᠤᠨ ᠯᠢᠦ ᠱᠦ ᠶᠤᠸᠠᠨ ᠰᠣᠶᠣᠯ ᠵᠤᠭᠠᠴᠠᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂  ᠴᠢᠩᠭᠡᠯᠢᠭ ᠡᠮᠨᠡᠯᠭᠡ ᠶᠢᠨ ᠬᠤᠷᠢᠶ᠎ᠠ ᠪᠣᠯᠤᠨ ᠲᠥᠪᠯᠡᠷᠡᠭᠦᠯᠦᠨ ᠲᠤᠰᠠᠭᠠᠷᠯᠠᠬᠤ ᠴᠡᠭ ᠢ ᠥᠭᠡᠷᠡᠴᠢᠯᠡᠨ ᠪᠠᠶᠢᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃    ● 5 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠪᠦᠬᠦ ᠠᠶᠢᠮᠠᠭ ᠤᠨ ᠲᠥᠪ ᠬᠤᠷᠢᠶᠠᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠᠷ ᠲᠤᠰᠢᠶᠠᠨ ᠥᠭᠴᠦ ᠰᠢᠢᠳᠪᠦᠷᠢᠯᠡᠭᠦᠯᠬᠦ ᠠᠰᠠᠭᠤᠳᠠᠯ ᠢ ᠰᠢᠢᠳᠪᠦᠷᠢᠯᠡᠬᠦ ᠠᠵᠢᠯ ᠤᠨ ᠳᠤᠬᠢᠷᠠᠭᠤᠯᠤᠯᠳᠠ ᠶᠢᠨ  ᠬᠤᠷᠠᠯ ᠶᠢ ᠡᠷᠬᠢᠯᠡᠨ ᠬᠤᠷᠠᠯᠳᠤᠭᠤᠯᠪᠠ    ●5 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2022 — 2025 ᠣᠨ︶︾ ᠢ ᠬᠢᠨᠠᠨ ᠵᠥᠪᠯᠡᠵᠦ᠂ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠲᠥᠯᠥᠪᠯᠡᠨ ᠨᠥᠭᠡᠴᠡᠯᠡᠬᠦ ᠪᠠ 2022 ᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠷᠥᠯ  ᠵᠦᠢᠯ ᠤᠨ ᠡᠬᠢᠯᠡᠵᠦ ᠠᠵᠢᠯ ᠰᠡᠷᠭᠦᠭᠡᠬᠦ᠂  ᠴᠢᠩᠭᠡᠯᠢᠭ ᠡᠮᠨᠡᠯᠭᠡ ᠶᠢᠨ ᠬᠤᠷᠢᠶ᠎ᠠ ᠵᠢᠴᠢ ᠲᠤᠰᠠᠭᠠᠷᠯᠠᠬᠤ ᠲᠠᠯᠠᠪᠤᠷ ᠤᠨ ᠪᠥᠲᠥᠭᠡᠨ ᠪᠠᠶᠢᠭᠤᠯᠤᠯᠲᠠ ᠵᠡᠷᠭᠡ ᠤᠴᠢᠷ ᠶᠠᠪᠤᠳᠠᠯ ᠢ ᠰᠤᠳᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ  ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠢ ᠵᠠᠯᠭᠠᠭ᠎ᠠ ᠪᠠᠷ ᠬᠤᠷᠠᠯᠳᠤᠭᠤᠯᠵᠦ ᠶᠡᠷᠦᠩᠬᠡᠶ ᠱᠦᠵᠢ ᠰᠢ ᠶᠢᠨ ᠫᠢᠩ  ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠶ ᠴᠢᠬᠤᠯᠠ ᠥᠭᠦᠯᠡᠯᠲᠡ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠵᠢᠴᠢ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ ᠢᠯᠠᠩᠭᠤᠶ᠎ᠠ ᠲᠥᠪᠯᠡᠷᠡᠭᠦᠯᠦᠨ ᠵᠠᠰᠠᠬᠤ ᠶᠠᠪᠤᠳᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠪᠠ᠃     ● 5 ᠳ᠋ᠤᠭᠠᠷ ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠤᠷᠠᠯ ᠬᠤᠷᠠᠯᠳᠤᠵᠤ ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ‌ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃     ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ ᠥᠪᠡᠰᠦᠪᠡᠨ ᠬᠡᠷ ᠪᠠᠶᠢᠰᠢᠩ ᠪᠠᠷᠢᠬᠤ ᠶᠢ ᠲᠤᠰᠬᠠᠶ ᠴᠡᠭᠴᠡᠯᠡᠨ ᠵᠠᠰᠠᠬᠤ  ᠸᠢᠳᠢᠤ᠋ ᠬᠤᠷᠠᠯ ᠢ ᠳᠠᠷᠠᠭᠠᠯᠠᠨ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠣᠷᠣᠯᠴᠠᠵᠠᠶ᠃    ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠪᠥᠬᠦ ᠤᠯᠤᠰ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠸᠢᠳᠢᠤ᠋ ᠬᠤᠷᠠᠯ ᠳᠤ ᠣᠷᠣᠯᠴᠠᠪᠠ᠃    ● 5 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ  ᠤᠯᠤᠰ ᠤᠨ ᠴᠠᠬᠢᠯᠭᠠᠨ ᠲᠣᠣᠷ ᠤᠨ ᠦᠪᠦᠷ ᠮᠤᠩᠭᠤᠯ ᠤᠨ ᠵᠡᠭᠦᠨ ᠬᠡᠰᠡᠭ ᠴᠠᠬᠢᠯᠭᠠᠨ ᠬᠦᠴᠦᠨ ᠤ ᠺᠣᠮᠫᠠᠨᠢ ᠳᠤ ᠬᠦᠷᠴᠦ᠂ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ  ᠬᠤᠷᠢᠶ᠎ᠠ ᠶᠢᠨ ᠱᠦᠵᠢ ᠵᠠᠩ ᠴᠧᠩ ᠰᠦᠩ ᠲᠠᠢ ᠴᠠᠬᠢᠯᠭᠠᠨ ᠬᠦᠴᠦᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ᠂ ᠴᠠᠬᠢᠯᠭᠠᠨ ᠬᠠᠩᠭᠠᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠬᠦ ᠵᠢᠴᠢ ᠰᠠᠯᠬᠢᠨ ᠬᠦᠴᠦᠨ ᠤ ᠴᠠᠬᠢᠯᠭᠠᠨ ᠤ ᠤᠰᠤᠲᠥ᠋ᠷᠥᠭᠴᠢ ᠦᠢᠯᠡᠳᠬᠦ ᠶᠢ ᠨᠢᠭᠡ ᠴᠤᠬᠴᠠᠵᠢᠭᠤᠯᠬᠤ ᠲᠦᠷᠦᠯ ᠵᠦᠢᠯ ᠢ ᠠᠬᠢᠭᠤᠯᠬᠤ ᠵᠡᠷᠭᠡ ᠤᠴᠢᠷ ᠶᠠᠪᠤᠳᠠᠯ ᠤᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃    ● 5 ᠰᠠᠷ᠎ᠠ ᠶᠢᠨ 11 ᠤ ᠡᠳᠦᠷ᠂ ᠪᠥᠬᠦ ᠠᠶᠢᠮᠠᠭ ᠤᠨ ᠨᠢᠭᠡᠳᠦᠭᠡᠷ ᠤᠯᠠᠷᠢᠯ ᠤᠨ ︽ᠭᠤᠷᠪᠠᠨ ᠨᠠᠷᠢᠨ ᠲᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠶᠢᠨ ᠵᠥᠪᠯᠡᠯᠭᠡᠨ ᠤ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃    ● 5 ᠳ᠋ᠤᠭᠠᠷ ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠬᠢᠭᠡᠳ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠬᠢᠩᠭᠠᠨ ᠠᠶᠢᠮᠠᠭ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠶᠠᠷᠢᠯᠴᠠᠬᠤ ᠬᠤᠷᠠᠯ ᠬᠢᠵᠦ᠂ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃    ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠬᠠᠮᠢᠶ᠎ᠠ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠠᠵᠢᠯ ᠤᠨ ᠳᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ● 5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠸᠢᠳᠢᠣ᠋ ᠬᠤᠷᠠᠯ ᠬᠤᠷᠠᠯᠳᠤᠭᠰᠠᠨ ᠤ ᠳᠠᠷᠠᠭ᠎ᠠ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠪᠦᠬᠦ ᠠᠶᠢᠮᠠᠭ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ● 5 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠪᠥᠬᠦ ᠠᠶᠢᠮᠠᠭ ᠤᠨ  ᠦᠢᠯᠡᠴᠢᠯᠡᠭᠡᠨ  ᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠬᠤᠷᠠᠯ ᠵᠢᠴᠢ ᠣᠳᠣᠬᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ  ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠬᠦᠴᠢᠷᠳᠡᠯᠲᠡᠶ ᠠᠵᠢᠯ ᠲᠥᠷᠥᠯ ᠤᠨ ᠰᠡᠷᠭᠦᠭᠡᠨ ᠬᠥᠭᠵᠢᠬᠦ ᠶᠢ ᠠᠬᠢᠭᠤᠯᠬᠤ ᠪᠠ ᠳᠤᠮᠳᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ  ᠰᠢᠢᠳᠪᠦᠷᠢᠯᠡᠵᠦ ᠬᠦᠴᠢᠷᠳᠡᠯ ᠢ ᠨᠢ  ᠰᠢᠢᠳᠪᠦᠷᠢᠯᠡᠵᠦ ᠥᠭᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠷᠯᠠᠨ ᠮᠡᠳᠡᠭᠳᠡᠵᠦ᠂ ᠪᠠᠷᠠᠭᠠᠨ ᠤ  ᠭᠦᠢᠯᠭᠡᠭᠡᠨ ᠤ ᠦᠢᠯᠡᠰ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ  ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ● 5 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠢᠩᠭᠠᠨ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠨᠤᠭᠤᠳ ︵ᠲᠤᠷᠰᠢᠨ ᠬᠡᠷᠡᠭᠵᠢᠭᠦᠯᠬᠦ︶︾ ᠢ ᠰᠤᠳᠤᠯᠤᠨ ᠬᠢᠨᠠᠨ ᠵᠥᠪᠯᠡᠪᠡ᠃    ● 5 ᠰᠠᠷ᠎ᠠ ᠶᠢᠨ 19 ᠤ ᠡᠳᠦᠷ᠂ ︽ᠳᠤᠮᠳᠠᠳᠤ ᠤᠯᠤᠰ ᠤᠨ ᠵᠤᠭᠠᠴᠠᠯ ᠤᠨ ᠡᠳᠦᠷ︾ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠭᠤᠣᠯ ᠰᠡᠳᠦᠪᠲᠦ ᠠᠵᠢᠯᠯᠠᠭ᠎ᠠ ᠷᠠᠰᠢᠶᠠᠨ ᠬᠤᠳᠠ ᠳᠤ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠶ᠃     ● 5 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠷᠠᠰᠢᠶᠠᠨ ᠳᠤ ᠬᠤᠸᠠ ᠷᠦᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠴᠧᠨ ᠰᠢᠶᠤᠤ ᠵᠢᠶᠦ᠋ᠨ ᠨᠡᠷ  ᠨᠢᠭᠡ ᠪᠦᠯᠦᠭ ᠤᠨ ᠬᠢᠨ ᠲᠠᠢ ᠠᠭᠤᠯᠵᠠᠬᠤ ᠶᠢᠨ ᠬᠠᠮᠲᠤ ᠶᠠᠷᠢᠯᠴᠠᠬᠤ ᠬᠤᠷᠠᠯ ᠬᠢᠵᠦ᠂ ᠬᠦᠰᠡᠯ ᠡᠷᠡᠮᠡᠯᠵᠡᠯ ᠤᠨ ᠵᠢᠵᠢᠭ ᠪᠠᠯᠭᠠᠰᠤᠨ ᠤ ᠪᠦᠳᠦᠭᠡᠨ ᠪᠠᠶᠢᠭᠤᠯᠤᠯᠲᠠ᠂ ᠰᠢᠨ᠎ᠡ ᠡᠨᠧᠷᠭᠢ ᠶᠢᠨ ᠶᠡᠷᠦᠩᠬᠡᠶᠢᠯᠡᠭᠰᠡᠨ ᠨᠡᠭᠡᠭᠡᠨ ᠠᠰᠢᠭᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠬᠠᠮᠠᠭᠠᠯᠠᠯᠲᠠ᠂ ᠲᠤᠮᠤ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ᠂ ᠷᠠᠰᠢᠶᠠᠨ ᠤᠰᠤᠨ ᠤ ᠠᠵᠤ ᠦᠢᠯᠡᠰ ᠤᠨ ᠴᠣᠭᠴᠠᠯᠠᠯᠲᠠ᠂ ᠫᠢᠸᠤ᠋ ᠶᠢᠨ ᠠᠵᠤ ᠦᠢᠯᠡᠰ ᠤᠨ ᠴᠢᠳᠠᠪᠬᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠲᠠᠢ ᠭᠦᠨᠵᠡᠭᠡᠢ ᠵᠣᠯᠭᠠᠭᠤᠯᠪᠠ᠃    ᠮᠠᠨ ᠤ ᠠᠶᠢᠮᠠᠭ ᠷᠠᠰᠢᠶᠠᠨ ᠬᠤᠲᠠ ᠶᠢᠨ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃    ● 5 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ  ᠲᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠵᠠᠰᠠᠭ ᠵᠠᠬᠢᠷᠭᠠᠨ ᠤ ᠤᠳᠤᠷᠢᠳᠬᠤ ᠪᠠᠭ ᠤᠨ ᠭᠡᠰᠢᠭᠦᠳ ᠲᠠᠢ ᠠᠭᠤᠯᠵᠠᠬᠤ ᠬᠤᠷᠠᠯ ᠢ ᠡᠷᠭᠢᠯᠠᠨ ᠬᠤᠷᠠᠯᠳᠤᠭᠤᠯᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠤᠳᠤᠯᠪᠠ᠃ ᠠᠭᠤᠯᠵᠠᠨ ᠶᠠᠷᠢᠯᠴᠠᠬᠤ ᠬᠤᠷᠠᠯ ᠤᠨ ᠳᠠᠷᠠᠭ᠎ᠠ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠤᠯᠠᠭᠠᠨᠬᠤᠲᠠ ᠶᠢᠨ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠤᠳᠤᠯᠪᠠ᠃    ● 5 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠣᠤ ᠴᠦᠨ ᠮᠠᠨ ᠤ ᠠᠶᠢᠮᠠᠭ ᠲᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠠᠷᠠᠭ᠎ᠠ ᠪᠠᠷ ᠨᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠶ    ● 5 ᠰᠠᠷ᠎ᠠ ᠶᠢᠨ 25 ᠤ ᠡᠳᠦᠷ᠂ ᠠᠶᠢᠮᠠᠭ ᠤᠨ ᠵᠠᠬᠢᠷᠭ᠎ᠠ ᠲᠥᠪ ᠤᠨ ᠪᠠᠶᠢᠭᠤᠯᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠥᠪ ᠤᠨ ᠪᠠᠶᠢᠭᠤᠯᠤᠯᠭ᠎ᠠ ᠶᠢᠨ  ᠴᠡᠭ ᠲᠣᠭᠲᠠᠭᠠᠨ ᠬᠢᠩᠭᠠᠨ ᠠᠶᠢᠮᠠᠭ ᠢ ᠬᠠᠪᠰᠤᠷᠤᠨ ᠲᠡᠳᠬᠦᠬᠦ ᠠᠵᠢᠯ ᠤᠨ ᠪᠠᠶᠢᠳᠠᠯ ᠢ ᠳ᠋ᠦᠩᠨᠡᠨ ᠰᠣᠯᠢᠯᠴᠠᠵᠤ᠂ ᠳᠠᠷᠠᠭᠠᠴᠢ ᠶᠢᠨ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠬᠠᠮᠲᠤᠪᠠᠷ ᠵᠥᠪᠳᠡᠯᠴᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠪᠦᠬᠦ ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠸᠢᠳᠢᠣ᠋ ᠬᠤᠷᠠᠯ ᠳᠤ ᠣᠷᠣᠯᠴᠠᠪᠠ᠃    ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠷᠠᠰᠢᠶᠠᠨ ᠬᠤᠲᠠ ᠶᠢᠨ ᠤᠯᠤᠰ ᠤᠨ ᠳᠡᠰ ᠤᠨ ᠵᠤᠭᠠᠴᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠡᠭᠦᠳᠦᠨ ᠪᠠᠶᠢᠭᠤᠯᠬᠤ ᠠᠵᠢᠯ ᠤᠨ ᠲᠤᠬᠠᠶ ᠲᠡᠷᠢᠭᠦᠯᠡᠭᠴᠢ ᠸᠠᠩ ᠯᠢ ᠰᠢᠶᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ᠲᠤᠮᠳᠠᠳᠤ ᠤᠯᠤᠰ ᠤᠨ ᠴᠥᠮ᠎ᠡ ᠶᠢᠨ ᠠᠸ᠋ᠷᠭᠢ ᠶᠢᠨ ᠪᠦᠯᠦᠭᠯᠡᠯ᠂ ᠬᠤᠸᠠ ᠨᠤᠩ  ᠮᠧᠩ ᠳ᠋ᠦᠩ ᠺᠣᠮᠫᠠᠨᠢ ᠶᠢᠨ ᠰᠢᠨ᠎ᠡ ᠡᠨᠧᠷᠭᠢ ᠶᠢᠨ ᠲᠥᠷᠥᠯ  ᠵᠦᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ● 5 ᠰᠠᠷ᠎ᠠ ᠶᠢᠨ 26 ᠤ ᠡᠳᠦᠷ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠳᠡᠳ᠋ ᠳᠠᠷᠤᠭ᠎ᠠ ᠰᠦᠬᠡ ᠬᠤᠷᠠᠯ ᠳᠤ ᠣᠷᠣᠯᠴᠠᠵᠠᠶ᠃    ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠳᠠᠷᠤᠭ᠎ᠠ ᠶᠢᠨ  ᠠᠯᠪᠠᠯᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠤ ᠠᠬᠤᠶ ᠶᠢᠨ ᠦᠨ᠎ᠡ ᠶᠢ ᠲᠣᠭᠲᠠᠪᠤᠷᠢᠵᠢᠭᠤᠯᠬᠤ 6 ᠲᠠᠯ᠎ᠠ ᠶᠢᠨ 33 ᠵᠤᠷᠪᠤᠰ ᠲᠥᠷᠥ ᠶᠢᠨ ᠪᠣᠳᠣᠯᠭ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠪᠠ᠃    ● 5 ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ 2022 ᠣᠨ ᠤ 15 ᠳ᠋ᠤᠭᠠᠷ ᠤᠳᠠᠭ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠶᠡᠭᠡ ᠲᠠᠪᠴᠠᠩ ᠤᠨ ᠬᠤᠷᠠᠯ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠵᠡᠷᠭᠡ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃  
 
ᠢᠷᠡᠯᠲᠡ᠄ ᠬᠢᠩᠭᠠᠨ ᠠᠶᠢᠠᠮᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号