ᠤᠯᠠᠨ ᠲᠦᠮᠡᠨ ᠤ ᠲᠦᠯᠦᠭᠡ ᠬᠠᠷᠠᠮ ᠦᠭᠡᠢ ᠵᠢᠳᠬᠦᠵᠦ ᠶᠠᠪᠤᠭ᠎ᠠ ᠸᠠᠩ ᠶᠢᠨ ᠰᠢᠶᠠ
ᠨᠡᠶᠢᠲᠡᠯᠡᠭᠰᠡᠨ ᠴᠠᠭ᠄
2022/9/28
      ᠨᠡᠶᠢᠭᠡᠮ ᠲᠣᠭᠤᠷᠢᠭ ᠪᠣᠯ ᠨᠠᠮ ᠪᠣᠯᠤᠨ ᠵᠠᠰᠠᠭ ᠤᠨ ᠣᠷᠳᠣᠨ ᠤ ᠰᠠᠭᠤᠭᠠᠯᠢ ᠠᠷᠠᠳ ᠲᠠᠢ ᠬᠠᠷᠢᠯᠴᠠᠬᠤ ᠶᠢᠨ ᠬᠤᠯᠪᠤᠭᠠᠰᠦ ᠪᠤᠯᠬᠤ ᠶᠤᠮ᠃ ᠳᠡᠷᠡ ᠨᠢ ᠤᠯᠠᠨ ᠲᠦᠮᠡᠨ ᠤ ᠠᠮᠢᠳᠤᠷᠠᠯ ᠤᠨ ᠪᠠᠶᠢᠳᠡᠯ᠂ ᠤᠯᠠᠨ ᠲᠦᠮᠡᠨ ᠤ ᠰᠠᠨᠠᠯ ᠢ  ᠳᠡᠭᠡᠭᠰᠢ ᠮᠡᠳᠡᠭᠦᠯᠵᠥ ᠪᠠᠶᠢᠬᠤ ᠪᠠᠷ ᠪᠠᠷᠠᠬᠤ ᠦᠭᠡᠢ ᠪᠠᠰᠠ ᠨᠠᠮ ᠪᠤᠯᠤᠨ ᠵᠠᠰᠠᠬ ᠤᠨ ᠤᠷᠳᠤᠨ ᠤ ᠲᠦᠷᠦ ᠶᠢᠨ ᠪᠤᠳᠤᠯᠭ᠎ᠠ᠂ ᠬᠠᠷᠠᠭᠠᠯᠵᠠᠯ ᠢ ᠳᠤᠷᠤᠬᠰᠢ ᠳᠠᠮᠵᠢᠭᠤᠯᠵᠦ ᠪᠠᠶᠢᠭ᠎ᠠ ᠶᠤᠮ᠃    ᠤᠯᠠᠨ ᠵᠢᠯ ᠤᠨ ᠲᠤᠷᠰᠢ᠂ ᠷᠠᠰᠢᠶᠠᠨ ᠬᠤᠳᠠ ᠶᠢᠨ ᠨᠡᠶᠢᠭᠡᠮ ᠲᠣᠭᠤᠷᠢᠭ ᠤᠨ ᠠᠵᠢᠯᠲᠠᠳ ᠦᠨᠳᠦᠰᠦᠨ ᠱᠠᠲᠤᠨ ᠳᠤ ᠰᠠᠭᠤᠷᠢᠯᠠᠨ᠂ ᠰᠠᠭᠤᠭᠠᠯᠢ ᠠᠷᠠᠳ ᠲᠤ ᠦᠢᠯᠡᠴᠢᠯᠡᠵᠦ᠂ ᠵᠥᠷᠢᠴᠡᠯ ᠵᠢᠭᠤᠷᠠᠯᠳᠤᠭᠠᠨ ᠢ ᠡᠶᠡᠳᠡᠬᠦᠯᠤᠨ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠰᠠᠶᠢᠵᠢᠷᠠᠭᠤᠯᠵᠦ᠂ ᠨᠠᠮ ᠳᠤ ᠪᠠᠨ ᠦᠨᠡᠨᠴᠢ ᠰᠢᠳᠤᠷᠭᠤ᠂ ᠵᠣᠷᠢᠭᠲᠠᠢ ᠪᠠᠷ ᠬᠠᠷᠢᠭᠤᠴᠠᠯᠭ᠎ᠠ  ᠡᠭᠦᠷᠭᠡᠯᠡᠨ᠂ ᠨᠡᠶᠢᠭᠡᠮ ᠳᠤᠭᠤᠷᠢᠬ ᠤᠨ ᠡᠶ᠎ᠡ ᠵᠤᠬᠢᠴᠠᠯ ᠲᠠᠢ ᠠᠮᠢᠳᠤᠷᠠᠯ ᠤᠨ ᠢᠷᠠᠭᠤ ᠬᠠᠭᠤᠳᠠᠰᠤ ᠶᠢ ᠪᠢᠴᠢᠭᠯᠡᠭᠰᠡᠭᠡᠷ  ᠢᠷᠡᠵᠠᠢ᠃ ᠡᠬᠦᠨ ᠳᠤ ᠬᠤᠰᠢᠭᠤᠴᠢ ᠳᠠᠭᠤᠷᠢᠶᠠᠯ ᠤᠨ ᠦᠢᠯᠡᠳᠤᠯ ᠢ ᠤᠮᠳᠠᠭᠠᠢᠢᠯᠠᠵᠦ ᠪᠤᠯᠤᠰᠢ ᠦᠭᠡᠢ ᠶᠤᠮ᠂ ᠳᠡᠳᠡ  ᠶᠠᠳᠠᠭᠤ ᠠᠴᠠ ᠠᠩᠬᠢᠵᠢᠷᠠᠭᠤᠯᠬᠤ ᠡᠮᠦᠨ᠎ᠠ ᠹᠷᠤᠨᠲ᠂ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠡᠮᠦᠨ᠎ᠠ ᠹᠷᠤᠨᠲ    ᠤᠯᠠᠨ ᠲᠦᠮᠡᠨ ᠤ ᠠᠷᠰᠠᠷ ᠶᠠᠪᠤᠳᠠᠯ ᠭᠡᠰᠡᠨ ᠦᠭᠡᠢ ᠪᠦᠷ ᠦᠪᠡᠷ ᠤᠨ ᠬᠠᠮᠤᠬ ᠬᠦᠴᠦ ᠪᠠᠨ ᠰᠢᠪᠬᠠᠨ᠂ ᠬᠠᠨᠴᠤᠢ ᠰᠢᠮᠡᠯᠡᠨ ᠭᠠᠪᠰᠢᠭᠠᠢᠢᠯᠠᠨ ᠠᠵᠢᠯᠯᠠᠵᠠᠭᠠᠵᠦ ᠪᠠᠶᠢᠭ᠎ᠠ ᠶᠤᠮ᠃ ᠷᠠᠰᠢᠶᠠᠨ ᠬᠤᠳᠠ ᠶᠢᠨ ᠸᠧᠨ ᠴᠢᠤᠸᠠᠨ ᠵᠡᠭᠡᠯᠢ ᠶᠢᠨ ᠱᠧᠨ ᠴᠢᠤᠸᠠᠨ  ᠨᠡᠶᠢᠭᠡᠮ ᠳᠤᠭᠤᠷᠢᠬ ᠤᠨ ᠨᠠᠮ ᠤᠨ ᠡᠬᠦᠷ ᠤᠨ ᠭᠡᠰᠢᠬᠦᠨ᠂ ᠨᠡᠶᠢᠭᠡᠮ ᠳᠤᠭᠤᠷᠢᠬ ᠤᠨ ᠳᠡᠳ᠋ ᠡᠷᠬᠢᠯᠡᠭᠴᠢ ᠸᠠᠩ ᠶᠢᠨ ᠰᠢᠶᠠ  ᠪᠤᠯ ᠳᠠᠷᠤᠢ ᠤᠯᠠᠨ ᠳᠤ ᠪᠠᠨ ᠭᠡᠪ ᠳᠠᠭᠤᠷᠢᠶᠠᠯ ᠦᠵᠡᠬᠦᠯᠵᠦ᠂ ᠨᠡᠶᠢᠳᠡ ᠤᠯᠠᠨ ᠤ ᠲᠦᠯᠦᠭᠡ ᠬᠠᠷᠠᠮ ᠦᠭᠡᠢ ᠵᠢᠳᠭᠦᠵᠥ ᠶᠠᠪᠤᠭ᠎ᠠ ᠶᠢᠨ ᠨᠢᠬᠡ ᠨᠢ ᠪᠤᠯᠤᠨ᠎ᠠ᠃  ︽ᠤᠰᠤᠨ ᠬᠤᠭᠤᠯᠠᠢ ᠡᠪᠳᠡᠷᠡᠯ᠎ᠠ᠂ ᠠᠰᠠᠷ ᠤᠨ ᠤᠷᠤᠢ ᠠᠴᠠ ᠤᠰᠦ ᠭᠤᠭᠤᠵᠢᠯ᠎ᠠ ᠁︾ ᠬᠡᠭᠦ ᠮᠡᠳᠦ ᠪᠠᠷ ᠱᠧᠨ ᠴᠢᠤᠸᠠᠨ ᠨᠡᠶᠢᠭᠡᠮ ᠲᠣᠭᠤᠷᠢᠭ ᠲᠤ᠂ ᠸᠠᠩ ᠶᠢᠨ ᠰᠢᠶᠠ ᠡᠳᠦᠷ ᠪᠦᠷᠢ ᠤᠯᠠᠨ ᠲᠦᠮᠡᠨ ᠤ ᠠᠷᠰᠠᠷ ᠶᠠᠪᠤᠳᠠᠯ ᠤᠴᠢᠷ ᠢ   ᠰᠢᠢᠳᠪᠦᠷᠢᠯᠡᠨ ᠬᠦᠶᠤᠵᠦ᠂ ᠳᠡᠳᠡᠨᠡᠷ ᠤᠨ ︽ᠬᠠᠮᠤᠬ ᠤᠨ ᠳᠤᠳᠤᠨᠤ ᠬᠦᠮᠦᠨ︾ ᠪᠤᠯᠤᠬᠰᠠᠨ ᠪᠠᠶᠢᠯ᠎ᠠ᠃ ᠲᠡᠷᠡ ᠪᠦᠬᠦ᠋ᠢᠯᠡ ᠨᠡᠶᠢᠭᠡᠮ ᠲᠣᠭᠤᠷᠢᠭ ᠤᠨ ᠡᠳᠦᠷ ᠲᠤᠳᠤᠮ ᠤᠨ ᠬᠡᠷᠡᠭ ᠶᠠᠪᠤᠳᠠᠯ ᠢ ᠬᠠᠮᠢᠶᠠᠷᠴᠦ ᠪᠠᠶᠢᠬᠤ ᠪᠠᠷ ᠪᠠᠷᠠᠬᠤ ᠦᠭᠡᠢ ᠪᠠᠰᠠ 330  ᠡᠷᠤᠬᠡ ᠰᠠᠭᠤᠭᠠᠯᠢ ᠠᠷᠠᠳ ᠤᠨ ᠡᠳᠦᠷ ᠳᠤᠳᠤᠮ ᠤᠨ ᠶᠠᠪᠤᠳᠠᠯ ᠳᠤ ᠬᠠᠪᠰᠤᠷᠤᠮᠵᠢ ᠦᠵᠡᠬᠦᠯᠳᠡᠭ᠃    ︽ᠤᠯᠠᠨ ᠲᠦᠮᠡᠨ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ︾ ᠭᠡᠵᠦ ᠸᠠᠩ ᠶᠢᠨ ᠰᠢᠶᠠ ᠤᠯᠠᠨ ᠲᠦᠮᠡᠨ ᠤ ᠭᠡᠷᠡᠭ ᠶᠠᠪᠤᠳᠠᠯ ᠪᠤᠯᠭᠠᠨ ᠳᠤ ᠰᠡᠳᠬᠢᠯ ᠳᠠᠯᠪᠢᠨ᠂ ᠨᠠᠷᠢᠨ ᠬᠢᠨᠠᠮᠠᠭᠠᠢ ᠬᠦᠯᠢᠴᠠᠩᠬᠦᠢ ᠪᠠᠷ ᠰᠢᠢᠳᠪᠦᠷᠢᠯᠡᠨ ᠦᠭᠳᠡᠭ᠃  ᠳᠤᠬᠠᠢᠢᠯᠠᠪᠠᠯ᠂ ᠵᠠᠩ ᠠᠨᠢᠶ᠎ᠠ ᠤᠷᠤᠢ ᠶᠢᠨ ᠶᠢᠰᠣᠨ ᠴᠠᠭ ᠭᠠᠷᠤᠢ ᠪᠠᠷ ᠤᠲᠠᠰᠤ ᠢᠷᠡᠭᠦᠯᠵᠦ ᠭᠡᠷ ᠤᠨ ᠤᠰᠤ ᠭᠤᠭᠤᠵᠢᠴᠢᠬᠠᠯ᠎ᠠ ᠭᠡᠰᠡᠨ ᠴᠢᠮᠡᠭᠡ ᠶᠢ ᠤᠯᠤᠮᠠᠬᠴᠠ ᠳᠡᠷᠡ ᠭᠡᠷ ᠢᠶᠠᠷ ᠨᠢ ᠬᠦᠷᠴᠦ᠂ ᠬᠠᠮᠢᠶ᠎ᠠ ᠪᠦᠬᠦᠢ ᠬᠦᠮᠦᠰ ᠲᠠᠢ ᠬᠠᠷᠢᠯᠴᠠᠨ ᠰᠢᠢᠳᠪᠦᠷᠢᠯᠡᠨ ᠦᠭᠪᠡ︔ ᠠᠮᠢᠳᠤᠷᠠᠯ ᠶᠠᠳᠠᠭᠤ ᠬᠦᠴᠢᠷᠳᠠᠯ ᠲᠠᠢ ᠶᠤᠸᠠᠢ ᠠᠪᠠᠭ᠋ᠠᠶ ᠶᠢ ᠬᠠᠪᠰᠤᠷᠤᠨ  ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠦᠨᠳᠦ ᠡᠪᠡᠳᠴᠢᠨ ᠤ ᠠᠪᠤᠷᠠᠨ ᠲᠤᠰᠠᠯᠠᠯᠲᠠ ᠵᠡᠷᠭᠡ ᠶᠢ ᠭᠤᠶᠤᠴᠢᠯᠡᠨ  ᠦᠭᠴᠦ᠂ ᠠᠮᠢᠳᠤᠷᠠᠯ ᠤᠨ ᠳᠠᠷᠤᠭᠠᠰᠦ ᠶᠢ ᠨᠢ ᠬᠦᠡᠭᠭᠡᠷᠡᠬᠦᠯᠪᠡ᠃ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢ ᠡᠷᠢᠨ ᠪᠠᠭ᠎ᠠ  ᠳᠤᠭᠤᠷᠢᠬ ᠤᠨ ᠪᠤᠬᠢᠷ ᠤᠰᠦ ᠭᠠᠳᠠᠬᠰᠢᠯᠠᠭᠤᠯᠬᠤ ᠬᠤᠭᠤᠯᠠᠢ ᠳᠤ ᠠᠮᠰᠠᠷ ᠳᠠᠭᠠᠷᠠᠭᠤᠯᠤᠨ ᠂ ᠪᠠᠭᠠᠴᠤᠳ ᠭᠡᠤᠭᠡᠳ ᠤᠨ ᠠᠮᠤᠷ ᠲᠦᠪᠰᠢᠨ ᠢ ᠪᠠᠳᠤᠯᠠᠪᠠ︔ ᠭᠡᠷ ᠪᠦᠯᠢ ᠶᠢᠨ ᠵᠦᠷᠢᠴᠡᠯ᠂ ᠬᠦᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠡᠶᠡᠳᠡᠬᠦᠯᠬᠦ  ᠵᠡᠷᠭᠡ ᠠᠵᠢᠯ ᠳᠤ ᠶᠠᠭᠠᠷᠠᠯᠳᠤᠳᠠᠬ ᠭᠡᠬᠦ ᠮᠡᠳᠦ ᠪᠠᠷ ᠳᠡᠷᠡ ᠡᠳᠦᠷ ᠪᠦᠷᠢ ᠰᠠᠭᠤᠭᠠᠯᠢ ᠠᠷᠠᠳ ᠤᠨ ᠲᠦᠯᠦᠭᠡ ᠬᠦᠶᠤᠵᠦ᠂  ᠠᠷᠭ᠎ᠠ ᠤᠬᠠᠭᠠᠨ ᠢᠶᠠᠨ ᠰᠢᠪᠬᠠᠵᠦ ᠪᠠᠶᠢᠳᠠᠬ᠃    ᠸᠠᠩ ᠶᠢᠨ ᠰᠢᠶᠠ ᠬᠢᠵᠢᠭ ᠤᠨ ᠪᠠᠶᠢᠳᠡᠯ ᠢᠯᠡᠷᠡᠭᠰᠡᠨ ᠠᠴᠠ ᠨᠠᠭᠠᠰᠢ᠂ ᠨᠡᠶᠢᠭᠡᠮ ᠳᠤᠭᠤᠷᠢᠬ ᠤᠨ ᠢᠶᠠᠨ   ᠠᠵᠢᠯᠳᠡᠨ ᠢᠶᠠᠨ ᠳᠠᠭᠠᠭᠤᠯᠤᠨ ᠡᠯ᠎ᠠ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠵᠦ᠂ ᠬᠠᠬᠢᠷ ᠬᠦᠢᠳᠡᠨ ᠳᠤ ᠪᠠᠭ᠎ᠠ ᠳᠤᠭᠤᠷᠢᠬ ᠢᠶᠠᠷ ᠬᠦᠷᠴᠦ ᠵᠢᠬᠰᠠᠭᠠᠨ ᠪᠠᠶᠢᠴᠠᠭᠠᠬᠤ᠂ ᠴᠠᠬ ᠨᠡᠮᠡᠨ ᠰᠦᠨᠢ ᠲᠦᠯᠢ ᠪᠤᠯᠳᠠᠯ᠎ᠠ ᠠᠵᠢᠯᠯᠠᠵᠦ  ᠬᠠᠮᠢᠶ᠎ᠠ ᠪᠦᠬᠦᠢ ᠬᠦᠮᠦᠰ ᠤᠨ ᠲᠤᠭ᠎ᠠ ᠪᠠᠷᠢᠮᠳᠠ ᠶᠢ ᠪᠦᠷᠢᠳᠭᠡᠬᠦ᠂ ᠬᠤᠪᠢ ᠪᠡᠶ᠎ᠠ ᠶᠢᠨ ᠡᠷᠡᠬᠦᠯ ᠮᠡᠨᠳᠦ ᠪᠠᠨ ᠬᠠᠶᠢᠬᠤᠷᠤᠯ ᠦᠭᠡᠢ ᠪᠠᠷ ᠳᠤᠰᠠᠭᠠᠷᠯᠠᠨ ᠡᠵᠡᠮᠳᠡᠵᠦ ᠪᠠᠶᠢᠭ᠎ᠠ ᠬᠦᠮᠦᠰ ᠤᠨ ᠪᠡᠶ᠎ᠠ ᠶᠢᠨ ᠬᠠᠯᠠᠭᠤᠨ ᠢ ᠭᠡᠮᠵᠢᠨ ᠪᠠᠶᠢᠴᠠᠭᠠᠬᠤ᠂ ᠦᠪᠡᠷ ᠤᠨ  ᠬᠠᠷᠮᠠᠨ ᠠᠴᠠ ᠪᠠᠨ ᠵᠤᠭᠤᠰ ᠭᠠᠷᠭᠠᠨ ᠳᠤᠰᠠᠭᠠᠷᠯᠠᠬᠳᠠᠵᠦ ᠪᠠᠶᠢᠭ᠎ᠠ ᠬᠦᠮᠦᠰ ᠲᠤ ᠨᠤᠭᠤᠭ᠎ᠠ ᠴᠠᠭ᠎ᠠ ᠬᠦᠷᠭᠡᠬᠦ ᠵᠡᠷᠭᠡ ᠡᠯ᠎ᠠ  ᠳᠠᠯ᠎ᠠ ᠶᠢᠨ ᠠᠵᠢᠯ ᠳᠤ ᠭᠠᠪᠰᠢᠭᠠᠢᠢᠯᠠᠵᠦ᠂ ᠦᠨᠡᠨ ᠬᠦ ᠨᠠᠮ ᠤᠨ ᠭᠡᠰᠢᠬᠦᠨ ᠤ ᠬᠤᠰᠢᠭᠤᠴᠢ ᠵᠢᠱᠢᠶᠡᠴᠢ ᠶᠢᠨ ᠦᠢᠯᠡᠳᠤᠯ ᠢ  ᠪᠠᠳᠠᠷᠠᠭᠤᠯᠤᠬᠰᠠᠨ ᠪᠠᠶᠢᠨ᠎ᠠ᠃    ᠴᠢᠷᠮᠠᠶᠢᠯᠭ᠎ᠠ ᠬᠦᠮᠦᠨ ᠢ ᠬᠦᠰᠡᠷᠳᠡᠬᠦᠯᠬᠦ ᠦᠭᠡᠢ ᠭᠡᠳᠡᠭ ᠢᠶᠠᠷ ᠲᠡᠷᠡ ᠰᠠᠭᠤᠭᠠᠯᠢ ᠠᠷᠠᠳ ᠤᠨ ᠮᠠᠭᠲᠠᠭᠠᠯ  ᠰᠠᠶᠢᠰᠢᠶᠠᠯ ᠢ ᠬᠦᠷᠳᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠦᠢᠴᠡᠳ ᠨᠤᠲᠠᠯᠠᠯ ᠢ ᠣᠯᠤᠬᠰᠠᠨ  ᠪᠠᠶᠢᠨ᠎ᠠ᠃ 2019 ᠣᠨ ᠳᠤ᠂ ᠸᠠᠩ ᠶᠢᠨ ᠰᠢᠶᠠ ᠠᠶᠢᠮᠠᠭ ᠤᠨ ᠤᠶᠤᠨ ᠤ ᠪᠣᠯᠪᠠᠰᠤᠨ ᠤ ᠠᠯᠪᠠᠨ ᠬᠡᠷ ᠲᠤ ︽ᠬᠢᠩᠭᠠᠨ   ᠠᠶᠢᠮᠠᠭ ᠤᠨ ᠠᠵᠢᠯ ᠦᠢᠯᠡᠰ ᠢᠶᠠᠨ ᠳᠡᠭᠡᠳᠦᠯᠡᠨ ᠦᠨᠡᠨᠴᠢ ᠢᠲᠡᠭᠡᠮᠵᠢᠲᠡᠢ ᠪᠠᠶᠢᠬᠤ ᠵᠢᠱᠢᠶᠡᠴᠢ︾ ᠪᠠᠷ ᠦᠨᠡᠯᠡᠭᠳᠡᠨ᠂ ᠮᠦᠨ  ᠴᠤ ᠳᠤᠬᠠᠢ ᠶᠢᠨ ᠵᠢᠯ ᠳᠤ ︽ᠷᠠᠰᠢᠶᠠᠨ ᠬᠤᠳᠠ ᠶᠢᠨ ᠰᠠᠶᠢᠨ ᠬᠥᠮᠦᠨ︾ ᠢᠶᠠᠷ ᠰᠤᠩᠭᠤᠬᠳᠠᠵᠦ᠂ 2012 ᠣᠨ ᠳᠤ ︽ ᠷᠠᠰᠢᠶᠠᠨ ᠬᠤᠳᠠ ᠶᠢᠨ ᠰᠢᠯᠢᠳᠡᠭ ᠠᠷᠠᠳ ᠲᠦᠮᠡᠨ ᠤ ᠡᠶᠡᠳᠡᠬᠦᠯᠦᠭᠴᠢ︾ ᠪᠠᠷ ᠦᠨᠡᠯᠡᠭᠳᠡᠪᠡ᠃ ᠳᠡᠬᠦᠨ ᠤ ᠳᠠᠭᠠᠭᠤᠯᠭ᠎ᠠ ᠪᠠᠷ ᠱᠧᠨ ᠴᠢᠤᠸᠠᠨ ᠨᠡᠶᠢᠭᠡᠮ ᠳᠤᠭᠤᠷᠢᠬ ᠨᠢ ᠴᠤ ᠵᠢᠯ ᠳᠠᠷᠠᠭᠠᠯᠠᠨ ᠦᠪᠡᠷᠳᠡᠭᠡᠨ ᠵᠠᠰᠠᠬᠤ ᠤᠷᠤᠨ᠂ ᠠᠶᠢᠮᠠᠬ᠂ ᠬᠤᠳᠠ ᠶᠢᠨ   ᠳᠡᠷᠢᠬᠦᠨ ᠤ ᠦᠨᠳᠦᠰᠤᠨ ᠱᠠᠳᠤᠨ ᠤ ᠨᠠᠮ ᠤᠨ ᠪᠠᠶᠢᠭᠤᠯᠤᠯᠳᠠ ᠵᠡᠷᠭᠡ ᠢᠷᠡᠭᠤ ᠠᠯᠳᠠᠷ ᠢ ᠬᠦᠷᠳᠡᠭᠰᠡᠨ ᠪᠠᠶᠢᠨ᠎ᠠ᠃  ᠤᠯᠠᠨ ᠲᠦᠮᠡᠨ ᠤ ᠬᠠᠨᠤᠮᠵᠢ ᠶᠢᠨ ᠭᠡᠮᠵᠢᠶ᠎ᠠ ᠪᠤᠯ ᠨᠢᠭᠡᠨ ᠨᠠᠮ ᠤᠨ ᠭᠡᠰᠢᠬᠦᠨ ᠺᠠᠳ᠋ᠷ ᠤᠨ ᠠᠵᠢᠯ ᠤᠨ ᠦᠷ᠎ᠠ  ᠪᠦᠳᠤᠮᠵᠢ ᠶᠢ ᠰᠢᠯᠭᠠᠨ ᠪᠠᠶᠢᠴᠠᠭᠠᠬᠤ ᠬᠠᠮᠤᠬ ᠰᠠᠶᠢᠨ ᠭᠡᠮᠵᠢᠬᠦᠷ ᠪᠤᠯᠬᠤ ᠶᠤᠮ᠃ ︽ᠠᠵᠢᠯ ᠳᠤ ᠭᠠᠷᠤᠬᠰᠠᠨ 15 ᠵᠢᠯ ᠤᠨ   ᠳᠤᠷᠰᠢ᠂ ᠪᠢ ᠤᠯᠠᠨ ᠠᠷᠪᠢᠨ ᠬᠦᠬᠢᠬᠦᠯᠤᠯ ᠱᠠᠩᠨᠠᠯ ᠢ ᠤᠯᠤᠬᠰᠠᠨ ᠪᠠᠶᠢᠨ᠎ᠠ᠂ ᠭᠡᠳᠡᠯ᠎ᠠ ᠬᠠᠮᠤᠬ ᠤᠨ ᠨᠠᠨᠳᠢᠨ ᠵᠦᠢᠯ    ᠪᠤᠯᠬᠤ ᠨᠢ ᠬᠠᠰᠢ ᠯᠠ ᠤᠯᠠᠨ ᠲᠦᠮᠡᠨ ᠤ ᠬᠠᠨᠤᠮᠵᠢ ᠶᠢᠨ ᠭᠡᠮᠵᠢᠶ᠎ᠠ ᠪᠤᠯᠬᠤ ᠶᠤᠮ᠃ ᠨᠠᠰᠤᠳᠠᠳ ᠤᠨ ︿ᠰᠢᠶᠤᠤ ᠸᠠᠩ﹀᠂ ᠦᠰᠪᠦᠷᠢ ᠶᠢᠨ ᠭᠡᠤᠭᠡᠳ ᠤᠨ ︿ᠸᠠᠩ ᠠᠨᠢᠶ᠎ᠠ﹀ ᠭᠡᠬᠦ ᠮᠡᠳᠦ ᠶᠢᠨ ᠳᠠᠭᠤᠳᠠᠯᠭ᠎ᠠ ᠶᠢ ᠰᠤᠨᠤᠰᠮᠠᠬᠴᠠ ᠳᠤᠳᠤᠷ᠎ᠠ ᠬᠠᠪ    ᠬᠠᠯᠠᠭᠤᠨ ᠰᠠᠨᠠᠬᠳᠠᠨ᠎ᠠ︾ ᠭᠡᠵᠦ ᠸᠠᠩ ᠶᠢᠨ ᠰᠢᠶᠠᠨ ᠶᠠᠷᠢᠨ᠎ᠠ᠃                                 · ᡁᠢ ᠮᠢᠨ ᠴᠸᠠ ᠸᠧᠨ ᠰᠢᠨ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号